ᠶᠦᠸᠧ ᠶᠢᠨ ᠠᠳᠤᠭᠤᠨ ᠲᠠᠯᠠᠪᠠᠢ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018/11/28
     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠤᠰ ᠠᠴᠠ ᠡᠵᠡᠩᠨᠡᠬᠦ ᠶᠦᠸᠧ ᠶᠢᠨ ᠠᠳᠤᠭᠤᠨ ᠲᠠᠯᠠᠪᠠᠢ ᠪᠤᠯ ᠤᠯᠤᠰ ᠤᠨ ᠡᠵᠡᠩᠨᠡᠯᠲᠡ ᠶᠢᠨ ᠴᠢᠨᠠᠷᠲᠠᠢ ᠠᠵᠤ ᠠᠬᠤᠶᠢᠯᠠᠯ ᠪᠤᠯᠤᠨ᠎ᠠ᠃ ᠤᠳᠤᠬᠠᠨ ᠤ ᠠᠵᠤ ᠠᠬᠤᠶᠢᠯᠠᠯ ᠤᠨ ᠬᠠᠮᠢᠶᠠᠷᠤᠭᠴᠢ ᠨᠢ 197 ᠬᠦᠮᠦᠨ ᠲᠠᠢ  ᠃ ᠲᠤᠰ ᠠᠳᠤᠭᠤᠨ ᠲᠠᠯᠠᠪᠠᠢ ᠨᠢ ᠭᠠᠵᠠᠷ ᠵᠦᠢ ᠶᠢᠨ ᠪᠠᠶᠢᠷᠢᠰᠢᠯ ᠤᠨ ᠲᠠᠯ᠎ᠠ ᠪᠠᠷ ᠦᠪᠦᠷ ᠮᠤᠩᠭᠤᠯ᠂ ᠬᠠᠷᠠᠮᠦᠷᠡᠨ᠂ ᠬᠢᠷᠢᠨ ᠭᠤᠷᠪᠠᠨ ᠮᠤᠵᠢ ᠶᠢᠨ ᠠᠭᠤᠯᠵᠠᠷ ᠳᠡᠭᠡᠷ᠎ᠠ ᠤᠷᠤᠰᠢᠵᠤ᠂ ᠤᠯᠠᠭᠠᠨᠬᠤᠲᠠ ᠠᠴᠠ 65 ᠺᠢᠯᠤᠮᠧᠲᠷ ᠵᠠᠶᠢᠲᠠᠢ ᠪᠠᠶᠢᠳᠠᠭ᠃ ᠬᠢᠷᠢᠨ ᠮᠤᠵᠢ ᠶᠢᠨ ᠱᠠᠭᠠᠵᠠᠭᠠᠢ ᠬᠤᠲᠠ  ᠠᠴᠠ 100 ᠺᠢᠯᠤᠮᠧᠲᠷ ᠵᠠᠶᠢᠲᠠᠢ ᠪᠠᠶᠢᠳᠠᠭ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯᠤᠨ ᠵᠠᠯᠠᠶᠢᠳ ᠬᠤᠰᠢᠭᠤ ᠶᠢᠨ ᠬᠢᠯᠢ ᠶᠢᠨ ᠵᠠᠭᠠᠭ ᠳᠡᠭᠡᠷ᠎ᠠ ᠪᠠᠶᠢᠷᠢᠰᠢᠨ᠂ ᠵᠡᠬᠦᠨ ᠲᠠᠯ᠎ᠠ ᠪᠠᠷ ᠢᠶᠠᠨ ᠵᠠᠯᠠᠶᠢᠳ ᠬᠤᠰᠢᠭᠤᠨ ᠤ ᠲᠡᠮᠡᠭᠡᠴᠢ ᠪᠠᠯᠭᠠᠰᠤ ᠲᠠᠢ ᠬᠢᠯᠢ ᠵᠠᠯᠭᠠᠯᠳᠤᠨ᠂ ᠪᠠᠷᠠᠭᠤᠨ ᠲᠠᠯ᠎ᠠ ᠪᠠᠷ ᠢᠶᠠᠨ ᠡᠷᠬᠢᠲᠦ ᠪᠠᠯᠭᠠᠰᠤ ᠲᠠᠢ ᠬᠢᠯᠢ ᠨᠡᠶᠢᠯᠡᠵᠤ᠂ ᠡᠮᠦᠨ᠎ᠡ ᠲᠠᠯ᠎ᠠ ᠪᠠᠷ ᠢᠶᠠᠨ ᠬᠢᠷᠢᠨ ᠮᠤᠵᠢ ᠶᠢᠨ ᠱᠠᠭᠠᠵᠠᠭᠠᠢ ᠬᠤᠲᠠ ᠲᠠᠢ  ᠬᠢᠯᠢ ᠨᠡᠶᠢᠯᠡᠵᠤ᠂ ᠤᠮᠠᠷᠠᠲᠦ ᠲᠠᠯ᠎ᠠ ᠪᠠᠷ ᠵᠶ᠋ᠠᠨ‌ᠵᠠᠯᠠᠶᠢᠳ ᠬᠤᠰᠢᠭᠤᠨ ᠤ ᠡᠯ ᠯᠥᠩ ᠱᠠᠨ ᠰᠢᠶᠠᠩ ᠲᠠᠢ ᠬᠦᠷᠰᠢᠯᠡᠵᠤ ᠪᠠᠶᠢᠳᠠᠭ᠃ ᠭᠠᠵᠠᠷ ᠵᠦᠢ ᠶᠢᠨ ᠪᠠᠶᠢᠷᠢᠰᠢᠯ ᠨᠢ  ᠵᠡᠬᠦᠨ ᠤᠷᠳᠤᠷᠢᠭ ᠤᠨ122º54´ — 122º03´᠂ ᠤᠮᠠᠷᠠᠲᠦ ᠦᠷᠭᠡᠷᠢᠭ ᠤᠨ 46º58´— 46º22´᠃  ᠵᠢᠯ ᠤᠨ ᠲᠡᠭᠰᠢᠳᠭᠡᠭᠰᠡᠨ ᠲᠤᠨᠤᠳᠠᠰᠤ ᠶᠢᠨ ᠬᠡᠮᠵᠢᠶ᠎ᠡ 410ᠮᠢᠯᠢᠯᠢᠲ᠋ᠧᠷ ᠲᠤᠯᠳᠠᠭ᠃  ᠵᠢᠯ ᠶᠢᠨ ᠬᠤᠷᠠᠮᠳᠤᠭᠤᠯᠤᠭᠰᠠᠨ ᠠᠭᠠᠷ ᠤᠨ ᠲᠤᠯᠠᠭᠠᠨ ᠤ ᠬᠡᠮᠵᠢᠶ᠎ᠡ 2600℃ —2800℃ ᠲᠤᠯᠳᠠᠭ᠃ ᠬᠢᠷᠠᠭᠤ ᠦᠭᠡᠢ ᠬᠤᠭᠤᠴᠠᠭ᠎ᠠ ᠨᠢ 124 —128 ᠡᠳᠦᠷ ᠲᠤᠯᠳᠠᠭ᠃  ᠶᠡᠷᠦᠩᠭᠡᠢ ᠡᠵᠡᠯᠡᠬᠦ ᠲᠠᠯᠠᠪᠠᠢ  ᠨᠢ 63 ᠲᠦᠮᠡᠨ ᠮᠤ᠋ ᠪᠠᠶᠢᠳᠠᠭ᠃ ᠤᠳᠤᠬᠠᠨ ᠤ ᠪᠠᠶᠢᠩᠭᠤ ᠶᠢᠨ ᠰᠠᠭᠤᠭᠠᠯᠢ ᠠᠷᠠᠳ ᠤᠨ ᠲᠤᠭ᠎ᠠ ᠨᠢ 6093 ᠬᠦᠮᠦᠨ ᠪᠠᠶᠢᠳᠠᠭ᠂ ᠠᠵᠢᠯᠲᠠᠨ ᠤ ᠲᠤᠭ᠎ᠠ 891 ᠬᠦᠮᠦᠨ᠂ ᠡᠷᠦᠭᠡ ᠠᠮᠠ ᠶᠢᠨ ᠳᠠᠩᠰᠠᠯᠠᠭᠰᠠᠨ ᠪᠦᠷᠢᠳᠭᠡᠯ ᠢ ᠦᠨᠳᠦᠰᠦᠯᠡᠪᠡᠯ᠂ ᠪᠦᠬᠦ ᠲᠠᠯᠠᠪᠠᠢ ᠳᠤ 7 ᠵᠦᠢᠯ ᠤᠨ ᠦᠨᠳᠦᠰᠦᠲᠡᠨ ᠢᠶᠠᠷ ᠪᠦᠷᠢᠯᠳᠦᠨ᠂ ᠡᠬᠦᠨ ᠳᠤ ᠬᠢᠳᠡᠳ ᠦᠨᠳᠦᠰᠦᠲᠡᠨ ᠤ ᠬᠦᠮᠦᠨ ᠠᠮᠠ 3864 ᠬᠦᠮᠦᠨ ᠪᠠᠶᠢᠵᠤ᠂ ᠪᠦᠬᠦ ᠬᠦᠮᠦᠨ ᠠᠮᠠ ᠶᠢᠨ66.4% ᠶᠢ ᠡᠵᠡᠯᠡᠨ᠂ ᠮᠤᠩᠭᠤᠯ ᠦᠨᠳᠦᠰᠦᠲᠡᠨ ᠤ ᠬᠦᠮᠦᠨ ᠠᠮᠠ 1615 ᠬᠦᠮᠦᠨ ᠪᠠᠶᠢᠵᠤ᠂  ᠪᠦᠬᠦ ᠬᠦᠮᠦᠨ ᠠᠮᠠ ᠶᠢᠨ 27.8% ᠶᠢ ᠡᠵᠡᠯᠡᠨ᠂ ᠮᠠᠨᠵᠤ ᠦᠨᠳᠦᠰᠦᠲᠡᠨ ᠤ  ᠬᠦᠮᠦᠨ ᠠᠮᠠ 315 ᠬᠦᠮᠦᠨ ᠪᠠᠶᠢᠵᠤ᠂  ᠪᠦᠬᠦ ᠬᠦᠮᠦᠨ ᠠᠮᠠ ᠶᠢᠨ 5.4% ᠶᠢ ᠡᠵᠡᠯᠡᠨ᠂ ᠬᠤᠲᠤᠩ ᠦᠨᠳᠦᠰᠦᠲᠡᠨ ᠤ ᠬᠦᠮᠦᠨ ᠠᠮᠠ 2 ᠬᠦᠮᠦᠨ ᠪᠠᠶᠢᠵᠤ᠂ ᠳᠠᠭᠤᠷ ᠦᠨᠳᠦᠰᠦᠲᠡᠨ ᠤ ᠬᠦᠮᠦᠨ ᠠᠮᠠ15  ᠬᠦᠮᠦᠨ ᠪᠠᠶᠢᠵᠤ᠂ ᠰᠢᠪᠡᠭᠡ ᠦᠨᠳᠦᠰᠦᠲᠡᠨ ᠤ ᠬᠦᠮᠦᠨ ᠠᠮᠠ 1  ᠬᠦᠮᠦᠨ ᠪᠠᠶᠢᠵᠤ᠂ ᠮᠢᠶᠤᠤ ᠦᠨᠳᠦᠰᠦᠲᠡᠨ ᠤ ᠬᠦᠮᠦᠨ ᠠᠮᠠ 3 ᠬᠦᠮᠦᠨ ᠪᠠᠶᠢᠵᠤ᠂  ᠡᠳᠡᠭᠡᠷ ᠳᠦᠷᠪᠡᠨ ᠴᠦᠭᠡᠨ ᠲᠤᠭᠠᠲᠤ ᠦᠨᠳᠦᠰᠦᠲᠡᠨ ᠤ ᠬᠦᠮᠦᠨ ᠠᠮᠠ ᠨᠢ  ᠪᠦᠬᠦ ᠬᠦᠮᠦᠨ ᠠᠮᠠ ᠶᠢᠨ 0.4% ᠶᠢ ᠡᠵᠡᠯᠡᠳᠡᠭ᠃ ᠲᠤᠰ ᠲᠠᠯᠠᠪᠠᠢ ᠶᠢᠨ ᠳᠤᠤᠷ᠎ᠠ 15 ᠦᠢᠯᠡᠳᠪᠦᠷᠢᠯᠡᠯ ᠤᠨ ᠪᠠᠷᠢᠭᠠᠲᠠ ᠬᠠᠷᠢᠶᠠᠯᠠᠭᠳᠠᠳᠠᠭ᠃ ᠰᠢᠭᠤᠳ ᠬᠠᠷᠢᠶ᠎ᠠ ᠪᠠᠶᠢᠭᠤᠯᠭ᠎ᠠ ᠨᠢᠭᠡᠴᠠ ᠨᠢ᠄ ᠰᠤᠷᠭᠠᠭᠤᠯᠢ᠂ ᠮᠠᠯ ᠠᠵᠤ ᠠᠬᠤᠢ ᠶᠢᠨ ᠶᠡᠷᠦᠩᠭᠡᠶᠢᠯᠡᠭᠰᠡᠨ ᠦᠢᠯᠡᠴᠢᠯᠡᠯᠭᠡᠨ ᠤ ᠦᠷᠲᠡᠭᠡ᠂ ᠴᠠᠬᠢᠯᠭᠠᠨ ᠬᠦᠴᠦᠳᠡᠯ ᠦᠭᠡᠷᠠᠴᠢᠯᠡᠬᠦ ᠦᠷᠲᠡᠭᠡ᠂  ᠡᠮᠨᠡᠯᠭᠡ ᠶᠢᠨ ᠬᠤᠷᠢᠶ᠎ᠠ᠂ ᠶᠡᠷᠦᠩᠭᠡᠶᠢᠯᠡᠭᠰᠡᠨ ᠠᠩᠬᠢ᠂ ᠨᠠᠮᠠᠭ ᠤᠨ ᠬᠡᠢ ᠶᠢᠨ ᠬᠠᠩᠭᠠᠯᠲᠠ ᠶᠢᠨ ᠦᠷᠲᠡᠭᠡ ᠪᠠᠶᠢᠳᠠᠭ᠃ ᠭᠠᠳᠠᠨ᠎ᠠ ᠠᠴᠠ ᠰᠠᠭᠤᠭ᠎ᠠ ᠨᠢᠭᠡᠴᠠ ᠨᠢ᠄ ᠰᠢᠥᠳᠠᠨ ᠬᠤᠯᠪᠤᠭᠠᠨ ᠤ ᠰᠠᠯᠪᠤᠷᠢ ᠭᠠᠵᠠᠷ᠂ ᠳᠠᠪᠠᠭᠠᠨ ᠡᠮᠦᠨᠡᠬᠢ ᠳᠤᠲᠤᠭᠠᠲᠤ ᠶᠢ ᠬᠠᠮᠠᠭᠠᠯᠠᠬᠤ ᠰᠠᠯᠪᠤᠷᠢ ᠲᠤᠪᠴᠢᠶ᠎ᠠ᠂ ᠰᠦᠯᠵᠢᠶ᠎ᠡ ᠮᠡᠳᠡᠭᠡ ᠬᠤᠯᠪᠤᠭᠠᠨ ᠤ ᠺᠤᠮᠫᠠᠨᠢ ᠶᠢᠨ ᠰᠠᠯᠪᠤᠷᠢ ᠲᠤᠪᠴᠢᠶ᠎ᠠ᠂ ᠢᠳᠡᠭᠡᠮᠵᠢ ᠶᠢᠨ ᠬᠤᠷᠰᠢᠶ᠎ᠠ᠂ ᠰᠢᠯᠵᠢᠮᠡᠯ ᠬᠤᠯᠪᠤᠭᠠᠨ ᠤ ᠡᠵᠡᠩᠨᠡᠯᠲᠡ ᠶᠢᠨ ᠭᠠᠵᠠᠷ᠂ ᠨᠢᠭᠡᠲᠦᠮᠡᠯ ᠬᠤᠯᠪᠤᠭᠠᠨ ᠤ ᠤᠷᠤᠯᠠᠬᠤ ᠬᠡᠷᠡᠭ ᠡᠷᠬᠢᠯᠡᠬᠦ ᠭᠠᠵᠠᠷ᠂ ᠴᠢᠯᠠᠭᠤᠨ ᠲᠤᠰᠤᠨ ᠤ ᠺᠤᠮᠫᠠᠨᠢ ᠶᠢᠨ ᠲᠤᠰᠤ ᠨᠡᠮᠡᠬᠦ ᠦᠷᠲᠡᠭᠡ᠃ ᠪᠦᠬᠦ ᠲᠠᠯᠠᠪᠠᠢ ᠶᠢᠨ ᠠᠵᠢᠯᠲᠠᠳ ᠤᠨ ᠬᠦᠮᠦᠨ ᠪᠦᠷᠢ ᠶᠢᠨ ᠡᠵᠡᠮᠳᠡᠵᠤ ᠪᠤᠯᠬᠤ ᠳᠤᠮᠳᠠᠴᠢ ᠤᠷᠤᠯᠭ᠎ᠠ ᠨᠢ 21327 ᠲᠦᠭᠦᠷᠢᠭ ᠲᠤᠯᠳᠠᠭ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号