ᠭᠦᠩᠵᠤ ᠶᠢᠨ ᠤᠩᠭᠤᠨ ᠮᠠᠯᠵᠢᠯ ᠤᠨ ᠲᠠᠯᠠᠪᠠᠢ ᠨᠢ 1947 ᠤᠨ ᠳᠤ ᠪᠠᠶᠢᠭᠤᠯᠤᠭᠳᠠᠵᠤ᠂ ᠤᠯᠠᠭᠠᠨᠬᠤᠲᠠ | ᠠᠴᠠ ᠤᠮᠠᠷᠠᠰᠢ 18 ᠺᠢᠯᠤᠮᠧᠲᠷ ᠵᠠᠶᠢᠲᠠᠢ ᠪᠠᠶᠢᠳᠠᠭ᠃ ᠬᠢᠩᠭᠠᠨ ᠠᠶᠢᠮᠠᠭ ᠤᠨ ᠲᠠᠷᠢᠶᠠᠯᠠᠩ ᠮᠠᠯᠵᠢᠯ ᠤᠨ ᠲᠠᠯᠠᠪᠠᠢ | ᠶᠢᠨ ᠬᠠᠮᠢᠶᠠᠷᠤᠯᠲᠠ ᠶᠢᠨ ᠲᠤᠪᠴᠢᠶ᠎ᠠ ᠳᠤ ᠬᠠᠮᠢᠶᠠᠷᠤᠭᠳᠠᠨ᠎ᠠ᠃ ᠵᠡᠬᠦᠨ ᠲᠠᠯ᠎ᠠ ᠪᠠᠷ ᠢᠶᠠᠨ ᠡᠷᠬᠢᠲᠦ ᠪᠠᠯᠭᠠᠰᠤ ᠲᠠᠢ | ᠬᠢᠯᠢ ᠨᠡᠶᠢᠯᠡᠵᠤ᠂ ᠪᠠᠷᠠᠭᠤᠨ ᠲᠠᠯ᠎ᠠ ᠪᠠᠷ ᠢᠶᠠᠨ ᠢᠯᠠᠯᠲᠠ ᠪᠠᠯᠭᠠᠰᠤ ᠲᠠᠢ ᠬᠦᠷᠰᠢᠯᠡᠵᠤ᠂ ᠡᠮᠦᠨ᠎ᠡ ᠲᠠᠯ᠎ᠠ ᠪᠠᠷ ᠢᠶᠠᠨ | ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠲᠠᠢ ᠵᠠᠯᠭᠠᠯᠳᠤᠨ᠂ ᠤᠮᠠᠷᠠᠲᠦ ᠲᠠᠯ᠎ᠠ ᠪᠠᠷ ᠢᠶᠠᠨ ᠴᠠᠷᠠᠰᠤᠨ ᠪᠠᠯᠭᠠᠰᠤ | ᠲᠠᠢ ᠬᠢᠯᠢ ᠨᠡᠶᠢᠯᠡᠵᠤ ᠪᠠᠶᠢᠳᠠᠭ᠃ ᠲᠠᠷᠢᠶᠠᠯᠠᠩ ᠢᠶᠠᠷ ᠭᠤᠤᠯᠯᠠᠭᠰᠠᠨ᠂ ᠲᠠᠷᠢᠶᠠᠯᠩ ᠮᠠᠯ ᠠᠵᠤ ᠠᠬᠤᠢ ᠤᠢ ᠰᠢᠭᠤᠢ | ᠶᠢᠨ ᠦᠢᠯᠡᠰ ᠬᠠᠷᠢᠯᠴᠢᠨ ᠤᠶᠠᠯᠳᠤᠭᠰᠠᠨ᠂ ᠤᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠵᠤᠬᠢᠴᠩᠭᠤᠢ | ᠭᠦᠭᠵᠢᠭᠰᠡᠨ ᠲᠤᠮᠳᠠ ᠵᠡᠷᠭᠡ ᠶᠢᠨ ᠲᠠᠷᠢᠶᠠᠯᠠᠬᠤ ᠠᠵᠤ ᠠᠬᠤᠶᠢᠯᠠᠯ ᠪᠤᠯᠤᠨ᠎ᠠ᠃ ᠶᠡᠷᠦᠩᠭᠡᠢ ᠡᠵᠡᠯᠡᠬᠦ ᠲᠠᠯᠠᠪᠠᠢ ᠨᠢ 25 | ᠲᠦᠮᠡᠨ ᠮᠤ᠋᠂ ᠲᠠᠷᠢᠶᠠᠯᠠᠬᠤ ᠲᠠᠯᠠᠪᠠᠢ 5.94 ᠲᠦᠮᠡᠨ ᠮᠤ᠋᠂ ᠡᠪᠡᠰᠦ ᠪᠡᠯᠴᠢᠭᠡᠷ ᠤᠨ ᠲᠠᠯᠠᠪᠠᠢ 15.24 ᠲᠦᠮᠡᠨ | ᠮᠤ᠋᠂ ᠤᠢ ᠰᠢᠭᠤᠢ ᠶᠢᠨ ᠲᠠᠯᠠᠪᠠᠢ 2.8 ᠲᠦᠮᠡᠨ ᠮᠤ᠋᠂ ᠲᠡᠭᠦᠨ ᠤ ᠬᠠᠷᠢᠶᠠᠨ ᠳᠤ 8 ᠪᠠᠶᠢᠭᠤᠯᠭ᠎ᠠ ᠨᠢᠭᠡᠴᠠ ᠲᠠᠢ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠷᠢᠭᠠᠲᠠ 5 ᠪᠠᠶᠢᠵᠤ᠂ ᠪᠠᠭ᠎ᠠ ᠰᠤᠷᠭᠠᠭᠤᠯᠢ 1 ᠰᠠᠤᠷᠢ᠂ | ᠡᠮᠨᠡᠯᠭᠡ ᠶᠢᠨ ᠬᠤᠷᠢᠶ᠎ᠠ 1 ᠰᠠᠥᠷᠢ᠂ ᠡᠭᠦᠯᠳᠡᠷ ᠤᠨ ᠬᠤᠨᠢ ᠶᠢᠨ ᠲᠠᠯᠠᠪᠠᠢ 1 ᠪᠠᠶᠢᠵᠤ᠂ ᠶᠡᠷᠦᠩᠭᠡᠢ ᠡᠷᠦᠭᠡ ᠶᠢᠨ | ᠲᠤᠭ᠎ᠠ 1070 ᠡᠷᠦᠭᠡ ᠪᠠᠶᠢᠳᠠᠭ᠃ ᠶᠡᠷᠦᠩᠭᠡᠢ ᠬᠦᠮᠦᠨ ᠠᠮᠠ ᠶᠢᠨ ᠲᠤᠭ᠎ᠠ 2058 ᠬᠦᠮᠦᠨ ᠲᠤᠯᠳᠠᠭ᠃ | ᠬᠢᠲᠠᠳ᠂ ᠮᠤᠩᠭᠤᠯ᠂ ᠮᠠᠨᠵᠤ᠂ ᠰᠤᠯᠤᠩᠭᠤᠰ᠂ ᠳᠠᠭᠤᠷ ᠵᠡᠷᠭᠡ 5 ᠦᠨᠳᠦᠰᠦᠲᠡᠨ ᠢᠶᠠᠷ ᠪᠦᠷᠢᠯᠳᠦᠵᠤ᠂ ᠡᠬᠦᠨ ᠤ | ᠳᠤᠲᠤᠷ᠎ᠠ ᠮᠤᠩᠭᠤᠯ ᠦᠨᠳᠦᠰᠦᠲᠡᠨ ᠤ ᠬᠦᠮᠦᠨ ᠠᠮᠠ 901 ᠬᠦᠮᠦᠨ ᠲᠠᠢ᠂ ᠶᠡᠷᠦᠩᠭᠡᠢ ᠬᠦᠮᠦᠨ ᠠᠮᠠ ᠶᠢᠨ43% | ᠶᠢ ᠡᠵᠡᠯᠡᠳᠡᠭ᠃ ᠲᠤᠰ ᠮᠠᠯᠵᠢᠯ ᠤᠨ ᠲᠠᠯᠠᠪᠠᠢ ᠶᠢᠨ ᠰᠠᠭᠤᠭ᠎ᠠ ᠭᠠᠵᠠᠷ ᠨᠢ ᠨᠢᠭᠡᠳᠦᠭᠡᠷ ᠪᠠᠷᠢᠭᠠᠳᠠ ᠳᠤ ᠪᠠᠶᠢᠳᠠᠭ᠃ | ᠵᠠᠰᠠᠭ ᠤᠨ ᠤᠷᠳᠤᠨ ᠤ ᠰᠠᠭᠤᠭ᠎ᠠ ᠭᠠᠵᠠᠷ ᠲᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠭᠤᠤᠯ ᠪᠠᠭ᠎ᠠ ᠰᠤᠷᠭᠠᠭᠤᠯᠢ | ᠂ ᠡᠮᠨᠡᠯᠭᠡ ᠶᠢᠨ ᠬᠤᠷᠢᠶ᠎ᠠ᠂ ᠳᠤᠲᠤᠭᠠᠲᠤ ᠶᠢ ᠬᠠᠮᠠᠭᠠᠯᠠᠬᠤ ᠰᠠᠯᠪᠤᠷᠢ ᠭᠠᠵᠠᠷ ᠵᠡᠷᠭᠡ ᠰᠢᠭᠤᠳ ᠬᠠᠷᠢᠶ᠎ᠠ ᠪᠠᠶᠢᠭᠤᠯᠭ᠎ᠠ | ᠨᠢᠭᠡᠴᠠ ᠪᠠᠶᠢᠳᠠᠭ᠃ 111 ᠳ᠋ᠤᠭᠠᠷ ᠤᠯᠤᠰ ᠤᠨ ᠳᠡᠰ ᠤᠨ ᠵᠠᠰᠠᠮᠠᠯ ᠵᠠᠮ ᠪᠤᠯᠤᠨ ᠮᠤᠵᠢ ᠶᠢᠨ ᠳᠡᠰ ᠤᠨ ᠵᠠᠰᠠᠮᠠᠯ | ᠵᠠᠮ ᠲᠤᠰ ᠲᠠᠯᠠᠪᠠᠢ ᠶᠢᠨ ᠭᠤᠷᠪᠠᠳᠤᠭᠠᠷ ᠪᠠᠷᠢᠭᠠᠲᠠ ᠶᠢᠨ ᠳᠤᠮᠳᠠᠭᠤᠷ ᠦᠩᠭᠡᠷᠡᠵᠤ ᠪᠠᠶᠢᠬᠤ ᠪᠦᠭᠡᠳ ᠪᠦᠬᠦ ᠤᠷᠲᠦ | ᠶᠢᠨ ᠬᠡᠮᠵᠢᠶ᠎ᠡ ᠨᠢ 4.08ᠺᠢᠯᠤᠮᠧᠲᠷ ᠪᠠᠶᠢᠳᠠᠭ᠃ ᠲᠤᠰᠬᠤᠠ ᠤ ᠬᠤᠭᠤᠷᠤᠨᠳᠤᠬᠢ ᠵᠠᠰᠠᠮᠠᠯ ᠵᠠᠮ ᠤᠨ ᠪᠦᠬᠦ ᠤᠷᠲᠦ | ᠶᠢᠨ ᠬᠡᠮᠵᠢᠶ᠎ᠡ ᠨᠢ 31.55 ᠺᠢᠯᠤᠮᠧᠲᠷ ᠪᠠᠶᠢᠳᠠᠭ᠃ | 2016 ᠤᠨ ᠳᠤ᠂ ᠤᠯᠤᠰ ᠠᠷᠠᠳ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠨᠢ 4203 ᠲᠦᠮᠡᠨ | ᠲᠦᠭᠦᠷᠢᠭ ᠲᠤᠯᠵᠠᠢ᠃ ᠴᠡᠪᠡᠷ ᠤᠷᠤᠯᠭ᠎ᠠ ᠨᠢ 22 ᠲᠦᠮᠡᠨᠲ᠋ᠦ᠋ᠭᠦᠷᠢᠭ ᠲᠤᠯᠵᠠᠢ᠃ ᠬᠦᠮᠦᠨ ᠪᠦᠷᠢ ᠶᠢᠨ | ᠲᠡᠭᠰᠢᠳᠭᠡᠭᠰᠡᠨ ᠴᠡᠪᠡᠷ ᠤᠷᠤᠯᠭ᠎ᠠ ᠶᠢᠨ ᠬᠡᠮᠵᠢᠶ᠎ᠡ 19053 ᠲᠦᠭᠦᠷᠢᠭ ᠲᠤᠯᠵᠠᠢ᠃ | |