5 ᠰᠠᠷ᠎ᠠ ᠶᠢᠨ 21 ᠤ ᠡᠳᠦᠷ᠂ ᠰᠤᠷᠪᠤᠯᠵᠢᠯᠠᠬᠴᠢ ᠦᠪᠦᠷ ᠮᠤᠩᠬᠤᠯ ᠤᠨ ᠦᠪᠡᠷᠳᠡᠬᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠤ ᠬᠡᠪᠯᠡᠯ ᠮᠡᠳᠡᠭᠡᠯᠡᠯ ᠤᠨ ᠬᠤᠷᠠᠯ ᠠᠴᠠ ᠤᠶᠢᠯᠠᠭᠠᠬᠰᠠᠨ ᠢᠶᠠᠷ᠂ | ᠠᠷᠪᠠᠨ ᠲᠠᠪᠤᠳᠤᠭᠠᠷ ᠬᠤᠭᠤᠴᠠᠭᠠᠨ ᠤ ᠲᠤᠮᠳᠠᠳᠦ ᠤᠯᠤᠰ • ᠦᠪᠦᠷ ᠮᠤᠩᠭᠤᠯ ᠤᠨ ᠲᠠᠯ᠎ᠠ ᠨᠤᠳᠤᠭ ᠤᠨ | ᠰᠤᠶᠤᠯ ᠤᠨ ᠨᠠᠶᠢᠷ 8 ᠰᠠᠷ᠎ᠠ ᠶᠢᠨ 8 ᠤ ᠡᠳᠦᠷ ᠠᠴᠠ 18 ᠤ ᠡᠳᠦᠷ ᠪᠤᠯᠳᠠᠯ᠎ᠠ ᠶᠠᠪᠤᠬᠳᠠᠨ᠎ᠠ᠃ | ᠲᠤᠰ ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ ᠨᠠᠶᠢᠷ ᠨᠢ ᠨᠡᠬᠡᠬᠡᠯᠳᠡ ᠶᠢᠨ ᠶᠤᠰᠤᠯᠠᠯ᠂ ᠰᠢᠯᠢᠳᠡᠭ | ᠵᠦᠴᠦᠬᠡ ᠶᠢᠨ ᠦᠵᠡᠬᠦᠯᠦᠯᠬᠡ ᠶᠢᠨ ᠲᠤᠬᠯᠠᠯᠳᠠ᠂ ᠤᠯᠠᠭᠠᠨᠮᠦ᠋ᠴᠢᠷ ᠤᠨ ᠰᠢᠨ᠎ᠡ ᠪᠦᠳᠦᠬᠡᠯ ᠤᠨ ᠦᠵᠡᠬᠦᠯᠦᠯᠬᠡ ᠶᠢᠨ | ᠲᠤᠬᠯᠠᠯᠳᠠ᠂ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠰᠠᠨ 40 ᠵᠢᠯ ᠤᠨ ᠤᠢ ᠶᠢ ᠲᠤᠷᠠᠰᠬᠠᠬᠤ ᠴᠤᠪᠤᠷᠠᠯ | ᠠᠵᠢᠯᠯᠠᠭ᠎ᠠ᠂ ᠭᠤᠤᠯ ᠰᠡᠳᠦᠪᠳᠦ ᠲᠠᠭᠤᠤ ᠬᠦᠭᠵᠢᠮ ᠤᠨ ᠨᠠᠶᠢᠷ᠂ ᠤᠯᠤᠰ ᠤᠨ ᠲᠤᠳᠤᠭᠠᠳᠦ ᠭᠠᠳᠠᠭᠠᠳᠦ ᠶᠢᠨ | ᠰᠤᠶᠤᠯ ᠤᠨ ᠰᠤᠯᠢᠯᠴᠠᠭ᠎ᠠ ᠶᠢᠨ ᠦᠵᠡᠬᠦᠯᠦᠯᠬᠡ᠂ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠰᠤᠶᠤᠯ ᠤᠨ ᠠᠵᠦ ᠦᠢᠯᠡᠰ ᠤᠨ ᠦᠵᠡᠰᠬᠦᠯᠡᠩ ᠵᠢᠴᠢ ᠠᠷᠠᠯᠵᠢᠶᠡᠨ ᠤ ᠴᠤᠬᠯᠠᠭᠠᠨ | ᠂ ᠲᠠᠯ᠎ᠠ ᠨᠤᠳᠤᠭ ᠤᠨ ᠰᠤᠶᠤᠯ ᠤᠨ ᠹᠤᠷᠦ᠋ᠮ᠂ ᠪᠦᠬᠦ ᠤᠷᠤᠨ ᠤ ᠰᠢᠯᠢᠳᠡᠭ ᠵᠦᠴᠦᠬᠡ ᠶᠢᠨ ᠠᠷᠠᠳ ᠲᠤ ᠠᠰᠢᠭ | ᠬᠦᠷᠳᠡᠬᠡᠬᠦ ᠲᠤᠬᠯᠠᠯᠳᠠ᠂ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠬᠠᠭᠠᠯᠳᠠ ᠶᠢᠨ ᠶᠤᠰᠤᠯᠠᠯ ᠵᠢᠴᠢ ᠱᠠᠩᠨᠠᠯ | ᠤᠯᠭᠤᠬᠤ ᠶᠤᠰᠤᠯᠠᠯ ᠵᠡᠷᠬᠡ 10 ᠪᠦᠯᠦᠭ ᠢᠶᠠᠷ ᠪᠦᠷᠢᠯᠳᠦᠨ᠎ᠡ᠃ | ᠤᠶᠢᠯᠠᠭᠠᠬᠰᠠᠨ ᠢᠶᠠᠷ᠂ ᠳᠤᠮᠳᠠᠳᠤ ᠤᠯᠤᠰ • ᠦᠪᠦᠷ ᠮᠤᠩᠭᠤᠯ ᠤᠨ ᠳᠠᠯ᠎ᠠ ᠨᠤᠳᠤᠭ ᠤᠨ ᠰᠤᠶᠤᠯ ᠤᠨ | ᠨᠠᠶᠢᠷ 2004 ᠤᠨ ᠠᠴᠠ ᠡᠬᠢᠯᠡᠨ ᠨᠢᠭᠡᠨᠳᠡ 14 ᠬᠤᠭᠤᠴᠠᠭ᠎ᠠ ᠠᠮᠵᠢᠯᠳᠠ ᠲᠠᠢ ᠵᠤᠬᠢᠶᠠᠨ ᠪᠠᠶᠢᠭᠤᠯᠤᠬᠳᠠᠵᠦ᠂ | ᠤᠳᠤ ᠨᠢᠭᠡᠨᠳᠡ ᠤᠯᠤᠰ ᠤᠨ ᠳᠤᠳᠤᠭᠠᠳᠤ ᠶᠢᠨ ᠰᠤᠶᠤᠯ ᠤᠨ ᠠᠵᠢᠯᠯᠠᠭ᠎ᠠ ᠶᠢᠨ ᠪᠷᠤᠨ᠋ᠳ᠋ ᠪᠤᠯᠵᠤ᠂ ᠳᠠᠯ᠎ᠠ | ᠨᠤᠳᠤᠭ ᠤᠨ ᠰᠤᠶᠤᠯ ᠢ ᠤᠯᠠᠮᠵᠢᠯᠠᠨ ᠬᠦᠭᠵᠢᠭᠦᠯᠬᠦ᠂ ᠰᠤᠶᠤᠯ ᠤᠨ ᠰᠤᠳᠤᠨ ᠪᠦᠳᠦᠭᠡᠯ ᠢ ᠳᠡᠯᠭᠡᠨ ᠦᠵᠡᠭᠦᠯᠬᠦ᠂ | ᠰᠤᠶᠤᠯ ᠤᠨ ᠬᠦᠭᠵᠢᠯᠳᠡ ᠶᠢ ᠠᠬᠢᠭᠤᠯᠬᠤ ᠳᠠᠯ᠎ᠠ ᠪᠠᠷ ᠴᠢᠬᠤᠯᠠ ᠶᠡᠭᠡ ᠦᠢᠯᠡᠳᠦᠯ ᠦᠵᠡᠭᠦᠯᠵᠠᠢ᠃ ᠢᠯᠠᠩᠭᠤᠶ᠎ᠠ | ᠲᠤᠰ ᠬᠤᠭᠤᠴᠠᠭᠠᠨ ᠤ ᠰᠤᠶᠤᠯ ᠤᠨ ᠨᠠᠶᠢᠷ ᠨᠢ ᠰᠢ ᠶᠢᠨ ᠫᠢᠡᠭ ᠶᠡᠷᠦᠩᠬᠡᠢ ᠱᠦᠵᠢ ᠶᠢᠨ ᠴᠤᠪᠤᠷᠠᠯ ᠴᠢᠬᠤᠯᠠ | ᠵᠢᠭᠠᠪᠦᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠠᠪᠤᠷᠢᠭᠤᠯᠬᠤ ᠲᠠᠢ ᠤᠶᠠᠯᠳᠤᠭᠤᠯᠬᠤ᠂ ᠦᠭᠡᠷᠡᠴᠢᠯᠡᠯᠳᠡ | ᠬᠢᠵᠦ ᠴᠢᠯᠦᠭᠡᠳᠡᠢ ᠶᠠᠪᠤᠯᠴᠠᠬᠰᠠᠨ 40 ᠵᠢᠯ ᠤᠨ ᠤᠢ ᠶᠢ ᠲᠤᠷᠠᠰᠬᠠᠬᠤ ᠰᠤᠶᠤᠯ ᠤᠨ ᠤᠬᠠᠭᠤᠯᠭ᠎ᠠ᠂ ᠠᠷᠠᠳ | ᠲᠦᠮᠡᠨ ᠢᠶᠠᠷ ᠭᠤᠤᠯ ᠪᠤᠯᠭᠠᠨ ᠠᠷᠠᠳ ᠲᠦᠮᠡᠨ ᠳᠤ ᠠᠰᠢᠭ ᠬᠦᠷᠳᠡᠬᠡᠬᠦ᠂ ᠦᠵᠡᠬᠦᠯᠦᠯᠬᠡ ᠶᠢᠨ ᠲᠤᠬᠯᠠᠯᠳᠠ ᠶᠢᠨ | ᠠᠭᠤᠯᠭ᠎ᠠ᠂ ᠨᠠᠶᠢᠷ ᠡᠷᠬᠢᠯᠡᠬᠦ ᠠᠷᠭ᠎ᠠ ᠬᠡᠯᠪᠡᠷᠢ ᠪᠤᠯᠤᠨ ᠠᠷᠠᠳ ᠲᠤ ᠠᠰᠢᠭ ᠬᠦᠷᠳᠡᠬᠡᠬᠦ ᠠᠷᠭ᠎ᠠ ᠬᠡᠯᠪᠡᠷᠢ ᠳᠤ | ᠰᠢᠨ᠎ᠡ ᠶᠢ ᠡᠬᠦᠳᠬᠦ ᠶᠢ ᠴᠢᠬᠤᠯᠠᠴᠢᠯᠠᠵᠦ ᠪᠠᠶᠢᠨ᠎ᠠ᠃ ᠪᠡᠯᠡᠳᠭᠡᠭᠰᠡᠨ ᠨᠢ᠄ ᠰᠠᠷᠠᠨᠲᠤᠶᠠᠭ᠎ᠠ |