ᠬᠤᠰᠢᠭᠤ ᠵᠠᠰᠠᠭ ᠲᠠᠷᠬᠠᠭᠠᠭᠰᠠᠨ〔2017〕61 ᠳ᠋ᠤᠭᠠᠷᠲᠦ | ᠬᠤᠰᠢᠭᠤᠨ ᠤ ᠭᠡᠷ ᠭᠠᠵᠠᠷ ᠬᠦᠷᠦᠩᠭᠡ ᠶᠢᠨ ᠲᠤᠪᠴᠢᠶ᠎ᠠ ᠳᠤ᠄ | ᠲᠠᠨ ᠤ ᠲᠤᠪᠴᠢᠶᠠᠨ ᠤ《ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠷᠤᠨ ᠰᠠᠭᠤᠴᠠ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠬᠢᠵᠠᠭᠠᠷᠲᠦ ᠺᠤᠮᠫᠠᠨᠢ ᠪᠠᠶᠢᠭᠤᠯᠬᠤ ᠲᠤᠬᠠᠢ | ᠭᠤᠶᠤᠴᠢᠯᠠᠯ》 ︵ ᠬᠤᠰᠢᠭᠤ ᠭᠡᠷ ᠬᠠᠮᠢᠶᠠᠷᠤᠯᠲᠠᠲ᠋ᠠᠷᠬᠠᠭᠠᠭᠰᠠᠨ〔2017〕25 ᠳ᠋ᠤᠭᠠᠷᠲᠦ︶ ᠢ ᠨᠢᠭᠡᠨᠲᠡ | ᠤᠯᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ | ᠤᠨ ᠵᠠᠰᠠᠭ ᠤᠨ ᠤᠷᠳᠤᠨ ᠤ48 ᠤᠳᠠᠭᠠᠨ ᠤ ᠪᠠᠶᠢᠩᠭᠤ ᠶᠢᠨ ᠬᠤᠷᠠᠯ ᠤᠨ ᠲᠤᠪᠴᠢ ᠢᠶᠠᠷ ᠳᠠᠮᠵᠢᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠤᠷᠤᠭᠤᠯᠤᠯᠲᠠ ᠶᠢᠨ ᠬᠢᠵᠠᠭᠠᠷᠲᠦ ᠺᠤᠮᠫᠠᠨᠢ ᠪᠠᠶᠢᠭᠤᠯᠬᠤ ᠶᠢ ᠵᠦᠪᠰᠢᠶᠡᠷᠡᠪᠡ᠂ ᠲᠠᠩᠰᠠᠯᠠᠭᠤᠯᠤᠭᠰᠠᠨ ᠬᠦᠷᠦᠩᠭᠡ ᠨᠢ | ᠨᠢᠭᠡ ᠳ᠋ᠤᠩᠰᠢᠭᠤᠷ ᠲᠦᠭᠦᠷᠢᠭ᠂ ᠺᠤᠮᠫᠠᠨᠢ ᠶᠢᠨ ᠰᠢᠨᠵᠢ ᠴᠢᠨᠠᠷ ᠨᠢ ᠤᠯᠤᠰ ᠤᠨ ᠦᠮᠴᠢᠯᠡᠯᠲᠦ ᠲᠤᠰᠭᠠᠷ ᠪᠡᠯᠡ | ᠤᠷᠤᠭᠤᠯᠤᠭᠰᠠᠨ ᠺᠤᠮᠫᠠᠨᠢ᠃ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠳᠦᠭᠦᠮ ᠪᠦᠳᠦᠭᠦᠯᠢᠭ ᠤᠷᠤᠨ ᠰᠠᠭᠤᠴᠠ | ᠶᠢᠨ ᠲᠤᠭᠤᠷᠢᠭ ᠢ ᠨᠡᠭᠦᠯᠭᠡᠨ ᠲᠤᠬᠢᠷᠠᠭᠤᠯᠬᠤ ᠪᠤᠯᠤᠨ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠳᠤ ᠪᠡᠯᠡ | ᠤᠷᠤᠭᠤᠯᠬᠤ︔ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠢ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ | ᠪᠠ ᠡᠵᠡᠩᠨᠡᠨ ᠬᠠᠮᠢᠶᠠᠷᠤᠬᠤ︔ ᠭᠡᠷ ᠪᠠᠶᠢᠰᠢᠩ ᠭᠠᠵᠠᠷ ᠰᠢᠷᠤᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠪᠠ | ᠡᠵᠡᠩᠨᠡᠬᠦ︔ ᠪᠠᠷᠢᠯᠭ᠎ᠠ ᠶᠢᠨ ᠮᠠᠲ᠋ᠧᠷᠢᠶᠠᠯ、 ᠴᠢᠮᠡᠭᠯᠡᠯ ᠤᠨ ᠮᠠᠲ᠋ᠧᠷᠢᠶᠠᠯ、 ᠪᠠᠷᠢᠯᠭ᠎ᠠ ᠶᠢᠨ ᠲᠤᠨᠤᠭ ᠲᠦᠭᠦᠭᠡᠷᠦᠮᠵᠢ | ᠶᠢ ᠪᠤᠷᠤᠯᠠᠭᠤᠯᠬᠤ︔ ᠬᠤᠲᠠ ᠶᠢᠨ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠭᠦᠯᠬᠦ ᠵᠢᠴᠢ ᠦᠭᠡᠷᠡᠴᠢᠯᠡᠬᠦ ᠠᠵᠢᠯ | ᠳᠤ ᠪᠡᠯᠡ ᠤᠷᠤᠭᠤᠯᠬᠤ ᠪᠤᠯᠤᠨ ᠬᠠᠮᠢᠶᠠᠷᠬᠤ᠃ ᠯᠢ ᠬᠤᠩ ᠸᠧᠢ ᠶᠢ ᠲᠤᠰ ᠺᠤᠮᠫᠠᠨᠢ ᠶᠢᠨ ᠬᠡᠷᠡᠭ ᠮᠡᠳᠡᠭᠴᠢ ᠶᠢᠨ | ᠳᠠᠷᠤᠭ᠎ᠠ ︵ ᠺᠤᠮᠫᠠᠨᠢ ᠶᠢᠨ ᠬᠠᠥᠯᠢ ᠶᠢᠨ ᠡᠷᠭᠡᠲᠡᠨ︶ ᠪᠠᠷ ᠲᠤᠮᠢᠯᠠᠵᠠᠢ᠃ ᠲᠠᠨ ᠤ ᠲᠤᠪᠴᠢᠶ᠎ᠠ ᠵᠠᠪᠠᠯ《 ᠪᠦᠭᠦᠳᠠ | ᠨᠠᠶᠢᠷᠠᠮᠳᠠᠭᠤ ᠳᠤᠮᠳᠠᠲᠦ ᠠᠷᠠᠳ ᠤᠯᠤᠰ ᠤᠨ ᠺᠤᠮᠫᠠᠨᠢ ᠶᠢᠨ ᠬᠠᠥᠯᠢ》 ᠶᠢᠨ ᠲᠤᠭᠲᠠᠭᠠᠯ ᠪᠤᠯᠤᠨᠬᠠᠮᠢᠶᠠ ᠪᠦᠬᠦᠢ | ᠳᠦᠷᠢᠮ ᠶᠤᠰᠤᠭᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠷᠤᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠬᠢᠵᠠᠭᠠᠷᠲᠦ ᠺᠤᠮᠫᠠᠨᠢ ᠪᠠᠶᠢᠭᠤᠯᠬᠤ ᠭᠠᠷᠳᠠᠮ ᠢᠶᠠᠨ ᠭᠦᠢᠴᠡᠳᠭᠡᠭᠦ | ᠶᠢᠨ ᠬᠠᠮᠲᠦ ᠠᠵᠤ ᠠᠬᠤᠶᠢᠯᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠤᠯᠤᠰ ᠤᠨ ᠪᠡᠯᠡ ᠬᠦᠷᠦᠩᠭᠡ ᠶᠢᠨ | ᠲᠤᠭᠲᠠᠭᠤᠨ ᠨᠡᠮᠡᠭᠳᠡᠯ ᠢ ᠪᠠᠲᠤᠯᠠᠬᠤ ᠬᠡᠷᠡᠭᠲᠡᠢ᠃ | 2017 ᠤᠨ ᠤ 4 ᠰᠠᠷ᠎ᠠ ᠶᠢᠨ15 ᠤ ᠡᠳᠦᠷ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2017 ᠤᠨ ᠤ4 ᠰᠠᠷ᠎ᠠ ᠶᠢᠨ15 ᠤ ᠡᠳᠦᠷ ᠲᠠᠷᠬᠠᠭᠠᠪᠠ |