ᠦᠪᠦᠷ ᠮᠤᠩᠭᠤᠯ ᠪᠤᠯᠤᠨ ᠵᠡᠭᠦᠨ ᠬᠤᠶᠢᠲᠤ ᠶᠢᠨ ᠪᠦᠰᠡ ᠨᠤᠲᠤᠬ ᠢ ᠬᠤᠯᠪᠤᠬᠰᠠᠨ ᠠᠩᠬᠠᠨ ᠤ ᠦᠨᠳᠦᠷ ᠬᠤᠷᠳᠤᠴᠠᠲᠤ ᠲᠡᠮᠦᠷ ᠵᠠᠮ ᠢ ᠳᠡᠪᠢᠰᠴᠦ ᠳᠠᠭᠤᠰᠴᠠᠢ
ᠨᠡᠶᠢᠲᠡᠯᠡᠭᠰᠡᠨ ᠴᠠᠭ᠄
2018/5/28
    ᠰᠢᠨᠬᠤᠸᠠ ᠬᠤᠷᠢᠶ᠎ᠠ ᠮᠦᠭᠳᠡᠨ ᠤ 5 ᠰᠠᠷ ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ︵ᠰᠤᠷᠪᠤᠯᠵᠢᠯᠬᠠᠴᠢ ᠴᠢ ᠵᠦᠩ ᠱᠢ᠂ ᠬᠤᠩ ᠺᠤ ᠷᠦᠨ︶ ᠲᠤᠰ ᠡᠳᠦᠷ ᠳᠤᠮᠳᠠᠳᠤ ᠤᠯᠤᠰ ᠤᠨ ᠲᠡᠮᠦᠷ ᠵᠠᠮ ᠤᠨ ᠢᠨᠵᠧᠨᠧᠷᠢᠩ ᠤᠨ ᠶᠡᠷᠦᠩᠬᠡᠢ ᠺᠤᠮᠫᠠᠨᠢ ᠶᠢᠨ ᠠᠷᠪᠠᠨ ᠳᠦᠷᠪᠡᠳᠦᠭᠡᠷ ᠲᠤᠪᠴᠢᠶᠠᠨ ᠤ CPG500 ᠬᠡᠯᠪᠡᠷᠢ ᠶᠢᠨ ᠴᠠᠷᠭᠢ ᠳᠡᠪᠢᠰᠬᠦ ᠮᠠᠰᠢᠨ ᠬᠠᠮᠤᠬ ᠰᠡᠭᠦᠯᠴᠢ ᠶᠢᠨ ᠨᠢᠭᠡ ᠪᠦᠯᠦᠭ 500 ᠮᠤᠲᠷ ᠤᠷᠲᠤ ᠪᠤᠯᠤᠳ ᠴᠠᠷᠭᠢ ᠶᠢ ᠠᠮᠵᠢᠯᠲᠠ ᠲᠠᠢ ᠳᠡᠪᠢᠰᠦᠭᠰᠡᠨ ᠢᠶᠠᠷ ᠦᠪᠦᠷ ᠮᠤᠩᠭᠤᠯ ᠪᠤᠯᠤᠨ ᠵᠡᠭᠦᠨ ᠬᠤᠶᠢᠲᠤ ᠶᠢᠨ ᠪᠦᠰᠡ ᠨᠤᠲᠤᠬ ᠢ ᠬᠤᠯᠪᠤᠬᠰᠠᠨ ᠠᠩᠬᠠᠨ ᠤ  ᠦᠨᠳᠦᠷ ᠬᠤᠷᠳᠤᠴᠠᠲᠦ ᠲᠡᠮᠦᠷ ᠵᠠᠮ - ᠯᠢᠶᠤᠤᠨᠢᠩ ᠤᠨ ᠰᠢᠨ ᠮᠢᠨ ᠬᠤᠶᠢᠲᠤ ᠦᠷᠲᠡᠭᠡ ᠠᠴᠠ ᠦᠪᠦᠷ ᠮᠤᠩᠭᠤᠯ ᠤᠨ ᠲᠦᠩᠯᠢᠶᠤᠤ ᠬᠤᠲᠠ ᠬᠦᠷᠬᠦ ᠬᠤᠷᠳᠤᠨ ᠤ ᠲᠡᠮᠦᠷ ᠵᠠᠮ ᠪᠠᠷᠢᠯᠭ᠎ᠠ ᠳᠠᠭᠤᠰᠤᠯ᠎ᠠ᠃      ᠳᠤᠮᠳᠠᠳᠤ ᠤᠯᠤᠰ ᠤᠨ ᠲᠡᠮᠦᠷ ᠵᠠᠮ ᠤᠨ ᠢᠨᠵᠧᠨᠧᠷᠢᠩ ᠤᠨ ᠶᠡᠷᠦᠩᠬᠡᠢ ᠺᠤᠮᠫᠠᠨᠢ ᠶᠢᠨ ᠠᠷᠪᠠᠨ ᠳᠦᠷᠪᠡᠳᠦᠭᠡᠷ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠬᠰᠠᠨ ᠢᠶᠠᠷ᠂ ᠲᠤᠰ ᠲᠡᠮᠦᠷ ᠵᠠᠮ ᠤᠨ ᠤᠷᠲᠤ ᠨᠢ 197 ᠺᠢᠯᠤᠮᠤᠲᠷ᠂ ᠲᠦᠯᠦᠪᠯᠡᠭᠰᠡᠨ ᠬᠤᠷᠳᠤᠴᠠ ᠨᠢ ᠴᠠᠬ ᠪᠦᠷᠢ 250 ᠺᠢᠯᠤᠮᠤᠲᠷ᠃ ᠪᠠᠷᠢᠯᠭ᠎ᠠ ᠶᠢᠨ ᠠᠵᠢᠯ ᠢ 2018 ᠤᠨ ᠤ 1 ᠰᠠᠷ ᠎ᠠ ᠶᠢᠨ 7 ᠤ ᠡᠳᠦᠷ ᠠᠴᠠ ᠡᠬᠢᠯᠡᠭᠦᠯᠵᠦ᠂ ᠤᠯᠤᠰ ᠤᠨ ᠲᠤᠳᠤᠭᠠᠳᠤ ᠳᠤ ᠲᠦᠷᠦᠭᠦᠯᠡᠬᠦ ᠪᠠᠶᠢᠷᠢᠨ ᠳᠤ ᠪᠠᠶᠢᠭ᠎ᠠ᠂ ᠦᠪᠡᠷ ᠤᠨ ᠢᠶᠠᠨ ᠮᠡᠳᠡᠯᠭᠡ ᠶᠢᠨ ᠦᠮᠴᠢ ᠶᠢᠨ ᠡᠷᠬᠡ ᠪᠦᠬᠦᠢ CPG500 ᠬᠡᠯᠪᠡᠷᠢ ᠶᠢᠨ ᠴᠠᠷᠭᠢ ᠳᠡᠪᠢᠰᠬᠦ ᠮᠠᠰᠢᠨ ᠢ ᠬᠡᠷᠡᠭᠯᠡᠨ᠂ 500 ᠮᠤᠲᠷ ᠤᠷᠳᠤ ᠪᠤᠯᠤᠳ ᠴᠠᠷᠭᠢ ᠶᠢ ᠳᠡᠪᠢᠰᠦᠭᠡᠳ᠂ ᠴᠢᠨᠠᠷ ᠢ ᠪᠠᠲᠤᠯᠠᠬᠤ ᠶᠢᠨ ᠵᠡᠷᠭᠡᠪᠡᠷ ᠡᠳᠦᠷ ᠲᠤ 7 ᠺᠢᠯᠤᠮᠤᠲᠷ ᠳᠡᠪᠢᠰᠬᠦ ᠡᠭᠦᠷᠭᠡ ᠶᠢ ᠪᠡᠶᠡᠯᠡᠭᠦᠯᠵᠦ ᠴᠢᠳᠠᠬᠰᠠᠨ ᠪᠠᠶᠢᠨ᠎ᠠ᠃      ᠲᠤᠰ ᠦᠨᠳᠦᠷ ᠬᠤᠷᠳᠤᠴᠠᠲᠦ ᠵᠠᠮ ᠨᠢ ᠠᠰᠢᠬᠯᠠᠯᠠᠲᠠ ᠳᠤ ᠤᠷᠤᠪᠠᠯ᠂ ᠲᠦᠩᠯᠢᠶᠤᠤ ᠠᠴᠠ ᠮᠦᠭᠳᠡᠨ ᠬᠦᠷᠬᠦ ᠳᠤ ᠤᠤᠯ ᠨᠢ 5 ᠴᠠᠬ ᠠᠶᠠᠯᠠᠳᠠᠬ ᠪᠠᠶᠢᠬᠰᠠᠨ ᠢ 1.5 ᠴᠠᠬ ᠪᠤᠯᠭᠠᠨ ᠪᠤᠭᠤᠨᠢᠰᠬᠠᠵᠦ᠂ ᠲᠦᠩᠯᠢᠶᠤᠤ ᠠᠴᠠ ᠪᠡᠭᠡᠵᠢᠩ ᠬᠦᠷᠬᠦ ᠳᠤ ᠤᠤᠯ ᠨᠢ 14 ᠴᠠᠬ ᠠᠶᠠᠯᠠᠳᠠᠬ ᠪᠠᠶᠢᠬᠰᠠᠨ ᠢ 3.5 ᠴᠠᠬ ᠪᠤᠯᠭᠠᠨ ᠪᠤᠭᠤᠨᠢᠰᠬᠠᠭᠠᠳ ᠦᠪᠦᠷ ᠮᠤᠩᠭᠤᠯ ᠤᠨ ᠵᠡᠭᠦᠨ ᠪᠦᠰᠡ ᠨᠤᠲᠤᠬ ᠤᠨ ᠡᠳ᠋ ᠤᠨ ᠵᠠᠰᠠᠬ ᠤᠨ ᠬᠦᠭᠵᠢᠯᠲᠡ ᠳᠤ ᠴᠢᠬᠤᠯᠠ ᠨᠦᠯᠦᠭᠡ ᠦᠵᠡᠭᠦᠯᠬᠦ ᠶᠤᠮ ᠪᠠᠶᠢᠨ᠎ᠠ᠃  ᠪᠡᠯᠡᠳᠭᠡᠭᠰᠡᠨ ᠨᠢ᠄  ᠰᠠᠷᠠᠨᠲᠤᠶᠠᠭ᠎ᠠ
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号