ᠬᠤᠰᠢᠭᠤ ᠵᠠᠰᠠᠭ ᠲᠠᠷᠬᠠᠭᠠᠭᠰᠠᠨ〔2017〕66 ᠳ᠋ᠤᠭᠠᠷᠲᠦ | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠄ | ᠮᠠᠨ ᠤ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠵᠤ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦ ᠶᠢᠨ ᠬᠠᠩᠭᠠᠯᠭ᠎ᠠ ᠶᠢ ᠰᠢᠳᠪᠦᠷᠢᠯᠡᠬᠦ ᠶᠢᠨ | ᠲᠦᠯᠦᠭᠡ᠂ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠢᠶᠠᠷ ᠳᠠᠮᠵᠢᠨ᠂ ᠲᠠᠨ ᠤ ᠲᠤᠪᠴᠢᠶ᠎ᠠ ᠶᠢ ᠲᠡᠪᠰᠡᠭ ᠠᠴᠠ | ᠬᠠᠷ᠎ᠠ ᠢᠮᠠᠭᠠᠲᠦ ᠶᠢᠨ ᠠᠭᠤᠯᠠ ᠬᠦᠷᠬᠦ、 ᠰᠤᠯᠤᠨ ᠠᠴᠠ ᠮᠠᠨᠵᠤᠲ᠋ᠦᠨ ᠢ ᠳᠠᠮᠵᠢᠨ ᠤᠯᠠᠭᠠᠨᠮᠤᠲᠦ ᠬᠦᠷᠬᠦ、 ᠯᠢᠦᠢ | ᠱᠦᠢ ᠠᠴᠠ ᠬᠠᠷ᠎ᠠ ᠪᠠᠶᠢᠰᠢᠩ ᠬᠦᠷᠬᠦ 3 ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠭᠤᠤᠯ ᠴᠤᠭᠴᠠ ᠪᠤᠯᠬᠤ ᠶᠢ ᠲᠤᠭᠲᠠᠭᠠᠵᠠᠢ᠃ | ᠲᠠᠨ ᠤ ᠲᠤᠪᠴᠢᠶ᠎ᠠ ᠤᠯᠤᠰ、 ᠦᠪᠡᠷᠲᠡᠭᠡᠨ ᠵᠠᠰᠠᠬᠤ ᠤᠷᠤᠨ ᠪᠤᠯᠤᠨ ᠠᠶᠢᠮᠠᠭ ᠤᠨ ᠬᠠᠮᠢᠶ᠎ᠠ ᠪᠦᠬᠦᠢ | ᠱᠠᠭᠠᠷᠲᠠᠯᠭ᠎ᠠ ᠶᠤᠰᠤᠭᠠᠷ᠂ ᠬᠠᠥᠯᠢ ᠶᠤᠰᠤᠭᠠᠷ ᠳᠦᠷᠢᠮ ᠳᠤ ᠨᠡᠶᠢᠴᠡᠭᠦᠯᠦᠨ ᠳᠠᠭᠠᠭᠠᠴᠢᠯᠠᠨ ᠬᠢᠬᠦ ᠪᠡᠶ᠎ᠡ ᠴᠤᠭᠴᠠ ᠶᠢ | ᠲᠤᠭᠲᠠᠭᠠᠨ᠂ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠭᠤᠤᠯ ᠴᠤᠭᠴᠠ ᠶᠢᠨ ᠡᠭᠦᠷᠭᠡ | ᠬᠠᠷᠢᠭᠤᠴᠠᠯᠭ᠎ᠠ ᠪᠠᠨ ᠰᠠᠶᠢᠲᠦᠷ ᠭᠦᠢᠴᠡᠳᠭᠡᠵᠤ᠂ ᠲᠡᠪᠰᠡᠭ ᠠᠴᠠ ᠬᠠᠷ᠎ᠠ ᠢᠮᠠᠭᠠᠲᠦ ᠶᠢᠨ ᠠᠭᠤᠯᠠ ᠬᠦᠷᠬᠦ ᠵᠡᠷᠭᠡ | 3 ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | 2017 ᠤᠨ ᠤ 4 ᠰᠠᠷ᠎ᠠ ᠶᠢᠨ18 ᠤ ᠡᠳᠦᠷ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠭᠡᠷ | 2017 ᠤᠨ ᠤ 4 ᠰᠠᠷ᠎ᠠ ᠶᠢᠨ18 ᠤ ᠡᠳᠦᠷ ᠲᠠᠷᠬᠠᠭᠠᠪᠠ |