ᠲᠤᠬᠤᠮ ᠰᠤᠮᠤ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/11/28
     ᠲᠤᠬᠤᠮ ᠰᠤᠮᠤ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠬᠤᠶᠢᠲᠦ ᠬᠡᠰᠡᠭ ᠲᠤ ᠪᠠᠶᠢᠷᠢᠰᠢᠵᠤ᠂ ᠡᠮᠦᠨᠡᠭᠦᠷ ᠢᠶᠠᠨ ᠲᠦᠴᠢᠶᠤᠸᠠᠨ ᠰᠢᠶᠠᠨ ᠤ ᠪᠤᠤ ᠱᠢ ᠰᠢᠶᠠᠩ ᠲᠠᠢ ᠬᠢᠯᠢ ᠨᠡᠶᠢᠯᠡᠵᠤ᠂ ᠪᠠᠷᠠᠭᠤᠨ ᠲᠠᠯ᠎ᠠ ᠪᠠᠷ ᠢᠶᠠᠨ ᠬᠤᠷᠴᠢᠨ ᠪᠠᠷᠠᠭᠤᠨ ᠭᠠᠷᠤᠨ ᠳᠤᠮᠳᠠᠲᠤ ᠬᠤᠰᠢᠭᠤᠨ ᠤ ᠪᠠᠷᠠᠭᠤᠨ ᠵᠢᠷᠤᠮ ᠰᠤᠮᠦ ᠲᠠᠢ ᠬᠦᠷᠰᠢᠯᠡᠵᠤ᠂ ᠶᠡᠷᠦᠩᠭᠡᠢ ᠲᠠᠯᠠᠪᠠᠢ 2300 ᠳᠡᠭᠰᠢ ᠲᠦᠷᠪᠡᠯᠵᠢᠨ ᠺᠢᠯᠤᠮᠧᠲᠷ᠃ ᠲᠡᠭᠦᠨ ᠤ ᠬᠠᠷᠢᠶᠠᠨ ᠳᠤ 6 ᠭᠠᠴᠠᠭ᠎ᠠ᠂ 8 ᠠᠶᠢᠯ ᠬᠠᠮᠢᠶᠠᠷᠤᠭᠳᠠᠨ᠎ᠠ᠃ ᠶᠡᠷᠤᠩᠬᠢ ᠡᠷᠦᠭᠡ ᠶᠢᠨ ᠲᠤᠭ᠎ᠠ 1457 ᠡᠷᠦᠭᠡ᠂ ᠶᠡᠷᠦᠩᠭᠡᠢ ᠬᠦᠮᠦᠨ ᠠᠮᠠ ᠶᠢᠨ ᠲᠤᠭ᠎ᠠ 4456 ᠬᠦᠮᠦᠨ᠂ ᠡᠬᠦᠨ ᠳᠤ ᠲᠠᠷᠢᠶᠠᠯᠠᠩ ᠮᠠᠯ ᠠᠵᠤ ᠠᠬᠠᠢ ᠶᠢᠨ ᠬᠦᠮᠦᠨ ᠠᠮᠠ 3652 ᠬᠦᠮᠦᠨ᠃ ᠮᠤᠩᠭᠤᠯ᠂ ᠬᠢᠲᠠᠳ᠂ ᠮᠠᠨᠵᠤ᠂ ᠰᠤᠯᠤᠩᠭᠤᠰ᠂ ᠤᠷᠴᠤᠨ᠂ ᠡᠸ᠋ᠩᠬᠢ  ᠵᠡᠷᠭᠡ  ᠦᠨᠳᠦᠰᠦᠲᠡᠨ ᠢᠶᠠᠷ ᠪᠦᠷᠢᠯᠳᠦᠵᠡᠢ᠃  ᠮᠤᠩᠭᠤᠯ ᠦᠨᠳᠦᠰᠦᠲᠡᠨ ᠤ ᠬᠦᠮᠦᠨ ᠠᠮᠠ4189 ᠬᠦᠮᠦᠨ᠂ ᠪᠦᠬᠦ ᠬᠦᠮᠦᠨ ᠠᠮᠠ ᠶᠢᠨ ᠶᠡᠷᠦᠩᠬᠢ ᠲᠤᠭᠠᠨ ᠤ94 % ᠡᠵᠯᠡᠨ᠎ᠡ᠃        ᠲᠤᠬᠤᠮ ᠰᠤᠮᠤ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠨᠢ ᠤᠰᠤᠨ ᠡᠬᠢ ᠭᠠᠴᠠᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠤᠷᠳᠤᠨ ᠠᠴᠠ 170 ᠺᠢᠯᠤᠮᠧᠲᠷ ᠵᠠᠶᠢᠲᠠᠢ᠃ ᠰᠤᠮᠤᠨ ᠤ ᠰᠠᠭᠤᠭ᠎ᠠ ᠭᠠᠵᠠᠷ ᠲᠤ ᠨᠠᠮ ᠵᠠᠰᠠᠭ ᠤᠨ ᠪᠠᠶᠢᠭᠤᠯᠭ᠎ᠠ᠂ ᠳᠤᠮᠳᠠᠳᠤ ᠰᠤᠷᠭᠠᠭᠤᠯᠢ᠂ ᠭᠤᠤᠯ ᠪᠠᠭ᠎ᠠ ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠤᠲᠤᠭᠠᠲᠤ ᠶᠢᠨ ᠬᠠᠮᠠᠭᠠᠯᠠᠬᠤ ᠰᠠᠯᠪᠤᠷᠢ ᠠᠩᠭᠢ᠂ ᠮᠠᠯ ᠠᠵᠤ ᠠᠬᠤᠢ ᠮᠠᠯ ᠤᠨ ᠡᠮᠴᠢᠯᠡᠭᠡᠨ ᠤ ᠦᠷᠲᠡᠭᠡ ᠵᠡᠷᠭᠡ ᠪᠠᠶᠢᠭᠤᠯᠭ᠎ᠠ ᠨᠢᠭᠡᠴᠡ ᠪᠠᠶᠢᠵᠤ᠂ ᠪᠠᠢ ᠰᠢᠨ ᠮᠦᠰᠦᠯᠦᠮᠵᠢ ᠶᠢᠨ ᠬᠦᠮᠦᠷᠭᠡ᠂ ᠲᠤᠰᠤ ᠨᠡᠮᠡᠬᠦ ᠦᠷᠲᠡᠭᠡ ᠵᠡᠷᠭᠡ ᠠᠵᠤ ᠠᠬᠤᠶᠢᠯᠠᠯ ᠲᠠᠢ᠃ ᠤᠯᠠᠭᠠᠨᠬᠤᠲᠠ ᠠᠴᠠ ᠬᠤᠤᠯᠢᠨ ᠭᠤᠤᠯ ᠬᠦᠷᠬᠦ ᠵᠠᠰᠠᠮᠠᠯ ᠵᠠᠮ ᠤᠨ ᠲᠤᠰ ᠰᠤᠮᠤ ᠢᠶᠠᠷ ᠦᠩᠭᠡᠷᠡᠬᠦ ᠶᠡᠷᠦᠩᠬᠢ ᠤᠷᠲᠤ ᠶᠢᠨ ᠬᠡᠮᠵᠢᠶ᠎ᠡ ᠨᠢ 15 ᠺᠢᠯᠤᠮᠧᠲᠷ ᠪᠠᠶᠢᠵᠤ᠂ ᠲᠤᠰᠬᠤᠨ ᠤ ᠬᠤᠭᠤᠷᠤᠨᠳᠤᠬᠢ ᠵᠠᠰᠠᠮᠠᠯ ᠵᠠᠮ ᠤᠨ ᠶᠡᠷᠦᠩᠬᠢ ᠤᠷᠲᠤ ᠶᠢᠨ ᠬᠡᠮᠵᠢᠶ᠎ᠡ 30 ᠺᠢᠯᠤᠮᠧᠲᠷ ᠲᠤᠯᠵᠤ᠂ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ ᠶᠢᠨ ᠬᠡᠮᠵᠢᠶ᠎ᠡ18500 ᠲᠦᠭᠦᠷᠢᠭ ᠲᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号