ᠮᠠᠨ ᠤ ᠤᠷᠤᠨ 5 ᠲᠦᠷᠦᠯ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠢ ᠲᠦᠷᠭᠡᠳᠬᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2018/5/28
      ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠤᠶᠢᠢᠯᠠᠭᠠᠭᠰᠠᠨ ᠢᠶᠠᠷ᠂ ᠮᠠᠨ ᠤ ᠤᠷᠤᠨ ᠡᠨᠡ ᠵᠢᠯ 5 ᠲᠦᠷᠦᠯ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠲᠠᠯ᠎ᠠ ᠪᠠᠷ᠄ ᠡᠮᠴᠢᠯᠡᠭᠡᠨ ᠤ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠶᠢᠮᠠᠭ ᠬᠤᠲᠠ ᠨᠢᠭᠡᠪᠦᠷᠢ ᠳᠤ ᠠᠳᠠᠭ ᠲᠠᠭᠠᠨ ᠨᠢᠬᠡ ᠬᠤᠪᠢ ᠢᠯᠡᠷᠬᠡᠢ ᠠᠮᠵᠢᠯᠲᠠ ᠪᠦᠳᠦᠮᠵᠢ ᠲᠠᠢ ᠬᠤᠲᠠ ᠶᠢᠨ ᠡᠮᠴᠢᠯᠡᠭᠡᠨ ᠤ ᠪᠦᠯᠦᠭᠯᠡᠯ ᠪᠤᠶᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠤᠭᠴᠠ ᠶᠢ ᠪᠠᠶᠢᠭᠤᠯᠤᠨ᠎ᠠ᠃ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ᠄ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠲᠤᠬᠢᠷᠠᠭᠤᠯᠤᠯᠲᠠ ᠶᠢ ᠶᠡᠬᠡᠪᠡᠷ ᠠᠬᠢᠭᠤᠯᠵᠤ᠂ ᠠᠶᠢᠮᠠᠭ ᠬᠤᠲᠠ ᠪᠦᠷᠢ ᠳᠤ ᠠᠳᠠᠭ ᠲᠠᠭᠠᠨ 20% ᠤᠨ ᠬᠤᠶᠠᠳᠤᠭᠠᠷ ᠳᠡᠰ ᠠᠴᠠ ᠳᠡᠭᠡᠭᠰᠢ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ 10% ᠤᠨ ᠨᠡᠶᠢᠭᠡᠮ ᠠᠴᠠ ᠡᠷᠬᠢᠯᠡᠭᠰᠡᠨ ᠠᠰᠢᠭ ᠬᠤᠨᠵᠢᠪᠤᠷᠢ ᠶᠢᠨ ᠪᠤᠰᠤ ᠡᠮᠨᠡᠯᠭᠡ ᠶᠢᠨ ᠬᠤᠷᠢᠶ᠎ᠠ ᠨᠡᠭᠡᠭᠡᠬᠦ ᠲᠤᠷᠰᠢᠯᠲᠠ ᠶᠢᠨ ᠴᠢᠬ ᠲᠠᠢ ᠪᠤᠯᠭᠠᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠲᠠᠯ᠎ᠠ ᠪᠠᠷ᠄ ᠲᠤᠰᠢᠶᠠᠬᠤ ᠬᠡᠯᠪᠡᠷᠢ ᠶᠢᠨ ᠦᠭᠡᠷᠡᠴᠢᠯᠡᠯᠲᠡ ᠶᠢ ᠶᠡᠬᠡᠪᠡᠷ ᠠᠬᠢᠭᠤᠯᠤᠨ᠎ᠠ᠃ ᠪᠦᠬᠦ ᠤᠷᠤᠨ ᠤ ᠪᠦᠬᠦ᠋ᠢᠯᠡ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠪᠦᠷ ᠡᠪᠡᠳᠴᠢᠨ ᠤ ᠲᠦᠷᠦᠯ ᠢᠶᠠᠷ ᠰᠦᠢᠳᠬᠡᠯ ᠬᠤᠷᠢᠶᠠᠬᠤ ᠦᠭᠡᠷᠡᠴᠢᠯᠡᠯᠲᠡ ᠶᠢ ᠶᠠᠪᠤᠭᠤᠯᠵᠤ᠂ ᠡᠪᠡᠳᠴᠢᠨ ᠤ ᠲᠦᠷᠦᠯ ᠤᠨ ᠲᠤᠭ᠎ᠠ ᠶᠢ 150 ᠠᠴᠠ ᠳᠡᠬᠡᠭᠰᠢ ᠪᠠᠶᠢᠯᠭᠠᠨ᠎ᠠ᠃ ᠮᠡᠳᠡᠷᠡᠯ ᠤᠨ ᠡᠪᠡᠳᠴᠢᠨ᠂ ᠨᠠᠰᠤᠲᠠᠶᠢᠴᠤᠳ ᠤᠨ ᠠᠷᠬᠠᠭ ᠡᠪᠡᠳᠴᠢᠨ᠂ ᠭᠡᠷ ᠪᠦᠯᠢ ᠶᠢᠨ ᠡᠪᠡᠳᠴᠢᠨ ᠤ ᠤᠷᠤ ᠵᠡᠷᠭᠡ ᠶᠢ ᠡᠳᠦᠷ ᠲᠤ ᠡᠪᠡᠳᠴᠢᠨ ᠤ ᠤᠷᠤ ᠪᠠᠷ ᠰᠦᠢᠳᠬᠡᠯ ᠬᠤᠷᠢᠶᠠᠬᠤ ᠶᠢ ᠢᠳᠡᠪᠬᠢᠲᠡᠢ ᠠᠬᠢᠭᠤᠯᠤᠨ᠎ᠠ᠃ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠳᠦᠷᠢᠮ ᠤᠨ ᠲᠠᠯ᠎ᠠ ᠪᠠᠷ᠄ ᠠᠶᠢᠮᠠᠭ ᠬᠤᠲᠠ ᠪᠤᠯᠤᠨ ᠡᠮᠴᠢᠯᠡᠭᠡᠨ ᠤ ᠬᠤᠯᠪᠤᠭᠠᠲᠤ ᠴᠤᠭᠴᠠ ᠦᠪᠡᠷ ᠢᠶᠠᠨ ᠬᠤᠳᠠᠯᠳᠤᠨ ᠠᠪᠬᠤ ᠶᠢ ᠠᠬᠢᠭᠤᠯᠵᠤ᠂ ᠡᠮ ᠤᠨ ᠵᠦᠢᠯ ᠤᠨ ᠪᠦᠬᠦ ᠲᠦᠷᠦᠯ ᠵᠦᠢᠯ ᠳᠤ ᠰᠦᠯᠵᠢᠶᠡᠨ ᠳᠡᠭᠡᠷ᠎ᠡ ᠬᠢᠨᠠᠨ ᠰᠢᠯᠭᠠᠵᠤ ᠬᠠᠮᠢᠶᠠᠷᠬᠤ ᠶᠢ ᠠᠬᠢᠭᠤᠯᠵᠤ᠂ ᠬᠦᠷᠦᠯᠴᠡᠬᠦ ᠦᠬᠡᠢ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠪᠤᠷᠢ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ︽ᠬᠤᠶᠠᠷ ᠪᠢᠯᠧᠲ ᠤᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠦᠨᠳᠦᠰᠦᠨ ᠡᠮ ᠤᠨ ᠵᠦᠢᠯᠡᠰ ᠪᠤᠯᠤᠨ ᠡᠮᠨᠡᠯᠭᠡ ᠶᠢᠨ ᠳᠠᠭᠠᠳᠬᠠᠯ ᠤᠨ ᠬᠦᠬᠡ ᠲᠦᠷᠦᠯ ᠤᠨ ᠡᠮ ᠤᠨ ᠵᠦᠢᠯᠡᠰ ᠢ ᠤᠷᠢᠳᠠᠪᠡᠷ ᠳᠤᠬᠢᠷᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ ᠶᠢᠨ ᠳᠦᠷᠢᠮ ᠤᠨ ᠲᠠᠯ᠎ᠠ ᠪᠠᠷ᠄ ᠰᠤᠭᠤᠴᠢᠨ ᠪᠠᠶᠢᠴᠠᠭᠠᠬᠤ ᠬᠡᠪᠴᠢᠶ᠎ᠡ ᠶᠢ ᠪᠦᠬᠦ ᠠᠶᠢᠮᠠᠭ ᠬᠤᠲᠠ ᠶᠢᠨ ᠪᠦᠬᠦ᠋ᠢᠯᠡ ᠡᠮᠴᠢᠯᠡᠭᠡᠨ ᠤ ᠦᠢᠯᠡᠴᠢᠯᠡᠭᠡᠨ ᠤ ᠬᠢᠨᠠᠨ ᠬᠠᠮᠢᠶᠠᠷᠬᠤ ᠵᠦᠢᠯᠡᠰ ᠢ ᠪᠦᠷᠬᠦᠭᠦᠯᠦᠨ᠎ᠡ᠃ ᠤᠶᠢᠢᠯᠠᠭᠠᠭᠰᠠᠨ ᠢᠶᠠᠷ ᠂ ᠦᠩᠭᠡᠷᠡᠭᠰᠡᠨ 5 ᠵᠢᠯ ᠳᠤ᠂ ᠮᠠᠨ ᠤ ᠤᠷᠤᠨ ᠤ ᠡᠮ ᠡᠮᠨᠡᠯᠬᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠴᠢᠬᠤᠯᠠ ᠱᠠᠲᠤᠴᠢ ᠴᠢᠨᠠᠷᠲᠠᠢ ᠠᠮᠵᠢᠯᠳᠠ ᠤᠯᠪᠠ᠄ ᠡᠮ ᠡᠮᠨᠡᠯᠬᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠷᠦ ᠶᠢᠨ ᠪᠤᠳᠤᠯᠭ᠎ᠠ ᠶᠢ ᠤᠷᠢᠳ ᠬᠤᠵᠢᠳ 100 ᠭᠠᠷᠤᠢ ᠨᠡᠶᠢᠳᠡᠯᠡᠵᠦ᠂ 60 ᠭᠠᠷᠤᠢ ᠵᠢᠯ ᠬᠡᠷᠡᠭᠵᠢᠭᠦᠯᠦᠭᠰᠡᠨ ︽ᠡᠮ ᠢᠶᠠᠷ ᠡᠮᠴᠢ ᠶᠢ ᠳᠡᠵᠢᠬᠡᠬᠦ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠦᠭᠡᠶᠢᠰᠬᠡᠵᠦ᠂ 6 ᠲᠦᠷᠦᠯ ᠤᠨ ᠡᠳ᠋ ᠤᠨ ᠵᠠᠰᠠᠭ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠪᠡᠳᠴᠢᠨ ᠤ ᠲᠦᠷᠦᠯ ᠢᠶᠠᠷ ᠰᠦᠢᠳᠬᠡᠯ ᠲᠤᠰᠢᠶᠠᠬᠤ ᠡᠪᠡᠳᠴᠢᠨ ᠤ ᠲᠦᠷᠦᠯ ᠤᠨ ᠲᠤᠭ᠎ᠠ 100 ᠬᠦᠷᠴᠦ᠂ ᠡᠯ᠎ᠡ ᠱᠠᠲᠤᠨ ᠤ ᠠᠯᠪᠠᠨ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠡᠮ ᠢ ᠬᠡᠷᠡᠭᠯᠡᠬᠦ ᠬᠠᠷᠢᠴᠠᠯ ᠵᠢᠯ ᠳᠠᠷᠠᠭᠠᠯᠠᠨ ᠳᠡᠭᠡᠭᠰᠢᠯᠡᠪᠡ᠃ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ 70 ᠡᠮᠴᠢᠯᠡᠭᠡᠨ ᠤ ᠬᠤᠯᠪᠤᠭᠠᠲᠤ ᠴᠤᠭᠴᠠ ᠶᠢ ᠪᠠᠶᠢᠭᠤᠯᠵᠤ᠂ ᠭᠡᠷ ᠪᠦᠯᠢ ᠶᠢᠨ ᠡᠮᠴᠢ ᠶᠢᠨ ᠭᠤᠤᠯᠳᠠᠯᠭᠠᠲᠤ ᠬᠦᠮᠦᠰ ᠤᠨ ᠭᠡᠷ᠎ᠡ ᠲᠤᠭᠲᠠᠭᠰᠠᠨ ᠨᠤᠷᠮ᠎ᠠ 68% ᠲᠤ ᠬᠦᠷᠴᠦ᠂ ᠬᠤᠰᠢᠭᠤ ᠰᠢᠶᠠᠨ ᠤ ᠬᠡᠪᠴᠢᠶᠡᠨ ᠳᠤ ᠡᠮᠨᠡᠭᠦᠯᠦᠭᠰᠡᠨ ᠨᠤᠷᠮ᠎ᠠ 82% ᠲᠤ ᠬᠦᠷᠦᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号