ᠰᠤᠯᠤᠨ ᠮᠠᠯᠵᠢᠯ ᠤᠨ ᠲᠠᠯᠠᠪᠠᠢ ᠨᠢ 1949 ᠤᠨ ᠤ 5 ᠰᠠᠷ᠎ᠠ ᠶᠢᠨ1 ᠳᠤ ᠪᠠᠶᠢᠭᠤᠯᠤᠭᠳᠠᠪᠠ᠃ ᠲᠠᠯᠠᠪᠠᠢ | ᠪᠠᠶᠢᠭᠤᠯᠤᠭᠳᠠᠬᠤ ᠦᠶ᠎ᠡ ᠶᠢᠨ ᠨᠡᠷᠡᠶᠢᠳᠦᠯ ᠨᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠦᠪᠦᠷ | ᠮᠤᠩᠭᠤᠯ ᠰᠦᠢᠶᠦᠸᠠᠨ ᠤ ᠴᠡᠷᠢᠭ ᠤᠨ ᠲᠤᠭᠤᠷᠢᠭ ᠤᠨ ᠠᠷᠤ ᠲᠠᠯ᠎ᠠ ᠶᠢᠨ ᠦᠢᠯᠡᠴᠢᠯᠡᠯᠭᠡᠨ ᠤ ᠭᠠᠵᠠᠷ ᠤᠨ ᠰᠤᠯᠤᠨ | ᠴᠡᠷᠢᠭ ᠤᠨ ᠠᠭᠲᠠ ᠶᠢᠨ ᠲᠠᠯᠠᠪᠠᠢ ᠭᠡᠳᠡᠭ᠂ ᠲᠡᠷᠠ ᠪᠤᠯ ᠪᠦᠬᠦ ᠤᠯᠤᠰ ᠤᠨ ᠬᠠᠮᠤᠭ ᠡᠷᠲᠡ ᠪᠠᠶᠢᠭᠤᠯᠤᠭᠳᠠᠭᠰᠠᠨ | ᠴᠡᠷᠢᠭ ᠤᠨ ᠠᠭᠲᠠ ᠶᠢᠨ ᠲᠠᠯᠠᠪᠠᠢ ᠶᠢᠨ ᠨᠢᠭᠡ ᠪᠤᠯᠤᠨ᠎ᠠ᠃ ᠲᠠᠯᠠᠪᠠᠢ ᠶᠢᠨ ᠰᠠᠭᠤᠭ᠎ᠠ ᠭᠠᠵᠠᠷ ᠨᠢ ᠤᠯᠠᠭᠠᠨ ᠨᠢᠭᠡᠲᠦᠯ | ᠂ ᠲᠠᠯᠠᠪᠠᠢ ᠶᠢᠨ ᠠᠯᠢᠪᠠ ᠠᠵᠢᠯᠳᠠᠳ ᠨᠢ ᠪᠦᠷ ᠠᠯᠪᠠᠨ ᠴᠡᠷᠢᠭ ᠪᠤᠯᠤᠨ᠎ᠠ᠃ ᠲᠤᠰ ᠠᠳᠤᠭᠤᠨ ᠲᠠᠯᠠᠪᠠᠢ ᠨᠢ | ᠬᠠᠭᠤᠷᠮᠠᠭ ᠮᠠᠨᠵᠤ ᠶᠢᠨ ᠦᠶ᠎ᠡ ᠳᠤ ᠶᠠᠫᠤᠠ ᠳᠡᠭᠡᠷᠡᠮᠴᠢᠳ ᠤᠨ ᠪᠠᠶᠢᠭᠤᠯᠤᠭᠰᠠᠨ《 ᠤᠯᠤᠰ ᠠᠴᠠ ᠡᠵᠡᠩᠨᠡᠬᠦ ᠰᠤᠯᠤᠨ | ᠡᠭᠦᠯᠳᠡᠷ ᠤᠨ ᠠᠳᠤᠭᠤᠨ ᠤ ᠲᠠᠯᠠᠪᠠᠢ》 ᠶᠢᠨ ᠪᠠᠭᠤᠷᠢ ᠳᠡᠭᠡᠷ᠎ᠠ ᠴᠢᠯᠦᠭᠡᠯᠡᠬᠦ ᠴᠡᠷᠢᠭ ᠤᠨ ᠦᠪᠦᠷ ᠮᠤᠩᠭᠤᠯ | ᠮᠤᠷᠢᠲᠦ ᠴᠡᠷᠢᠭ ᠤᠨ ᠨᠢᠭᠡᠳᠦᠭᠡᠷ ᠳ᠋ᠢᠸᠢᠽᠢ᠂ ᠬᠤᠶᠠᠳᠤᠭᠠᠷ ᠳ᠋ᠢᠸᠢᠽᠢ ᠶᠢᠨ ᠬᠡᠰᠡᠭ ᠲᠤᠭᠠᠨ ᠤ ᠲᠠᠷᠤᠭ᠎ᠠ | ᠪᠠᠶᠢᠯᠳᠤᠭᠴᠢ ᠬᠠᠮᠲᠤᠷᠠᠨ 1948 ᠤᠨ ᠠᠴᠠ ᠡᠬᠢᠯᠡᠨ ᠨᠢᠭᠡ ᠲᠠᠯ᠎ᠠ ᠪᠠᠷ ᠢᠶᠠᠨ ᠦᠢᠯᠡᠳᠪᠦᠷᠢᠯᠡᠯ ᠶᠢᠨ ᠬᠢᠵᠤ | ᠨᠦᠭᠦᠭᠡ ᠲᠠᠯ᠎ᠠ ᠪᠠᠷ ᠢᠶᠠᠨ ᠪᠦᠲᠦᠭᠡᠨ ᠪᠠᠶᠢᠭᠤᠯᠤᠯᠲᠠ ᠬᠢᠭᠰᠡᠨ ᠰᠠᠭᠤᠷᠢᠨ ᠳᠡᠭᠡᠷ᠎ᠠ ᠡᠭᠦᠰᠭᠡᠨ ᠪᠠᠶᠢᠭᠤᠯᠵᠠᠢ᠃ | 1954 ᠤᠨ ᠤ6 ᠰᠠᠷ᠎ᠠ ᠳᠤ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠶᠡᠷᠦᠩᠬᠢ ᠠᠷᠤ ᠲᠠᠯ᠎ᠠ ᠶᠢᠨ | ᠦᠢᠯᠡᠴᠢᠯᠡᠯᠭᠡᠨ ᠤ ᠭᠠᠵᠠᠷ ᠠᠴᠠ ᠲᠤᠰ ᠠᠳᠤᠭᠤᠨ ᠤ ᠲᠠᠯᠠᠪᠠᠢ ᠳᠤ ᠠᠵᠤ ᠠᠬᠤᠶᠢᠯᠠᠯ ᠤᠨ ᠬᠠᠮᠢᠶᠠᠷᠤᠯᠲᠠ | ᠶᠠᠪᠤᠭᠳᠠᠭᠤᠯᠵᠠᠢ᠃ ᠦᠭᠡᠷᠠᠴᠢᠯᠠᠯᠲᠠ ᠪᠠᠷ ᠳᠠᠮᠵᠢᠨ ᠲᠠᠯᠠᠪᠠᠢ ᠶᠢᠨ ᠳᠠᠷᠤᠭ᠎ᠠ ᠪᠤᠯᠤᠨ ᠤᠯᠤᠰ ᠲᠦᠷᠦ ᠶᠢᠨ ᠭᠡᠰᠢᠭᠦᠨ | ᠠᠴᠠ ᠪᠤᠰᠤᠳ ᠪᠠᠶᠢᠯᠳᠤᠭᠴᠢᠳ ᠨᠢ ᠨᠢᠭᠡᠲᠦᠯᠲᠡᠢ ᠪᠦᠷ ᠲᠠᠯᠠᠪᠠᠢ ᠶᠢᠨ ᠠᠵᠢᠯᠲᠠᠳ ᠪᠤᠯᠤᠨ ᠬᠤᠪᠢᠷᠠᠵᠤ᠂ ᠴᠠᠯᠢᠩ | ᠤᠨ ᠳᠦᠷᠢᠮ ᠬᠡᠷᠡᠭᠵᠢᠭᠦᠯᠪᠡ᠃ 1957 ᠤᠨ ᠤ 3 ᠰᠠᠷ᠎ᠠ ᠳᠤ᠂ ᠲᠤᠰ ᠠᠳᠤᠭᠤᠨ ᠤ ᠲᠠᠯᠠᠪᠠᠢ ᠨᠢ ᠤᠯᠤᠰ ᠤᠨ | ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠶᠠᠮᠤᠨ ᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ | ᠶᠢᠨ ᠲᠤᠪᠴᠢᠶᠠᠨ ᠳᠤ ᠵᠠᠬᠢᠷᠤᠭᠳᠠᠨ᠂ ᠨᠡᠷᠡᠶᠢᠳᠦᠯ ᠢᠶᠠᠨ ᠤᠯᠤᠰ ᠤᠨ ᠡᠵᠡᠩᠨᠡᠯᠲᠡ ᠶᠢᠨ ᠰᠤᠯᠤᠨ ᠮᠠᠯᠵᠢᠯ ᠤᠨ | ᠲᠠᠯᠠᠪᠠᠢ ᠭᠡᠵᠤ ᠦᠭᠡᠷᠡᠴᠢᠯᠡᠪᠡ᠃ 1961 ᠤᠨ ᠤ 6 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ | ᠵᠢᠭᠠᠪᠤᠷᠢ ᠶᠤᠰᠤᠭᠠᠷ᠂ ᠰᠤᠯᠤᠨ ᠮᠠᠯᠵᠢᠯ ᠤᠨ ᠲᠠᠯᠠᠪᠠᠢ ᠨᠢ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠶᠡᠷᠦᠩᠬᠢ ᠠᠷᠤ ᠲᠠᠯ᠎ᠠ ᠶᠢᠨ ᠦᠢᠯᠡᠴᠢᠯᠡᠯᠭᠡᠨ ᠤ ᠭᠠᠵᠠᠷ ᠲᠤ ᠲᠤᠰᠢᠶᠠᠨ ᠦᠭᠴᠤ᠂ ᠲᠦᠪ ᠤᠨ ᠴᠡᠷᠢᠭ ᠤᠨ ᠶᠠᠪᠤᠳᠠᠯ | ᠤᠨ ᠬᠤᠷᠢᠶᠠᠨ ᠤ ᠶᠡᠷᠦᠩᠬᠢ ᠠᠷᠤ ᠲᠠᠯ᠎ᠠ ᠶᠢᠨ ᠦᠢᠯᠡᠴᠢᠯᠡᠯᠭᠡᠨ ᠤ ᠭᠠᠵᠠᠷ ᠤᠨ ᠰᠤᠯᠤᠨ ᠮᠠᠯᠵᠢᠯ ᠤᠨ ᠲᠠᠯᠠᠪᠠᠢ | ᠭᠡᠵᠤ ᠨᠡᠷᠡᠶᠢᠳᠦᠪᠡ᠃ 1976 ᠤᠨ ᠤ 12 ᠰᠠᠷ᠎ᠠ ᠳᠤ᠂ ᠬᠢᠷᠢᠨ ᠮᠤᠵᠢ ᠶᠢᠨ ᠲᠠᠷᠢᠶᠠᠯᠠᠩ ᠤᠨ ᠲᠤᠪᠴᠢᠶᠠᠨ ᠳᠤ | ᠬᠠᠮᠢᠶᠠᠷᠠᠷᠤᠭᠳᠠᠨ ᠬᠢᠷᠢᠨ ᠮᠤᠵᠢ ᠶᠢᠨ ᠰᠤᠯᠤᠨ ᠠᠳᠤᠭᠤᠨ ᠤ ᠲᠠᠯᠠᠪᠠᠢ ᠬᠡᠮᠡᠨ ᠨᠡᠷᠡᠶᠢᠳᠪᠡ᠃ 1979 ᠤᠨ ᠤ 6 | ᠰᠠᠷ᠎ᠠ ᠳᠤ᠂ ᠳᠠᠬᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯᠵᠢᠯ ᠤᠨ ᠲᠠᠯᠠᠪᠠᠢ | ᠶᠢᠨ ᠬᠠᠮᠢᠶᠠᠷᠤᠯᠲᠠ ᠶᠢᠨ ᠶᠡᠷᠦᠩᠬᠢ ᠲᠤᠪᠴᠢᠶᠠᠨ ᠳᠤ ᠬᠠᠮᠢᠶᠠᠷᠠᠷᠤᠭᠳᠠᠨ᠂ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠤᠯᠤᠰ ᠤᠨ ᠡᠵᠡᠩᠨᠡᠯᠲᠡ ᠶᠢᠨ ᠰᠤᠯᠤᠨ ᠮᠠᠯᠵᠢᠯ ᠤᠨ ᠲᠠᠯᠠᠪᠠᠢ ᠭᠡᠵᠤ ᠦᠭᠡᠷᠠᠴᠢᠯᠠᠨ ᠬᠠᠶᠢᠯᠠᠷ | ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠤᠪᠴᠢᠶᠠᠨ ᠳᠤ ᠰᠢᠭᠤᠳ ᠬᠠᠮᠢᠶᠠᠷᠤᠭᠳᠠᠪᠠ᠃ | 1980 ᠤᠨ ᠳᠤ ᠬᠢᠩᠭᠠᠨ ᠠᠶᠢᠮᠠᠭ ᠰᠡᠷᠭᠦᠭᠡᠭᠳᠡᠭᠰᠡᠨ ᠤ ᠰᠡᠭᠦᠯᠡᠷ᠂ ᠬᠢᠩᠭᠠᠨ ᠠᠶᠢᠮᠠᠭ ᠤᠨ ᠲᠠᠷᠢᠶᠠᠯᠠᠩ ᠮᠠᠯᠵᠢᠯ | ᠤᠨ ᠲᠠᠯᠠᠪᠠᠢ ᠶᠢᠨ ᠬᠠᠮᠢᠶᠠᠷᠤᠯᠲᠠ ᠶᠢᠨ ᠲᠤᠪᠴᠢᠶᠠᠨ ᠳᠤ ᠬᠠᠮᠢᠶᠠᠷᠤᠭᠳᠠᠪᠠ᠃ | ᠰᠤᠯᠤᠨ ᠮᠠᠯᠵᠢᠯ ᠤᠨ ᠲᠠᠯᠠᠪᠠᠢ ᠨᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠤᠢ ᠶᠢᠨ ᠳᠤᠪᠤᠷᠬᠠᠭ ᠠᠭᠤᠯᠠᠨ | ᠪᠦᠰᠡ ᠳᠤ ᠬᠠᠷᠢᠶᠠᠯᠠᠭᠳᠠᠨ᠂ ᠳᠡᠭᠰᠢᠳᠭᠡᠭᠰᠡᠨ ᠳᠠᠯᠠᠢ ᠶᠢᠨ ᠲᠦᠪᠰᠢᠨ ᠤ ᠡᠷᠭᠦᠭᠳᠡᠴᠠ ᠨᠢ 500 ᠮᠧᠲᠷ ᠤᠷᠴᠢᠮ | ᠪᠠᠶᠢᠳᠠᠭ᠂ ᠭᠠᠵᠠᠷ ᠵᠦᠢ ᠶᠢᠨ ᠪᠠᠶᠢᠷᠢᠰᠢᠯ ᠨᠢ ᠵᠡᠬᠦᠨ ᠤᠷᠳᠤᠷᠢᠭ ᠤᠨ120º58´ — 121º48´᠂ | ᠤᠮᠠᠷᠠᠲᠦ ᠦᠷᠭᠡᠷᠢᠭ ᠤᠨ 46º36´— 47º1´ ᠤᠨ ᠬᠤᠭᠤᠷᠤᠨᠳᠦ ᠤᠷᠤᠰᠢᠳᠠᠭ᠃ ᠲᠠᠯᠠᠪᠠᠢ ᠶᠢᠨ | ᠰᠠᠭᠤᠭ᠎ᠠ ᠭᠠᠵᠠᠷ ᠨᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠳᠤᠳᠤᠷ᠎ᠠ ᠰᠠᠭᠤᠷᠢᠰᠢᠳᠠᠭ᠃ | ᠶᠡᠷᠦᠩᠭᠡᠢ ᠡᠵᠡᠯᠡᠬᠦ ᠲᠠᠯᠠᠪᠠᠢ ᠨᠢ 1340.86 ᠳᠡᠭᠰᠢ ᠲᠦᠷᠪᠡᠯᠵᠢᠨ ᠺᠢᠯᠤᠮᠧᠲᠷ ᠪᠠᠶᠢᠳᠠᠭ᠃ ᠵᠡᠬᠦᠨ ᠲᠠᠯ᠎ᠠ ᠪᠠᠷ | ᠢᠶᠠᠨ ᠵᠠᠯᠠᠶᠢᠳ ᠬᠤᠰᠢᠭᠤᠨ ᠤ ᠠᠯᠳᠠᠷᠲᠤ ᠪᠠᠯᠭᠠᠰᠤ ᠲᠠᠢ ᠬᠢᠯᠢ ᠨᠡᠶᠢᠯᠡᠵᠤ᠂ ᠪᠠᠷᠠᠭᠤᠨ ᠲᠠᠯ᠎ᠠ ᠪᠠᠷ ᠢᠶᠠᠨ ᠰᠤᠯᠤᠨ | ᠪᠠᠯᠭᠠᠰᠤ ᠲᠠᠢ ᠬᠢᠯᠢ ᠨᠡᠶᠢᠯᠡᠵᠤ᠂ ᠡᠮᠦᠨ᠎ᠡ ᠲᠠᠯ᠎ᠠ ᠪᠠᠷ ᠢᠶᠠᠨ ᠰᠤᠯᠤᠨ ᠪᠠᠯᠭᠠᠰᠤ ᠪᠤᠯᠤᠨ ᠬᠤᠷᠢᠨ ᠰᠤᠮᠤ ᠲᠠᠢ | ᠬᠦᠷᠰᠢᠯᠡᠵᠤ᠂ ᠤᠮᠠᠷᠠᠲᠦ ᠲᠠᠯ᠎ᠠ ᠪᠠᠷ ᠢᠶᠠᠨ ᠷᠠᠰᠢᠶᠠᠨ ᠬᠤᠲᠠ ᠶᠢᠨ ᠮᠡᠯᠡᠭᠡᠢ ᠶᠢᠨ ᠭᠤᠤ ᠤᠢ ᠶᠢᠨ ᠲᠠᠯᠠᠪᠠᠢ ᠲᠠᠢ | ᠵᠠᠯᠭᠠᠯᠳᠤᠨ ᠰᠠᠭᠤᠷᠢᠰᠢᠵᠠᠢ᠃ ᠠᠭᠤᠷ ᠠᠮᠢᠰᠬᠤᠯ ᠨᠢ ᠨᠡᠶᠢᠲᠡᠯᠢᠭ ᠡᠬᠡ ᠬᠠᠭᠤᠷᠠᠢ ᠶᠢᠨ ᠴᠢᠨᠠᠷᠲᠠᠢ ᠠᠭᠤᠷ ᠠᠮᠢᠰᠬᠤᠯ | ᠳᠤ ᠬᠠᠷᠢᠶᠠᠯᠠᠭᠳᠠᠳᠠᠭ᠃ ᠲᠤᠰ ᠲᠠᠯᠠᠪᠠᠢ ᠶᠢᠨ ᠬᠠᠷᠢᠶᠠᠨ ᠳᠤ ᠨᠤᠨ ᠮᠦᠷᠡᠨ ᠤ ᠤᠰᠤᠨ ᠰᠢᠰᠲ᠋ᠧᠮ ᠤᠨ ᠲᠤᠭᠤᠷ | ᠤᠨ ᠭᠤᠤᠯ ᠤᠨ ᠰᠠᠯᠪᠤᠷᠢ ᠤᠷᠤᠰᠬᠠᠯ ᠪᠤᠯᠬᠤ ᠬᠠᠭ ᠤᠨ ᠭᠤᠤᠯ ᠬᠤᠶᠢᠨ᠎ᠠ ᠠᠴᠠ ᠡᠮᠦᠨᠡᠰᠢ ᠴᠢᠭᠯᠡᠯ ᠢᠶᠠᠷ ᠤᠷᠤᠰᠤᠨ | ᠦᠩᠭᠡᠷᠡᠳᠡᠭ᠃ ᠠᠳᠡ ᠤᠰᠤᠨ ᠤ ᠰᠤᠷᠪᠤᠯᠵᠢ ᠡᠯᠪᠡᠭ ᠪᠠᠶᠢᠵᠤ᠂ ᠵᠡᠭᠦᠨ ᠲᠠᠯ᠎ᠠ ᠪᠠᠷ ᠨᠢ ᠲᠡᠮᠡᠭᠡᠨ ᠭᠤᠤᠯ | ᠤᠷᠤᠰᠤᠨ ᠦᠩᠭᠡᠷᠡᠳᠡᠭ᠃ ᠵᠢᠯ ᠤᠨ ᠲᠤᠨᠤᠳᠠᠰᠤᠨ ᠤ ᠬᠡᠮᠵᠢᠶ᠎ᠡ 450 —560 ᠮᠢᠯᠢᠯᠢᠲ᠋ᠧᠷ ᠲᠤᠯᠳᠠᠭ᠃ | ᠲᠡᠭᠰᠢᠳᠭᠡᠭᠰᠡᠨ ᠠᠭᠠᠷ ᠤᠨ ᠳᠤᠯᠠᠭᠠᠨ ᠤ ᠬᠡᠮᠵᠢᠶ᠎ᠡ -2.1℃ ᠪᠠᠶᠢᠵᠤ᠂ ᠵᠢᠯ ᠶᠢᠨ ᠬᠤᠷᠠᠮᠳᠤᠭᠤᠯᠤᠭᠰᠠᠨ ᠠᠭᠠᠷ | ᠤᠨ ᠲᠤᠯᠠᠭᠠᠨ ᠤ ᠬᠡᠮᠵᠢᠶ᠎ᠡ 2000℃ —2200℃ ᠲᠤᠯᠳᠠᠭ᠃ ᠬᠢᠷᠠᠭᠤ ᠦᠭᠡᠢ ᠬᠤᠭᠤᠴᠠᠭ᠎ᠠ ᠨᠢ 110 | ᠡᠳᠦᠷ( ᠲᠠᠯᠠᠪᠠᠢ ᠶᠢᠨ ᠵᠡᠬᠦᠨ ᠬᠡᠰᠡᠭ ᠨᠢ 110 —125 ᠡᠳᠦᠷ) ᠲᠤᠯᠳᠠᠭ᠃ ᠨᠠᠷᠠᠨ ᠤ ᠲᠤᠰᠤᠯᠲᠠ ᠶᠢᠨ | ᠶᠡᠷᠦᠩᠬᠢ ᠴᠠᠭ ᠨᠢ 2789.48 ᠴᠠᠭ ᠲᠤᠯᠳᠠᠭ᠃ ᠪᠤᠷᠤᠭᠠᠨ ᠤ ᠤᠯᠠᠷᠢᠯ ᠪᠤᠯᠤᠨ ᠬᠠᠯᠠᠭᠤᠨ ᠤ ᠤᠯᠠᠷᠢᠯ ᠨᠢ | ᠴᠤᠭᠭᠠᠷ ᠤᠷᠤᠰᠢᠵᠤ᠂ ᠪᠦᠷ 7 —9 ᠳ᠋ᠤᠭᠡᠷ ᠰᠠᠷ᠎ᠠ ᠳᠤ ᠲᠦᠪᠯᠡᠷᠡᠳᠡᠭ᠃ ᠲᠠᠷᠢᠶ᠋ᠯᠠᠬᠤ ᠭᠠᠵᠠᠷ ᠨᠢ 20.1 | ᠲᠦᠮᠡᠨ ᠮᠤ᠋᠂ ᠡᠪᠡᠰᠤ ᠪᠡᠯᠴᠢᠭᠡᠷ ᠤᠨ ᠲᠠᠯᠠᠪᠠᠢ ᠨᠢ 58 ᠲᠦᠮᠡᠨ ᠮᠤ᠋ ᠪᠠᠶᠢᠳᠠᠭ᠃ ᠶᠡᠷᠦᠩᠬᠢ ᠬᠦᠮᠦᠨ ᠠᠮᠠ | 5627 ᠬᠦᠮᠦᠨ ᠲᠠᠢ᠂ ᠡᠬᠦᠨ ᠤ ᠳᠤᠲᠤᠷ᠎ᠠ ᠠᠵᠢᠯᠲᠠᠳ 2090 ᠬᠦᠮᠦᠨ᠂ ᠬᠠᠮᠢᠶᠠᠷᠤᠭᠴᠢ ᠺᠠᠲᠠᠷ ᠨᠢ 132 | ᠬᠦᠮᠦᠨ᠂ ᠠᠵᠢᠯᠲᠠᠳ ᠤᠨ ᠵᠢᠯ ᠤᠨ ᠳᠡᠭᠰᠢᠳᠭᠡᠭᠰᠡᠨ ᠤᠷᠤᠯᠭ᠎ᠠ ᠨᠢ 20000 ᠲᠦᠭᠦᠷᠢᠭ ᠲᠤᠯᠵᠤ᠂ ᠲᠤᠰᠬᠠᠢ | ᠮᠡᠷᠭᠡᠵᠢᠯ ᠤ ᠴᠤᠯᠠ ᠲᠠᠢ ᠠᠵᠢᠯᠲᠠᠳ ᠨᠢ 219 ᠬᠦᠮᠦᠨ ᠪᠠᠶᠢᠳᠠᠭ᠂ ᠬᠠᠮᠢᠶᠠᠷᠤᠭᠴᠢ ᠺᠠᠲᠠᠷᠴᠤᠳ ᠤᠨ ᠶᠡᠭᠡ | ᠰᠤᠷᠭᠠᠭᠤᠯᠢ ᠲᠡᠭᠦᠰᠦᠭᠰᠡᠨ ᠦᠨᠡᠮᠯᠡᠯ ᠲᠠᠢ ᠨᠢ 90% ᠶᠢ ᠡᠵᠡᠯᠡᠳᠡᠭ᠃ ᠪᠦᠬᠦ ᠲᠠᠯᠠᠪᠠᠢ ᠶᠢᠨ ᠲᠤᠭᠲᠠᠮᠠᠯ | ᠬᠦᠷᠦᠩᠭᠡ ᠶᠢᠨ ᠴᠡᠪᠡᠷ ᠦᠷᠲᠡᠭ ᠨᠢ 4880 ᠲᠦᠮᠡᠨ ᠲᠦᠭᠦᠷᠢᠭ ᠲᠤᠯᠵᠤ᠂ ᠲᠤᠭᠲᠠᠮᠠᠯ ᠪᠤᠰᠤ ᠬᠦᠷᠦᠩᠭᠡ ᠨᠢ | 13222 ᠲᠦᠮᠡᠨ ᠲᠦᠭᠦᠷᠢᠭ ᠲᠤᠯᠳᠠᠭ᠃ ᠲᠤᠰ ᠲᠠᠯᠠᠪᠠᠢ ᠳᠤ 9 ᠦᠢᠯᠡᠳᠪᠦᠷᠢᠯᠡᠯ ᠤᠨ ᠪᠠᠷᠢᠭᠠᠲᠠ ᠲᠠᠢ᠂ 4 | ᠰᠢᠭᠤᠤᠨ ᠬᠠᠷᠢᠶ᠎ᠠ ᠪᠠᠶᠢᠭᠤᠯᠭ᠎ᠠ ᠲᠠᠢ᠂ 18 ᠪᠠᠶᠢᠭᠤᠯᠭ᠎ᠠ ᠶᠢᠨ ᠰᠠᠯᠠᠭ᠎ᠠ ᠮᠦᠴᠢᠷ ᠲᠠᠢ᠂ 14 ᠦᠨᠳᠦᠰᠦᠨ | ᠱᠠᠲᠤᠨ ᠤ ᠨᠠᠮ ᠤᠨ ᠡᠭᠦᠷ ᠲᠠᠢ᠂ 3 ᠮᠧᠬᠠᠨᠢᠭᠴᠢᠯᠠᠭᠰᠠᠨ ᠲᠠᠷᠢᠶᠠᠯᠠᠩ ᠤᠨ ᠲᠠᠯᠠᠪᠠᠢ ᠲᠠᠢ᠂ 301 ᠭᠡᠷ ᠪᠦᠯᠢ | ᠶᠢᠨ ᠮᠠᠯᠵᠢᠯ ᠤᠨ ᠲᠠᠯᠠᠪᠠᠢ ᠲᠠᠢ᠃ ᠬᠦᠮᠦᠨ ᠠᠮᠠ ᠨᠢ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠭᠰᠠᠨ | ᠂ ᠬᠢᠲᠠᠳ᠂ ᠮᠠᠨᠵᠤ᠂ ᠬᠤᠲᠤᠩ᠂ ᠳᠠᠭᠤᠷ᠂ ᠡᠸ᠋ᠩᠬᠢ᠂ ᠤᠷᠤᠰ ᠵᠡᠷᠭᠡ ᠦᠨᠳᠦᠰᠦᠳᠡᠨ ᠢᠶᠠᠷ ᠪᠦᠷᠢᠯᠳᠦᠪᠡ᠃ ᠡᠬᠦᠨ | ᠳᠤ ᠮᠤᠩᠭᠤᠯ ᠦᠨᠳᠦᠰᠦᠲᠡᠨ 53% ᠶᠢ ᠡᠵᠡᠯᠡᠳᠡᠭ᠃ ᠬᠢᠳᠠᠳ ᠦᠨᠳᠦᠰᠦᠲᠡᠨ 43% ᠶᠢ ᠡᠵᠡᠯᠡᠳᠡᠭ᠃ | ᠲᠤᠰ ᠮᠠᠯᠵᠢᠯ ᠤᠨ ᠲᠠᠯᠠᠪᠠᠢ ᠨᠢ ᠤᠯᠠᠭᠠᠨᠬᠤᠲᠠ ᠠᠴᠠ 137 ᠺᠢᠯᠤᠮᠧᠲᠷ ᠵᠠᠶᠢᠲᠠᠢ ᠪᠠᠶᠢᠳᠠᠭ᠃ ᠤᠯᠠᠭᠠᠨᠬᠤᠲᠠ | ᠨᠢᠰᠭᠡᠯ ᠤᠨ ᠲᠠᠯᠠᠪᠠᠢ ᠠᠴᠠ 120 ᠺᠢᠯᠤᠮᠧᠲᠷ ᠵᠠᠶᠢᠲᠠᠢ ᠪᠠᠶᠢᠳᠠᠭ᠃ ᠱᠠᠭᠠᠵᠠᠭᠠᠢ ᠬᠤᠲᠠ — ᠷᠠᠰᠢᠶᠠᠨ ᠬᠤᠲᠠ | ᠬᠦᠷᠬᠦ ᠲᠡᠮᠦᠷ ᠵᠠᠮ ᠤᠨ ᠰᠤᠯᠤᠨ ᠭᠠᠯᠲᠦ ᠲᠡᠷᠭᠡᠨ ᠦᠷᠲᠡᠭᠡ ᠠᠴᠠ 15 ᠺᠢᠯᠤᠮᠧᠲᠷ ᠵᠠᠶᠢᠲᠠᠢ᠂ ᠷᠠᠰᠢᠶᠠᠨ ᠬᠤᠲᠠ | ᠶᠢᠨ ᠨᠢᠰᠭᠡᠯ ᠤᠨ ᠲᠠᠯᠠᠪᠠᠢ ᠠᠴᠠ 160 ᠺᠢᠯᠤᠮᠧᠲᠷ ᠵᠠᠶᠢᠲᠠᠢ ᠪᠠᠶᠢᠳᠠᠭ᠃ S202 ᠳ᠋ᠤᠭᠠᠷᠲᠦ ᠮᠤᠵᠢ ᠶᠢᠨ ᠲᠡᠰ | ᠤᠨ ᠵᠠᠰᠠᠮᠠᠯ ᠵᠠᠮ ᠨᠢ ᠲᠤᠰ ᠲᠠᠯᠠᠪᠠᠢ ᠪᠠᠷ ᠦᠩᠭᠡᠷᠡᠳᠡᠭ᠃ ᠤᠳᠤᠬᠠᠨ ᠳᠤ᠂ ᠰᠤᠯᠤᠨ ᠮᠠᠯᠵᠢᠯ ᠤᠨ ᠲᠠᠯᠠᠪᠠᠢ ᠨᠢ | ᠭᠠᠷ ᠤᠳᠠᠰᠤ ᠶᠢᠨ ᠲᠤᠤᠷ ᠰᠦᠯᠵᠢᠶ᠎ᠡ ᠪᠤᠯᠤᠨ ᠦᠷᠭᠡᠨ ᠪᠦᠰᠡᠲᠦ ᠰᠦᠯᠵᠢᠶᠡᠨ ᠲᠤᠤᠷ ᠦᠷᠭᠡᠨ ᠢᠶᠠᠷ ᠪᠦᠷᠬᠦᠨ᠂ | ᠲᠧᠯᠢᠰ ᠤᠨ ᠪᠦᠷᠬᠦᠭᠰᠡᠨ ᠨᠤᠷᠮ᠎ᠠ ᠨᠢ 100% ᠲᠤᠯᠵᠠᠢ᠃ |