ᠤᠢᠢᠷ᠎ᠠ ᠳᠤ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ | ᠪᠠ ᠨᠠᠶᠢᠬᠡᠮ ᠤᠨ ᠪᠠᠲᠤᠯᠠᠪᠤᠷᠢ ᠶᠢᠨ ᠲᠢᠩᠬᠢᠮ ᠠᠴᠠ ᠤᠢᠢᠯᠠᠭᠠᠭᠰᠠᠨ ᠢᠶᠠᠷ᠂ ᠠᠵᠢᠯ ᠠᠯᠲᠠᠭᠰᠠᠳ ᠤᠨ ᠦᠨᠲᠤᠰᠤᠨ | ᠠᠮᠢᠲᠤᠷᠠᠯ ᠢ ᠪᠠᠲᠤᠯᠠᠬᠤ ᠲᠦᠪᠰᠢᠨ ᠢ ᠴᠢᠨᠠᠭᠰᠢᠲᠠ ᠲᠠᠬᠡᠭᠰᠢᠯᠡᠬᠦᠯᠵᠤ᠂ ᠠᠵᠢᠯ ᠠᠯᠲᠠᠭᠰᠠᠳ ᠤᠨ ᠠᠵᠢᠯ ᠠᠯᠲᠠᠭᠰᠠᠨ | ᠬᠤᠭᠤᠴᠠᠭᠠᠨ ᠳᠠᠬᠢ ᠦᠨᠲᠤᠰᠤᠨ ᠠᠮᠢᠲᠤᠷᠠᠯ ᠢ ᠨᠠᠩ ᠰᠠᠶᠢᠲᠤᠷ ᠪᠠᠲᠤᠯᠠᠬᠤ ᠶᠢᠨ ᠲᠦᠯᠤᠬᠡ᠂ ︽ᠬᠦᠮᠤᠨ ᠤ | ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠪᠤᠷᠢ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠠᠵᠢᠯ | ᠠᠯᠲᠠᠬᠰᠠᠨ ᠲᠠᠭᠠᠳᠬᠠᠯ ᠤᠨ ᠮᠦᠡᠭᠬᠦ ᠶᠢᠨ ᠪᠠᠷᠢᠮᠵᠢᠶ᠎ᠠ ᠳᠤ ᠲᠤᠬᠢᠷᠠᠭᠤᠯᠤᠯᠲᠠ ᠬᠢᠬᠦ ᠲᠤᠬᠠᠢ ᠵᠢᠯᠤᠭᠤᠳᠬᠤ ᠰᠠᠨᠠᠯ︾ | ᠢ ᠦᠨᠲᠤᠰᠤᠯᠠᠨ᠂ ᠦᠪᠠᠷᠲᠠᠬᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠲᠠ ᠶᠢᠨ ᠲᠦᠪᠰᠢᠨ ᠤ ᠪᠤᠲᠠᠲᠤ | ᠪᠠᠶᠢᠲᠠᠯ ᠵᠢᠴᠢ ︽ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠠᠵᠢᠯ ᠠᠯᠲᠠᠭᠰᠠᠨ ᠲᠠᠭᠠᠳᠬᠠᠯ ᠤᠨ | ᠬᠡᠷᠡᠭᠵᠢᠬᠦᠯᠬᠦ ᠠᠷᠭ᠎ᠠ︾ ᠲᠠᠢ ᠤᠶᠠᠯᠲᠤᠭᠤᠯᠤᠨ᠂ ᠦᠪᠠᠷᠲᠠᠬᠡᠨ ᠵᠠᠰᠠᠬᠤ ᠤᠷᠤᠨ ᠠᠴᠠ ᠠᠵᠢᠯ ᠠᠯᠲᠠᠭᠰᠠᠨ | ᠲᠠᠭᠠᠳᠬᠠᠯ ᠤᠨ ᠮᠦᠡᠭᠬᠦ ᠶᠢ ᠲᠠᠷᠬᠠᠭᠠᠬᠤ ᠪᠠᠷᠢᠮᠵᠢᠶ᠎ᠠ ᠶᠢ ᠪᠦᠬᠦᠨ ᠢ 10% ᠲᠠᠬᠡᠭᠰᠢᠯᠡᠬᠦᠯᠬᠦ ᠪᠠᠷ ᠪᠠᠶᠢᠨ᠎ᠠ᠃ | ᠤᠢᠢᠯᠠᠭᠠᠭᠰᠠᠨ ᠢᠶᠠᠷ᠂ ᠠᠵᠢᠯ ᠠᠯᠳᠠᠭᠰᠠᠨ ᠤ ᠲᠠᠷᠠᠭᠠᠬᠢ 1 — 12 ᠳ᠋ᠤᠭᠠᠷ ᠰᠠᠷ᠎ᠠ ᠶᠢᠨ ᠠᠵᠢᠯ ᠠᠯᠲᠠᠬᠰᠠᠨ | ᠲᠠᠭᠠᠳᠬᠠᠯ ᠤᠨ ᠮᠦᠡᠭᠬᠦ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ ᠨᠠᠭᠠᠳᠣ ᠵᠠᠬ᠎ᠠ ᠶᠢᠨ ᠴᠠᠯᠢᠩ ᠤᠨ | ᠪᠠᠷᠢᠮᠵᠢᠶ᠎ᠠ ᠶᠢᠨ 90% ᠢᠶᠠᠷ ᠤᠯᠭᠤᠨ᠎ᠠ︔ 13 — 24 ᠳ᠋ᠤᠬᠡᠷ ᠰᠠᠷ᠎ᠠ ᠶᠢᠨ ᠠᠵᠢᠯ ᠠᠯᠲᠠᠭᠰᠠᠨ | ᠲᠠᠭᠠᠳᠬᠠᠯ ᠤᠨ ᠮᠦᠩᠭᠦ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ ᠨᠠᠭᠠᠳᠣ ᠵᠠᠬ᠎ᠠ ᠶᠢᠨ ᠴᠠᠯᠢᠩ ᠤᠨ | ᠪᠠᠷᠢᠮᠵᠢᠶ᠎ᠠ ᠶᠢᠨ 80% ᠢᠶᠠᠷ ᠤᠯᠭᠤᠨ᠎ᠠ᠃ ᠮᠠᠯᠴᠢᠨ ᠲᠠᠷᠢᠶᠠᠴᠢᠨ ᠬᠡᠷ᠎ᠠ ᠶᠢᠨ ᠲᠦᠷᠢᠮᠲᠤ ᠠᠵᠢᠯᠴᠢᠨ ᠤ ᠨᠢᠬᠡ | ᠤᠲᠠᠭ᠎ᠠ ᠶᠢᠨ ᠴᠢᠨᠠᠷᠲᠠᠢ ᠠᠮᠢᠲᠤᠷᠠᠯ ᠤᠨ ᠨᠦᠬᠦᠪᠤᠷᠢ ᠶᠢ ᠨᠢᠬᠡᠲᠤᠯᠲᠠᠢ ᠲᠦᠯᠦᠪᠵᠢᠬᠦᠯᠬᠦ ᠭᠠᠵᠠᠷ ᠤᠷᠤᠨ ᠤ | ᠲᠤᠬᠢᠷᠠᠭᠤᠯᠤᠯᠲᠠ ᠬᠢᠭᠰᠡᠨ ᠤ ᠲᠠᠷᠠᠭᠠᠬᠢ ᠠᠵᠢᠯ ᠠᠯᠲᠠᠭᠰᠠᠨ ᠲᠠᠭᠠᠳᠬᠠᠯ ᠤᠨ ᠮᠦᠡᠭᠬᠦ ᠶᠢᠨ ᠪᠠᠷᠢᠮᠵᠢᠶ᠎ᠠ ᠪᠠᠷ | ᠬᠡᠷᠡᠭᠵᠢᠬᠦᠯᠤᠨ᠎ᠠ᠂ ᠲᠤᠬᠢᠷᠠᠭᠤᠯᠤᠯᠲᠠ ᠬᠢᠭᠰᠡᠨ ᠤ ᠲᠠᠷᠠᠭᠠᠬᠢ ᠠᠵᠢᠯ ᠠᠯᠲᠠᠭᠰᠠᠨ ᠲᠠᠭᠠᠳᠬᠠᠯ ᠤᠨ ᠮᠦᠡᠭᠬᠦ ᠶᠢ | ᠳᠠᠷᠬᠠᠭᠠᠬᠤ ᠪᠠᠷᠢᠮᠵᠢᠶ᠎ᠠ ᠶᠢ 6 ᠰᠠᠷ᠎ᠠ ᠶᠢᠨ 1 ᠤ ᠡᠲᠤᠷ ᠠᠴᠠ ᠡᠬᠢᠯᠠᠨ ᠬᠡᠷᠡᠭᠵᠢᠬᠦᠯᠤᠨ᠎ᠠ᠃ ︵ᠰᠤᠷᠪᠤᠯᠵᠢᠯᠠᠭᠴᠢ | ᠪᠤᠤ ᠢᠤᠢ ᠶᠢᠩ︶ | |