ᠦᠪᠤᠷ ᠮᠤᠩᠭᠤᠯ ᠤᠨ ᠵᠠᠯᠠᠭᠤᠴᠤᠳ ᠪᠠᠭᠠᠴᠤᠳ ᠤᠨ ᠰᠤᠷ ᠬᠠᠷᠪᠤᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠬᠡᠨ ᠠᠮᠵᠢᠯᠲᠠ ᠲᠠᠢ ᠦᠨᠳᠦᠷᠯᠡᠪᠡ
ᠨᠡᠶᠢᠲᠡᠯᠡᠭᠰᠡᠨ ᠴᠠᠭ᠄
2018/5/28
       5 ᠰᠠᠷ᠎ᠠ ᠶᠢᠨ 24 ᠤ ᠡᠳᠤᠷ 2018 ᠣᠨ ᠤᠨ ︽ᠲᠠᠮᠢᠷ ᠤᠨ ᠰᠤᠭᠤᠯᠤᠭ᠎ᠠ ᠬᠤᠨᠳᠠᠭᠠᠲᠤ︾ ᠦᠪᠤᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠯᠠᠭᠤᠴᠤᠳ ᠪᠠᠭᠠᠴᠤᠳ ᠤᠨ ᠰᠤᠷ ᠬᠠᠷᠪᠤᠯᠲᠠ ᠶᠢᠨ ᠮᠠᠩᠯᠠᠢ ᠰᠢᠯᠭᠠᠷᠠᠭᠤᠯᠬᠤ ᠲᠡᠮᠡᠴᠡᠬᠡᠨ ᠤᠯᠠᠭᠠᠨᠴᠠᠪ ᠬᠤᠳᠠ ᠳᠤ ᠬᠠᠭᠠᠯᠳᠠ ᠪᠠᠨ ᠬᠢᠪᠡ᠃ᠲᠤᠰ ᠲᠡᠮᠡᠴᠡᠬᠡᠨ ᠳᠤ ᠵᠠᠯᠠᠭᠤᠴᠤᠳ ᠪᠠᠭᠠᠴᠤᠳ ᠤᠨ ᠨᠠᠰᠤᠨ ᠤ ᠶᠡᠭᠡ ᠪᠠᠭ᠎ᠠ ᠶᠢᠨ ᠲᠠᠷᠠᠭᠠᠯᠠᠯ ᠢᠶᠠᠷ ᠲᠤᠰ ᠲᠤᠰ ᠬᠦᠬᠡ᠂ ᠬᠦᠬᠡᠭᠴᠢᠨ᠂ ᠤᠯᠠᠭᠠᠨ ᠵᠡᠷᠬᠡ ᠡᠷᠡᠭᠲᠡᠢ ᠡᠮᠡᠭᠲᠡᠢ ᠶᠢᠨ ᠪᠠᠭ ᠬᠤᠪᠢᠶᠠᠵᠤ᠂ ᠬᠤᠪᠢ ᠬᠦᠮᠤᠨ ᠤ ᠪᠤᠯᠤᠨ ᠪᠠᠭ ᠤᠨ ᠲᠡᠮᠡᠴᠡᠬᠡᠨ ᠲᠤᠬᠢᠷᠠᠭᠤᠯᠤᠨ ᠲᠠᠪᠤᠨ ᠡᠳᠤᠷ ᠤᠨ ᠬᠤᠭᠤᠴᠠᠭ᠎ᠠ ᠲᠠᠢ ᠶᠠᠪᠤᠬᠳᠠᠬᠰᠠᠨ ᠪᠠᠶᠢᠨ᠎ᠠ᠃       ᠤᠶᠢᠯᠠᠭᠠᠭᠰᠠᠨ ᠢᠶᠠᠷ᠂ ᠲᠡᠮᠡᠴᠡᠬᠡᠨ ᠳᠤ ᠦᠪᠦᠷ ᠮᠣᠩᠭᠤᠯ ᠤᠨ ᠬᠦᠬᠡᠬᠤᠲᠠ᠂ ᠤᠷᠳᠤᠰ᠂ ᠰᠢᠯᠢ ᠶᠢᠨ ᠭᠤᠣᠯ᠂ ᠤᠯᠠᠭᠠᠨᠬᠠᠲᠠ᠂ ᠬᠦᠯᠤᠨ ᠪᠤᠶᠢᠷ᠂ ᠠᠯᠠᠱᠠ᠂ ᠦᠬᠠᠢ᠂ ᠪᠤᠭᠤᠲᠤ᠂ ᠪᠠᠶᠠᠨᠨᠠᠭᠤᠷ᠂ ᠤᠯᠠᠭᠠᠨᠴᠠᠪ ᠵᠡᠷᠭᠡ 10 ᠠᠶᠢᠮᠠᠭ ᠬᠤᠲᠠ ᠶᠢᠨ ᠰᠤᠷ ᠬᠠᠷᠪᠤᠯᠲᠠ ᠶᠢᠨ ᠠᠩᠭᠢ ᠶᠢᠨ 254 ᠦᠷᠢᠰᠦᠯᠳᠤᠭ᠍ᠴᠢ ᠤᠷᠤᠯᠴᠠᠵᠤ᠂ ᠬᠤᠷᠴᠠ ᠰᠢᠷᠦᠭᠦᠨ ᠲᠡᠮᠡᠴᠡᠬᠡᠨ ᠤ ᠳ᠋ᠦᠡᠭ ᠳᠤ 40 ᠲᠠᠮᠢᠷᠴᠢᠨ ᠠᠯᠲᠠᠨ ᠮᠤᠲᠡᠯ ᠭᠠᠷᠳᠠᠪᠠ᠃ ᠬᠥᠯᠦᠨ ᠪᠤᠶᠢᠷ ᠬᠤᠲᠠ ᠶᠢᠨ ᠰᠤᠷ ᠬᠠᠷᠪᠤᠯᠲᠠ ᠶᠢᠨ ᠠᠩᠭᠢ 12 ᠠᠯᠲᠠᠨ ᠮᠤᠲᠡᠯ ᠤᠯᠵᠤ᠂ ᠲᠡᠮᠡᠴᠡᠬᠡᠨ ᠳᠤ ᠬᠠᠮᠤᠭ ᠤᠨ ᠤᠯᠠᠨ ᠠᠯᠲᠠᠨ ᠮᠧᠲᠡᠯ ᠤᠯᠤᠭᠰᠠᠨ ᠠᠩᠭᠢ ᠪᠠᠷ ᠲᠤᠳᠤᠷᠠᠪᠠ᠃ ︵ᠤᠯᠠᠭᠠᠨᠴᠠᠪ ᠤᠨ ᠷᠠᠳᠢᠤ᠋ ᠲᠧᠯᠧᠢᠰ ᠬᠤᠷᠢᠶᠠᠨ ᠤ ᠰᠤᠷᠪᠤᠯᠵᠢᠯᠠᠭᠴᠢ ᠴᠢᠮᠡᠳ᠂ ᠴᠠᠬᠢᠷᠮ᠎ᠠ ᠮᠡᠳᠡᠭᠡᠯᠡᠪᠡ︶  
 
ᠢᠷᠡᠯᠲᠡ᠄ ᠰᠢᠨᠬᠤᠧᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号