ᠳ᠋ᠠᠰᠢᠵᠠᠢ ᠪᠠᠯᠭᠠᠰᠤ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/11/28
     ᠳ᠋ᠠᠰᠢᠵᠠᠢ ᠪᠠᠯᠭᠠᠰᠤ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠦ ᠲᠠᠯ᠎ᠠ ᠪᠠᠷ ᠪᠠᠶᠢᠷᠢᠰᠢᠵᠤ᠂ ᠵᠡᠬᠦᠨ ᠲᠠᠯ᠎ᠠ ᠪᠠᠷ ᠢᠶᠠᠨ ᠭᠦᠢᠯᠡᠷ ᠪᠠᠯᠭᠠᠰᠤ ᠲᠠᠢ ᠬᠦᠷᠰᠢᠯᠡᠵᠤ᠂ ᠡᠮᠦᠨ᠎ᠡ ᠲᠠᠯ᠎ᠠ ᠪᠠᠷ ᠢᠶᠠᠨ ᠲᠦᠴᠢᠶᠤᠸᠠᠨ ᠰᠢᠶᠠᠨ ᠲᠠᠢ ᠬᠢᠯᠢ ᠨᠡᠶᠢᠯᠡᠵᠤ᠂ ᠪᠠᠷᠠᠭᠤᠨ ᠲᠠᠯ᠎ᠠ ᠪᠠᠷ ᠢᠶᠠᠨ ᠠᠯᠳᠠᠷ ᠰᠤᠮᠤ ᠲᠠᠢ ᠵᠠᠯᠭᠠᠯᠳᠤᠨ᠂ ᠤᠮᠠᠷᠠᠲᠦ ᠲᠠᠯ᠎ᠠ ᠪᠠᠷ ᠢᠶᠠᠨ ᠲᠡᠪᠰᠡᠭ ᠪᠠᠯᠭᠠᠰᠤ ᠲᠠᠢ ᠬᠦᠷᠰᠢᠯᠡᠵᠤ ᠪᠠᠶᠢᠳᠠᠭ᠃  ᠶᠡᠷᠦᠩᠭᠡᠢ ᠲᠠᠯᠠᠪᠠᠢ ᠨᠢ 873 ᠳᠡᠭᠰᠢ ᠲᠦᠷᠪᠡᠯᠵᠢᠨ ᠺᠢᠯᠤᠮᠧᠲᠷ ᠪᠠᠶᠢᠳᠠᠭ᠃ ᠲᠡᠭᠦᠨ ᠤ ᠬᠠᠷᠢᠶᠠᠨ ᠳᠤ 28 ᠵᠠᠰᠠᠭ ᠵᠠᠬᠢᠷᠭᠠᠨ ᠤ ᠲᠤᠰᠬᠤᠠ᠂ 99 ᠠᠶᠢᠯ ᠬᠠᠷᠢᠶᠠᠯᠠᠭᠳᠠᠨ᠂ ᠶᠡᠷᠦᠩᠭᠡᠢ ᠬᠦᠮᠦᠨ ᠠᠮᠠ ᠶᠢᠨ ᠲᠤᠭ᠎ᠠ 5.1 ᠲᠦᠮᠡᠨ ᠬᠦᠮᠦᠨ ᠲᠤᠯᠳᠠᠭ᠃ ᠡᠬᠦᠨ ᠳᠤ᠂ ᠲᠠᠷᠢᠶᠠᠯᠠᠬᠤ ᠬᠦᠮᠦᠨ ᠠᠮᠠ 3.8 ᠲᠦᠮᠡᠨ ᠬᠦᠮᠦᠨ ᠲᠤᠯᠵᠤ᠂ ᠮᠤᠩᠭᠤᠯ᠂ ᠬᠢᠲᠠᠳ᠂ ᠮᠠᠨᠵᠤ᠂ ᠰᠤᠯᠤᠩᠭᠤᠰ᠂  ᠬᠤᠲᠤᠩ᠂  ᠰᠢᠪᠡᠭᠡ᠂ ᠡᠸ᠋ᠩᠬᠢ᠂ ᠤᠷᠴᠤᠨ ᠵᠡᠷᠭᠡ 8 ᠦᠨᠳᠦᠰᠦᠲᠡᠨ ᠢᠶᠠᠷ ᠪᠦᠷᠢᠯᠳᠦᠭᠰᠡᠨ ᠶᠤᠮ᠃ ᠪᠠᠯᠭᠠᠰᠤᠨ ᠤ ᠬᠡᠪᠴᠢᠶᠠᠨ ᠳᠤ ᠤᠰᠤᠨ ᠤ ᠡᠬᠢ ᠰᠤᠷᠪᠤᠯᠵᠢ ᠬᠠᠩᠭᠠᠮᠵᠢᠲᠠᠢ ᠪᠠᠶᠢᠵᠤ᠂ ᠭᠦᠢᠯᠡᠷ ᠭᠤᠤᠯ᠂ ᠲᠤᠭᠤᠷ ᠤᠨ ᠭᠤᠤᠯ᠂ ᠬᠠᠳᠠᠭᠠᠮᠠᠯ ᠭᠤᠤᠯ ᠵᠡᠷᠭᠡ ᠭᠤᠤᠯ ᠭᠤᠷᠤᠬ᠎ᠠ ᠤᠷᠤᠰᠤᠨ ᠦᠩᠭᠡᠷᠡᠵᠤ᠂ ᠶᠥᠩ ᠹᠧᠩ ᠤᠰᠤᠨ ᠴᠦᠭᠦᠷᠦᠮ ᠪᠠᠶᠢᠳᠠᠭ ᠃ ᠪᠦᠬᠦ  ᠪᠠᠯᠭᠠᠰᠤᠨ ᠤ ᠠᠭᠤᠷ ᠠᠮᠢᠰᠬᠤᠯ ᠬᠠᠪᠤᠷ ᠳᠠᠭᠠᠨ ᠭᠠᠩ ᠬᠠᠭᠤᠷᠠᠢ᠂ ᠵᠤᠨ ᠳᠠᠭᠠᠨ ᠠᠭᠠᠷ ᠤᠨ ᠲᠤᠯᠠᠭᠠᠨ   ᠤ ᠬᠡᠮᠵᠢᠶ᠎ᠡ ᠦᠨᠳᠦᠷ ᠰᠢᠭ ᠪᠠᠶᠢᠵᠤ᠂ ᠡᠪᠤᠯ ᠳᠡᠭᠡᠨ ᠬᠦᠢᠳᠡᠨ ᠬᠤᠭᠤᠴᠠᠭ᠎ᠠ ᠤᠷᠲᠤ ᠪᠠᠶᠢᠳᠠᠭ᠂ ᠡᠳᠦᠷ ᠰᠦᠨᠢ ᠶᠢᠨ ᠠᠭᠠᠷ ᠤᠨ ᠳᠤᠯᠠᠭᠠᠨ ᠤ ᠵᠦᠷᠢᠶ᠎ᠡ ᠶᠡᠭᠡ᠂ ᠬᠢᠷᠠᠭᠤ ᠦᠭᠡᠢ ᠬᠤᠭᠤᠴᠠᠭ᠎ᠠ ᠨᠢ 115 ᠰᠢᠬᠠᠮ ᠡᠳᠦᠷ ᠪᠠᠶᠢᠵᠤ᠂ ᠠᠰᠢᠭᠲᠠᠢ ᠬᠤᠷᠠᠮᠳᠤᠭᠤᠯᠤᠭᠰᠠᠨ ᠲᠤᠯᠠᠭᠠᠨ ᠤ ᠬᠡᠮᠵᠢᠶ᠎ᠡ 2100℃᠂ ᠵᠢᠯ ᠪᠦᠷᠢ ᠶᠢᠨ ᠲᠡᠭᠰᠢᠳᠭᠡᠭᠰᠡᠨ ᠲᠤᠨᠤᠳᠠᠰᠤ ᠶᠢᠨ ᠬᠡᠮᠵᠢᠶ᠎ᠡ 400 ᠮᠢᠯᠢᠯᠢᠲ᠋ᠧᠷ ᠲᠤᠯᠳᠠᠭ᠃ ᠲᠤᠰ ᠪᠠᠯᠭᠠᠰᠤ ᠪᠤᠯ ᠲᠠᠷᠢᠶᠠᠯᠠᠩ ᠮᠠᠯ ᠠᠵᠤ ᠠᠬᠤᠢ  ᠶᠢᠨ ᠦᠢᠯᠡᠰ ᠢᠶᠠᠷ ᠭᠤᠤᠯᠳᠠᠭᠤᠯᠤᠭᠰᠠᠨ ᠪᠠᠯᠭᠠᠰᠤ ᠪᠠᠶᠢᠵᠤ᠂ ᠲᠠᠷᠢᠶᠠᠯᠠᠬᠤ ᠲᠠᠯᠠᠪᠠᠢ 33 ᠲᠦᠮᠡᠨ ᠮᠤ᠋᠂  ᠲᠠᠷᠢᠮᠠᠯ  ᠨᠢ ᠡᠷᠳᠡᠨᠢ ᠰᠢᠰᠢ᠂ ᠲᠦᠮᠦᠰᠦ᠂ ᠪᠤᠷᠴᠠᠭ ᠢᠶᠠᠷ ᠭᠤᠤᠯᠳᠠᠭᠤᠯᠵᠤ᠂ ᠨᠠᠷᠠᠨ ᠬᠤᠸᠠᠷ᠂ ᠰᠠᠭᠠᠭ᠂ ᠰᠢᠬᠢᠷ ᠯᠤᠤᠪᠠᠩ ᠵᠡᠷᠭᠡ ᠲᠠᠷᠢᠮᠠᠯ ᠢᠶᠠᠷ ᠲᠤᠰᠠᠯᠠᠮᠵᠢ ᠪᠤᠯᠭᠠᠳᠠᠭ᠃ ᠤᠢ ᠰᠢᠭᠤᠢ ᠶᠢᠨ ᠦᠢᠯᠡᠰ ᠤᠨ ᠬᠦᠭᠵᠢᠯᠲᠡ ᠲᠦᠷᠭᠡᠨ ᠪᠠᠶᠢᠵᠤ᠂ ᠠᠮᠢ ᠠᠬᠤᠢ ᠶᠢᠨ ᠤᠢ ᠶᠢᠨ ᠠᠵᠤ ᠠᠬᠤᠢ ᠶᠢᠨ ᠪᠠᠶᠢᠭᠤᠯᠤᠯᠲᠠ ᠨᠢ ᠨᠢᠭᠡᠨᠲᠡ ᠲᠤᠰ ᠪᠠᠯᠭᠠᠰᠤᠨ ᠤ ᠨᠢᠭᠡᠨ ᠬᠢᠯᠠᠰ ᠴᠢᠭ ᠪᠤᠯᠵᠤ᠂《ᠳ᠋ᠠᠰᠢᠵᠠᠢ ᠮᠠᠶᠠᠭ ᠤᠨ ᠤᠶᠢᠵᠢᠭᠤᠯᠬᠤ ᠵᠠᠭᠪᠤᠷ》 ᠬᠡᠮᠡᠨ ᠦᠨᠡᠯᠡᠭᠳᠡᠵᠡᠢ᠃ ᠪᠦᠬᠦ ᠪᠠᠯᠭᠠᠰᠤᠨ ᠤ ᠤᠢ ᠶᠢᠨ ᠪᠦᠷᠬᠦᠮᠵᠢ ᠶᠢᠨ ᠨᠤᠷᠮ᠎ᠠ ᠨᠢ 35% ᠲᠤᠯᠳᠠᠭ᠃ ᠳ᠋ᠠᠱᠠᠵᠠᠢ ᠪᠠᠯᠭᠠᠰᠤᠨ ᠤ  ᠵᠠᠰᠠᠭ ᠤᠨ ᠤᠷᠳᠤᠨ ᠤ ᠰᠠᠭᠤᠭ᠎ᠠ ᠭᠠᠵᠠᠷ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠰᠢᠭᠤᠨ ᠲᠦᠪ ᠠᠴᠠ 60 ᠺᠢᠯᠤᠮᠧᠲᠷ ᠤᠨ ᠵᠠᠶᠢᠲᠠᠢ ᠪᠠᠶᠢᠷᠢᠰᠢᠳᠠᠭ᠃  ᠲᠤᠰ ᠪᠠᠯᠭᠠᠰᠤᠨ ᠳᠤ ᠪᠦᠬᠦ ᠬᠤᠰᠢᠭᠤᠨ ᠤ ᠬᠠᠮᠤᠭ ᠲᠤᠮᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠪᠤᠯᠤᠨ 2.5 ᠺᠢᠯᠤᠮᠧᠲᠷ ᠤᠷᠲᠤ ᠬᠤᠳᠠᠯᠳᠤᠭᠠᠨ ᠤ ᠵᠡᠭᠡᠯᠢ ᠲᠠᠢ ᠪᠠᠶᠢᠵᠤ᠂ ᠲᠡᠷᠠ  ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠦ ᠬᠡᠰᠡᠭ ᠤᠷᠤᠨ ᠤ ᠵᠠᠮ ᠬᠠᠷᠢᠯᠴᠠᠭᠠᠨ ᠤ ᠪᠤᠭᠤᠮᠲᠠ ᠮᠦᠷᠲᠡᠭᠡᠨ ᠲᠠᠸᠠᠷ ᠤᠨ ᠲᠦᠪᠯᠡᠷᠡᠭᠦᠯᠦᠨ ᠳᠠᠷᠬᠠᠭᠠᠬᠤ ᠭᠠᠵᠠᠷ ᠪᠤᠯᠤᠨ᠎ᠠ᠃      ᠲᠤᠰ ᠪᠠᠯᠭᠠᠰᠤ ᠨᠢ ᠵᠠᠮ ᠬᠠᠷᠢᠯᠴᠭ᠎ᠠ ᠳᠦᠭᠦᠮ ᠪᠠᠶᠢᠵᠤ᠂ ᠱᠠᠭᠠᠵᠠᠭᠠᠢ ᠬᠤᠲᠠ — ᠷᠠᠰᠢᠶᠠᠨ ᠬᠤᠳᠠ ᠬᠦᠷᠬᠦ ᠲᠡᠮᠦᠷ ᠵᠠᠮ  ᠪᠤᠯᠤᠨ ᠵᠠᠰᠠᠮᠠᠯ ᠵᠠᠮ ᠪᠠᠯᠭᠠᠰᠤᠨ ᠲᠦᠪ ᠢᠶᠠᠷ ᠨᠡᠪᠲᠡᠷᠡᠵᠤ᠂ ᠤᠯᠠᠭᠠᠨᠬᠤᠲᠠ — ᠬᠤᠤᠯᠢᠨ ᠭᠤᠤᠯ ᠬᠤᠲᠠ ᠬᠦᠷᠬᠦ ᠲᠡᠮᠦᠷ ᠵᠠᠮ  ᠪᠤᠯᠤᠨ ᠵᠠᠰᠠᠮᠠᠯ ᠵᠠᠮ ᠨᠢ ᠪᠠᠯᠭᠠᠰᠤᠨ ᠤ ᠵᠡᠭᠦᠨ ᠲᠠᠯ᠎ᠠ ᠠᠴᠠ ᠪᠠᠷᠠᠭᠤᠨᠰᠢ ᠦᠩᠭᠡᠷᠡᠨ ᠨᠡᠪᠲᠡᠷᠡᠳᠡᠭ᠃ ᠡᠬᠦᠨ ᠠᠴᠠ ᠭᠠᠳᠠᠨ᠎ᠠ᠂ ᠳ᠋ᠠᠰᠢᠵᠠᠢ — ᠪᠤᠮᠠᠨ ᠬᠦᠷᠬᠦ ᠵᠠᠰᠠᠮᠯ ᠵᠠᠮ᠂ ᠳ᠋ᠠᠰᠢᠵᠠᠢ — ᠶᠥᠩ ᠹᠧᠩ ᠬᠦᠷᠬᠦ ᠵᠠᠰᠠᠮᠯ ᠵᠠᠮ᠂ ᠳ᠋ᠠᠰᠢᠵᠠᠢ — ᠲᠡᠪᠰᠡᠭ ᠬᠦᠷᠬᠦ ᠵᠠᠰᠠᠮᠯ ᠵᠠᠮ ᠵᠡᠷᠭᠡ 5 ᠵᠤᠷᠪᠤᠰ ᠵᠠᠮ ᠤᠨ ᠪᠦᠬᠦ ᠤᠷᠲᠤ ᠨᠢ 140 ᠺᠢᠯᠤᠮᠧᠲᠷ ᠲᠤᠯᠳᠠᠭ᠃  ᠴᠠᠬᠢᠯᠭᠠᠨ ᠤ ᠬᠠᠩᠭᠠᠯᠭ᠎ᠠ ᠨᠢ ᠪᠦᠬᠦ ᠪᠠᠯᠭᠠᠰᠤᠨ ᠤ ᠬᠡᠪᠴᠢᠶᠠᠨ ᠳᠤ ᠬᠠᠮᠤᠷᠠᠵᠤ᠂ ᠬᠠᠩᠭᠠᠯᠭ᠎ᠠ ᠶᠢᠨ ᠨᠤᠷᠮ᠎ᠠ ᠨᠢ 99% ᠬᠦᠷᠳᠡᠭ᠃ ᠰᠢᠯᠵᠢᠮᠡᠯ ᠬᠤᠯᠪᠤᠭ᠎ᠠ᠂ ᠨᠢᠭᠡᠲᠦᠮᠡᠯ ᠬᠤᠯᠪᠤᠭ᠎ᠠ᠂ ᠴᠠᠬᠢᠯᠭᠠᠨ ᠬᠤᠯᠪᠤᠭ᠎ᠠ ᠵᠡᠷᠭᠡ ᠴᠢᠮᠡᠭᠡ ᠬᠤᠯᠪᠤᠭᠠᠨ ᠤ ᠠᠵᠤ ᠠᠬᠤᠶᠢᠯᠠᠯ ᠤᠳ ᠲᠤᠰ ᠪᠠᠯᠭᠠᠰᠤᠨ ᠤ ᠬᠠᠷᠢᠶᠠᠨ ᠳᠤ ᠪᠦᠷ ᠲᠤᠬᠢᠶᠠᠨ ᠤ ᠰᠠᠭᠤᠷᠢ ᠲᠦᠭᠦᠭᠡᠷᠦᠮᠵᠢ ᠲᠠᠢ ᠪᠦᠭᠡᠳ ᠡᠵᠡᠩᠨᠡᠯᠲᠡ ᠶᠢᠨ ᠲᠢᠩᠬᠢᠮ ᠲᠠᠢ᠃ ᠷᠠᠳᠢᠣ᠋ ᠲᠧᠯᠢᠰ ᠤᠨ ᠪᠦᠷᠭᠦᠯᠲᠡ ᠶᠢᠨ ᠨᠤᠷᠮ᠎ᠠ ᠨᠢ 100% ᠲᠤᠯᠵᠠᠢ᠃       2016 ᠤᠨ ᠳᠤ᠂  ᠪᠦᠬᠦ ᠪᠠᠯᠭᠠᠰᠤᠨ ᠤ ᠤᠷᠤᠨ ᠨᠤᠲᠤᠭ ‍ᠤᠨ‌ᠦᠢᠯᠡᠳᠪᠦᠷᠢᠯᠡᠯ ᠤᠨ ᠶᠡᠷᠦᠩᠭᠡᠢ ᠦᠷᠲᠡᠭ  ᠨᠢ 3.8 ᠳ᠋ᠦᠩᠰᠢᠭᠤᠷ ᠲᠦᠭᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠵᠡᠢ᠃ ᠡᠳ᠋  ᠤᠨ ᠵᠠᠰᠠᠭ ᠤᠨ ᠤᠷᠤᠯᠭ᠎ᠠ 627.6 ᠲᠦᠮᠡᠨ ᠲᠦᠭᠦᠷᠢᠭ ᠲᠤᠯᠵᠤ᠂  ᠠᠳᠠᠯᠢ ᠬᠤᠭᠤᠴᠠᠭᠠᠨ ᠤ ᠬᠢ ᠠᠴᠠ 8%  ᠪᠠᠷ ᠨᠡᠮᠡᠭᠳᠡᠵᠡᠢ᠃ ᠨᠡᠶᠢᠲᠡ ᠪᠡᠶᠡᠯᠡᠭᠦᠯᠦᠭᠰᠡᠨ ᠭᠤᠤᠯᠳᠠᠯᠭ᠎ᠠ ᠲᠠᠢ ᠲᠦᠷᠦᠯ ᠵᠦᠢᠯ ᠨᠢ 13 ᠲᠤᠯᠵᠤ᠂ 8500 ᠲᠦᠮᠡᠨ ᠲᠦᠭᠦᠷᠢᠭ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠢ ᠪᠡᠶᠡᠯᠡᠭᠦᠯᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号