2013—2020 ᠤᠨ ᠤ ᠬᠤᠭᠤᠴᠠᠭᠠᠨ ᠳᠠᠬᠢ ᠤᠢᠢᠵᠢᠭᠤᠯᠵᠤ ᠨᠤᠭᠤᠭᠠᠷᠠᠭᠤᠯᠬᠤ ᠡᠭᠦᠷᠭᠡ ᠶᠢ ᠪᠠᠭᠤᠯᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭᠠᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018/3/29
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠤᠯᠭ᠎ᠠ᠄      ᠠᠶᠢᠮᠠᠭ ᠤᠨ ᠨᠠᠮ ᠤᠨ ᠬᠤᠷᠢᠶ᠎ᠠ ᠠᠴᠠ ᠲᠤᠷᠠᠳᠤᠭᠰᠠᠨ ︽ᠬᠤᠷᠢᠨ ᠲᠠᠪᠤᠨ ᠵᠢᠯ ᠲᠡᠮᠡᠴᠡᠨ᠂ ᠨᠤᠭᠤᠭᠠᠨ‌ᠦᠡᠭᠭᠡᠳᠤ ᠬᠢᠩᠭᠠᠨ ᠢ ᠲᠠᠬᠢᠨ ᠪᠠᠶᠢᠭᠤᠯᠬᠤ︾ ᠠᠤᠭ᠎ᠠ ᠬᠠᠷᠠᠯᠲᠠ ᠶᠢ ᠪᠠᠶᠠᠯᠠᠭᠦᠯᠭᠦ ᠶᠢᠨ ᠲᠦᠯᠦᠭᠡ᠂ ᠲᠠᠷᠤᠢ 2020 ᠤᠨ ᠪᠤᠯᠲᠠᠯ᠎ᠠ ᠤᠢ ᠰᠢᠭᠤᠢ ᠶᠢᠨ ᠲᠠᠯᠠᠪᠠᠢ ᠶᠢ 3260 ᠲᠦᠮᠡᠨ ᠮᠦ ᠳᠤ ᠬᠦᠷᠭᠡᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 36.6% ᠳᠤ ᠬᠦᠷᠭᠡᠬᠦ ᠬᠠᠷᠠᠯᠲᠠ ᠶᠢ ᠪᠡᠶᠡᠯᠡᠬᠦᠯᠬᠦ ᠶᠢᠨ ᠲᠦᠯᠦᠭᠡ᠂ ᠪᠦᠬᠦ ᠠᠶᠢᠮᠠᠭ ᠵᠢᠯ ᠪᠤᠯᠭᠠᠨ 60 ᠲᠦᠮᠡᠨ ᠮᠦ ᠤᠢᠢᠵᠢᠭᠤᠯᠬᠤ ᠬᠡᠷᠡᠭᠲᠠᠢ᠃ ᠤᠳᠤ ᠡᠯ᠎ᠡ ᠭᠠᠵᠠᠷ ᠤᠨ ᠤᠨ ᠤ ᠬᠤᠭᠤᠴᠠᠭᠠᠨ ᠤ ᠤᠢᠢᠵᠢᠭᠤᠯᠬᠤ ᠡᠷᠭᠦᠭᠡ ᠶᠢᠨ ᠳᠠᠭᠠᠭᠠᠯᠭᠠᠵᠤ ᠦᠭᠭᠦᠶ᠎ᠡ᠂ ᠬᠢᠨᠠᠮᠠᠭᠠᠢ ᠲᠤᠤᠱᠯᠠᠭᠤᠯᠬᠤ ᠶᠢᠨ ᠬᠠᠮᠲᠤ ᠲᠤᠤᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠄   ᠨᠢᠭᠡ᠂ ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠲᠠᠭᠠᠭᠠᠯᠭᠠᠭᠰᠠᠨ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠲᠠᠷᠢᠶᠠᠯᠠᠬᠤ ᠪᠠᠨ ᠵᠤᠭᠰᠤᠵᠤ ᠤᠢᠢᠵᠢᠭᠤᠯᠬᠤ ᠢᠨᠵᠧᠨᠧᠷᠢᠩ ᠵᠢᠴᠢ ᠤᠢᠢᠵᠢᠭᠤᠯᠬᠤ ᠨᠦᠬᠦᠪᠦᠷᠢ  ᠶᠢᠨ ᠲᠤᠷᠰᠢᠯᠲᠠ ᠶᠢᠨ ᠴᠡᠭ ᠪᠠ ᠨᠢᠯᠬ᠎ᠠ ᠮᠤᠳᠤ ᠪᠤᠶᠢᠵᠢᠭᠤᠯᠬᠤ ᠲᠦᠷᠦᠯ ᠵᠦᠢᠯ ᠤᠨ ᠡᠭᠦᠷᠭᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠲᠠᠯᠠᠪᠠᠢ ᠶᠢ ᠨᠡᠮᠡᠭᠳᠡᠭᠦᠯᠵᠦ᠂ ᠤᠢ ᠰᠢᠭᠤᠢ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠡ᠃   ᠬᠤᠶᠠᠷ᠂ ᠨᠠᠶᠢᠲᠠ ᠶᠢᠨ ᠦᠮᠴᠢᠯᠡᠯ ᠤᠨ ᠪᠤᠰᠤ ᠤᠢ ᠰᠢᠭᠤᠢ ᠶᠢᠨ ᠬᠦᠭᠵᠢᠯᠲᠡ ᠶᠢ ᠲᠦᠷᠭᠡᠳᠭᠡᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠶᠢ ᠢᠳᠠᠪᠬᠢᠲᠠᠢ ᠪᠠᠷ ᠵᠤᠷᠢᠠᠠᠵᠢᠭᠤᠯᠤᠨ᠂ ᠪᠦᠬᠦ ᠠᠶᠢᠮᠠᠭ ᠤᠨ ᠤᠢᠢᠵᠢᠭᠤᠯᠵᠤ ᠨᠤᠭᠤᠭᠠᠷᠠᠭᠤᠯᠬᠤ ᠠᠵᠢᠯ ᠤᠨ ᠠᠬᠢᠴᠠ ᠶᠢ ᠲᠦᠷᠭᠡᠳᠭᠡᠨ᠎ᠡ᠃   ᠭᠤᠷᠪᠠ᠂ ᠤᠳᠤ ᠪᠠᠷ ᠪᠠᠶᠢᠭ᠎ᠠ ᠴᠢᠨᠠᠷ ᠮᠠᠭᠤ᠂ ᠠᠰᠢᠭ ᠲᠤᠤᠷ᠎ᠠ ᠤᠢ ᠰᠢᠭᠤᠢ ᠵᠢᠴᠢ ᠦᠲᠡᠯᠦᠭᠰᠡᠨ ᠤᠢ ᠮᠤᠳᠤ  ᠶᠢ ᠵᠠᠰᠠᠬᠤ ᠢᠨᠵᠧᠨᠧᠷᠢᠩ ᠢ ᠢᠳᠡᠪᠬᠢᠲᠠᠢ ᠪᠠᠷ ᠴᠢᠷᠮᠡᠶᠢᠨ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠤᠢ ᠮᠤᠳᠤᠨ ᠤ ᠤᠷᠭᠤᠴᠠ ᠶᠢ ᠠᠬᠢᠭᠤᠯᠵᠤ᠂ ᠤᠢ ᠰᠢᠭᠤᠢ ᠶᠢᠨ ᠠᠵᠤ ᠠᠬᠤᠢ ᠶᠢᠨ ᠦᠷ᠎ᠡ ᠠᠰᠢᠭ ᠢ ᠲᠡᠭᠡᠭᠰᠢᠯᠡᠭᠦᠯᠦᠨ᠎ᠡ᠃    ᠲᠦᠷᠪᠡ᠂ ᠤᠢ ᠰᠢᠭᠤᠢ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦᠯ ᠵᠦᠢᠯ ᠢ ᠢᠳᠡᠪᠬᠢᠲᠠᠢ ᠪᠠᠷ ᠴᠢᠷᠮᠠᠶᠢᠨ ᠦᠷᠨᠢᠭᠦᠯᠵᠦ᠂ ᠮᠤᠳᠤᠨ ᠤ ᠡᠪᠡᠳᠴᠢᠨ ᠬᠤᠷᠤᠬᠠᠢ ᠶᠢᠨ ᠬᠤᠬᠢᠷᠠᠯ᠂ ᠤᠢ ᠰᠢᠭᠤᠢ ᠵᠢᠨ‌ᠭᠠᠯ ᠤᠨ ᠠᠶᠤᠯ ᠠᠴᠠ ᠪᠤᠯᠬᠤ ᠠᠵᠤ ᠠᠬᠤᠢ ᠶᠢᠨ ᠬᠤᠬᠢᠷᠠᠯ ᠢ ᠲᠤᠷᠤᠭᠰᠢᠯᠠᠭᠤᠯᠤᠨ᠎ᠠ᠃   ᠲᠠᠪᠤ᠂ ᠪᠤᠬᠢᠷᠲᠤᠯ ᠦᠭᠡᠢ ᠵᠢᠮᠢᠰ ᠤᠨ ᠦᠢᠯᠡᠰ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠦᠷᠨᠢᠭᠦᠯᠵᠦ᠂ ᠤᠯᠤᠰ ᠪᠠ ᠮᠤᠵᠢ ᠶᠢᠨ ᠵᠠᠰᠠᠮᠠᠯ ᠵᠠᠮ ᠤᠨ ᠬᠠᠵᠠᠭᠤ ᠪᠠᠷ ᠵᠢᠮᠢᠰ ᠤᠨ ᠠᠵᠤ ᠠᠬᠤᠢ ᠶᠢᠨ ᠪᠦᠰᠡ ᠶᠢ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠲᠠ ᠬᠢᠵᠦ᠂ ᠲᠤᠯᠤᠭᠠᠢᠢᠯᠠᠭᠴᠢ ᠠᠵᠤ ᠠᠬᠤᠢᠢᠯᠠᠯ ᠢᠶᠠᠷ ᠳᠠᠶᠢᠴᠢᠯᠠᠭᠤᠯᠤᠨ᠂ ᠲᠠᠷᠢᠶᠠᠴᠢᠳ ᠤᠨ ᠤᠢ ᠰᠢᠭᠤᠢ ᠶᠢᠨ ᠠᠵᠤᠦᠢᠯᠡᠰ ᠤᠨ ᠤᠷᠤᠯᠭ᠎ᠠ ᠶᠢ ᠨᠡᠮᠡᠭᠳᠡᠭᠦᠯᠦᠨ᠎ᠡ᠃   ᠵᠢᠷᠭᠤᠭ᠎ᠠ᠂ ︽ᠤᠮᠠᠷᠠᠲᠤ ᠬᠢᠯᠢ ᠶᠢᠨ ᠠᠮᠢ ᠠᠬᠤᠢ ᠶᠢᠨ ᠨᠤᠭᠤᠭᠠᠨ ᠬᠤᠩᠬᠢᠯ︾ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠲᠠ ᠶᠢ ᠪᠠᠲᠤᠯᠠᠵᠤ ᠲᠡᠭᠦᠯᠳᠡᠷᠵᠢᠭᠦᠯᠦᠨ᠂ ᠪᠦᠬᠦ ᠠᠶᠢᠮᠠᠭ ᠤᠨ ᠤᠢᠢᠵᠢᠭᠤᠯᠤᠯᠲᠠ ᠶᠢᠨ ᠦᠨᠳᠦᠰᠦᠨ ᠵᠠᠭᠪᠤᠷ ᠢ ᠭᠠᠷᠭᠠᠨ᠎ᠠ᠃ ᠰᠢᠶᠠᠨ ᠰᠢᠶᠠᠩ ᠤᠨ ᠲᠡᠰ ᠤᠨ ᠵᠠᠰᠠᠮᠠᠯ ᠵᠠᠮ ᠢ ᠨᠤᠭᠤᠭᠠᠷᠠᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠵᠤ᠂ ᠬᠤᠲᠠ ᠬᠦᠳᠡᠭᠡ ᠶᠢ ᠨᠤᠭᠤᠭᠠᠷᠠᠭᠤᠯᠬᠤ ᠵᠠᠭᠪᠤᠷ ᠢ ᠭᠠᠷᠭᠠᠨ᠎ᠠ᠃ ᠬᠤᠲᠠ ᠪᠠᠯᠭᠠᠰᠤ ᠶᠢᠨ ᠤᠷᠤᠵᠤ ᠭᠠᠷᠬᠤ ᠵᠠᠮ ᠤᠨ ᠨᠤᠭᠤᠭᠠᠷᠠᠭᠤᠯᠤᠯᠲᠠ᠂ ᠠᠶᠢᠯ ᠲᠤᠰᠬᠤᠨ ᠤ ᠨᠤᠭᠤᠭᠠᠷᠠᠭᠤᠯᠤᠯᠲᠠ᠂ ᠠᠵᠤ ᠦᠢᠯᠡᠳᠪᠦᠷᠢ ᠶᠢᠨ ᠤᠷᠤᠨ ᠲᠤᠭᠤᠷᠢᠭ ᠤᠨ ᠨᠤᠭᠤᠭᠠᠷᠠᠭᠤᠯᠤᠯᠲᠠ᠂ ᠵᠠᠮ ᠨᠡᠪᠲᠡᠷᠯᠡᠭᠡ ᠵᠢᠨ‌ᠨᠤᠭᠤᠭᠠᠷᠠᠭᠤᠯᠤᠯᠲᠠ᠂ ᠵᠠᠮ ᠤᠨ ᠬᠠᠵᠠᠭᠤ ᠶᠢᠨ ᠨᠤᠭᠤᠭᠠᠷᠠᠭᠤᠯᠤᠯᠲᠠ ᠵᠡᠷᠭᠡ ᠶᠢᠨ ᠠᠵᠢᠯ ᠢ ᠲᠦᠯᠬᠢᠨ ᠠᠬᠢᠭᠤᠯᠵᠤ᠂ ᠪᠦᠬᠦ ᠠᠶᠢᠮᠠᠭ ᠤᠨ ᠤᠢᠢᠵᠢᠭᠤᠯᠵᠤ ᠨᠤᠭᠤᠭᠠᠷᠠᠭᠤᠯᠬᠤ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠨ᠎ᠠ᠃                                           2013 ᠤᠨ ᠤ 3 ᠰᠠᠷ᠎ᠠ ᠶᠢᠨ 25 ᠤ ᠡᠳᠦᠷ ᠬᠢᠩᠭᠠᠨ ᠠᠶᠢᠮᠠᠭ ᠤᠨ ᠵᠠᠬᠢᠷᠭᠠᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠭᠠᠵᠠᠷ ᠠᠴᠠ 2013 ᠤᠨ ᠤ 3 ᠰᠠᠷ᠎ᠠ ᠶᠢᠨ 25 ᠡᠳᠦᠷ ᠲᠠᠷᠤᠮᠠᠯᠯᠠᠨ ᠲᠠᠷᠬᠠᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号