ᠰᠤᠷᠪᠤᠯᠵᠢᠯᠠᠭᠴᠢ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠶᠠᠮᠤᠨ ᠠᠴᠠ ᠤᠶᠢᠯᠠᠭᠠᠭᠰᠠᠨ ᠢᠶᠠᠷ᠂ | 2017 ᠤᠨ ᠳᠤ ᠮᠠᠨ ᠤ ᠤᠯᠤᠰ ᠤᠨ ᠡᠯ᠎ᠡ ᠲᠦᠷᠦᠯ ᠤᠨ ᠭᠠᠲᠠᠭᠠᠲᠤ ᠳᠤ ᠰᠤᠷᠤᠯᠴᠠᠭᠰᠠᠳ 60.84 ᠲᠦᠮᠡ ᠳᠤ | ᠬᠦᠷᠴᠦ᠂ ᠡᠬᠡ ᠤᠯᠤᠰ ᠲᠠᠭᠠᠨ ᠪᠤᠴᠠᠨ ᠢᠷᠡᠭᠰᠡᠳ 48.09 ᠲᠦᠮᠡ ᠳᠤ ᠬᠦᠷᠦᠨ ᠲᠡᠦᠬᠡ ᠶᠢᠨ ᠲᠡᠮᠲᠡᠭᠯᠡᠯ ᠢ | ᠡᠭᠦᠳᠪᠡ᠃ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ ᠶᠠᠮᠤᠨ ᠤ ᠬᠠᠮᠢᠶᠠᠲᠠᠢ ᠬᠠᠷᠢᠭᠤᠴᠠᠯᠭᠠᠲᠠᠨ ᠤ | ᠢᠯᠡᠷᠬᠡᠶᠢᠯᠡᠭᠰᠡᠨ ᠢᠶᠠᠷ᠂ ᠡᠬᠡ ᠤᠯᠤᠰ ᠲᠠᠭᠠᠨ ᠪᠤᠴᠠᠭᠰᠠᠳ ᠤᠨ ᠠᠲᠠᠯ ᠦᠢᠯᠡᠰ ᠪᠤᠰᠬᠠᠬᠤ ᠤᠷᠴᠢᠨ ᠢ ᠲᠠᠰᠤᠷᠠᠯᠲᠠ | ᠦᠭᠡᠢ ᠰᠢᠯᠢᠲᠡᠭᠵᠢᠬᠦᠯᠵᠦ᠂ ᠲᠠᠪᠴᠠᠩ ᠤᠨ ᠪᠠᠶᠢᠭᠤᠯᠤᠯᠲᠠ᠂ ᠬᠦᠲᠡᠯᠭᠡᠭᠡᠨ ᠦᠷᠨᠢᠬᠦᠯᠬᠦ᠂ ᠲᠡᠮᠵᠢᠯᠭᠡ ᠦᠭᠬᠦ ᠵᠡᠷᠭᠡ | ᠠᠷᠭ᠎ᠠ ᠪᠠᠷ ᠲᠦᠬᠦᠮ ᠦᠢᠯᠡᠴᠢᠯᠡᠭᠡ ᠬᠠᠩᠭᠠᠵᠤ ᠪᠠᠶᠢᠨ᠎ᠠ ᠭᠡᠵᠡᠢ᠃ 2017 ᠤᠨ ᠤ ᠡᠴᠦᠰ ᠪᠤᠯᠲᠠᠯ᠎ᠠ ᠤᠯᠤᠰ | ᠲᠠᠶᠠᠭᠠᠷ ᠲᠤ ᠤᠯᠤᠰ ᠲᠠᠭᠠᠨ ᠪᠤᠴᠠᠭᠰᠠᠳ ᠤᠨ ᠠᠲᠠᠯ ᠦᠢᠯᠡᠰ ᠪᠤᠰᠬᠠᠬᠤ ᠬᠦᠷᠢᠶᠡᠯᠡᠩ 351 ᠪᠤᠯᠵᠤ᠂ ᠡᠨᠡ ᠨᠢ | 2016 ᠤᠨ ᠤ ᠬᠢ ᠠᠴᠠ 4 ᠨᠡᠮᠡᠭᠲᠡᠪᠡ᠂ ᠡᠭᠦᠨ ᠳᠤ ᠮᠤᠵᠢ ᠶᠠᠮᠤᠨ ᠬᠠᠮᠲᠤᠷᠠᠨ ᠪᠠᠶᠢᠭᠤᠯᠤᠭᠰᠠᠨ ᠠᠲᠠᠯ ᠦᠢᠯᠡᠰ | ᠪᠤᠰᠬᠠᠬᠤ ᠬᠦᠷᠢᠶᠡᠯᠡᠩ 49 ᠪᠠᠶᠢᠨ᠎ᠠ᠃ ᠬᠦᠷᠢᠶᠡᠯᠡᠩ ᠳᠤ ᠪᠠᠶᠢᠭ᠎ᠠ ᠠᠵᠤ ᠠᠬᠤᠶᠢᠯᠠᠯ 2.3 ᠲᠦᠮᠡ ᠭᠠᠷᠤᠢ | ᠪᠠᠶᠢᠵᠤ᠂ 8.6 ᠲᠦᠮᠡᠨ ᠤᠯᠤᠰ ᠲᠠᠭᠠᠨ ᠪᠤᠴᠠᠭᠰᠠᠳ ᠠᠲᠠᠯ ᠦᠢᠯᠡᠰ ᠪᠤᠰᠬᠠᠪᠠ᠂ ᠡᠨᠡ ᠨᠢ | ᠨᠢᠲᠤᠨᠤᠨ ᠤ ᠬᠢ ᠠᠴᠠ 0.7 ᠲᠦᠮᠡᠨ ᠬᠦᠮᠦᠨ ᠨᠡᠮᠡᠭᠲᠡᠪᠡ᠃ 2017 ᠤᠨ ᠤ ᠮᠡᠷᠭᠡᠵᠢᠯ ᠦᠢᠯᠡᠳᠪᠦᠷᠢ | ᠠᠷᠠᠯᠵᠢᠶ᠎ᠠ ᠶᠢᠨ ᠶᠡᠷᠦᠩᠬᠡᠢ ᠤᠷᠤᠯᠭ᠎ᠠ 3227 ᠳ᠋ᠦᠩᠰᠢᠭᠤᠷ ᠲᠦᠭᠦᠷᠢᠭ ᠲᠤ ᠬᠦᠷᠴᠦ᠂ 2016 | ᠤᠨ ᠤ ᠬᠢ ᠠᠴᠠ 736 ᠳ᠋ᠦᠩᠰᠢᠭᠤᠷ ᠲᠦᠭᠦᠷᠢᠭ ᠢᠶᠠᠷ ᠨᠡᠮᠡᠭᠲᠡᠪᠡ᠃ 2017 ᠤᠨ ᠳᠤ ᠬᠦᠮᠦᠨ ᠤ ᠨᠦᠬᠡᠴᠡ ᠪᠠ | ᠨᠡᠶᠢᠬᠡᠮ ᠤᠨ ᠪᠠᠲᠤᠯᠠᠭᠠᠨ ᠤ ᠶᠠᠮᠤᠨ ᠠᠴᠠ ᠠᠲᠠᠯ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠲᠡᠮᠵᠢᠬᠦ ᠲᠦᠰᠦᠯ ᠢ | ᠬᠡᠷᠡᠭᠵᠢᠬᠦᠯᠵᠦ᠂ 172 ᠲᠦᠰᠦᠯ ᠂ ᠪᠠᠭ ᠪᠤᠶᠤ ᠬᠤᠪᠢ ᠬᠦᠮᠦᠨ ᠢ ᠰᠤᠩᠭᠤᠵᠤ 2847 ᠲᠦᠮᠡᠨ ᠲᠦᠭᠦᠷᠢᠭ ᠤᠨ | ᠲᠡᠮᠵᠢᠯᠭᠡ ᠦᠵᠡᠬᠦᠯᠪᠡ᠃ ᠤᠯᠤᠰ ᠲᠠᠶᠠᠭᠠᠷ ᠤᠨ ᠬᠦᠮᠦᠨ ᠤ ᠨᠦᠬᠡᠴᠡ ᠪᠠ ᠨᠡᠶᠢᠬᠡᠮ ᠤᠨ ᠪᠠᠲᠤᠯᠠᠭᠠᠨ ᠤ | ᠰᠢᠰᠲ᠋ᠧᠮ ᠤᠨ ᠬᠢᠨ ᠭᠠᠲᠠᠭᠠᠲᠤ ᠳᠤ ᠰᠤᠷᠤᠯᠴᠠᠵᠤ ᠤᠯᠤᠰ ᠲᠠᠭᠠᠨ ᠪᠤᠴᠠᠭᠰᠠᠨ ᠡᠯ᠎ᠡ ᠮᠡᠷᠬᠡᠵᠢᠯ ᠤᠨ ᠬᠦᠮᠦᠰ ︵ | ᠮᠠᠨ ᠤ ᠤᠯᠤᠰ ᠲᠤ ᠢᠷᠡᠭᠰᠡᠨ︶ ᠲᠤ ᠲᠠᠪᠬᠤᠷᠲᠠᠭᠰᠠᠨ ᠲᠤᠭ᠎ᠠ ᠪᠠᠷ 4.3 ᠲᠦᠮᠡ ᠤᠲᠠᠭ᠎ᠠ ᠦᠢᠯᠡᠴᠢᠯᠡᠵᠦ᠂ 3.3 | ᠲᠦᠮᠡᠨ ᠲᠦᠰᠦᠯ ᠢ ᠴᠢᠲᠠᠪᠤᠷᠢᠲᠠᠨ᠂ ᠪᠡᠯᠡ ᠮᠦᠩᠬᠦ ᠲᠠᠢ ᠵᠤᠯᠭᠠᠭᠤᠯᠪᠠ᠃ ᠤᠯᠤᠰ ᠤᠨ ︽ᠮᠢᠩᠭᠠᠨ ᠬᠦᠮᠦᠨ ᠤ | ᠲᠦᠯᠦᠪᠯᠡᠭᠡ︾ ᠪᠠᠷ ᠲᠠᠪᠬᠤᠷᠲᠠᠭᠰᠠᠨ ᠲᠤᠭ᠎ᠠ ᠪᠠᠷ 900 ᠭᠠᠷᠤᠢ ᠬᠦᠮᠦᠨ ᠳᠤ ᠸᠢᠰᠠ᠂ ᠤᠷᠤᠰᠢᠨ ᠰᠠᠭᠤᠬᠤ | ᠦᠢᠯᠡᠴᠢᠯᠡᠭᠡ ᠬᠠᠩᠭᠠᠵᠤ᠂ ᠠᠰᠠᠭᠤᠨ ᠯᠠᠪᠯᠠᠬᠤ ᠦᠢᠯᠡᠴᠢᠯᠡᠭᠡ ᠲᠠᠪᠬᠤᠷᠲᠠᠭᠰᠠᠨ ᠲᠤᠭ᠎ᠠ ᠪᠠᠷ 2500 ᠤᠲᠠᠭ᠎ᠠ ᠳᠤ | ᠬᠦᠷᠪᠡ᠃ ᠲᠤᠮᠲᠠᠲᠤ ᠤᠯᠤᠰ ᠤᠨ ᠭᠠᠲᠠᠭᠠᠲᠤ ᠳᠤ ᠰᠤᠷᠤᠯᠴᠠᠵᠤ ᠤᠯᠤᠰ ᠲᠠᠭᠠᠨ ᠪᠤᠴᠠᠭᠰᠠᠳ ᠤᠨ | ᠦᠢᠯᠡᠴᠢᠯᠡᠭᠡᠨ ᠤ ᠬᠤᠯᠪᠤᠭ᠎ᠠ ᠶᠢᠨ ᠭᠡᠰᠢᠬᠦᠨ ᠨᠢᠭᠡᠴᠡ 117 ᠪᠤᠯᠪᠠ᠃ |