ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠶᠠᠮᠠᠷ ᠨᠠᠰᠤᠲᠠᠶᠢᠴᠤᠳ ᠨᠢ ᠦᠳᠡᠭᠦᠰ ᠤᠨ ᠨᠡᠮᠡᠭᠦᠷᠢ ᠵᠤᠭᠤᠰ ᠭᠤᠶᠤᠴᠢᠯᠠᠨ ᠤᠯᠵᠤ ᠪᠤᠯᠬᠤ ᠪᠤᠢ
ᠨᠡᠶᠢᠲᠡᠯᠡᠭᠰᠡᠨ ᠴᠠᠭ᠄
2018/5/18
︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 80 ᠨᠠᠰᠤᠨ ᠠᠴᠠ ᠳᠡᠭᠡᠭᠰᠢᠬᠢ ᠳᠤᠤᠷ᠎ᠠ ᠤᠷᠤᠯᠭ᠎ᠠ ᠲᠠᠢ ᠨᠠᠰᠤᠲᠠᠶᠢᠴᠤᠤᠳ ᠲᠤ ᠦᠳᠡᠭᠦᠰ ᠤᠨ ᠨᠡᠮᠡᠭᠦᠷᠢ ᠵᠤᠭᠤᠰ ᠤᠯᠭᠤᠬᠤ ᠬᠠᠮᠢᠶᠠᠷᠤᠯᠲᠠ ᠶᠢᠨ ᠠᠷᠭ᠎ᠠ︾ ᠶᠢᠨ ᠲᠤᠭᠲᠠᠭᠠᠯ ᠢ ᠦᠨᠳᠦᠰᠦᠯᠡᠪᠡᠯ᠂ ᠤᠳᠤᠬᠠᠨ ᠳᠤ ᠠᠵᠢᠯ ᠠᠴᠠ ᠪᠠᠨ ᠠᠮᠠᠷᠠᠭᠰᠠᠨ ᠪᠠᠭᠤᠭᠰᠠᠨ ᠴᠠᠯᠢᠩ᠂ ᠨᠡᠶᠢᠭᠡᠮ ᠤᠨ ᠪᠠᠲᠤᠯᠠᠭᠠᠨ ᠤ ᠠᠵᠢᠯ ᠠᠴᠠ ᠪᠠᠨ ᠪᠠᠭᠤᠭᠰᠠᠨ ᠴᠠᠯᠢᠩ ᠪᠤᠯᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠦᠡᠭᠭᠦ ᠠᠪᠴᠤ ᠪᠠᠶᠢᠭ᠎ᠠ ᠦᠳᠡᠭᠦᠰ ᠲᠤ᠂ ᠲᠦᠷ ᠴᠠᠭ ᠦᠳᠡᠭᠦᠰ ᠤᠨ ᠨᠡᠮᠡᠭᠦᠷᠢ ᠵᠤᠭᠤᠰ ᠤᠯᠭᠤᠬᠤ ᠦᠭᠡᠢ᠃ ᠳᠡᠭᠡᠷ᠎ᠡ ᠳᠤᠷᠠᠳᠤᠭᠰᠠᠨ ᠭᠤᠷᠪᠠᠨ ᠵᠦᠢᠯ ᠤᠨ ᠪᠠᠶᠢᠳᠠᠯ ᠠᠴᠠ ᠭᠠᠳᠠᠨᠠᠬᠢ ᠪᠤᠰᠤᠳ ᠦᠳᠡᠭᠦᠰ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠦᠬᠡ ᠠᠮᠠ ᠶᠢᠨ ᠳᠠᠩᠰᠠ ᠲᠠᠢ᠂ ᠪᠦᠬᠦᠯᠢ 80 ᠨᠠᠰᠤ ᠠᠴᠠ ᠳᠡᠭᠡᠭᠰᠢᠬᠢ ︵ᠪᠦᠬᠦᠯᠢ 80 ᠨᠠᠰᠤ ᠪᠠᠭᠳᠠᠨ᠎ᠠ︶ ᠬᠦᠷᠦᠭᠰᠡᠨ ᠯᠡ ᠶᠤᠮ ᠪᠤᠯ ᠴᠦᠮ ᠬᠠᠮᠢᠶᠠᠷᠤᠯᠲᠠ ᠶᠢᠨ ᠠᠷᠭ᠎ᠠ ᠶᠤᠰᠤᠭᠠᠷ ᠦᠳᠡᠭᠦᠰ ᠤᠨ ᠨᠡᠮᠡᠭᠦᠷᠢ ᠵᠤᠭᠤᠰ ᠤᠯᠵᠤ ᠪᠤᠯᠤᠨ᠎ᠠ᠃ ᠤᠶᠢᠯᠠᠭᠠᠭᠰᠠᠨ ᠢᠶᠠᠷ ᠪᠤᠯ᠂ ᠨᠦᠬᠦᠴᠡᠯ ᠳᠤ ᠨᠡᠶᠢᠴᠡᠭᠰᠡᠨ ᠦᠳᠡᠭᠦᠰ ᠨᠠᠰᠤᠨ ᠤ ᠬᠤᠪᠢᠶᠠᠷᠢᠯᠠᠯ ᠢᠶᠠᠷ ᠨᠡᠮᠡᠭᠦᠷᠢ ᠵᠤᠭᠤᠰ ᠠᠪᠴᠤ ᠪᠤᠯᠤᠨ᠎ᠠ᠃ ᠪᠠᠷᠢᠮᠵᠢᠶ᠎ᠠ ᠨᠢ᠄ ᠪᠦᠬᠦᠯᠢ 80 ᠠᠴᠠ 99 ᠨᠠᠰᠤ᠂ ᠬᠦᠮᠦᠨ ᠪᠦᠷᠢ ᠰᠠᠷ᠎ᠠ ᠳᠤ 100 ᠲᠦᠭᠦᠷᠢᠭ︔ ᠪᠦᠬᠦᠯᠢ 100 ᠨᠠᠰᠤ ᠠᠴᠠ ᠳᠡᠭᠡᠭᠰᠢᠬᠢ ︵ᠪᠦᠬᠦᠯᠢ 100 ᠨᠠᠰᠤ ᠪᠠᠭᠲᠠᠨ᠎ᠠ︶ ᠬᠦᠮᠦᠨ ᠪᠦᠷᠢ ᠰᠠᠷ᠎ᠠ ᠳᠤ 300 ᠲᠦᠭᠦᠷᠢᠭ ᠪᠤᠯᠤᠨ᠎ᠠ᠃ ᠦᠳᠡᠭᠦᠰ ᠤᠨ ᠨᠡᠮᠡᠭᠦᠷᠢ ᠵᠤᠭᠤᠰ ᠭᠤᠶᠤᠴᠢᠯᠠᠬᠤ ᠳᠤ ᠬᠤᠪᠢ ᠬᠦᠮᠦᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠠᠩᠰᠠ ᠶᠢᠨ ᠡᠬᠡ ᠳᠡᠪᠲᠡᠷ᠂ ᠬᠤᠪᠢ ᠬᠦᠮᠦᠨ ᠤ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ ᠶᠢᠨ ᠳᠡᠪᠲᠡᠷ ᠤᠨ ᠳᠠᠷᠤᠮᠯᠠᠯ 3 ᠬᠤᠪᠢ᠂ ᠨᠠᠰᠤᠲᠠᠨ ᠤ ᠤᠶᠢᠷ᠎ᠡ ᠶᠢᠨ ᠬᠤᠭᠤᠴᠠᠭᠠᠨ ᠤ ᠬᠤᠶᠠᠷ ᠢᠮᠠᠬᠤ ᠮᠠᠯᠠᠭᠠᠢ ᠦᠭᠡᠢ ᠬᠡᠷᠡᠯ ᠵᠢᠷᠤᠭ 3 ᠬᠤᠪᠢ ᠠᠪᠴᠤ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠳᠤ ᠤᠴᠢᠵᠤ ᠭᠤᠶᠤᠴᠢᠯᠠᠨ᠎ᠠ᠃ ᠠᠩᠬᠠᠷᠬᠤ ᠨᠢ᠂ ᠬᠡᠷᠪᠡ ᠨᠠᠰᠤᠲᠠᠨ ᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠨᠢ ᠪᠠᠶᠢᠡᠭᠭᠤ ᠰᠠᠭᠤᠭ᠎ᠠ ᠭᠠᠵᠠᠷ ᠲᠠᠢ ᠨᠢ ᠨᠢᠭᠡᠳᠦᠯ ᠦᠭᠡᠢ ᠪᠤᠯ ᠪᠠᠰᠠ᠂ ᠪᠠᠶᠢᠡᠭᠭᠤ ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠠᠴᠠ ᠤᠯᠭᠤᠭᠰᠠᠨ ᠰᠠᠭᠤᠷᠢᠰᠢᠯ ᠤᠨ ᠬᠡᠷᠡᠴᠢ ᠪᠠ ᠬᠦᠴᠦᠨ ᠪᠦᠬᠦᠢ ᠬᠠᠷᠢᠯᠴᠠᠬᠤ ᠠᠷᠭ᠎ᠠ ᠵᠠᠮ ᠪᠤᠯᠤᠨ ᠬᠠᠷᠢᠯᠴᠠᠬᠤ ᠬᠡᠯᠪᠡᠷᠢ ᠶᠢ ᠲᠤᠰᠢᠶᠠᠨ᠎ᠠ︔ ᠬᠡᠷᠪᠡ ᠪᠡᠶ᠎ᠡ ᠶᠢᠨ ᠦᠨᠡᠮᠯᠡᠯ ᠤᠨ ᠨᠤᠮᠧᠷ ᠪᠤᠶᠤ ᠨᠠᠰᠤᠨ ᠤ ᠮᠡᠳᠡᠭᠡ ᠵᠠᠩᠬᠢ ᠨᠢ ᠮᠠᠳᠠᠭ ᠲᠠᠢ ᠪᠤᠯ᠂ ᠡᠷᠦᠭᠡ ᠠᠮᠠ ᠪᠠᠶᠢᠭ᠎ᠠ ᠭᠠᠵᠠᠷ ᠤᠨ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠤᠯᠭᠤᠭᠰᠠᠨ ᠡᠷᠦᠭᠡ ᠠᠮᠠ ᠶᠢᠨ ᠬᠡᠷᠡᠴᠢ ᠶᠢ ᠲᠤᠰᠢᠶᠠᠨ᠎ᠠ︔ ᠪᠤᠰᠤᠳ ᠲᠤ ᠨᠠᠶᠢᠲᠠᠵᠤ ᠬᠦᠢᠴᠡᠳᠭᠡᠯᠭᠡᠪᠡᠯ᠂ ᠪᠠᠰᠠ ᠭᠤᠶᠤᠴᠢᠯᠠᠭᠴᠢ ᠶᠢᠨ ᠲᠤᠰ ᠬᠦᠮᠦᠨ ᠤ ᠨᠠᠶᠢᠳᠠᠯᠭ᠎ᠠ ᠶᠢᠨ ᠪᠢᠴᠢᠭ ᠪᠤᠯᠤᠨ ᠨᠠᠶᠢᠳᠠᠯᠭ᠎ᠠ ᠬᠦᠯᠢᠶᠡᠭᠰᠡᠨ ᠬᠦᠮᠦᠨ ᠤ ᠪᠡᠶ᠎ᠡ ᠶᠢᠨ ᠦᠨᠡᠮᠯᠡᠯ ᠤᠨ ᠡᠬᠡ ᠳᠡᠪᠲᠡᠷ ᠪᠤᠯᠤᠨ ᠳᠠᠷᠤᠮᠯᠠᠯ 3 ᠬᠤᠪᠢ ᠲᠤᠰᠢᠶᠠᠨ᠎ᠠ᠃ ᠭᠤᠶᠤᠴᠢᠯᠠᠬᠤ ᠳᠡᠰ ᠳᠠᠷᠠᠭᠠᠯᠠᠯ ᠳᠤ᠂ 3 ᠶᠠᠪᠤᠴᠠ ᠶᠢ ᠦᠡᠭᠭᠡᠷᠡᠭᠦᠯᠦᠨ᠎ᠡ᠃ ᠡᠩ ᠲᠡᠷᠢᠭᠦᠨ ᠳᠤ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ ︵ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠭᠤᠶᠤᠴᠢᠯᠠᠯ ᠢ ᠤᠯᠤᠮᠠᠭᠴᠠ ᠪᠠᠨ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ 5 ᠠᠵᠢᠯ ᠤᠨ ᠡᠳᠦᠷ ᠤᠨ ᠳᠤᠲᠤᠷ᠎ᠠ ᠠᠩᠬ᠎ᠠ ᠬᠢᠨᠠᠨ ᠲᠤᠭᠲᠠᠭᠠᠵᠤ᠂ ᠠᠯᠪᠠᠨ ᠲᠠᠮᠠᠭ᠎ᠠ ᠳᠠᠷᠤᠵᠤ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠠᠬᠢᠨ ᠬᠢᠨᠠᠭᠤᠯᠬᠤ ᠪᠠᠷ ᠮᠡᠳᠡᠭᠦᠯᠦᠨ᠎ᠡ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠤᠰ ᠭᠤᠶᠤᠴᠢᠯᠠᠯ ᠤᠨ ᠮᠠᠲ᠋ᠧᠷᠢᠶᠠᠯ ᠢ ᠤᠯᠤᠭᠰᠠᠨ ᠤ ᠳᠠᠷᠠᠭ᠎ᠠ᠂ 5 ᠠᠵᠢᠯ ᠤᠨ ᠡᠳᠦᠷ ᠤᠨ ᠳᠤᠲᠤᠷ᠎ᠠ ᠭᠤᠶᠤᠴᠢᠯᠠᠯ ᠤᠨ ᠮᠠᠲ᠋ᠧᠷᠢᠶᠠᠯ ᠢ ᠬᠢᠨᠠᠬᠤ᠂ ᠪᠦᠷᠢᠳᠭᠡᠬᠦ ᠪᠠ ᠳᠠᠩᠰᠠᠯᠠᠬᠤ ᠶᠢ ᠪᠡᠶᠡᠯᠡᠬᠦᠯᠵᠤ᠂ ᠠᠯᠳᠠᠭ᠎ᠠ ᠲᠠᠰᠢᠶ᠎ᠠ ᠦᠭᠡᠢ ᠪᠤᠯ᠂ ᠰᠠᠨᠠᠯ ᠳᠤᠷᠠᠳᠤᠨ ᠭᠠᠷ ᠤᠨ ᠦᠰᠦᠭ ᠵᠢᠷᠤᠨ ᠲᠠᠮᠠᠭ᠎ᠠ ᠳᠠᠷᠤᠵᠤ᠂ ᠬᠤᠰᠢᠭᠤ ᠰᠢᠶᠠᠨ ᠬᠤᠲᠠ ᠲᠤᠭᠤᠷᠢᠭ ᠤᠨ ᠦᠳᠡᠭᠦᠰ ᠤᠨ ᠠᠵᠢᠯ ᠤᠨ ᠵᠦᠪᠯᠡᠯ ᠤᠨ ᠠᠯᠪᠠᠨ ᠬᠡᠷ ᠢᠶᠠᠷ ᠬᠢᠨᠠᠨ ᠵᠦᠪᠰᠢᠶᠡᠷᠡᠭᠦᠯᠬᠦ ᠪᠠᠷ ᠬᠦᠷᠭᠡᠨ᠎ᠡ︔ ᠬᠤᠰᠢᠭᠤ ᠰᠢᠶᠠᠨ ᠬᠤᠲᠠ ᠲᠤᠭᠤᠷᠢᠭ ᠤᠨ ᠦᠳᠡᠭᠦᠰ ᠤᠨ ᠠᠵᠢᠯ ᠤᠨ ᠵᠦᠪᠯᠡᠯ ᠤᠨ ᠠᠯᠪᠠᠨ ᠭᠡᠷ ᠨᠢ ᠭᠤᠶᠤᠴᠢᠯᠠᠯ ᠤᠨ ᠮᠠᠲ᠋ᠧᠷᠢᠶᠠᠯ ᠢ ᠤᠯᠤᠭᠰᠠᠨ ᠤ ᠳᠠᠷᠠᠭ᠎ᠠ᠂ 5 ᠠᠵᠢᠯ ᠤᠨ ᠡᠳᠦᠷ ᠤᠨ ᠳᠤᠲᠤᠷ᠎ᠠ ᠬᠢᠨᠠᠨ ᠵᠦᠪᠰᠢᠶᠡᠷᠡᠬᠦ ᠶᠢ ᠪᠡᠶᠡᠯᠡᠭᠦᠯᠵᠤ᠂ ᠨᠦᠬᠦᠴᠡᠯ ᠳᠤ ᠨᠡᠶᠢᠴᠡᠬᠦ ᠭᠤᠶᠤᠴᠢᠯᠠᠭᠴᠢ ᠶᠢ ᠨᠢᠭᠡᠳᠤᠯᠲᠠᠢ ᠪᠦᠷᠢᠳᠭᠡᠨ ᠳᠠᠩᠰᠠᠯᠠᠵᠤ᠂ ᠦᠳᠡᠭᠦᠰ ᠤᠨ ᠨᠡᠮᠡᠭᠦᠷᠢ ᠵᠤᠭᠤᠰ ᠤᠯᠭᠤᠬᠤ ᠬᠡᠪᠴᠢᠶᠡᠨ ᠳᠤ ᠤᠷᠤᠭᠤᠯᠤᠨ᠎ᠠ᠃ ᠨᠦᠬᠦᠴᠡᠯ ᠳᠤ ᠨᠡᠶᠢᠴᠡᠬᠦ ᠦᠭᠡᠢ ᠪᠤᠯ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢ ᠲᠠᠶᠢᠯᠪᠤᠷᠢᠯᠠᠵᠤ ᠦᠭᠭᠦᠨ᠎ᠡ᠃ ᠭᠤᠶᠤᠴᠢᠯᠠᠭᠰᠠᠨ ᠤ ᠳᠠᠷᠠᠭ᠎ᠠ᠂ ᠬᠡᠷᠪᠡ ᠨᠦᠬᠦᠴᠡᠯ ᠳᠤ ᠨᠡᠶᠢᠴᠡᠭᠰᠡᠨ ᠪᠤᠯ᠂ ᠬᠤᠰᠢᠭᠤ ᠰᠢᠶᠠᠨ ᠬᠤᠲᠠ ᠲᠤᠭᠤᠷᠢᠭ ᠤᠨ ᠦᠳᠡᠭᠦᠰ ᠤᠨ ᠠᠵᠢᠯ ᠤᠨ ᠵᠦᠪᠯᠡᠯ ᠤᠨ ᠠᠯᠪᠠᠨ ᠬᠡᠷ ᠤᠨ ᠵᠦᠪᠰᠢᠶᠡᠷᠡᠭᠰᠡᠨ ᠰᠠᠷ᠎ᠠ ᠠᠴᠠ ᠡᠬᠢᠯᠡᠵᠤ ᠨᠡᠮᠡᠭᠦᠷᠢ ᠵᠤᠭᠤᠰ ᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号