ᠰᠤᠯᠤᠨ ᠪᠠᠯᠭᠠᠰᠤ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠷᠠᠭᠤᠨ ᠬᠤᠶᠢᠲᠦ ᠲᠠᠯ᠎ᠠ | ᠪᠠᠷ ᠪᠠᠶᠢᠷᠢᠰᠢᠵᠤ᠂ ᠵᠡᠭᠦᠨ ᠲᠠᠯ᠎ᠠ ᠪᠠᠷ ᠢᠶᠠᠨ ᠵᠠᠯᠠᠶᠢᠳ ᠬᠤᠰᠢᠭᠤᠨ ᠤ ᠠᠯᠳᠠᠷᠲᠤ ᠪᠠᠯᠭᠠᠰᠤ ᠲᠠᠢ ᠬᠢᠯᠢ ᠨᠡᠶᠢᠯᠡᠵᠤ᠂ | ᠵᠡᠬᠦᠨ ᠡᠮᠦᠨ᠎ᠡ ᠲᠠᠯ᠎ᠠ ᠪᠠᠷ ᠢᠶᠠᠨ ᠲᠡᠪᠰᠡᠭ ᠪᠠᠯᠭᠠᠰᠤ ᠲᠠᠢ ᠵᠠᠯᠭᠠᠯᠳᠤᠨ᠂ ᠪᠠᠷᠠᠭᠤᠨ ᠡᠮᠦᠨ᠎ᠡ ᠲᠠᠯ᠎ᠠ ᠪᠠᠷ ᠢᠶᠠᠨ | ᠮᠠᠨᠵᠤᠲ᠋ᠦᠨᠨ ᠤ ᠮᠠᠨᠵᠤ ᠦᠨᠳᠦᠰᠦᠲᠡᠨ ᠤ ᠰᠢᠶᠠᠩ ᠲᠠᠢ ᠬᠦᠷᠰᠢᠯᠡᠵᠤ᠂ ᠤᠮᠠᠷᠠᠲᠤ ᠲᠠᠯ᠎ᠠ ᠪᠠᠷ ᠢᠶᠠᠨ ᠷᠠᠰᠢᠶᠠᠨ | ᠬᠤᠲᠠ ᠶᠢᠨ ᠮᠢᠩ ᠱᠦᠢ ᠪᠠᠯᠭᠠᠰᠤ ᠲᠠᠢ ᠬᠢᠯᠢ ᠨᠡᠶᠢᠯᠡᠳᠡᠭ᠃ ᠲᠤᠰ ᠪᠠᠯᠭᠠᠰᠤᠨ ᠤ ᠰᠠᠭᠤᠭ᠎ᠠ ᠭᠠᠵᠠᠷ ᠲᠤ᠂ ᠨᠠᠮ | ᠵᠠᠰᠠᠭ ᠤᠨ ᠠᠯᠪᠠᠨ ᠪᠠᠶᠢᠭᠤᠯᠤᠯᠭ᠎ᠠ᠂ ᠬᠦᠮᠦᠨ ᠠᠮᠠ ᠪᠤᠯᠤᠨ ᠲᠦᠯᠦᠪᠯᠡᠭᠡᠲᠦ ᠦᠷᠡᠵᠢᠯ ᠤᠨ ᠦᠢᠯᠡᠴᠢᠯᠡᠯᠭᠡᠨ ᠤ | ᠲᠦᠪ᠂ ᠨᠡᠶᠢᠭᠡᠮ ᠤᠨ ᠬᠡᠷᠡᠭ ᠶᠠᠪᠤᠳᠠᠯ ᠪᠤᠯᠤᠨ ᠬᠦᠳᠡᠯᠮᠦᠷᠢ ᠶᠢᠨ ᠪᠠᠲᠤᠯᠭ᠎ᠠ ᠶᠢᠨ ᠦᠢᠯᠡᠴᠢᠯᠡᠯᠭᠡᠨ ᠤ ᠲᠦᠪ᠂ | ᠲᠠᠷᠢᠶᠠᠯᠠᠩ ᠮᠠᠯ ᠠᠵᠤ ᠠᠬᠤᠢ ᠤᠢ ᠰᠢᠭᠤᠢ ᠤᠰᠤᠨ ᠤ ᠶᠠᠪᠤᠳᠠᠯ ᠤᠨ ᠦᠢᠯᠡᠴᠢᠯᠡᠯᠭᠡᠨ ᠤ ᠲᠦᠪ ᠪᠤᠯᠤᠨ ᠤᠰᠤᠨ | ᠠᠰᠢᠭᠯᠠᠯᠲᠠ ᠶᠢᠨ ᠦᠢᠯᠡᠴᠢᠯᠡᠯᠭᠡᠨ ᠤ ᠲᠦᠪ ᠵᠡᠷᠭᠡ ᠪᠠᠶᠢᠭᠤᠯᠤᠯᠭ᠎ᠠ ᠨᠢᠭᠡᠴᠠ ᠪᠠᠶᠢᠵᠤ᠂ 11 ᠭᠠᠴᠠᠭ᠎ᠠ᠂1 ᠤᠷᠤᠨ | ᠲᠤᠭᠤᠷᠢᠭ ᠤᠨ ᠵᠦᠪᠯᠡᠯ᠂ 30 ᠲᠤᠰᠬᠤᠨ ᠤ ᠠᠷᠠᠳ ᠤᠨ ᠲᠤᠭᠤᠶᠢᠯᠠᠩ᠂ 3 ᠰᠠᠭᠤᠭᠠᠯᠢ ᠠᠷᠠᠳ ᠤᠨ | ᠲᠤᠭᠤᠶᠢᠯᠠᠩ ᠲᠠᠢ᠃ ᠪᠦᠬᠦ ᠪᠠᠯᠭᠠᠰᠤᠨ ᠤ ᠶᠡᠷᠦᠩᠭᠡᠢ ᠲᠠᠯᠠᠪᠠᠢ ᠨᠢ 1500 ᠳᠡᠭᠰᠢ ᠲᠦᠷᠪᠡᠯᠵᠢᠨ ᠺᠢᠯᠤᠮᠧᠲᠷ | ᠪᠠᠶᠢᠳᠠᠭ᠃ | 2016 ᠤᠨ ᠳᠤ᠂ ᠪᠦᠬᠦ ᠪᠠᠯᠭᠠᠰᠤᠨ ᠤ ᠶᠡᠷᠦᠩᠭᠡᠢ ᠬᠦᠮᠦᠨ ᠠᠮᠠ ᠶᠢᠨ ᠲᠤᠭ᠎ᠠ 18588 ᠬᠦᠮᠦᠨ | ᠲᠤᠯᠳᠠᠭ᠃ ᠡᠬᠦᠨ ᠤ ᠳᠤᠲᠤᠷ᠎ᠠ ᠬᠤᠲᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠤᠨ ᠲᠤᠭ᠎ᠠ 4016 | ᠬᠦᠮᠦᠨ ᠪᠠᠶᠢᠵᠤ᠂ ᠬᠤᠲᠠᠴᠢᠯᠠᠭᠰᠠᠨ ᠨᠤᠷᠮ᠎ᠠ 21.6% ᠲᠤᠯᠳᠠᠭ᠃ ᠡᠬᠦᠨ ᠠᠴᠠ ᠭᠠᠳᠠᠨ᠎ᠠ ᠶᠠᠪᠤᠭᠤᠯ ᠬᠦᠮᠦᠨ | ᠠᠮᠠ ᠶᠢᠨ ᠲᠤᠭ᠎ᠠ1270 ᠤᠷᠴᠢᠮ ᠪᠠᠶᠢᠳᠠᠭ᠃ ᠶᠡᠷᠦᠩᠭᠡᠢ ᠬᠦᠮᠦᠨ ᠠᠮᠠ ᠶᠢᠨ ᠳᠤᠲᠤᠷ᠎ᠠ᠂ ᠬᠢᠲᠠᠳ | ᠦᠨᠳᠦᠰᠦᠲᠡᠨ ᠢᠶᠠᠷ ᠭᠤᠤᠯᠯᠠᠵᠤ᠂ ᠬᠢᠲᠠᠳ ᠦᠨᠳᠦᠰᠦᠲᠡᠨ ᠤ ᠬᠦᠮᠦᠨ ᠠᠮᠠ 1.06 ᠲᠦᠮᠡᠨ ᠬᠦᠮᠦᠨ ᠲᠤᠯᠵᠤ᠂ | ᠶᠡᠷᠦᠩᠭᠡᠢ ᠬᠦᠮᠦᠨ ᠠᠮᠠ ᠶᠢᠨ 57% ᠶᠢ ᠡᠵᠡᠯᠡᠳᠡᠭ᠃ ᠮᠤᠩᠭᠤᠯ᠂ ᠮᠠᠨᠵᠤ᠂ ᠰᠤᠯᠤᠩᠭᠤᠰ᠂ ᠬᠤᠲᠤᠩ᠂ | ᠳᠠᠭᠤᠷ᠂ ᠭᠤᠤᠱᠠᠨᠵᠡᠷᠭᠡ ᠤᠯᠠᠨ ᠦᠨᠳᠦᠰᠦᠲᠡᠨ ᠢᠶᠠᠷ ᠪᠦᠷᠢᠯᠳᠦᠭᠰᠡᠨ ᠶᠤᠮ᠃ ᠴᠦᠭᠡᠨ ᠲᠤᠭᠠᠲᠤ ᠦᠨᠳᠦᠰᠦᠲᠡᠨ | ᠤ ᠶᠡᠷᠦᠩᠭᠡᠢ ᠬᠦᠮᠦᠨ ᠠᠮᠠ ᠶᠢᠨ ᠲᠤᠭ᠎ᠠ 7993 ᠬᠦᠮᠦᠨ ᠪᠠᠶᠢᠵᠤ᠂ ᠶᠡᠷᠦᠩᠭᠡᠢ ᠬᠦᠮᠦᠨ ᠠᠮᠠ ᠶᠢᠨ 43% ᠶᠢ | ᠡᠵᠡᠯᠡᠳᠡᠭ᠃ ᠡᠬᠦᠨ ᠤ ᠳᠤᠲᠤᠷ᠎ᠠ ᠮᠢᠩᠭᠠᠨ ᠬᠦᠮᠦᠨ ᠠᠴᠠ ᠳᠡᠭᠡᠭᠰᠢ ᠬᠦᠮᠦᠨ ᠠᠮᠠ ᠲᠠᠢ ᠦᠨᠳᠦᠰᠦᠲᠡᠨ ᠨᠢ | ᠮᠤᠩᠭᠤᠯ ᠦᠨᠳᠦᠰᠦᠲᠡᠨ ᠪᠠᠶᠢᠵᠤ᠂ ᠨᠡᠶᠢᠲᠡ7483 ᠬᠦᠮᠦᠨ ᠲᠠᠢ᠂ ᠴᠦᠭᠡᠨ ᠲᠤᠭᠠᠲᠤ ᠦᠨᠳᠦᠰᠦᠲᠡᠨ ᠤ | ᠶᠡᠷᠦᠩᠭᠡᠢ ᠬᠦᠮᠦᠨ ᠠᠮᠠ ᠶᠢᠨ 93.6% ᠶᠢ ᠡᠵᠡᠯᠡᠳᠡᠭ᠃ | 2016 ᠤᠨ ᠳᠤ᠂ ᠮᠠᠯᠴᠢᠨ ᠲᠠᠷᠢᠶᠠᠴᠢᠨ ᠤ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠤᠷᠤᠯᠭ᠎ᠠ ᠶᠢᠨ | ᠬᠡᠮᠵᠢᠶ᠎ᠡ 6887 ᠲᠦᠭᠦᠷᠢᠭ ᠲᠤᠯᠵᠤ᠂ 13% ᠪᠠᠷ ᠨᠡᠮᠡᠭᠳᠡᠵᠡᠢ᠃ | |