ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠠᠵᠠᠷ ᠵᠦᠢ ᠶᠢᠨ ᠪᠠᠶᠢᠷᠢᠰᠢᠯ ᠨᠢ ᠦᠪᠦᠷ ᠮᠤᠩᠭᠤᠯ | ᠤᠨ ᠦᠪᠡᠷᠳᠡᠭᠡᠨ ᠵᠠᠰᠠᠬᠤ ᠤᠷᠤᠨ ᠤ ᠵᠡᠬᠦᠨ ᠬᠤᠶᠢᠲᠦ ᠬᠡᠰᠡᠭ᠂ ᠶᠡᠭᠡ ᠬᠢᠩᠭᠠᠨ ᠳᠠᠪᠠᠭᠠᠨ ᠤ ᠡᠮᠦᠨ᠎ᠡ ᠡᠩᠭᠡᠷ ᠲᠤ | ᠤᠷᠤᠰᠢᠨ᠎ᠠ ᠃ ᠤᠯᠤᠰ ᠤᠨ ᠳᠤᠲᠤᠭᠠᠲᠤ ᠳᠤ ᠠᠪᠴᠤ ᠬᠡᠯᠡᠪᠡᠯ ᠵᠡᠬᠦᠨ ᠬᠤᠶᠢᠲᠦ ᠶᠢᠨ ᠠᠵᠤ ᠠᠬᠤᠢ ᠶᠢᠨ | ᠲᠤᠭᠤᠷᠢᠭ ᠲᠤ ᠪᠠᠭᠲᠠᠵᠤ᠂ ᠳᠡᠯᠡᠬᠡᠢ ᠶᠢᠨ ᠬᠡᠪᠴᠢᠶᠡᠨ ᠠᠴᠠ ᠬᠤᠪᠢᠶᠠᠷᠯᠠᠪᠠᠯ ᠵᠡᠬᠦᠨ ᠬᠤᠶᠢᠲᠦ ᠠᠽᠢᠶ᠎ᠠ ᠶᠢᠨ ᠠᠵᠤ | ᠠᠬᠤᠢ ᠶᠢᠨ ᠲᠤᠭᠤᠷᠢᠭ ᠲᠤ ᠬᠠᠷᠢᠶᠠᠯᠠᠭᠳᠠᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠵᠡᠬᠦᠨ | ᠲᠠᠯ᠎ᠠ ᠪᠠᠷ ᠢᠶᠠᠨ ᠵᠠᠯᠠᠶᠢᠳ ᠬᠤᠰᠢᠭᠤ ᠲᠠᠢ ᠬᠢᠯᠢ ᠨᠡᠶᠢᠯᠡᠵᠤ᠂ ᠡᠮᠦᠨ᠎ᠡ ᠲᠠᠯ᠎ᠠ ᠪᠠᠷ ᠢᠶᠠᠨ ᠬᠢᠷᠢᠨ ᠮᠤᠵᠢ ᠶᠢᠨ | ᠱᠠᠭᠠᠵᠠᠭᠠᠢ ᠬᠤᠲᠠ ᠲᠠᠢ ᠵᠠᠬ᠎ᠠ ᠨᠡᠶᠢᠯᠡᠵᠤ᠂ ᠪᠠᠷᠠᠭᠤᠨ ᠬᠤᠶᠢᠲᠦ ᠲᠠᠯ᠎ᠠ ᠪᠠᠷ ᠢᠶᠠᠨ ᠮᠤᠩᠭᠤᠯ ᠤᠯᠤᠰ ᠲᠠᠢ | ᠬᠦᠷᠰᠢᠯᠡᠵᠤ ᠪᠠᠶᠢᠳᠠᠭ᠃ 32.5 ᠺᠢᠯᠦᠮᠧᠲᠷ ᠤᠨ ᠬᠢᠯᠢ ᠶᠢᠨ ᠱᠤᠭᠤᠮ ᠲᠠᠢ ᠪᠠᠶᠢᠵᠤ ᠂ ᠦᠪᠡᠷᠲᠡᠭᠡᠨ ᠵᠠᠰᠠᠬᠤ | ᠤᠷᠤᠨ ᠤ 19 ᠬᠢᠯᠢ ᠶᠢᠨ ᠬᠤᠰᠢᠭᠤ ᠰᠢᠶᠠᠨ ᠤ ᠨᠢᠭᠡ ᠳᠤ ᠲᠤᠭᠠᠴᠢᠭᠳᠠᠵᠤ᠂ ᠮᠤᠩᠭᠤᠯ ᠂ ᠤᠷᠤᠰ ᠬᠤᠶᠠᠷ | ᠤᠯᠤᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠤᠷᠤᠯᠴᠠᠬᠤ ᠭᠤᠤᠯᠳᠠᠯᠭ᠎ᠠ ᠲᠠᠢ ᠡᠮᠦᠨ᠎ᠡ ᠹᠷᠦᠨᠲ ᠤᠨ | ᠪᠠᠬᠢᠯᠡᠯᠲᠡ ᠪᠤᠯᠵᠤ ᠪᠠᠶᠢᠨ᠎ᠠ᠃ ᠡᠮᠦᠨᠡᠲᠦ ᠬᠤᠰᠢᠭᠤᠨ ᠤ ᠵᠠᠰᠠᠭ ᠵᠠᠬᠢᠷᠭᠠᠨ ᠤ ᠬᠠᠷᠢᠶᠠᠨ ᠳᠤ 14 ᠰᠤᠮᠤ ᠪᠠᠯᠭᠠᠰᠤ | ᠂ 4 ᠤᠯᠤᠰ ᠠᠴᠠ ᠡᠵᠡᠩᠨᠡᠭᠰᠡᠨ ᠲᠠᠷᠢᠶᠠᠯᠠᠩ ᠮᠠᠯᠵᠢᠯ ᠤᠨ ᠲᠠᠯᠠᠪᠠᠢ᠂ 7 ᠤᠯᠤᠰ ᠠᠴᠠ ᠡᠵᠡᠩᠨᠡᠭᠰᠡᠨ ᠤᠢ | ᠰᠢᠭᠤᠢ ᠶᠢᠨ ᠲᠠᠯᠠᠪᠠᠢ᠂ 1 ᠰᠠᠶᠢᠨ ᠡᠭᠦᠯᠳᠡᠷ ᠪᠤᠶᠢᠵᠢᠭᠤᠯᠬᠤ ᠲᠠᠯᠠᠪᠤᠷ᠂ 229 ᠭᠠᠴᠠᠭ᠎ᠠ ᠲᠤᠰᠬᠤᠨ | ᠬᠠᠮᠢᠶᠠᠷᠤᠭᠳᠠᠨ᠂ ᠪᠦᠬᠦ ᠬᠤᠰᠢᠭᠤᠨ ᠤ ᠶᠡᠷᠦᠩᠭᠢ ᠲᠠᠯᠠᠪᠠᠢ 1.7 ᠲᠦᠮᠡᠨ ᠳᠡᠭᠰᠢ ᠳᠦᠷᠪᠡᠯᠵᠢᠨ ᠺᠢᠯᠦᠮᠧᠲᠷ ᠃ | ᠲᠠᠷᠢᠶᠠᠨ ᠭᠠᠵᠠᠷ 461.6 ᠲᠦᠮᠡᠨ ᠮᠤ᠋᠂ ᠮᠠᠯᠵᠢᠯ ᠤᠨ ᠲᠠᠯᠠᠪᠠᠢ 1260 ᠲᠦᠮᠡᠨ ᠮᠤ᠋᠂ ᠤᠢ ᠰᠢᠭᠤᠢ ᠶᠢᠨ | ᠲᠠᠯᠠᠪᠠᠢ 822 ᠲᠦᠮᠡᠨ ᠮᠤ᠋᠂ ᠤᠢ ᠰᠢᠭᠤᠢ ᠶᠢᠨ ᠪᠦᠷᠬᠦᠮᠵᠢ ᠶᠢᠨ ᠨᠤᠷᠮ᠎ᠠ 32.27 %᠂ ᠪᠦᠬᠦ ᠬᠤᠰᠢᠭᠤᠨ | ᠤ ᠭᠡᠭᠡᠷ᠎ᠡ ᠶᠢᠨ ᠠᠮᠢᠲᠠᠨ ᠤ ᠳᠤᠭ᠎ᠠ 70 ᠭᠠᠷᠤᠢ ᠵᠦᠢᠯ᠂ ᠵᠡᠷᠯᠢᠭ ᠤᠷᠭᠤᠮᠠᠯ ᠤᠨ ᠲᠤᠭ᠎ᠠ 1000 ᠭᠠᠷᠤᠢ | ᠲᠦᠷᠦᠯ ᠵᠦᠢᠯ ᠪᠤᠢ᠃ ᠬᠤᠰᠢᠭᠤᠨ ᠤ ᠬᠡᠪᠴᠢᠶᠡᠨ ᠳᠤ ᠤᠷᠤᠰᠬᠤ ᠶᠡᠭᠡ ᠪᠠᠭ᠎ᠠ ᠭᠤᠤᠯ ᠮᠦᠷᠡᠨ ᠤ ᠲᠤᠭ᠎ᠠ 100 | ᠭᠠᠷᠦᠢ ᠵᠤᠷᠪᠤᠰ ᠲᠤᠯᠵᠤ᠂ ᠤᠰᠤᠨ ᠤ ᠡᠬᠢ ᠪᠠᠶᠠᠯᠢᠭ ᠤᠨ ᠶᠡᠷᠦᠩᠬᠢ ᠬᠠᠳᠠᠭᠠᠯᠠᠭᠳᠠᠴᠠ 12.56 ᠳ᠋ᠦ᠋ᠩᠰᠢᠭᠤᠷ | ᠺᠦᠪ ᠮᠧᠲᠷ ᠲᠤᠯᠵᠤ᠂ ᠭᠠᠵᠠᠷ ᠳᠤᠤᠷᠠᠬᠢ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ 3.78 ᠳ᠋ᠦ᠋ᠩᠰᠢᠭᠤᠷ | ᠺᠦᠪ ᠮᠧᠲᠷ ᠲᠤᠯᠵᠤ᠂ ᠭᠠᠵᠠᠷ ᠳᠡᠭᠡᠷᠡᠬᠢ ᠤᠰᠤᠨ ᠤ ᠳᠤᠮᠳᠠᠴᠢ ᠪᠦᠬᠦ ᠬᠡᠮᠵᠢᠶ᠎ᠡ 8.79 ᠳ᠋ᠦ᠋ᠩᠰᠢᠭᠤᠷ ᠺᠦᠪ | ᠮᠧᠲᠷ ᠲᠤᠯᠵᠤ᠂ ᠪᠦᠬᠦ ᠠᠶᠢᠮᠠᠭ ᠤᠨ ᠶᠡᠷᠤᠩᠭᠢ ᠬᠠᠳᠠᠭᠠᠯᠠᠭᠳᠠᠴᠠ ᠶᠢᠨ ᠬᠡᠮᠵᠢᠶᠡᠨ ᠤ ᠲᠦᠷᠪᠡᠨ ᠤ ᠨᠢᠭᠡ ᠶᠢ | ᠡᠵᠡᠯᠡᠨ᠎ᠡ᠃ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ ᠪᠠᠷ ᠢᠶᠠᠨ ᠪᠦᠬᠦ ᠠᠶᠢᠮᠠᠭ ᠤᠨ ᠲᠡᠷᠢᠬᠦᠨ ᠳᠤ | ᠵᠢᠠᠠᠰᠠᠭᠠᠭᠳᠠᠨᠠ᠃ ᠪᠦᠬᠦ ᠬᠤᠰᠢᠭᠤᠨ ᠤ ᠲᠤᠮᠤ ᠬᠡᠯᠪᠡᠷᠢ ᠶᠢᠨ ᠠᠭᠤᠷᠬᠠᠢ ᠶᠢᠨ ᠪᠤᠯᠠᠭᠳᠠᠴᠠ 9 ᠭᠠᠵᠠᠷ᠂ ᠳᠤᠮᠳᠠ | ᠬᠡᠯᠪᠡᠷᠢ ᠶᠢᠨ ᠠᠭᠤᠷᠬᠠᠢ ᠶᠢᠨ ᠪᠤᠯᠠᠭᠳᠠᠴᠠ 11 ᠭᠠᠵᠠᠷ᠂ ᠪᠠᠭ᠎ᠠ ᠬᠡᠯᠪᠡᠷᠢ ᠶᠢᠨ ᠠᠭᠤᠷᠬᠠᠢ ᠶᠢᠨ ᠪᠤᠯᠠᠭᠳᠠᠴᠠ 46 | ᠭᠠᠵᠠᠷ ᠪᠠᠶᠢᠵᠤ᠂ ᠠᠭᠤᠷᠬᠠᠢ ᠶᠢᠨ ᠪᠤᠯᠠᠭᠳᠠᠴᠠ ᠶᠢᠨ ᠲᠦᠷᠦᠯ ᠵᠦᠢᠯ ᠨᠢ 20 ᠭᠠᠷᠤᠢ ᠲᠤᠯᠵᠤ ᠪᠠᠶᠢᠨ᠎ᠠ᠃ | ᠪᠦᠬᠦ ᠬᠤᠰᠢᠭᠤᠨ ᠤ ᠶᠡᠷᠦᠩᠭᠡᠢ ᠬᠦᠮᠦᠨ ᠠᠮᠠ ᠶᠢᠨ ᠲᠤᠭ᠎ᠠ 40 ᠲᠦᠮᠡ ᠰᠢᠬᠠᠮ ᠪᠠᠶᠢᠵᠤ᠂ ᠡᠬᠦᠨ ᠤ ᠳᠤᠲᠤᠷ᠎ᠠ | ᠲᠠᠷᠢᠶᠠᠯᠠᠩ ᠤᠨ ᠬᠦᠮᠦᠨ ᠠᠮᠠ 33 ᠲᠦᠮᠡ ᠰᠢᠬᠠᠮ ᠲᠤᠯᠵᠤ᠂ ᠪᠦᠬᠦ ᠬᠤᠰᠢᠭᠤᠨ ᠳᠤ ᠮᠤᠩᠭᠤᠯ ᠂ ᠬᠢᠳᠠᠳ᠂ | ᠮᠠᠨᠵᠤ᠂ ᠰᠤᠯᠤᠩᠭᠤᠰ ᠵᠡᠷᠭᠡ 13 ᠦᠨᠳᠦᠰᠦᠲᠡᠨ ᠬᠠᠮᠲᠤᠪᠡᠷ ᠤᠷᠤᠰᠢᠵᠤ᠂ ᠮᠤᠩᠭᠤᠯ ᠦᠨᠳᠤᠰᠦᠲᠡᠨ ᠢᠶᠠᠷ | ᠭᠤᠤᠯ ᠴᠤᠭᠴᠠ ᠪᠤᠯᠭᠠᠭᠰᠠᠨ᠂ ᠬᠢᠳᠠᠳ ᠦᠨᠳᠦᠰᠦᠲᠡᠨ ᠤᠯᠠᠩᠬᠢ ᠲᠤᠭ᠎ᠠ ᠶᠢ ᠡᠵᠡᠯᠡᠭᠰᠡᠨ ᠴᠦᠭᠡᠨ ᠲᠤᠭᠠᠲᠤ | ᠦᠨᠳᠦᠰᠦᠲᠡᠨ ᠤ ᠬᠢᠯᠢ ᠬᠢᠵᠠᠭᠠᠷ ᠤᠨ ᠬᠤᠰᠢᠭᠤ ᠪᠤᠯᠤᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ | ᠪᠤᠯᠬᠤ ᠮᠦᠷᠲᠡᠭᠡᠨ ᠬᠤᠪᠢᠰᠬᠠᠯᠲᠦ ᠤᠯᠠᠮᠵᠢᠯᠠᠯ ᠲᠠᠢ ᠬᠤᠰᠢᠭᠤ ᠪᠤᠯᠤᠨ᠎ᠠ᠃ ᠪᠦᠬᠦ ᠤᠯᠤᠰ ᠤᠨ ᠬᠠᠮᠤᠭ ᠤᠨ | ᠠᠩᠬᠠᠨ ᠤ ᠴᠦᠭᠡᠨ ᠲᠤᠭᠠᠲᠦ ᠦᠨᠳᠦᠰᠦᠲᠡᠨ ᠤ ᠦᠪᠡᠷᠲᠡᠭᠡᠨ ᠵᠠᠰᠠᠬᠤ ᠤᠷᠤᠨ- ᠦᠪᠦᠷ ᠮᠤᠩᠭᠤᠯ ᠤᠨ | ᠦᠪᠡᠷᠲᠡᠭᠡᠨ ᠵᠠᠰᠠᠬᠤ ᠵᠠᠰᠠᠭ ᠮᠡᠨᠳᠦᠯᠡᠭᠰᠡᠨ ᠭᠠᠵᠠᠷ ᠪᠤᠯᠤᠨ᠎ᠠ᠃ 1931 ᠤᠨ ᠤ 6 ᠰᠠᠷ᠎ᠠ ᠶᠢᠨ 26 ᠤ ᠡᠳᠦᠷ | ᠴᠠᠷᠠᠰᠤᠨ ᠪᠠᠯᠭᠠᠰᠤᠨ ᠳᠤ ᠤᠯᠤᠰ ᠤᠨ ᠳᠤᠲᠤᠭᠠᠲᠤ ᠭᠠᠳᠠᠭᠠᠲᠦ ᠶᠢ ᠳᠤᠩᠰᠤᠯᠭᠠᠭᠰᠠᠨ“ ᠨᠠᠺᠠᠮᠦᠷᠠ ᠶᠢᠨ ᠬᠡᠷᠡᠭ | ᠬᠤᠪᠢᠰᠤᠯ” ᠡᠭᠦᠰᠴᠡᠢ᠃ 1946 ᠤᠨ ᠤ 9 ᠰᠠᠷ᠎ᠠ ᠶᠢᠨ 1 ᠤ ᠡᠳᠦᠷ ᠲᠤᠰ ᠬᠤᠰᠢᠭᠤᠨ ᠤ ᠪᠠᠷᠭᠠᠰᠤᠲᠠᠢ | ᠨᠤᠲᠤᠭ ᠲᠤ ᠬᠢᠩᠭᠠᠨ ᠠᠶᠢᠮᠠᠭ ᠤᠨ ᠬᠠᠮᠤᠭ ᠠᠩᠬᠠᠨ ᠤ ᠬᠦᠲᠡᠭᠡ ᠲᠤᠰᠬᠤᠨ ᠤ ᠨᠠᠮ ᠤᠨ ᠡᠭᠦᠷ ᠪᠤᠯᠬᠤ— | “ᠬᠢᠩᠭᠠᠨ ᠪᠠᠯᠭᠠᠰᠤᠨ ᠤ ᠨᠠᠮ ᠤᠨ ᠡᠭᠦᠷ”ᠪᠠᠶᠢᠭᠤᠯᠤᠭᠳᠠᠪᠠ᠃ | 2003 ᠤᠨ ᠤ 6 ᠰᠠᠷ᠎ᠠ᠂ ᠠᠶᠢᠮᠠᠭ᠂ ᠬᠤᠰᠢᠭᠤ᠂ ᠬᠤᠲᠠ ᠶᠢᠨ ᠵᠠᠰᠠᠭ ᠤᠨ ᠤᠷᠳᠤᠨ ᠤ ᠰᠠᠭᠤᠭ᠎ᠠ | ᠭᠠᠵᠠᠷ ᠲᠦᠪᠯᠡᠷᠡᠭᠰᠡᠨ “ ᠨᠢᠭᠡ ᠭᠠᠵᠠᠷ ᠭᠤᠷᠪᠠᠨ ᠵᠠᠰᠠᠭ” ᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ | ᠪᠦᠷᠢᠯᠲᠦᠯ ᠳᠤ ᠦᠨᠳᠦᠰᠦᠯᠡᠨ᠂ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ ᠵᠦᠪᠰᠢᠶᠡᠷᠡᠯ ᠢᠶᠠᠷ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠳᠤ ᠶᠢᠨ ᠬᠤᠷᠴᠢᠨ | ᠪᠠᠯᠭᠠᠰᠤᠨ ︵ᠤᠤᠯ ᠤᠨ ᠨᠡᠷ᠎ᠡ ᠨᠢ ᠳᠠᠪᠠᠭᠠᠨ ᠭᠤᠤ ᠭᠡᠳᠡᠭ︶ ᠳᠤ ᠰᠢᠯᠵᠢᠨ ᠢᠷᠡᠵᠡᠢ᠃ 2005 ᠤᠨ ᠤ 11 | ᠰᠠᠷ᠎ᠠ ᠶᠢᠨ12 ᠤ ᠡᠳᠦᠷ᠂ ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠤᠯᠭ᠎ᠠ ᠪᠦᠬᠦᠨ ᠢᠶᠠᠷ ᠢᠶᠠᠨ ᠨᠡᠬᠦᠨ | ᠢᠷᠡᠪᠡ᠃ ᠡᠮᠦᠨᠡᠲᠦ ᠬᠤᠰᠢᠭᠤᠨ ᠤ ᠰᠢᠨ᠎ᠡ ᠰᠠᠭᠤᠴᠠ ᠳᠠᠬᠢ ᠬᠤᠲᠠ ᠶᠢᠨ ᠶᠡᠷᠦᠩᠭᠡᠢ ᠲᠦᠯᠦᠪᠵᠢᠭᠦᠯᠦᠯᠭᠡ ᠶᠢᠨ | ᠲᠠᠯᠠᠪᠠᠢ 30 ᠲᠦᠮᠡᠨ ᠲᠡᠭᠰᠢ ᠲᠦᠷᠪᠡᠯᠵᠢᠨ ᠺᠢᠯᠦᠮᠧᠲᠷ ᠲᠤᠯᠵᠤ᠂ ᠠᠭᠤᠯᠠ ᠤᠰᠤ ᠲᠠᠢ ᠴᠡᠴᠡᠷᠯᠢᠭᠵᠢᠭᠦᠯᠦᠭᠰᠡᠨ | ᠬᠤᠲᠠ ᠪᠤᠯᠭᠠᠨ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠨ᠂ ᠰᠤᠶᠤᠯ ᠢᠷᠭᠡᠨᠰᠢᠵᠢᠭᠰᠡᠨ᠂ ᠠᠮᠢ | ᠠᠬᠤᠶᠢᠴᠢᠯᠠᠭᠰᠠᠨ᠂ ᠤᠷᠤᠰᠢᠨ ᠲᠤᠭᠲᠠᠨᠢᠬᠤ ᠳᠤ ᠲᠠᠭᠠᠯᠠᠮᠵᠢᠲᠠᠢ ᠪᠤᠯᠭᠠᠨ ᠪᠦᠲᠦᠭᠡᠨ ᠪᠠᠶᠢᠭᠤᠯᠬᠤ | ᠤᠶᠢᠯᠠᠭᠠᠭᠲᠠᠬᠤᠨ ᠢ ᠢᠯᠡᠷᠡᠭᠦᠯᠦᠨ᠂ ᠰᠢᠨ᠎ᠡ ᠰᠠᠭᠤᠴᠠ ᠪᠠᠨ ᠵᠠᠰᠠᠭ ᠵᠠᠬᠢᠷᠭᠠᠨ ᠂ ᠠᠷᠠᠯᠵᠢᠶ᠎ᠠ ᠬᠤᠳᠠᠯᠳᠤᠭ᠎ᠠ᠂ | ᠠᠵᠤ ᠦᠢᠯᠡᠳᠪᠦᠷᠢ᠂ ᠰᠤᠶᠤᠯ ᠰᠤᠷᠭᠠᠨ ᠬᠦᠮᠦᠵᠢᠯ᠂ ᠤᠷᠤᠨ ᠰᠠᠭᠤᠴᠠ᠂ ᠨᠡᠶᠢᠲᠡ ᠶᠢᠨ ᠬᠡᠷᠡᠭᠯᠡᠭᠡᠨ᠂ ᠵᠤᠭᠠᠴᠠᠯ | ᠴᠡᠩᠭᠡᠯ ᠵᠡᠷᠭᠡ ᠲᠤᠯᠤᠭᠠᠨ ᠶᠡᠭᠡ ᠲᠤᠭᠤᠷᠢᠭ ᠪᠤᠯᠭᠠᠨ ᠬᠤᠪᠢᠶᠠᠠᠵᠢ᠃ 2007 ᠤᠨ ᠤ 11 ᠰᠠᠷ᠎ᠠ ᠳᠤ᠂ | ᠦᠪᠡᠷᠲᠡᠭᠡᠨ ᠵᠠᠰᠠᠬᠤ ᠤᠷᠤᠨ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠬᠤᠪᠢᠰᠬᠠᠯᠲᠦ | ᠬᠠᠭᠤᠴᠢᠨ ᠰᠠᠭᠤᠷᠢᠨ ᠭᠠᠵᠠᠷ ᠢᠶᠠᠷ ᠵᠦᠪᠰᠢᠶᠡᠷᠡᠨ᠂ 2011 ᠤᠨ ᠳᠤ ᠤᠯᠤᠰ ᠤᠨ ᠲᠡᠰ ᠤᠨ ᠶᠠᠳᠠᠭᠤ ᠶᠢ | ᠳᠡᠳᠭᠦᠵᠤ ᠨᠡᠭᠡᠭᠡᠯᠲᠡ ᠬᠢᠬᠦ ᠭᠤᠤᠯᠳᠠᠯᠭᠠᠲᠦ ᠬᠤᠰᠢᠭᠤ ᠪᠤᠯᠤᠨ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠤᠢ ᠶᠢᠨ | ᠬᠡᠰᠡᠭ ᠪᠦᠯᠦᠭ ᠢᠶᠠᠷ ᠲᠦᠪᠯᠡᠷᠡᠭᠰᠡᠨ ᠤᠨᠴᠠ ᠶᠠᠳᠠᠭᠤ ᠬᠦᠴᠢᠷᠲᠡᠯᠲᠡᠢ ᠤᠷᠤᠨ ᠢᠶᠠᠷ ᠨᠡᠶᠢᠲᠡᠯᠡᠭᠳᠡᠨ᠂ 2017 | ᠤᠨ ᠳᠤ ᠤᠯᠤᠰ ᠤᠨ ᠳᠡᠰ ᠤᠨ ᠠᠷᠢᠭᠤᠨ ᠴᠡᠪᠡᠷ ᠬᠤᠰᠢᠭᠤ ᠰᠢᠶᠠᠨ᠂ ᠤᠯᠤᠰ ᠤᠨ ᠳᠡᠰ ᠤᠨ | ᠴᠡᠴᠡᠷᠯᠢᠭᠵᠢᠭᠦᠯᠦᠭᠰᠡᠨ ᠬᠤᠰᠢᠭᠤ ᠰᠢᠶᠠᠨ ᠢᠶᠠᠷ ᠦᠨᠡᠯᠡᠭᠳᠡᠪᠡ᠃ | 2017 ᠤᠨ ᠳᠤ᠂ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ | ᠦᠷᠲᠡᠭ ᠤᠨ ᠬᠡᠮᠵᠢᠶ᠎ᠡ 81 ᠳ᠋ᠦ᠋ᠩᠰᠢᠭᠤᠷ ᠲᠦᠭᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ ᠪᠠᠨ 5.1 | % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠷᠲᠡᠭ ᠤᠨ | ᠪᠡᠶᠡᠯᠡᠭᠦᠯᠦᠭᠰᠡᠨ ᠬᠡᠮᠵᠢᠶ᠎ᠡ 6.7 ᠳ᠋ᠦ᠋ᠩᠰᠢᠭᠤᠷ ᠲᠦᠭᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ ᠪᠠᠨ 7 | % ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠤ | ᠬᠡᠮᠵᠢᠶ᠎ᠡ 30.7 ᠳ᠋ᠦ᠋ᠩᠰᠢᠭᠤᠷ ᠲᠦᠭᠦᠷᠢᠭ ᠲᠤᠯᠵᠤ᠂ ᠠᠳᠠᠯᠢ ᠬᠤᠭᠤᠴᠠᠭᠠᠨ ᠤ ᠬᠢ ᠠᠴᠠ ᠪᠠᠨ 8% ᠪᠠᠷ | ᠨᠡᠮᠡᠭᠳᠡᠪᠡ᠃ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ | ᠡᠵᠡᠮᠳᠡᠵᠤ ᠪᠤᠯᠬᠤ ᠤᠷᠤᠯᠭ᠎ᠠ 24625 ᠳᠦᠭᠦᠷᠢᠭ ᠪᠤᠯᠤᠨ 9230 ᠲᠦᠭᠦᠷᠢᠭ ᠲᠤᠯᠵᠤ᠂ ᠠᠳᠠᠯᠢ | ᠬᠤᠭᠤᠴᠠᠭᠠᠨ ᠤ ᠬᠢ ᠠᠴᠠ ᠪᠠᠨ ᠲᠤᠰ ᠲᠤᠰ 8.5% ᠪᠤᠯᠤᠨ 8.3% ᠪᠠᠷ ᠨᠡᠮᠡᠭᠳᠡᠪᠡ᠃ ᠪᠦᠬᠦ ᠵᠢᠯ ᠳᠤ | ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠭᠰᠡᠨ ᠲᠤᠭ᠎ᠠ 103 ᠬᠦᠷᠴᠤ᠂ ᠡᠬᠦᠨ ᠤ ᠳᠤᠲᠤᠷ᠎ᠠ | ᠳ᠋ᠦ᠋ᠩᠰᠢᠭᠤᠷ ᠲᠦᠭᠦᠷᠢᠭ ᠢ ᠳᠠᠪᠠᠭᠰᠠᠨ ᠭᠤᠤᠯᠳᠠᠯᠭ᠎ᠠ ᠲᠠᠢ ᠲᠦᠷᠦᠯ ᠵᠦᠢᠯ 33 ᠲᠤᠯᠵᠤ᠂ ᠭᠠᠳᠠᠨ᠎ᠠ ᠠᠴᠠ | ᠤᠷᠤᠭᠤᠯᠤᠭᠰᠠᠨ ᠠᠷᠠᠯᠵᠢᠶᠠᠨ ᠤ ᠲᠦᠷᠦᠯ ᠵᠦᠢᠯ ᠤᠨ ᠲᠤᠭ᠎ᠠ 30 ᠲᠤᠯᠵᠤ᠂ ᠨᠢᠭᠡᠨᠲᠡ ᠬᠦᠷᠦᠯᠴᠡᠭᠰᠡᠨ ᠪᠡᠯᠡ | ᠮᠦᠩᠭᠦ ᠶᠢᠨ ᠲᠤᠭ᠎ᠠ 50 ᠳ᠋ᠦ᠋ᠩᠰᠢᠭᠤᠷ ᠲᠦᠭᠦᠷᠢᠭ ᠲᠤᠯᠵᠠᠢ᠃ |