ᠭᠦᠢᠯᠡᠷ ᠪᠠᠯᠭᠠᠰᠤ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠬᠤᠶᠢᠲᠦ ᠵᠦᠭ | 37 ᠺᠢᠯᠤᠮᠧᠲᠷ ᠤᠨ ᠵᠠᠶᠢᠲᠠᠢ ᠪᠠᠶᠢᠷᠢᠰᠢᠳᠠᠭ᠃ ᠵᠡᠬᠦᠨ ᠡᠮᠦᠨ᠎ᠡ ᠲᠠᠯ᠎ᠠ ᠪᠠᠷ ᠢᠶᠠᠨ ᠤᠯᠠᠭᠠᠨᠬᠤᠲᠠ ᠲᠠᠢ ᠬᠢᠯᠢ | ᠨᠡᠶᠢᠯᠡᠵᠤ᠂ ᠪᠦᠬᠦ ᠪᠠᠯᠭᠠᠰᠤᠨ ᠤ ᠶᠡᠷᠦᠩᠭᠡᠢ ᠲᠠᠯᠠᠪᠠᠢ ᠨᠢ 722 ᠳᠡᠭᠰᠢ ᠲᠦᠷᠪᠡᠯᠵᠢᠨ ᠺᠢᠯᠤᠮᠧᠲᠷ ᠪᠠᠶᠢᠳᠠᠭ᠃ | ᠲᠡᠭᠦᠨ ᠤ ᠬᠠᠷᠢᠶᠠᠨ ᠳᠤ 22 ᠭᠠᠴᠠᠭ᠎ᠠ᠂ 60 ᠲᠤᠰᠬᠤᠠ ᠬᠠᠷᠢᠶᠠᠯᠠᠭᠳᠠᠳᠠᠭ᠃ ᠭᠦᠢᠯᠡᠷ ᠪᠠᠯᠭᠠᠰᠤᠨ ᠤ ᠰᠢᠭᠤᠳ | ᠬᠠᠷᠢᠶ᠎ᠠ ᠪᠠᠶᠢᠭᠤᠯᠭ᠎ᠠ ᠨᠢᠭᠡᠴᠠ᠄ ᠤᠯᠤᠰ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠤᠪᠴᠢᠶ᠎ᠠ᠂ ᠭᠠᠵᠠᠷ ᠤᠷᠤᠨ | ᠤ ᠭᠠᠶᠢᠯᠢ ᠶᠢᠨ ᠶᠠᠪᠤᠳᠠᠯ ᠤᠨ ᠰᠠᠯᠪᠤᠷᠢ᠂ ᠰᠢᠥᠳᠠᠨ ᠬᠤᠯᠪᠤᠭᠠᠨ ᠤ ᠰᠠᠯᠪᠤᠷᠢ ᠲᠤᠪᠴᠢᠶ᠎ᠠ᠂ ᠴᠠᠬᠢᠯᠭᠠᠨ ᠬᠤᠯᠪᠤᠭᠠᠨ | ᠤ ᠰᠠᠯᠪᠤᠷᠢ ᠲᠤᠪᠴᠢᠶ᠎ᠠ᠂ ᠴᠠᠬᠢᠯᠭᠠᠨ ᠬᠦᠴᠦᠳᠡᠯ ᠦᠭᠡᠷᠠᠴᠢᠯᠡᠬᠦ ᠦᠷᠲᠡᠭᠡ᠂ ᠴᠠᠬᠢᠯᠭᠠᠨ ᠬᠠᠩᠭᠠᠬᠤ ᠰᠠᠯᠪᠤᠷᠢ᠂ | ᠲᠤᠳᠤᠭᠠᠲᠤ ᠶᠢ ᠬᠠᠮᠠᠭᠠᠯᠠᠬᠤ ᠰᠠᠯᠪᠤᠷᠢ᠂ ᠰᠢᠭᠦᠭᠦ ᠲᠢᠩᠬᠢᠮ᠂ ᠢᠳᠡᠭᠡᠮᠵᠢ ᠶᠢᠨ ᠬᠤᠷᠰᠢᠶ᠎ᠡ᠂ ᠭᠦᠢᠯᠡᠷ ᠳᠤᠮᠳᠠᠲᠤ | ᠰᠤᠷᠭᠠᠭᠤᠯᠢ᠂ ᠭᠦᠢᠯᠡᠷ ᠭᠤᠤᠯ ᠪᠠᠭ᠎ᠠ ᠰᠤᠷᠭᠠᠭᠤᠯᠢ᠂ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠰᠠᠯᠪᠤᠷᠢ᠂ | ᠡᠷᠡᠭᠦᠯ ᠬᠠᠮᠠᠭᠠᠯᠠᠯ ᠤᠨ ᠬᠤᠷᠢᠶ᠎ᠠ᠃ ᠭᠠᠳᠠᠨ᠎ᠠ ᠰᠠᠭᠤᠭ᠎ᠠ ᠨᠢᠭᠡᠴᠠ᠄ ᠬᠤᠷᠴᠢᠨ ᠸᠠᠩ ᠠᠷᠢᠬᠢᠨ ᠤ ᠦᠢᠯᠡᠰ ᠤᠨ | ᠬᠢᠵᠠᠭᠠᠷᠲᠦ ᠺᠤᠮᠫᠠᠨᠢ᠂ ᠴᠢᠯᠠᠭᠤᠨ ᠲᠤᠰᠤᠨ ᠤ ᠦᠢᠯᠡᠴᠢᠯᠡᠯᠭᠡᠨ ᠤ ᠦᠷᠲᠡᠭᠡ᠃ ᠲᠤᠰ ᠪᠠᠯᠭᠠᠰᠤᠨ ᠤ ᠲᠠᠷᠢᠶᠠᠯᠠᠬᠤ | ᠲᠠᠯᠠᠪᠠᠢ 27.6 ᠲᠦᠮᠡᠨ ᠮᠤ᠋᠂ ᠡᠬᠦᠨ ᠳᠤ ᠤᠰᠤᠨ ᠲᠠᠷᠢᠶ᠎ᠠ 3.4 ᠲᠦᠮᠡᠨ ᠮᠤ᠋᠂ ᠤᠰᠤᠯᠠᠯᠲᠠ ᠶᠢᠨ ᠲᠠᠷᠢᠶ᠎ᠠ 6 | ᠲᠦᠮᠡᠨ ᠮᠤ᠋ ᠪᠠᠶᠢᠳᠠᠭ᠃ ᠪᠤᠲᠠ ᠮᠠᠯ ᠪᠤᠯᠤᠨ ᠪᠤᠭ ᠮᠠᠯ ᠤᠨ ᠲᠤᠭ᠎ᠠ 9.6 ᠲᠦᠮᠡᠨ ᠲᠤᠯᠤᠭᠠᠢ ᠲᠤᠯᠵᠤ᠂ ᠶᠡᠷᠦᠩᠭᠡᠢ | ᠬᠦᠮᠦᠨ ᠠᠮᠠ ᠶᠢᠨ ᠲᠤᠭ᠎ᠠ 3.5 ᠲᠦᠮᠡᠨ ᠬᠦᠮᠦᠨ᠂ ᠮᠤᠩᠭᠤᠯ ᠦᠨᠳᠦᠰᠦᠲᠡᠨ ᠤ ᠬᠦᠮᠦᠨ ᠠᠮᠠ 75% ᠠᠴᠠ | ᠳᠡᠭᠡᠭᠰᠢ ᠡᠵᠡᠯᠡᠵᠤ᠂ ᠡᠬᠦᠨ ᠤ ᠳᠤᠲᠤᠷ᠎ᠠ ᠮᠠᠯᠴᠢᠨ ᠲᠠᠷᠢᠶᠠᠴᠢᠨ 2.9 ᠲᠦᠮᠡᠨ ᠬᠦᠮᠦᠨ ᠲᠤᠯᠵᠤ᠂ ᠤᠯᠠᠮᠵᠢᠯᠠᠯᠲᠦ | ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠢᠶᠠᠷ ᠭᠤᠤᠯᠳᠠᠭᠤᠯᠤᠭᠰᠠᠨ᠂ ᠮᠤᠩᠭᠤᠯ᠂ ᠬᠢᠲᠠᠳ᠂ ᠮᠠᠨᠵᠤ᠂ | ᠰᠤᠯᠤᠩᠭᠤᠰ᠂ ᠡᠸ᠋ᠩᠬᠢ ᠵᠡᠷᠭᠡ ᠤᠯᠠᠨ ᠦᠨᠳᠦᠰᠦᠲᠡᠨ ᠢᠶᠠᠷ ᠪᠦᠷᠢᠯᠳᠦᠭᠰᠡᠨ ᠲᠠᠷᠢᠶᠠᠯᠠᠬᠤ ᠰᠢᠶᠠᠩ ᠪᠠᠯᠭᠠᠰᠤ | ᠪᠤᠯᠤᠨ᠎ᠠ᠃ ᠭᠦᠢᠯᠡᠷ ᠪᠠᠯᠭᠠᠰᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠨᠢ ᠭᠦᠢᠯᠡᠷ ᠭᠠᠴᠠᠭ᠎ᠠ ᠪᠤᠯᠤᠨ᠎ᠠ᠃ |