︽ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠭᠤᠶᠤᠴᠢᠯᠠᠨ ᠠᠪᠬᠤ ᠪᠠ ᠬᠡᠷᠡᠭᠯᠡᠬᠦ ᠲᠤᠭᠲᠠᠭᠠᠯ︾ ︵ | ᠲᠤᠲᠤᠭᠠᠲᠤ ᠶᠢ ᠬᠠᠮᠠᠭᠠᠯᠠᠬᠤ ᠶᠠᠮᠤᠨ ᠤ 123 ᠳ᠋ᠤᠭᠠᠷ ᠲᠤᠭᠠᠲᠤ ᠵᠠᠷᠯᠢᠭ︶ ᠳᠤ ᠵᠢᠯᠤᠭᠤᠴᠢ ᠶᠢᠨ ᠦᠨᠡᠮᠯᠡᠯ | ᠭᠤᠶᠤᠴᠢᠯᠠᠨ ᠠᠪᠬᠤ ᠳᠤ ᠪᠦᠷᠢᠳᠥᠭᠦᠯᠪᠡᠰᠦ ᠵᠤᠬᠢᠬᠤ ᠨᠦᠬᠦᠴᠡᠯ ᠢ ᠪᠤᠳᠠᠲᠠᠢ ᠲᠣᠭᠲᠠᠭᠠᠭᠰᠠᠨ ᠨᠢ ᠳᠤᠤᠷᠠᠬᠢ ᠮᠡᠲᠦ | ᠄ ᠠᠷᠪᠠᠨ ᠨᠢᠭᠡᠳᠦᠭᠡᠷ ᠵᠦᠢᠯ ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠭᠤᠶᠤᠴᠢᠯᠠᠬᠤ ᠳᠤ᠂ ᠳᠣᠣᠷ᠎ᠠ | ᠵᠢᠭᠰᠠᠭᠠᠭᠰᠠᠨ ᠲᠤᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠠᠢ᠄ ︵ᠨᠢᠭᠡ︶ ᠨᠠᠰᠤ ᠵᠢᠯ ᠤᠨ ᠨᠦᠬᠦᠴᠡᠯ᠄ 1. | ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ᠂ | ᠵᠡᠮᠳᠡᠭᠴᠤᠳ ᠤᠨ ᠲᠤᠰᠬᠠᠢ ᠬᠡᠷᠡᠭᠯᠡᠬᠦ ᠠᠦ᠋ᠲ᠋ᠤ᠋ ᠵᠠᠯᠭᠠᠯᠲᠠ ᠲᠠᠢ ᠠᠶᠠᠨᠴᠢᠳ ᠤᠨ ᠮᠠᠰᠢᠨ ᠲᠡᠷᠭᠡ᠂ ᠬᠦᠡᠭᠭᠡᠨ ᠮᠤᠲ᠋ᠤᠷ | ᠲᠡᠷᠭᠡ ᠵᠡᠷᠭᠡ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ 18 ᠨᠠᠰᠤᠨ ᠠᠴᠠ | ᠳᠡᠭᠡᠭᠰᠢ᠂ ᠪᠦᠬᠦᠯᠢ 70 ᠨᠠᠰᠤᠨ ᠠᠴᠠ ᠳᠣᠷᠣᠭᠰᠢ ᠪᠠᠶᠢᠬᠤ︔ 2. ᠪᠠᠷᠠᠭᠠᠨ ᠤ ᠳᠣᠣᠷ᠎ᠠ ᠬᠤᠷᠳᠤᠴᠠᠲᠦ ᠮᠠᠰᠢᠨ | ᠲᠡᠷᠭᠡ᠂ ᠭᠤᠷᠪᠠᠨ ᠬᠦᠷᠳᠦᠲᠦ ᠮᠠᠰᠢᠨ ᠲᠡᠷᠭᠡ᠂ ᠡᠩ ᠤᠨ ᠭᠤᠷᠪᠠᠨ ᠬᠦᠷᠲᠦᠲᠦ ᠮᠤᠲ᠋ᠤᠷ ᠲᠡᠷᠭᠡ᠂ ᠡᠩ ᠤᠨ | ᠬᠤᠶᠠᠷ ᠬᠦᠷᠲᠦᠲᠦ ᠮᠤᠲ᠋ᠤᠷ ᠲᠡᠷᠭᠡ ᠪᠤᠶᠤ ᠠᠶᠠᠨᠳᠠᠭᠠᠨ ᠶᠠᠪᠤᠬᠤ ᠬᠦᠷᠲᠦᠲᠦ ᠮᠧᠬᠠᠸ᠋ᠨᠢᠭ ᠲᠡᠷᠭᠡ ᠶᠢᠨ ᠵᠢᠯᠤᠭᠤᠳᠴᠦ | ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ 18 ᠪᠦᠬᠦᠯᠢ ᠨᠠᠰᠦᠨ ᠠᠴᠠ ᠳᠡᠭᠡᠭᠰᠢ᠂ 60 ᠪᠦᠬᠦᠯᠢ | ᠨᠠᠰᠤᠨ ᠠᠴᠠ ᠳᠣᠷᠣᠭᠰᠢ ᠪᠠᠶᠢᠬᠤ︔ 3. ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠲᠤᠮᠦ ᠬᠡᠯᠪᠡᠷᠢ ᠶᠢᠨ | ᠪᠠᠷᠠᠭᠠᠨ ᠤ ᠲᠡᠷᠭᠡ᠂ ᠵᠢᠮ ᠦᠭᠡᠢ ᠴᠠᠬᠢᠯᠭᠠᠨ ᠲᠡᠷᠭᠡ ᠪᠤᠶᠤ ᠵᠢᠮᠲᠦ ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ 20 ᠨᠠᠰᠤᠨ ᠠᠴᠠ ᠳᠡᠭᠡᠭᠰᠢ᠂ ᠪᠦᠬᠦᠯᠢ 50 ᠨᠠᠰᠦᠨ ᠠᠴᠠ | ᠳᠣᠷᠣᠭᠰᠢ ᠪᠠᠶᠢᠬᠤ︔ 4. ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ | ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ 21 ᠨᠠᠰᠤᠨ ᠠᠴᠠ ᠳᠡᠭᠡᠭᠰᠢ᠂ ᠪᠦᠬᠦᠯᠢ 50 ᠨᠠᠰᠤᠨ ᠠᠴᠠ | ᠳᠣᠷᠣᠭᠰᠢ ᠪᠠᠶᠢᠬᠤ︔ 5. ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ | ᠪᠦᠬᠦᠯᠢ 24 ᠨᠠᠰᠤᠨ ᠠᠴᠠ ᠳᠡᠭᠡᠭᠰᠢ᠂ ᠪᠦᠬᠦᠯᠢ 50 ᠨᠠᠰᠤᠨ ᠠᠴᠠ ᠳᠣᠷᠣᠭᠰᠢ ᠪᠠᠶᠢᠬᠤ︔ 6. ᠠᠶᠠᠨᠴᠢᠳ ᠤᠨ | ᠲᠤᠮᠦ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠤᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠦᠬᠦᠯᠢ | 26 ᠨᠠᠰᠤᠨ ᠠᠴᠠ ᠳᠡᠭᠡᠭᠰᠢ᠂ ᠪᠦᠬᠦᠯᠢ 50 ᠨᠠᠰᠦᠨ ᠠᠴᠠ ᠳᠣᠷᠣᠭᠰᠢ ᠪᠠᠶᠢᠬᠤ᠃ ︵ᠬᠤᠶᠠᠷ︶ ᠪᠡᠶ᠎ᠡ | ᠮᠠᠬᠠᠪᠤᠳ ᠤᠨ ᠨᠦᠬᠦᠴᠡᠯ᠄ 1. ᠪᠡᠶ᠎ᠡ ᠶᠢᠨ ᠦᠨᠳᠦᠷ᠄ ᠠᠶᠠᠨᠴᠢᠳ ᠤᠨ ᠲᠤᠮᠦ ᠬᠡᠯᠪᠡᠷᠢ ᠶᠢᠨ ᠮᠠᠰᠢᠨ ᠲᠡᠷᠭᠡ᠂ | ᠴᠢᠷᠭᠡᠤᠯ ᠲᠡᠷᠬᠡ᠂ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠲᠤᠮᠦ ᠬᠡᠯᠪᠡᠷᠢ ᠶᠢᠨ ᠪᠠᠷᠠᠭᠠᠨ ᠤ ᠲᠡᠷᠭᠡ᠂ | ᠵᠢᠮ ᠦᠭᠡᠢ ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠪᠡᠶ᠎ᠡ ᠶᠢᠨ | ᠦᠨᠳᠦᠷ 155 ᠰᠡᠨᠲ᠋ᠢᠮᠧᠳ᠋ᠷ ᠠᠴᠠ ᠳᠡᠭᠡᠭᠰᠢ ᠪᠠᠶᠢᠬᠤ᠃ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ | ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ | ᠭᠤᠶᠤᠴᠢᠯᠠᠪᠠᠯ᠂ ᠪᠡᠶ᠎ᠡ ᠶᠢᠨ ᠦᠨᠳᠦᠷ 150 ᠰᠡᠨᠲ᠋ᠢᠮᠧᠳ᠋ᠷ ᠠᠴᠠ ᠳᠡᠭᠡᠭᠰᠢ ᠪᠠᠶᠢᠬᠤ︔ 2. ᠬᠠᠷᠠᠭ᠎ᠠ᠄ | ᠠᠶᠠᠨᠴᠢᠳ ᠤᠨ ᠲᠤᠮᠦ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠬᠡ᠂ ᠬᠤᠲᠠ ᠶᠢᠨ ᠣᠯᠠᠨ ᠨᠡᠶᠢᠲᠡ ᠶᠢᠨ | ᠮᠠᠰᠢᠨ ᠲᠡᠷᠭᠡ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂ ᠲᠤᠮᠤ ᠬᠡᠯᠪᠡᠷᠢ ᠶᠢᠨ ᠪᠠᠷᠠᠭᠠᠨ ᠤ ᠲᠡᠷᠭᠡ᠂ | ᠵᠢᠮ ᠦᠭᠡᠢ ᠴᠠᠬᠢᠯᠭᠠᠨ ᠲᠡᠷᠭᠡ ᠪᠤᠶᠤ ᠵᠢᠮᠲᠦ ᠴᠠᠬᠢᠯᠭᠠᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢ ᠭᠤᠶᠤᠴᠢᠯᠠᠪᠠᠯ᠂ ᠬᠤᠶᠠᠷ ᠨᠢᠳᠦᠨ ᠤ ᠰᠢᠯ ᠦᠭᠡᠢ ᠬᠠᠷᠠᠭ᠎ᠠ ᠪᠤᠶᠤ ᠵᠠᠰᠠᠷᠠᠭᠰᠠᠨ ᠬᠠᠷᠠᠭ᠎ᠠ ᠨᠢ | ᠬᠠᠷᠠᠭᠠᠨ ᠤ ᠬᠦᠰᠦᠨᠦᠭᠲᠦ ᠶᠢᠨ 5.0 ᠠᠴᠠ ᠳᠡᠭᠡᠭᠰᠢ ᠳᠤ ᠬᠦᠷᠥᠭᠰᠡᠨ ᠪᠠᠶᠢᠬᠤ᠃ ᠵᠢᠯᠤᠭᠤᠳᠴᠦ ᠪᠣᠯᠬᠤ ᠪᠤᠰᠤᠳ | ᠲᠡᠷᠭᠡᠨ ᠤ ᠬᠡᠯᠪᠡᠷᠢ ᠶᠢ ᠭᠤᠶᠤᠴᠢᠯᠠᠪᠠᠯ᠂ ᠬᠤᠶᠠᠷ ᠨᠢᠳᠦᠨ ᠤ ᠰᠢᠯ ᠦᠭᠡᠢ ᠬᠠᠷᠠᠭ᠎ᠠ ᠪᠤᠶᠤ ᠵᠠᠰᠠᠷᠠᠭᠰᠠᠨ ᠬᠠᠷᠠᠭ᠎ᠠ ᠨᠢ | ᠬᠠᠷᠠᠭᠠᠨ ᠤ ᠬᠦᠰᠦᠨᠦᠭᠲᠦ ᠶᠢᠨ 4.9 ᠠᠴᠠ ᠳᠡᠭᠡᠭᠰᠢ ᠳᠤ ᠬᠦᠷᠥᠭᠰᠡᠨ ᠪᠠᠶᠢᠬᠤ︔ 3. ᠦᠡᠭᠭᠡ ᠢᠯᠭᠠᠬᠤ | ᠴᠢᠳᠠᠪᠤᠷᠢ᠄ ᠤᠯᠠᠭᠠᠨ ᠨᠤᠭᠤᠭᠠᠨ ᠦᠡᠭᠭᠡᠨ ᠤ ᠬᠠᠷᠠᠯᠭᠠᠨ ᠦᠭᠡᠢ ᠪᠠᠶᠢᠬᠤ︔ 4. ᠰᠤᠨᠤᠷ᠄ ᠬᠤᠶᠠᠷ ᠴᠢᠬᠢ ᠨᠢ | ᠲᠤᠰ ᠪᠦᠷᠢ 50 ᠰᠡᠨᠲ᠋ᠢᠮᠧᠳ᠋ᠷ ᠤᠨ ᠵᠠᠢ ᠲᠠᠢ ᠲᠠᠭᠤᠨ ᠠᠴᠠ ᠠᠴᠠ ᠳᠠᠭᠤᠨ ᠤ ᠡᠭᠦᠰᠦᠯ ᠤᠨ ᠴᠢᠭᠯᠡᠯ ᠢ ᠢᠯᠭᠠᠵᠦ | ᠳᠡᠶᠢᠯᠬᠦ᠃ ᠰᠤᠨᠤᠷ ᠤᠨ ᠰᠠᠭᠠᠳ ᠲᠠᠢ ᠪᠣᠯᠪᠠᠴᠦ ᠰᠣᠨᠣᠷ ᠲᠣᠳᠤᠳᠬᠠᠬᠤ ᠲᠦᠬᠦᠭᠡᠷᠥᠮᠵᠢ ᠵᠡᠬᠦᠭᠡᠳ ᠳᠡᠭᠡᠷᠡᠬᠢ | ᠨᠦᠬᠦᠴᠡᠯ ᠳᠤ ᠬᠦᠷᠴᠦ ᠳᠡᠶᠢᠯᠪᠡᠯ᠂ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ | ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠦ ᠲᠡᠷᠭᠡᠨ ᠤ | ᠵᠢᠯᠤᠭᠤᠳᠬᠤ ᠦᠨᠡᠮᠯᠡᠯ ᠢ ᠭᠤᠶᠤᠴᠢᠯᠠᠵᠤ ᠪᠤᠯᠤᠨ᠎ᠠ︔ 5. ᠳᠡᠭᠡᠲᠦ ᠮᠦᠴᠢ᠄ ᠬᠤᠶᠠᠷ ᠭᠠᠷ ᠤᠨ ᠡᠷᠡᠬᠡᠢ | ᠬᠤᠷᠤᠭᠤ ᠨᠢ ᠡᠷᠡᠬᠦᠯ ᠪᠦᠲᠦᠨ᠂ ᠭᠠᠷ ᠪᠦᠷᠢ ᠶᠢᠨ ᠪᠤᠰᠤᠳ ᠬᠤᠷᠤᠭᠤ ᠶᠢᠨ ᠭᠤᠷᠪᠠ ᠨᠢ ᠡᠷᠡᠭᠦᠯ ᠪᠦᠲᠦᠨ ᠪᠠᠶᠢᠬᠤ | ᠂ ᠮᠦᠴᠢ ᠪᠠ ᠬᠤᠷᠤᠭᠤ ᠶᠢᠨ ᠬᠦᠳᠡᠯᠭᠡᠭᠡᠨ ᠬᠢᠬᠦ ᠴᠢᠳᠠᠮᠵᠢ ᠨᠢ ᠡᠷᠡᠭᠦᠯ ᠪᠠᠶᠢᠬᠤ᠃ ᠬᠤᠷᠤᠭᠤᠨ ᠤ ᠦᠵᠦᠭᠦᠷ ᠤᠨ | ᠬᠡᠰᠡᠭ ᠨᠢ ᠵᠡᠮᠳᠡᠭ ᠳᠤᠲᠠᠭᠤ ᠪᠤᠶᠤ ᠪᠠᠷᠠᠭᠤᠨ ᠭᠠᠷ ᠤᠨ ᠡᠷᠡᠬᠡᠢ ᠬᠤᠷᠤᠭᠤ ᠨᠢ ᠳᠤᠲᠠᠭᠤ ᠪᠣᠯᠪᠠᠴᠦ ᠪᠠᠭ᠎ᠠ | ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ᠂ ᠳᠤᠤᠷ᠎ᠠ | ᠬᠤᠷᠳᠤᠴᠠᠲᠦ ᠠᠴᠢᠶᠠᠨ ᠤ ᠲᠡᠷᠭᠡ᠂ ᠭᠤᠷᠪᠠᠨ ᠬᠦᠷᠲᠦᠲᠦ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ | ᠬᠡᠯᠪᠡᠷᠢ ᠶᠢᠨ ᠮᠠᠰᠢᠨᠲᠦ ᠲᠡᠷᠭᠡ ᠵᠢᠯᠤᠭᠤᠳᠬᠤ ᠦᠨᠡᠮᠯᠡᠯ ᠭᠤᠶᠤᠴᠢᠯᠠᠵᠤ ᠪᠤᠯᠤᠨ᠎ᠠ︔ 6. ᠳᠤᠤᠷᠠᠳᠤ ᠮᠦᠴᠢ᠄ | ᠳᠤᠤᠷᠠᠲᠤ ᠬᠤᠶᠠᠷ ᠮᠦᠴᠢ ᠨᠢ ᠡᠷᠡᠬᠦᠯ ᠪᠦᠲᠦᠨ ᠮᠦᠷᠲᠡᠭᠡᠨ ᠬᠦᠳᠡᠯᠭᠡᠭᠡᠨ ᠬᠢᠬᠦ ᠴᠢᠳᠠᠮᠵᠢ ᠨᠢ ᠡᠷᠡᠬᠦᠯ᠂ | ᠤᠷᠲᠤ ᠶᠢᠨ ᠵᠦᠷᠢᠶ᠎ᠡ ᠨᠢ 5 ᠰᠡᠨᠲ᠋ᠢᠮᠧᠳ᠋ᠷ ᠠᠴᠠ ᠶᠡᠭᠡ ᠪᠠᠶᠢᠵᠤ ᠪᠤᠯᠬᠤ ᠦᠭᠡᠢ᠃ ᠵᠡᠬᠦᠨ ᠲᠠᠯ᠎ᠠ ᠶᠢᠨ ᠳᠤᠤᠷᠠᠳᠤ | ᠮᠦᠴᠢ ᠨᠢ ᠳᠤᠲᠠᠭᠤ ᠪᠤᠶᠤ ᠬᠦᠳᠡᠯᠭᠡᠭᠡᠨ ᠬᠢᠬᠦ ᠴᠢᠳᠠᠮᠵᠢ ᠪᠠᠨ ᠠᠯᠳᠠᠭᠰᠠᠨ ᠪᠣᠯᠪᠠᠴᠦ ᠠᠦ᠋ᠲ᠋ᠤ᠋ ᠵᠠᠯᠭᠠᠯᠲᠠ ᠲᠠᠢ | ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠦ ᠲᠡᠷᠭᠡ | ᠵᠢᠯᠤᠭᠤᠳᠬᠤ ᠦᠨᠡᠮᠯᠡᠯ ᠭᠤᠶᠤᠴᠢᠯᠠᠵᠤ ᠪᠤᠯᠤᠨ᠎ᠠ᠃ ᠪᠠᠷᠠᠭᠤᠨ ᠲᠠᠯ᠎ᠠ ᠶᠢᠨ ᠳᠤᠤᠷᠠᠲᠤ ᠮᠦᠴᠢ᠂ ᠳᠤᠤᠷᠠᠲᠤ ᠬᠤᠶᠠᠷ | ᠮᠦᠴᠢ ᠨᠢ ᠳᠤᠲᠠᠭᠤ ᠪᠤᠶᠤ ᠬᠦᠳᠡᠯᠭᠡᠭᠡᠨ ᠬᠢᠬᠦ ᠴᠢᠳᠠᠮᠵᠢ ᠪᠠᠨ ᠠᠯᠳᠠᠭᠰᠠᠨ ᠪᠤᠯᠪᠠᠴᠤ ᠦᠪᠡᠰᠤᠪᠡᠨ ᠪᠤᠰᠴᠤ | ᠰᠠᠭᠤᠵᠤ ᠳᠡᠶᠢᠯᠪᠡᠯ᠂ ᠵᠡᠮᠳᠡᠭᠴᠦᠳ ᠤᠨ ᠲᠤᠰᠬᠠᠢ ᠬᠡᠷᠡᠭᠯᠡᠬᠦ ᠠᠦ᠋ᠲ᠋ᠤ᠋ ᠵᠠᠯᠭᠠᠯᠲᠠ ᠲᠠᠢ ᠠᠶᠠᠨᠴᠢᠳ ᠤᠨ ᠪᠠᠭ᠎ᠠ | ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠮᠠᠰᠢᠨᠲᠦ ᠲᠡᠷᠭᠡ ᠵᠢᠯᠤᠭᠤᠳᠬᠤ | ᠦᠨᠡᠮᠯᠡᠯ ᠭᠤᠶᠤᠴᠢᠯᠠᠵᠤ ᠪᠤᠯᠤᠨ᠎ᠠ︔ 7. ᠭᠤᠤᠯ ᠪᠡᠶ᠎ᠡ᠂ ᠬᠦᠵᠦᠬᠦᠦ᠄ ᠬᠦᠳᠡᠯᠭᠡᠭᠡᠨ ᠬᠢᠬᠦ ᠴᠢᠳᠠᠮᠵᠢ ᠶᠢᠨ ᠬᠠᠷᠰᠢ | ᠰᠠᠭᠠᠳ ᠦᠭᠡᠢ ᠪᠠᠶᠢᠬᠤ᠃ | |