ᠨᠡᠲᠦᠭᠡᠷ ᠪᠠᠯᠭᠠᠰᠤ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠡᠮᠦᠨᠡᠲᠦ ᠭᠡᠰᠡᠭ | ᠲᠤ ᠪᠠᠶᠢᠷᠢᠰᠢᠵᠤ᠂ ᠬᠢᠩᠭᠠᠨ ᠳᠠᠪᠠᠭ᠎ᠠ ᠶᠢᠨ ᠡᠮᠦᠨ᠎ᠡ ᠬᠤᠷᠮᠤᠢ ᠶᠢᠨ ᠲᠤᠪᠤᠷᠴᠠᠭ ᠠᠭᠤᠯᠠᠷᠬᠠᠭ ᠤᠷᠤᠨ ᠢᠶᠠᠷ | ᠰᠠᠭᠤᠷᠢᠰᠢᠵᠤ᠂ ᠭᠠᠵᠠᠷ ᠵᠦᠢ ᠶᠢᠨ ᠪᠠᠶᠢᠷᠢᠰᠢᠯ ᠨᠢ ᠵᠡᠬᠦᠨ ᠤᠷᠳᠤᠷᠢᠭ ᠤᠨ121º32´ — 121º42´ | ᠂ ᠤᠮᠠᠷᠠᠲᠦ ᠦᠷᠭᠡᠷᠢᠭ ᠤᠨ45º53´— 45º55´ ᠵᠡᠬᠦᠨ ᠡᠮᠦᠨ᠎ᠡ ᠲᠠᠯ᠎ᠠ ᠪᠠᠷ ᠢᠶᠠᠨ ᠬᠢᠷᠢᠨ ᠮᠤᠵᠢ | ᠶᠢᠨ ᠲᠤᠤ ᠨᠠᠨ ᠬᠤᠲᠠ ᠶᠢᠨ ᠬᠦᠷᠢᠶᠡᠲᠦ ᠮᠤᠩᠭᠤᠯ ᠦᠨᠳᠦᠰᠦᠲᠡᠨ ᠤ ᠰᠢᠶᠠᠩ᠂ ᠸᠠᠨ ᠪᠤᠤ ᠰᠢᠶᠠᠩ ᠪᠤᠯᠤᠨ ᠸᠠᠨ | ᠪᠤᠤ ᠪᠠᠯᠭᠠᠰᠤ ᠲᠠᠢ ᠬᠢᠯᠢᠯᠡᠵᠤ᠂ ᠪᠠᠷᠠᠭᠤᠨ ᠡᠮᠦᠨ᠎ᠡ ᠲᠠᠯ᠎ᠠ ᠪᠠᠷ ᠢᠶᠠᠨ ᠲᠦᠴᠢᠶᠤᠸᠠᠨ ᠰᠢᠶᠠᠨ ᠤ ᠶᠥᠩ ᠠᠨ | ᠪᠠᠯᠭᠠᠰᠤ ᠲᠠᠢ ᠬᠦᠷᠰᠢᠯᠡᠵᠤ᠂ ᠤᠮᠠᠷᠠᠲᠦ ᠲᠠᠯ᠎ᠠ ᠪᠠᠷ ᠢᠶᠠᠨ ᠬᠤᠷᠴᠢᠨ ᠪᠠᠯᠭᠠᠰᠤ ᠪᠤᠯᠤᠨ ᠪᠤᠷᠭᠠᠰᠤᠲᠠᠢ ᠰᠢᠶᠠᠩ ᠲᠠᠢ | ᠵᠠᠯᠭᠠᠯᠳᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠬᠠᠭᠠᠯᠭ᠎ᠠ ᠪᠤᠯᠵᠤ ᠪᠠᠶᠢᠨ᠎ᠠ᠃ | ᠶᠡᠷᠦᠩᠭᠡᠢ ᠲᠠᠯᠠᠪᠠᠢ 431.9 ᠳᠡᠭᠰᠢ ᠲᠦᠷᠪᠡᠯᠵᠢᠨ ᠺᠢᠯᠤᠮᠧᠲᠷ᠂ ᠲᠠᠷᠢᠶᠠᠨ ᠭᠠᠵᠠᠷ ᠤᠨ ᠡᠵᠡᠯᠡᠬᠦ ᠲᠠᠯᠠᠪᠠᠢ 22 | ᠲᠦᠮᠡᠨ ᠮᠤ᠋᠂ ᠤᠰᠤᠯᠠᠯᠭ᠎ᠠ ᠶᠢᠨ ᠲᠠᠷᠢᠶᠠᠨ ᠭᠠᠵᠠᠷ 13.7 ᠲᠦᠮᠡᠨ ᠮᠤ᠋᠂ ᠤᠰᠤᠨ ᠲᠤᠳᠤᠷᠭ᠎ᠠ ᠶᠢᠨ ᠲᠠᠯᠠᠪᠠᠢ | 120 ᠮᠤ᠋᠂ ᠰᠠᠭᠤᠷᠢ ᠲᠠᠷᠢᠶᠠᠯᠠᠩ ᠤᠨ ᠲᠦᠷᠦᠯ ᠵᠦᠢᠯ ᠤᠨ ᠲᠤᠭᠤᠷᠢᠭ 9 ᠪᠠᠶᠢᠳᠠᠭ᠃ ᠤᠢ ᠰᠢᠭᠤᠢ ᠶᠢᠨ | ᠲᠠᠯᠠᠪᠠᠢ 23.58 ᠲᠦᠮᠡᠨ ᠮᠤ᠋᠂ ᠡᠬᠦᠨ ᠳᠤ ᠵᠢᠮᠢᠰ ᠤᠨ ᠮᠤᠳᠤᠨ ᠤ ᠡᠵᠡᠯᠡᠬᠦ ᠲᠠᠯᠠᠪᠠᠢ 1.2 ᠲᠦᠮᠡᠨ ᠮᠤ᠋ | ᠡᠵᠡᠯᠡᠳᠡᠭ᠃ | ᠲᠤᠰ ᠪᠠᠯᠭᠠᠰᠤᠨ ᠤ ᠬᠠᠷᠢᠶᠠᠨ ᠳᠤ᠂ 14 ᠵᠠᠰᠠᠭ ᠵᠠᠬᠢᠷᠭᠠᠨ ᠤ ᠲᠤᠰᠬᠤᠨ᠂ 75 ᠲᠠᠷᠢᠶᠠᠯᠠᠩ | ᠦᠢᠯᠡᠳᠪᠦᠷᠢᠯᠡᠯ ᠤᠨ ᠬᠤᠷᠰᠢᠶᠠᠵᠢᠯ᠂ 48 ᠠᠶᠢᠯ᠂ 2 ᠤᠷᠤᠨ ᠲᠤᠭᠤᠷᠢᠭ ᠲᠠᠢ᠂ ᠶᠡᠷᠦᠩᠭᠡᠢ ᠡᠷᠦᠭᠡ ᠶᠢᠨ ᠲᠤᠭ᠎ᠠ | 7527 ᠡᠷᠦᠭᠡ᠂ ᠶᠡᠷᠦᠩᠭᠡᠢ ᠬᠦᠮᠦᠨ ᠠᠮᠠ ᠶᠢᠨ ᠲᠤᠭ᠎ᠠ 25794 ᠬᠦᠮᠦᠨ ᠪᠠᠶᠢᠵᠤ᠂ ᠡᠬᠦᠨ ᠤ ᠳᠤᠲᠤᠷ᠎ᠠ | ᠲᠠᠷᠢᠶᠠᠯᠠᠩ ᠤᠨ ᠬᠦᠮᠦᠨ ᠠᠮᠠ 24354 ᠬᠦᠮᠦᠨ ᠪᠤᠢ᠃ ᠬᠢᠲᠠᠳ᠂ ᠮᠤᠩᠭᠤᠯ᠂ ᠮᠠᠨᠵᠤ᠂ ᠬᠤᠲᠤᠩ᠂ ᠵᠤᠸ᠋ᠩ᠂ | ᠰᠤᠯᠤᠩᠭᠤᠰ᠂ ᠳᠠᠭᠤᠷ ᠵᠡᠷᠭᠡ ᠤᠯᠠᠨ ᠦᠨᠳᠦᠰᠦᠲᠡᠨ ᠪᠠᠶᠢᠳᠠᠭ᠃ ᠡᠬᠦᠨ ᠤ ᠲᠤᠲᠤᠷ᠎ᠠ ᠬᠢᠳᠠᠳ ᠦᠨᠳᠦᠰᠦᠲᠡᠨ ᠤ | ᠬᠦᠮᠦᠨ ᠠᠮᠠ14279 ᠬᠦᠮᠦᠨ᠂ ᠮᠤᠩᠭᠤᠯ ᠦᠨᠳᠦᠰᠦᠲᠡᠨ ᠤ ᠬᠦᠮᠦᠨ ᠠᠮᠠ 9548 ᠬᠦᠮᠦᠨ᠂ ᠪᠤᠰᠤᠤᠨ | ᠴᠦᠭᠡᠨ ᠲᠤᠭᠠᠲᠤ ᠦᠨᠳᠦᠰᠦᠲᠡᠨ ᠤ ᠬᠦᠮᠦᠨ ᠠᠮᠠ 1967 ᠬᠦᠮᠦᠨ ᠪᠤᠢ᠃ | ᠨᠡᠲᠦᠭᠡᠷ ᠪᠠᠯᠭᠠᠰᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠨᠢ ᠬᠢᠩᠭᠠᠨ ᠲᠤᠰᠬᠤᠨ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠠᠴᠠ 30 ᠺᠢᠯᠤᠮᠧᠲᠷ | ᠵᠠᠶᠢᠲᠠᠢ᠃ ᠪᠠᠯᠭᠠᠰᠤᠨ ᠤ ᠰᠠᠭᠤᠭ᠎ᠠ ᠭᠠᠵᠠᠷ ᠲᠤ᠂ ᠨᠠᠮ ᠵᠠᠰᠠᠭ ᠤᠨ ᠠᠯᠪᠠᠨ ᠪᠠᠶᠢᠭᠤᠯᠭ᠎ᠠ᠂ ᠳᠤᠮᠳᠠᠲᠤ | ᠰᠤᠷᠭᠠᠭᠤᠯᠢ᠂ ᠭᠤᠤᠯ ᠪᠠᠭ᠎ᠠ ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ᠂ ᠢᠳᠡᠭᠡᠮᠵᠢ ᠶᠢᠨ ᠬᠤᠷᠰᠢᠶ᠎ᠡ᠂ | ᠲᠤᠳᠤᠭᠠᠲᠤ ᠶᠢ ᠬᠠᠮᠠᠭᠠᠯᠠᠬᠤ ᠰᠠᠯᠪᠤᠷᠢ᠂ ᠴᠠᠬᠢᠯᠭᠠᠨ ᠬᠠᠩᠭᠠᠬᠤ ᠰᠠᠯᠪᠤᠷᠢ᠂ ᠠᠮᠤ ᠪᠤᠳᠠᠭᠠᠨ ᠤ ᠬᠦᠮᠦᠷᠭᠡ᠂ | ᠰᠢᠥᠳᠠᠨ ᠬᠤᠯᠪᠤᠭᠠᠨ ᠤ ᠰᠠᠯᠪᠤᠷᠢ ᠲᠤᠪᠴᠢᠶ᠎ᠠ᠂ ᠴᠠᠬᠢᠯᠭᠠᠨ ᠬᠤᠯᠪᠤᠭᠠᠨ ᠤ ᠰᠠᠯᠪᠤᠷᠢ ᠲᠤᠪᠴᠢᠶ᠎ᠠ ᠵᠡᠷᠭᠡ | ᠪᠠᠶᠢᠭᠤᠯᠭ᠎ᠠ ᠨᠢᠭᠡᠴᠠ ᠤᠳ ᠪᠤᠢ᠃ ᠲᠡᠭᠦᠨ ᠤ ᠬᠠᠷᠢᠶᠠᠨ ᠳᠤ᠂ ᠸᠠᠨ ᠱᠦᠨ ᠴᠢᠯᠠᠭᠤᠨ ᠮᠠᠲ᠋ᠧᠷᠢᠶᠠᠯ ᠤᠨ | ᠦᠢᠯᠡᠳᠪᠦᠷᠢ᠂ ᠬᠢᠩᠭᠠᠨ ᠲᠤᠰᠤ ᠨᠡᠮᠡᠬᠦ ᠦᠷᠲᠡᠭᠡ᠂ ᠱᠤᠸᠠᠩ ᠬᠤᠸᠠ ᠲᠤᠰᠤ ᠨᠡᠮᠡᠬᠦ ᠦᠷᠲᠡᠭᠡ᠂ ᠪᠠᠶᠢᠰᠢᠩ ᠲᠤᠰᠤ | ᠨᠡᠮᠡᠬᠦ ᠦᠷᠲᠡᠭᠡ᠂ ᠱᠤᠸᠠᠩ ᠱᠧᠬᠭ ᠲᠤᠰᠤ ᠨᠡᠮᠡᠬᠦ ᠦᠷᠲᠡᠭᠡ᠂ ᠵᠦᠩ ᠪᠧᠢ ᠠᠮᠤ ᠲᠤᠰᠤᠨ ᠤ ᠬᠤᠳᠠᠯᠳᠤᠨ ᠠᠪᠴᠤ | ᠪᠤᠷᠤᠯᠠᠭᠤᠯᠬᠤ ᠬᠢᠵᠠᠭᠠᠷᠲᠦ ᠺᠤᠮᠫᠠᠨᠢ᠂ ᠵᠢᠦᠢ ᠹᠧᠩ ᠠᠮᠤ ᠪᠤᠳᠠᠭ᠎ᠠ ᠬᠤᠳᠠᠯᠳᠤᠨ ᠠᠪᠴᠤ ᠪᠤᠷᠤᠯᠠᠭᠤᠯᠬᠤ ᠭᠠᠵᠠᠷ᠂ | ᠬᠤᠩ ᠹᠦ᠋ ᠲᠠᠢ ᠨᠡᠲᠦᠭᠡᠷ ᠹᠧᠨᠲ᠋ᠢᠶᠤᠤᠷ ᠶᠢᠨ ᠦᠢᠯᠡᠰ ᠤᠨ ᠨᠡᠭᠡᠭᠡᠨ ᠭᠦᠭᠵᠢᠭᠦᠯᠦᠯᠲᠡ ᠶᠢᠨ ᠬᠢᠵᠠᠭᠠᠷᠲᠦ ᠺᠤᠮᠫᠠᠨᠢ᠂ | ᠲᠢᠶᠠᠨ ᠵᠢᠶᠠ ᠹᠧᠨᠲ᠋ᠢᠶᠤᠤᠷ ᠶᠢᠨ ᠦᠢᠯᠡᠰ ᠤᠨ ᠰᠠᠭᠤᠷᠢᠨ ᠭᠠᠵᠠᠷ᠂ ᠾᠧᠩ ᠵᠢᠶᠠ ᠵᠢᠮᠢᠰ ᠤᠨ ᠦᠢᠯᠡᠰ᠂ ᠳ᠋ᠢᠩ | ᠶᠤᠸᠠᠨ ᠵᠢᠮᠢᠰ ᠤᠨ ᠦᠢᠯᠡᠰ᠂ ᠰᠧᠨ ᠰᠢᠨ ᠬᠡᠷᠡᠭᠰᠡᠯ ᠤᠨ ᠮᠤᠳᠤ ᠵᠢᠮᠢᠰ ᠤᠨ ᠮᠤᠳᠤᠨ ᠤ ᠦᠢᠯᠡᠰ ᠤᠨ ᠨᠡᠭᠡᠭᠡᠨ | ᠭᠦᠭᠵᠢᠭᠦᠯᠦᠯᠲᠡ ᠶᠢᠨ ᠬᠢᠵᠠᠭᠠᠷᠲᠦ ᠺᠤᠮᠫᠠᠨᠢ᠂ ᠬᠤᠩ ᠰᠢᠶᠠᠩ ᠠᠮᠢ ᠠᠬᠤᠢ ᠶᠢᠨ ᠲᠤᠭᠤᠷᠢᠭ᠂ ᠶᠢᠨ ᠫᠧᠩ ᠢᠯᠴᠢ | ᠬᠠᠩᠭᠠᠬᠤ ᠲᠤᠯᠠᠯᠠᠯᠭᠠ ᠶᠢᠨ ᠺᠤᠮᠫᠠᠨᠢ᠂ ᠵᠧᠨ ᠰᠢᠩ ᠤᠯᠠᠭᠠᠨ ᠲᠤᠭᠤᠰᠭᠠᠨ ᠦᠢᠯᠡᠳᠪᠦᠷᠢ ᠵᠡᠷᠭᠡ ᠠᠵᠤ ᠠᠬᠤᠶᠢᠯᠠᠯ | ᠲᠠᠢ᠃ | 2016 ᠤᠨ ᠪᠤᠯᠬᠤ ᠳᠤ᠂ ᠬᠤᠳᠠᠯᠳᠤᠭᠠᠨ ᠤ ᠤᠷᠤᠨ ᠰᠠᠭᠤᠴᠠ ᠶᠢᠨ ᠠᠰᠠᠷ 7 ᠰᠠᠭᠤᠷᠢ ᠪᠠᠶᠢᠭᠤᠯᠵᠤ᠂ | ᠶᠡᠷᠦᠩᠬᠡᠢ ᠲᠠᠯᠠᠪᠠᠢ 3.76 ᠲᠦᠮᠡᠨ ᠲᠡᠭᠰᠢ ᠲᠦᠷᠪᠡᠯᠵᠢᠨ ᠮᠧᠲᠷ ᠲᠤᠯᠵᠠᠢ᠃ ᠪᠠᠶᠠᠨᠬᠤᠰᠢᠭᠤ — ᠤᠯᠠᠭᠠᠨᠬᠤᠲᠠ | ᠬᠦᠷᠬᠦ ᠵᠠᠰᠠᠮᠠᠯ ᠵᠠᠮ ᠪᠤᠯᠤᠨ ᠮᠤᠵᠢ ᠶᠢᠨ ᠳᠡᠰ ᠤᠨ ᠵᠠᠰᠠᠮᠠᠯ ᠵᠠᠮ ᠪᠦᠷ ᠲᠤᠰ ᠪᠠᠯᠭᠠᠰᠤ ᠪᠠᠷ ᠦᠩᠭᠡᠷᠡᠨ᠂ ᠪᠦᠬᠦ | ᠤᠷᠲᠤ ᠨᠢ 23.2ᠺᠢᠯᠤᠮᠧᠲᠷ ᠪᠠᠶᠢᠳᠠᠭ᠃ ᠲᠤᠰᠬᠤᠨ ᠲᠤᠰᠬᠤᠨ ᠤ ᠬᠤᠭᠤᠷᠤᠨᠲᠦ ᠨᠡᠪᠲᠡᠷᠡᠯᠴᠡᠬᠦ ᠵᠠᠰᠠᠮᠠᠯ ᠵᠠᠮ ᠤᠨ | ᠪᠦᠬᠦ ᠤᠷᠲᠦ ᠨᠢ 252.62 ᠺᠢᠯᠤᠮᠧᠲᠷ ᠲᠤᠯᠵᠤ᠂ 2016 ᠤᠨ ᠳᠤ ᠰᠢᠨ᠎ᠡ ᠪᠠᠷ ᠨᠡᠮᠡᠭᠳᠡᠭᠰᠡᠨ ᠵᠠᠮ ᠤᠨ ᠤᠷᠲᠦ | ᠶᠢᠨ ᠬᠡᠮᠵᠢᠶ᠎ᠡ 116.08 ᠺᠢᠯᠤᠮᠧᠲᠷ ᠲᠤᠯᠵᠠᠢ᠃ ᠲᠤᠰ ᠪᠠᠯᠭᠠᠰᠤᠨ ᠤ ᠬᠠᠷᠢᠶᠠᠨ ᠳᠠᠬᠢ ᠭᠠᠵᠠᠷ ᠲᠤᠤᠷᠠᠬᠢ | ᠤᠰᠤᠨ ᠤ ᠡᠬᠢ ᠪᠠᠶᠠᠯᠢᠭ ᠲᠦᠢᠯ ᠤᠨ ᠡᠯᠪᠡᠭ ᠪᠠᠶᠢᠵᠤ᠂ ᠦᠨᠡᠭᠡᠴᠢᠨ ᠭᠤᠤᠯ᠂ ᠴᠢ ᠰᠢᠨ ᠭᠤᠤᠯ᠂ ᠶᠥᠩ ᠶᠤᠸᠠᠨ | ᠭᠤᠤᠯ ᠵᠡᠷᠭᠡ 4 ᠵᠤᠷᠪᠤᠰ ᠭᠤᠤᠯ ᠭᠤᠷᠤᠬ᠎ᠠ ᠲᠠᠢ ᠪᠠᠶᠢᠵᠤ᠂ ᠶᠡᠷᠦᠩᠬᠡᠢ ᠤᠷᠲᠤ ᠶᠢᠨ ᠬᠡᠮᠵᠢᠶ᠎ᠡ 62 ᠺᠢᠯᠤᠮᠧᠲᠷ | ᠲᠤᠯᠳᠠᠭ᠃ | ᠨᠡᠲᠦᠭᠡᠷ ᠪᠠᠯᠭᠠᠰᠤᠨ ᠤ ᠠᠭᠤᠷ ᠠᠮᠢᠰᠬᠤᠯ ᠨᠢ ᠭᠠᠩ ᠬᠠᠭᠤᠷᠠᠢ ᠲᠤᠨᠤᠳᠠᠰᠤ ᠴᠦᠭᠡᠨ᠂ ᠵᠢᠯ ᠤᠨ | ᠲᠡᠭᠰᠢᠳᠭᠡᠭᠰᠡᠨ ᠠᠭᠠᠷ ᠤᠨ ᠲᠤᠯᠠᠭᠠᠨ ᠤ ᠬᠡᠮᠵᠢᠶ᠎ᠡ 4℃ ᠪᠠᠶᠢᠵᠤ᠂ ᠵᠢᠯ ᠤᠨ ᠲᠡᠭᠰᠢᠳᠭᠡᠭᠰᠡᠨ ᠲᠤᠨᠤᠳᠠᠰᠤ ᠶᠢᠨ | ᠬᠡᠮᠵᠢᠶ᠎ᠡ 420 ᠮᠢᠯᠢᠯᠢᠲ᠋ᠧᠷ ᠲᠤᠯᠳᠠᠭ᠃ ᠬᠢᠷᠠᠭᠤ ᠦᠭᠡᠢ ᠬᠤᠭᠤᠴᠠᠭ᠎ᠠ ᠨᠢ 130 ᠰᠢᠬᠠᠮ ᠡᠳᠦᠷ ᠪᠠᠶᠢᠵᠤ᠂ | ᠨᠠᠷᠠᠨ ᠤ ᠲᠤᠰᠤᠯᠲᠠ ᠬᠠᠩᠭᠠᠮᠵᠢᠲᠠᠢ᠂ ᠡᠳᠦᠷ ᠰᠦᠨᠢ ᠶᠢᠨ ᠲᠤᠯᠠᠭᠠᠨ ᠤ ᠵᠦᠷᠢᠶ᠎ᠠ ᠶᠡᠭᠡ᠃ ᠵᠢᠯ ᠪᠦᠷᠢ ᠶᠢᠨ | ᠬᠤᠷᠠᠮᠳᠤᠭᠤᠯᠤᠭᠰᠠᠨ ᠲᠤᠯᠠᠭᠠᠨ ᠤ ᠬᠡᠮᠵᠢᠶ᠎ᠡ 2300℃ —2600℃ ᠲᠤᠯᠳᠠᠭ᠃ ᠬᠤᠶᠠᠷ ᠤᠰᠤᠨ ᠴᠦᠬᠦᠷᠡᠮ | ᠲᠠᠢ ᠪᠠᠶᠢᠵᠤ᠂ ᠤᠰᠤᠯᠠᠯᠭ᠎ᠠ᠂ ᠦᠶᠡᠷ ᠢ ᠰᠡᠷᠬᠡᠶᠢᠯᠡᠬᠦ ᠪᠤᠯᠤᠨ ᠵᠢᠭᠠᠰᠤ ᠲᠡᠵᠢᠭᠡᠬᠦ ᠦᠢᠯᠡᠰ ᠲᠤ ᠬᠠᠩᠭᠠᠵᠤ ᠪᠠᠶᠢᠳᠠᠭ | ᠃ ᠠᠵᠤ ᠠᠬᠤᠢ ᠨᠢ ᠲᠠᠷᠢᠶᠠᠯᠠᠩ ᠢᠶᠠᠷ ᠭᠤᠤᠯᠯᠠᠵᠤ᠂ ᠮᠠᠯ ᠠᠵᠤ ᠠᠬᠤᠢ ᠪᠠᠷ ᠲᠤᠰᠠᠯᠠᠮᠵᠢ ᠪᠤᠯᠭᠠᠳᠠᠭ᠃ | ᠹᠧᠨᠲ᠋ᠢᠶᠤᠤᠷ ᠶᠢᠨ ᠦᠢᠯᠡᠰ ᠪᠤᠯᠤᠨ ᠵᠢᠮᠢᠰ ᠤᠨ ᠦᠢᠯᠡᠰ ᠪᠤᠯ ᠬᠤᠶᠠᠷ ᠶᠡᠭᠡ ᠲᠠᠭᠠᠭᠤᠯᠤᠭᠴᠢ ᠠᠵᠤ ᠠᠬᠤᠶᠢᠯᠠᠯ | ᠪᠠᠶᠢᠵᠤ᠂《ᠹᠧᠨᠲ᠋ᠢᠶᠤᠤᠷ ᠵᠢᠮᠢᠰ ᠤᠨ ᠦᠢᠯᠡᠰ ᠤᠨ ᠨᠤᠲᠤᠭ》 ᠬᠡᠮᠡᠳᠡᠭ ᠠᠯᠳᠠᠷ ᠴᠤᠯᠠ ᠲᠠᠢ ᠪᠠᠶᠢᠳᠠᠭ᠃ | 2016 ᠤᠨ ᠳᠤ᠂ ᠳ᠋ᠢᠶᠠᠩᠬᠤᠸᠠ ᠤᠭᠰᠠᠷᠠᠭᠰᠠᠨ ᠡᠷᠦᠭᠡ ᠶᠢᠨ ᠲᠤᠭ᠎ᠠ 286 ᠲᠤᠯᠵᠤ᠂ | ᠲᠦᠭᠡᠮᠡᠯᠵᠢᠭᠰᠡᠨ ᠨᠤᠷᠮ᠎ᠠ ᠶᠢᠨ ᠲᠤᠭ᠎ᠠ 3.8% ᠲᠤᠯᠵᠠᠢ᠃ ᠭᠠᠷ ᠤᠲᠠᠰᠤ ᠶᠢᠨ ᠲᠦᠭᠡᠮᠡᠯᠵᠢᠭᠰᠡᠨ ᠨᠤᠷᠮ᠎ᠠ ᠶᠢᠨ | ᠲᠤᠭ᠎ᠠ 100% ᠲᠤᠯᠵᠠᠢ᠃ ᠺᠤᠮᠫᠢᠤᠲ᠋ᠧᠷ ᠤᠨ ᠦᠷᠭᠡᠨ ᠳᠠᠪᠲᠠᠮᠵᠢ ᠶᠢᠨ ᠪᠦᠰᠡ ᠤᠭᠰᠠᠷᠠᠭᠰᠠᠨ ᠡᠷᠦᠭᠡ ᠶᠢᠨ | ᠲᠤᠭ᠎ᠠ 779 ᠡᠷᠦᠭᠡ ᠲᠤᠯᠵᠢ᠃ ᠲᠤᠰ ᠵᠢᠯ ᠳᠤ᠂ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠬᠢ | ᠦᠷᠲᠡᠭ ᠤᠨ ᠬᠡᠮᠵᠢᠶ᠎ᠡ 1.95 ᠳ᠋ᠦᠩᠰᠢᠭᠤᠷ ᠲᠦᠭᠦᠷᠢᠭ ᠲᠤᠯᠵᠤ᠂ ᠡᠳ᠋ ᠤᠨ ᠵᠠᠰᠠᠭ ᠤᠨ ᠤᠷᠤᠯᠭ᠎ᠠ 250 | ᠲᠦᠮᠡᠨ ᠲᠦᠭᠦᠷᠢᠭ ᠲᠤᠯᠵᠤ᠂ ᠳᠡᠭᠡᠲᠦ ᠱᠠᠲᠤᠨ ᠠᠴᠠ ᠲᠡᠮᠡᠴᠡᠨ ᠤᠯᠤᠭᠰᠠᠨ ᠪᠡᠯᠡ ᠮᠦᠩᠭᠦ ᠶᠢᠨ ᠲᠤᠭ᠎ᠠ 1.2 | ᠳ᠋ᠦᠩᠰᠢᠭᠤᠷ ᠲᠦᠭᠦᠷᠢᠭ ᠲᠤ ᠬᠦᠷᠴᠤ᠂ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ | ᠤᠷᠤᠯᠭ᠎ᠠ ᠶᠢᠨ ᠬᠡᠮᠵᠢᠶ᠎ᠡ 8618 ᠲᠦᠭᠦᠷᠢᠭ ᠲᠤᠯᠵᠤ᠂ 2015 ᠤᠨ ᠤ ᠠᠳᠠᠯᠢ ᠬᠤᠭᠤᠴᠠᠭᠠᠨᠡᠴᠠ10. | 98% ᠪᠠᠷ ᠨᠡᠮᠡᠭᠳᠡᠵᠡᠢ᠃ | |