ᠮᠠᠨᠵᠤᠲ᠋ᠦᠨᠨ ᠤ ᠮᠠᠨᠵᠤ ᠦᠨᠳᠦᠰᠦᠲᠡᠨ ᠤ ᠰᠢᠶᠠᠩ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠪᠠᠷᠠᠭᠤᠨ ᠬᠤᠶᠢᠲᠦ ᠭᠡᠰᠡᠭ ᠲᠤ ᠪᠠᠶᠢᠷᠢᠰᠢᠵᠤ᠂ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠠᠴᠠ | 150 ᠺᠢᠯᠤᠮᠧᠲᠷ ᠵᠠᠶᠢᠲᠠᠢ᠃ ᠪᠠᠷᠠᠭᠤᠨ ᠬᠤᠶᠢᠲᠦ ᠲᠠᠯ᠎ᠠ ᠪᠠᠷ ᠢᠶᠠᠨ ᠮᠤᠩᠭᠤᠯ ᠤᠯᠤᠰ ᠲᠠᠢ ᠬᠢᠯᠢᠯᠡᠵᠤ᠂ 32. | 553 ᠺᠢᠯᠤᠮᠧᠲᠷ ᠤᠷᠲᠤ ᠬᠢᠯᠢ ᠶᠢᠨ ᠱᠤᠭᠤᠮ ᠲᠠᠢ᠂ ᠪᠠᠷᠠᠭᠤᠨ ᠲᠠᠯ᠎ᠠ ᠪᠠᠷ ᠢᠶᠠᠨ ᠰᠢᠯᠢ ᠶᠢᠨ ᠭᠤᠤᠯ ᠠᠶᠢᠮᠠᠭ ᠤᠨ | ᠵᠡᠬᠦᠨ ᠦᠵᠦᠮᠤᠴᠢᠨ ᠬᠤᠰᠢᠭᠤ ᠲᠠᠢ ᠬᠦᠷᠰᠢᠯᠡᠵᠤ᠂ ᠤᠮᠠᠷᠠᠲᠦ ᠵᠠᠬ᠎ᠠ ᠪᠠᠷ ᠢᠶᠠᠨ ᠷᠠᠰᠢᠶᠠᠨ ᠬᠤᠲᠠ ᠲᠠᠢ | ᠵᠠᠯᠭᠠᠯᠳᠤᠵᠤ ᠪᠤᠢ᠃ ᠶᠡᠷᠦᠩᠭᠡᠢ ᠲᠠᠯᠠᠪᠠᠢ 4318 ᠳᠡᠭᠰᠢ ᠲᠦᠷᠪᠡᠯᠵᠢᠨ ᠺᠢᠯᠤᠮᠧᠲᠷ᠂ ᠪᠠᠶᠢᠭᠠᠯᠢᠯᠢᠭ ᠡᠪᠡᠰᠤ | ᠪᠡᠯᠴᠢᠭᠡᠷ ᠤᠨ ᠲᠠᠯᠠᠪᠠᠢ 270 ᠲᠦᠮᠡᠨ ᠮᠤ᠋᠃ ᠲᠤᠪᠤᠷᠬᠠᠭ ᠠᠭᠤᠯᠠᠨ ᠭᠠᠵᠠᠷ ᠤᠨ ᠭᠠᠳᠠᠷᠭᠤ ᠳᠤ ᠬᠠᠷᠢᠶᠠᠯᠠᠭᠳᠠᠵᠤ᠂ | ᠲᠡᠭᠦᠨ ᠤ ᠬᠠᠷᠢᠶᠠᠨ ᠳᠤ ᠶᠡᠭᠡ ᠪᠠᠭ᠎ᠠ 16 ᠵᠤᠷᠪᠤᠰ ᠭᠤᠤᠯ ᠮᠦᠷᠡᠨ ᠤᠷᠤᠰᠤᠨ ᠦᠩᠭᠡᠷᠡᠵᠤ᠂ ᠬᠠᠶᠢᠯᠠᠰᠤᠲᠠᠢ | ᠶᠢᠨ ᠭᠤᠤᠯ ᠨᠢ ᠪᠤᠭᠳᠠ ᠠᠭᠤᠯᠠᠨ ᠠᠴᠠ ᠡᠬᠢ ᠠᠪᠴᠤ᠂ ᠬᠠᠶᠢᠯᠠᠰᠤᠲᠠᠢ ᠶᠢᠨ ᠵᠢᠯᠠᠭ᠎ᠠ ᠪᠠᠷ ᠦᠩᠭᠡᠷᠡᠬᠦ ᠶᠡᠷᠤᠩᠬᠢ | ᠤᠷᠲᠤ ᠶᠢᠨ ᠬᠡᠮᠵᠢᠶ᠎ᠡ ᠨᠢ 50 ᠺᠢᠯᠤᠮᠧᠲᠷ ᠲᠤᠯᠵᠤ᠂ ᠡᠴᠤᠰ ᠲᠡᠭᠡᠨ ᠤᠯᠠᠭᠠᠨ ᠭᠤᠤᠯ ᠳᠤ ᠴᠢᠳᠬᠤᠵᠤ ᠪᠠᠶᠢᠳᠠᠭ᠃ | ᠲᠡᠮᠡᠭᠡᠨ ᠭᠤᠤᠯ ᠨᠢ ᠲᠡᠮᠡᠭᠡᠨ ᠠᠭᠤᠯᠠ ᠠᠴᠠ ᠡᠬᠢ ᠠᠪᠴᠤ᠂ ᠲᠡᠮᠡᠭᠡᠨ ᠭᠠᠴᠠᠭ᠎ᠠ ᠪᠠᠷ ᠤᠷᠤᠰᠤᠨ ᠦᠩᠭᠡᠷᠡᠬᠦ | ᠶᠡᠷᠤᠩᠬᠢ ᠤᠷᠲᠤ ᠶᠢᠨ ᠬᠡᠮᠵᠢᠶ᠎ᠡ ᠨᠢ 30 ᠺᠢᠯᠤᠮᠧᠲᠷ ᠲᠤᠯᠵᠤ᠂ ᠮᠢᠩ ᠱᠦᠢ ᠪᠠᠷ ᠦᠩᠭᠡᠷᠡᠨ᠂ ᠡᠴᠤᠰ ᠲᠡᠭᠡᠨ | ᠲᠤᠭᠤᠷ ᠤᠨ ᠭᠤᠤᠯ ᠳᠤ ᠴᠢᠳᠬᠤᠵᠤ ᠤᠷᠤᠳᠠᠭ᠃ ᠲᠦᠪᠲᠠᠢ ᠶᠢᠨ ᠭᠤᠤᠯ ᠨᠢ ᠲᠦᠪᠲᠠᠢ ᠶᠢᠨ ᠵᠢᠯᠠᠭ᠎ᠠ ᠶᠢᠨ | ᠲᠡᠭᠡᠲᠦ ᠤᠷᠤᠰᠬᠠᠯ ᠤᠨ ᠦᠨᠳᠦᠷᠭᠡᠭ ᠰᠢᠭ ᠭᠠᠵᠠᠷ ᠠᠴᠠ ᠡᠬᠢ ᠠᠪᠴᠤ᠂ ᠮᠠᠨᠵᠤᠲ᠋ᠦᠨᠨ ᠰᠢᠶᠠᠩ ᠪᠤᠯᠤᠨ | ᠮᠠᠨᠳᠠᠯᠲᠦ 2 ᠭᠠᠴᠠᠭ᠎ᠠ ᠪᠠᠷ ᠦᠩᠭᠡᠷᠡᠨ᠂ ᠡᠴᠤᠰ ᠲᠡᠭᠡᠨ ᠰᠤᠯᠤᠨ ᠪᠠᠯᠭᠠᠰᠤᠨ ᠤ ᠬᠠᠷᠢᠶᠠᠨ ᠳᠤ ᠪᠠᠶᠢᠭ᠎ᠠ ᠲᠤᠭᠤᠷ | ᠤᠨ ᠭᠤᠤᠯ ᠳᠤ ᠴᠢᠳᠬᠤᠵᠤ ᠤᠷᠤᠳᠠᠭ᠃ | ᠮᠠᠨᠵᠤᠲ᠋ᠦᠨᠨ ᠤ ᠮᠠᠨᠵᠤ ᠦᠨᠳᠦᠰᠦᠲᠡᠨ ᠤ ᠰᠢᠶᠠᠩ ᠨᠢ ᠬᠦᠢᠲᠡᠨ ᠰᠡᠷᠢᠭᠦᠨ ᠪᠦᠰᠡᠨ ᠤ ᠡᠬᠢ ᠬᠠᠭᠤᠷᠠᠢ ᠶᠢᠨ | ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠵᠤ᠂ ᠬᠠᠪᠤᠷ ᠨᠠᠮᠤᠷ ᠤᠨ ᠴᠠᠭ ᠭᠠᠩ | ᠬᠠᠭᠤᠷᠠᠢ ᠰᠠᠯᠬᠢ ᠶᠡᠭᠡ᠂ ᠵᠤᠨ ᠤ ᠤᠯᠠᠷᠢᠯ ᠠᠭᠠᠷ ᠤᠨ ᠲᠤᠯᠠᠭᠠᠨ ᠦᠨᠳᠦᠷ᠂ ᠡᠪᠤᠯ ᠤᠨ ᠤᠯᠠᠷᠢᠯ ᠤᠨ ᠬᠦᠯᠳᠡᠭᠦᠤ | ᠬᠤᠭᠤᠴᠠᠭ᠎ᠠ ᠤᠷᠲᠤ ᠪᠠᠶᠢᠳᠠᠭ᠃ ᠪᠦᠬᠦ ᠵᠢᠯ ᠤᠨ ᠬᠢᠷᠠᠭᠤ ᠦᠭᠡᠢ ᠬᠤᠭᠤᠴᠠᠭ᠎ᠠ ᠨᠢ 100 ᠰᠢᠬᠠᠮ ᠡᠳᠦᠷ ᠪᠠᠶᠢᠵᠤ | ᠂ ᠨᠠᠷᠠᠨ ᠤ ᠲᠤᠰᠤᠯᠲᠠ ᠬᠠᠩᠭᠠᠮᠵᠢᠲᠠᠢ᠂ ᠡᠳᠦᠷ ᠰᠦᠨᠢ ᠶᠢᠨ ᠲᠤᠯᠠᠭᠠᠨ ᠤ ᠵᠦᠷᠢᠶ᠎ᠠ ᠶᠡᠭᠡ᠃ ᠵᠢᠯ ᠪᠦᠷᠢ ᠶᠢᠨ | ᠲᠤᠨᠤᠳᠠᠰᠤ ᠶᠢᠨ ᠬᠡᠮᠵᠢᠶ᠎ᠡ 410 —440 ᠮᠢᠯᠢᠯᠢᠲ᠋ᠧᠷ ᠲᠤᠯᠳᠠᠭ᠃ ᠪᠠᠶᠢᠭᠠᠯᠢ ᠶᠢᠨ ᠡᠬᠢ ᠪᠠᠶᠠᠯᠢᠭ ᠤᠯᠠᠨ᠂ | ᠴᠢᠨ᠋ᠸ᠎ᠠ ᠶᠢᠨ ᠬᠠᠯᠳᠠᠷ᠂ ᠮᠤᠬᠤᠷ ᠴᠠᠭᠠᠨ᠂ ᠬᠤᠨᠴᠢᠨ᠂ ᠬᠤᠷᠳᠤᠨ ᠴᠠᠭᠠᠨ᠂ ᠤᠯᠠᠭᠠᠨ ᠴᠠᠨ᠎ᠠ ᠵᠡᠷᠭᠡ 20 ᠭᠠᠷᠤᠢ | ᠵᠦᠢᠯ ᠤᠨ ᠡᠮᠲᠦ ᠤᠷᠭᠤᠮᠠᠯ ᠪᠠᠶᠢᠵᠤ᠂ ᠪᠤᠭᠤ᠂ ᠵᠡᠭᠡᠷ᠎ᠠ᠂ ᠪᠤᠷᠤ ᠭᠦᠷᠦᠭᠡᠰᠤ᠂ ᠬᠡᠭᠡᠷ᠎ᠠ ᠶᠢᠨ ᠭᠠᠭ᠋ᠠᠢ᠂ ᠴᠢᠨ᠋ᠸ᠎ᠠ᠂ | ᠦᠨᠡᠭᠡ᠂ ᠲᠠᠥᠯᠠᠢ᠂ ᠭᠤᠤᠷᠭᠤᠯ᠂ ᠢᠲᠠᠭᠤ᠂ ᠬᠤᠶᠢᠯᠤᠩᠭᠠ᠂ ᠤᠭᠠᠯᠢ ᠰᠢᠪᠠᠭᠤ᠂ ᠬᠡᠭᠡᠷ᠎ᠠ ᠶᠢᠨ ᠨᠤᠭᠤᠰᠤ ᠵᠡᠷᠭᠡ | ᠵᠡᠷᠯᠢᠭ ᠠᠮᠢᠲᠠᠳ ᠪᠤᠢ᠃ ᠪᠤᠷᠵᠢᠨ ᠴᠢᠯᠠᠭᠤᠯᠢᠭ᠂ ᠾᠧᠷᠤᠮᠲᠦ ᠲᠡᠮᠦᠷ ᠵᠡᠷᠭᠡ ᠠᠭᠤᠷᠬᠠᠢ ᠶᠢᠨ ᠪᠤᠯᠠᠭᠳᠠᠴᠠ ᠲᠠᠢ᠃ | ᠲᠡᠬᠦᠨ ᠤ ᠬᠠᠷᠢᠶᠠᠨ ᠳᠤ 8 ᠭᠠᠴᠠᠭ᠎ᠠ᠂ 8 ᠠᠶᠢᠯ ᠲᠤᠰᠬᠤᠨ ᠬᠠᠮᠢᠶᠠᠷᠤᠭᠳᠠᠨ᠎ᠠ᠃ ᠰᠢᠶᠠᠩ ᠤᠨ ᠵᠠᠰᠠᠭ ᠤᠨ | ᠤᠷᠳᠤᠨ ᠤ ᠰᠠᠭᠤᠭ᠎ᠠ ᠭᠠᠵᠠᠷ ᠨᠢ ᠮᠠᠨᠵᠤᠲ᠋ᠦᠨᠨ ᠭᠠᠴᠠᠭ᠎ᠠ ᠪᠠᠶᠢᠵᠤ᠂ ᠰᠢᠶᠠᠩ ᠤᠨ ᠨᠠᠮ ᠵᠠᠰᠠᠭ ᠤᠨ ᠠᠯᠪᠠᠨ | ᠪᠠᠶᠢᠭᠤᠯᠤᠯᠭ᠎ᠠ᠂ ᠰᠤᠷᠭᠠᠭᠤᠯᠢ᠂ ᠢᠳᠡᠭᠡᠮᠵᠢ ᠶᠢᠨ ᠬᠤᠷᠰᠢᠶ᠎ᠡ᠂ ᠬᠢᠯᠢ ᠶᠢᠨ ᠰᠡᠷᠬᠡᠶᠢᠯᠡᠯᠲᠡ ᠶᠢᠨ ᠰᠠᠯᠪᠤᠷᠢ ᠠᠩᠬᠢ᠂ | ᠡᠷᠡᠭᠦᠯ ᠬᠠᠮᠠᠭᠠᠯᠠᠯ ᠤᠨ ᠬᠤᠷᠢᠶ᠎ᠠ᠂ ᠮᠠᠯ ᠠᠵᠤ ᠠᠬᠤᠢ ᠶᠢᠨ ᠶᠡᠷᠦᠩᠭᠡᠶᠢᠯᠡᠭᠰᠡᠨ ᠦᠢᠯᠡᠴᠢᠯᠡᠯᠭᠡᠨ ᠤ ᠦᠷᠲᠡᠭᠡ᠂ | ᠲᠠᠷᠢᠶᠠᠯᠠᠩ ᠤᠨ ᠴᠠᠬᠢᠯᠠᠭᠠᠨ ᠤ ᠬᠠᠩᠭᠠᠯᠲᠠ ᠶᠢᠨ ᠦᠷᠲᠡᠭᠡ᠂ ᠰᠢᠥᠳᠠᠨ ᠬᠤᠯᠪᠤᠭᠠᠨ ᠤ ᠰᠠᠯᠪᠤᠷᠢ ᠲᠤᠪᠴᠢᠶ᠎ᠠ᠂ | ᠴᠠᠬᠢᠯᠭᠠᠨ ᠬᠤᠯᠪᠤᠭᠠᠨ ᠤ ᠰᠠᠯᠪᠤᠷᠢ ᠲᠤᠪᠴᠢᠶ᠎ᠠ᠂ ᠠᠶᠢᠮᠠᠭ ᠤᠨ ᠷᠠᠳᠢᠤ᠋ ᠲᠧᠯᠢᠰ ᠬᠤᠷᠢᠶᠠᠨ ᠤ ᠫᠤᠤ ᠲᠠᠢ ᠱᠠᠨ | ᠳᠠᠮᠵᠢᠭᠤᠯᠬᠤ ᠦᠷᠲᠡᠭᠡ ᠵᠡᠷᠭᠡ ᠪᠠᠶᠢᠭᠤᠯᠭ᠎ᠠ ᠨᠢᠭᠡᠴᠠ ᠤᠳ ᠪᠠᠶᠢᠳᠠᠭ᠃ ᠶᠡᠷᠤᠩᠬᠢ ᠡᠷᠦᠭᠡ ᠶᠢᠨ ᠲᠤᠭ᠎ᠠ 1406 | ᠡᠷᠦᠭᠡ᠂ ᠶᠡᠷᠦᠩᠭᠡᠢ ᠬᠦᠮᠦᠨ ᠠᠮᠠ ᠶᠢᠨ ᠲᠤᠭ᠎ᠠ 4678 ᠬᠦᠮᠦᠨ᠂ ᠡᠬᠦᠨ ᠳᠤ ᠮᠠᠯᠴᠢᠨ ᠬᠦᠮᠦᠨ ᠠᠮᠠ ᠶᠢᠨ | ᠲᠤᠭ᠎ᠠ 3868 ᠬᠦᠮᠦᠨ᠃ ᠶᠡᠷᠦᠩᠭᠡᠢ ᠬᠦᠮᠦᠨ ᠠᠮᠠ ᠶᠢᠨ ᠳᠤᠲᠤᠷ᠎ᠠ᠂ ᠮᠠᠨᠵᠤ ᠦᠨᠳᠦᠰᠦᠲᠡᠨ ᠤ ᠬᠦᠮᠦᠨ ᠠᠮᠠ | ᠶᠡᠷᠦᠩᠭᠡᠢ ᠬᠦᠮᠦᠨ ᠠᠮᠠ ᠶᠢᠨ 36% ᠢ ᠡᠵᠡᠯᠡᠵᠤ᠂ ᠮᠤᠩᠭᠤᠯ ᠦᠨᠳᠦᠰᠦᠲᠡᠨ ᠤ ᠬᠦᠮᠦᠨ ᠠᠮᠠ 62% ᠢ | ᠡᠵᠡᠯᠡᠵᠤ᠂ ᠪᠤᠰᠤᠳ ᠦᠨᠳᠦᠰᠦᠲᠡᠨ ᠤ ᠬᠦᠮᠦᠨ ᠠᠮᠠ 2% ᠢ ᠡᠵᠡᠯᠡᠭᠰᠡᠨ ᠮᠠᠨᠵᠤ ᠦᠨᠳᠦᠰᠦᠲᠡᠨ ᠢᠶᠠᠷ | ᠭᠤᠤᠯᠯᠠᠭᠰᠠᠨ᠂ ᠮᠤᠩᠭᠤᠯ ᠦᠨᠳᠦᠰᠦᠲᠡᠨ ᠤ ᠬᠦᠮᠦᠨ ᠠᠮᠠ ᠤᠯᠠᠩᠭᠢ ᠲᠤᠭ᠎ᠠ ᠶᠢ ᠡᠵᠡᠯᠡᠭᠰᠡᠨ ᠴᠦᠭᠡᠨ ᠲᠤᠭᠠᠲᠤ | ᠦᠨᠳᠦᠰᠦᠲᠡᠨ ᠤ ᠬᠢᠯᠢ ᠶᠢᠨ ᠰᠢᠶᠠᠩ ᠪᠤᠯᠤᠨ᠎ᠠ᠃ | ᠲᠠᠷᠠ ᠪᠠᠷ᠂ ᠪᠦᠬᠦ ᠤᠷᠤᠨ ᠤ 19 ᠴᠦᠭᠡᠨ ᠲᠤᠭᠠᠲᠤ ᠦᠨᠳᠦᠰᠦᠲᠡᠨ ᠤ ᠰᠢᠶᠠᠩ ᠶᠢᠨ ᠨᠢᠭᠡ ᠪᠠᠶᠢᠵᠤ᠂ | ᠪᠦᠬᠦ ᠤᠯᠤᠰ ᠤᠨ ᠴᠤᠷ ᠤᠨ ᠭᠠᠭᠴᠠ ᠮᠠᠨᠵᠤ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠮᠠᠯ ᠠᠵᠤ ᠠᠬᠤᠢ | ᠡᠷᠬᠢᠯᠡᠵᠤ ᠪᠠᠶᠢᠭ᠎ᠠ ᠮᠠᠨᠵᠤ ᠦᠨᠳᠦᠰᠦᠲᠡᠨ ᠤ ᠰᠢᠶᠠᠩ ᠪᠤᠯᠤᠨ᠎ᠠ᠃ 2016 ᠤᠨ ᠳᠤ᠂ ᠳᠡᠭᠡᠲᠦ ᠱᠠᠲᠤᠨ ᠠᠴᠠ | ᠲᠡᠮᠡᠴᠡᠨ ᠤᠯᠤᠭᠰᠠᠨ ᠪᠡᠯᠡ ᠮᠦᠩᠭᠦ ᠶᠢᠨ ᠲᠤᠭ᠎ᠠ 2587 ᠲᠦᠮᠡᠨ ᠲᠦᠭᠦᠷᠢᠭ ᠲᠤ ᠬᠦᠷᠴᠤ᠂ ᠮᠠᠯᠴᠢᠨ | ᠲᠠᠷᠢᠶᠠᠴᠢᠨ ᠤ ᠲᠡᠭᠰᠢᠳᠭᠡᠭᠰᠡᠨ ᠴᠡᠪᠡᠷ ᠤᠷᠤᠯᠭ᠎ᠠ ᠶᠢᠨ ᠬᠡᠮᠵᠢᠶ᠎ᠡ 1.3 ᠲᠦᠮᠡᠨ ᠲᠦᠭᠦᠷᠢᠭ ᠲᠤᠯᠵᠠᠢ᠃ |