ᠮᠠᠰᠢ ᠤᠯᠠᠨ ᠵᠥᠢᠯ ᠤᠨ ᠲᠠᠵᠢᠭᠡᠯ ᠪᠤᠷᠳᠤᠭ᠎ᠠ ᠵᠢᠴᠢ ᠲᠠᠵᠢᠭᠡᠯ ᠪᠤᠷᠳᠤᠭᠠᠨ ᠤ ᠨᠠᠮᠠᠯᠳᠠ ᠡᠳ᠋ ᠨᠢ ᠭᠡᠮ | ᠭᠢᠵᠢᠭ ᠢ ᠰᠠᠷᠭᠡᠶᠢᠯᠠᠬᠦ ᠡᠮ ᠲᠠᠢ ᠡᠰᠠᠷᠬᠦᠴᠠᠯᠳᠤᠬᠦ ᠥᠢᠯᠠᠳᠤᠯ ᠭᠠᠷᠴᠤ᠂ ᠡᠮ ᠤᠨ ᠥᠢᠯᠠᠳᠤᠯ ᠢ | ᠲᠤᠷᠤᠭᠰᠢᠯᠠᠭᠤᠯᠳᠠᠭ᠃ ᠡᠶᠢᠮᠤ ᠠᠴᠠ ᠮᠠᠯ ᠵᠢᠬᠦᠷᠳᠠᠨ ᠳᠤ ᠡᠮ ᠭᠡᠷᠡᠭᠯᠠᠬᠦ ᠳᠡᠭᠡᠨ ᠵᠠᠷᠢᠮ ᠲᠠᠵᠢᠭᠡᠯ ᠪᠤᠷᠳᠤᠭ᠎ᠠ ᠭᠢᠭᠡᠳ | ᠲᠠᠵᠢᠭᠡᠯ ᠪᠤᠷᠳᠤᠭᠠᠨ ᠤ ᠨᠠᠮᠠᠯᠳᠠ ᠡᠳ᠋ ᠢᠶᠠᠷ ᠲᠠᠵᠢᠭᠡᠬᠦ ᠪᠠᠨ ᠵᠤᠭᠰᠤᠪᠠᠯ ᠵᠤᠭᠢᠨ᠎ᠠ᠃ ⑴ ᠰᠧ ᠬᠤᠸᠠᠨ ᠰᠤ᠋᠂ | ᠲᠥ᠋ ᠮᠸᠢ ᠰᠤ᠋ ᠪᠤᠷᠴᠠᠭ ︵ᠰᠢᠷ᠎ᠠ ᠪᠤᠷᠴᠠᠭ ᠭᠢᠭᠡᠳ ᠬᠠᠷ᠎ᠠ ᠪᠤᠷᠴᠠᠭ︶ ᠲᠤ ᠺᠠᠯᠼ᠂ ᠮᠠᠭᠨᠢ ᠵᠠᠷᠭᠡ ᠡᠯᠧᠮᠧᠨ᠋ᠲ | ᠨᠠᠯᠢᠶᠠᠳ ᠠᠭᠤᠯᠵᠤ᠂ ᠡᠳᠠᠭᠡᠷ ᠡᠯᠧᠮᠧᠨ᠋ᠲ ᠨᠢ ᠰᠧ ᠬᠤᠸᠠᠨ ᠰᠤ᠋ ᠶᠢᠨ ᠲᠥᠷᠤᠯ ᠤᠨ ᠡᠮ ᠲᠠᠢ ᠤᠶᠠᠯᠳᠤᠪᠠᠯ | ᠤᠰᠤᠨ ᠳᠤ ᠠᠭᠤᠰᠬᠤ ᠥᠭᠡᠢ ᠰᠢᠩᠭᠡᠭᠡᠨ ᠠᠰᠢᠭᠯᠠᠬᠤ ᠳᠤ ᠴᠤ ᠬᠥᠴᠢᠷ ᠪᠤᠯᠵᠤ᠂ ᠡᠮ ᠤᠨ ᠥᠢᠯᠠᠳᠤᠯ ᠢ | ᠲᠤᠷᠤᠭᠰᠢᠯᠠᠭᠤᠯᠳᠠᠭ᠃ ᠰᠧ ᠬᠤᠸᠠᠨ ᠰᠤ᠋᠂ ᠲᠥ᠋ ᠮᠸᠢ ᠰᠤ᠋ ᠵᠠᠷᠭᠡ ᠨᠢᠶᠠᠨ ᠲᠠᠷᠤᠭᠴᠢ ᠡᠮ ᠭᠡᠷᠡᠭᠯᠠᠬᠦ ᠥᠶᠠᠰ | ᠴᠢᠯᠠᠭᠤᠨ ᠲᠠᠯᠬ᠎ᠠ᠂ ᠶᠠᠰᠤᠨ ᠲᠠᠯᠬ᠎ᠠ᠂ ᠥᠨᠳᠠᠭᠡᠨ ᠬᠠᠯᠢᠰᠤᠨ ᠲᠠᠯᠬ᠎ᠠ᠂ ᠴᠤᠬᠤᠢ ᠶᠢᠨ ᠲᠠᠯᠬ᠎ᠠ ᠵᠠᠷᠭᠡ ᠲᠠᠵᠢᠭᠡᠯ | ᠪᠤᠷᠳᠤᠭᠠᠨ ᠤ ᠨᠠᠮᠠᠯᠳᠠ ᠡᠳ᠋ ᠢᠶᠠᠷ ᠲᠠᠵᠢᠭᠡᠬᠦ ᠨᠢ ᠵᠤᠭᠢᠰ ᠥᠭᠡᠢ᠃ ⑵ ᠬᠥᠬᠦᠷ ᠬᠥᠴᠢᠯ ᠤᠨ | ᠤᠰᠤᠳᠦ᠋ᠷᠥᠭᠴᠢ ᠨᠠᠳ᠋ᠷᠢ ᠰᠢᠰᠢ ᠳᠤ ᠲᠠᠨᠨᠢᠨ ᠬᠥᠴᠢᠯ ᠨᠠᠯᠢᠶᠠᠳ ᠡᠯᠪᠡᠭ ᠠᠭᠤᠯᠵᠤ᠂ ᠤᠨᠴᠠᠭᠠᠢᠢᠯᠠᠨ | ᠡᠷᠯᠢᠰᠠᠵᠢᠬᠦᠯᠥᠭᠰᠠᠨ ᠰᠢᠰᠢ ᠳᠤ ᠪᠠᠷᠤᠭ 23% ᠶᠢᠨ ᠲᠠᠨᠨᠢᠨ ᠬᠥᠴᠢᠯ ᠠᠭᠤᠯᠤᠨ᠂ ᠲᠠᠮᠤᠷ ᠠᠭᠤᠯᠬᠤ ᠡᠳ᠋ ᠤᠨ | ᠴᠢᠨᠠᠷ ᠢ ᠬᠤᠪᠢᠷᠠᠭᠤᠯᠳᠠᠭ᠃ ᠬᠥᠬᠦᠷ ᠬᠥᠴᠢᠯ ᠤᠨ ᠤᠰᠤᠳᠦ᠋ᠷᠥᠭᠴᠢ ᠨᠠᠳ᠋ᠷᠢ ᠪᠠᠷ ᠮᠠᠯ ᠵᠢᠬᠦᠷᠳᠠᠨ ᠤ ᠭᠡᠮ ᠢ ᠡᠮᠨᠠᠨ | ᠵᠠᠰᠠᠬᠤ ᠥᠶᠠᠰ᠂ ᠰᠢᠰᠢ ᠵᠠᠷᠭᠡ ᠲᠠᠨᠨᠢᠨ ᠬᠥᠴᠢᠯ ᠡᠯᠪᠡᠭ ᠠᠭᠤᠯᠤᠭᠰᠠᠨ ᠲᠠᠵᠢᠭᠡᠯ ᠪᠤᠷᠳᠤᠭ᠎ᠠ ᠪᠠᠷ ᠲᠠᠵᠢᠭᠡᠬᠦ ᠥᠭᠡᠢ | ᠪᠤᠯ ᠵᠤᠭᠢᠨ᠎ᠠ᠃ ᠤᠴᠢᠷ ᠨᠢ ᠲᠠᠨᠨᠢᠨ ᠬᠥᠴᠢᠯ ᠨᠢ ᠬᠥᠬᠦᠷ ᠬᠥᠴᠢᠯ ᠤᠨ ᠤᠰᠤᠳᠦ᠋ᠷᠥᠭᠴᠢ ᠨᠠᠳ᠋ᠷᠢ ᠶᠢ | ᠵᠠᠳᠠᠷᠠᠭᠤᠯᠤᠭᠰᠠᠨ ᠠᠴᠠ ᠪᠤᠯᠵᠤ ᠡᠮ ᠤᠨ ᠥᠢᠯᠠᠳᠤᠯ ᠢ ᠪᠠᠭᠤᠷᠠᠭᠤᠯᠬᠤ ᠪᠤᠶᠤ ᠥᠭᠡᠶᠢᠰᠭᠡᠳᠡᠭ᠃ ⑶ | ᠢᠪᠢᠯᠭᠡᠬᠦ ᠡᠮ ᠮᠠᠯ ᠲᠥᠯᠯᠡᠭᠰᠠᠨ ᠤ ᠲᠠᠷᠠᠭ᠎ᠠ ᠰᠦ ᠠᠨᠠᠢ ᠠᠴᠠ ᠪᠤᠯᠵᠤ ᠢᠪᠢᠯᠭᠡᠬᠦ ᠡᠮ ᠭᠡᠷᠡᠭᠯᠠᠬᠦ ᠥᠶᠠᠰ | ᠪᠤᠭᠤᠳᠠᠢ ᠶᠢᠨ ᠨᠠᠭᠢᠶ᠎ᠠ ᠪᠠᠷ ᠲᠠᠵᠢᠭᠡᠬᠦ ᠶᠢ ᠴᠠᠭᠡᠷᠯᠠᠨ᠎ᠠ᠂ ᠤᠴᠢᠷ ᠨᠢ ᠪᠤᠭᠤᠳᠠᠢ ᠶᠢᠨ ᠨᠠᠭᠢᠶ᠎ᠠ ᠰᠦ ᠲᠠᠳᠠᠭᠤᠷᠠᠭᠤᠯᠬᠤ | ᠥᠢᠯᠠᠳᠤᠯ ᠲᠠᠢ᠃ ᠱᠧᠩ ᠳ᠋ᠢ᠂ ᠱᠥ ᠳ᠋ᠢ᠂ ᠾᠧ ᠱᠸᠤ ᠡᠤ᠂ ᠪᠠᠨ ᠰᠢᠶ᠋ᠨ ᠵᠠᠷᠭᠡ ᠭᠢᠳᠠᠳ ᠡᠮ ᠭᠡᠷᠡᠭᠯᠠᠬᠦ ᠥᠶᠠᠰ | ᠴᠢᠰᠤᠨ ᠲᠠᠯᠬ᠎ᠠ ᠪᠠᠷ ᠲᠠᠵᠢᠭᠡᠬᠦ ᠶᠢ ᠴᠠᠭᠡᠷᠯᠠᠨ᠎ᠠ᠃ ᠲᠠᠷᠨ ᠨᠢ ᠡᠮ ᠤᠨ ᠢᠳᠠ ᠶᠢ ᠴᠢᠩᠭᠠᠷᠠᠭᠤᠯᠳᠠᠭ᠃ ⑷ ᠳ᠋ᠢ | ᠪᠠᠢ ᠴᠥᠩ ᠳ᠋ᠢ ᠪᠠᠢ ᠴᠥᠩ ᠢ ᠭᠡᠷᠡᠭᠯᠠᠨ ᠮᠠᠯ ᠤᠨ ᠬᠤᠷᠤᠬᠠᠢ ᠬᠥᠭᠡᠭᠡᠬᠦ ᠥᠶᠠᠰ ᠪᠠᠭ᠎ᠠ ᠰᠤᠳᠠ ᠠᠭᠤᠯᠤᠭᠰᠠᠨ | ᠲᠠᠵᠢᠭᠡᠯ ᠪᠤᠷᠳᠤᠭᠠᠨ ᠤ ᠨᠠᠮᠠᠯᠳᠠ ᠡᠳ᠋ ᠢᠶᠠᠷ ᠲᠠᠵᠢᠭᠡᠬᠦ ᠶᠢ ᠴᠠᠭᠡᠷᠯᠠᠨ᠎ᠠ᠃ ᠤᠴᠢᠷ ᠨᠢ ᠪᠠᠭ᠎ᠠ ᠰᠤᠳᠠ ᠱᠥᠯᠳᠦᠯᠢᠭ | ᠴᠢᠨᠠᠷ ᠢᠶᠠᠷ ᠨᠠᠯᠢᠶᠠᠳ ᠴᠢᠩᠭ᠎ᠠ ᠪᠠᠶᠢᠵᠤ᠂ ᠳ᠋ᠢ ᠪᠠᠢ ᠴᠥᠩ ᠢ ᠨᠠᠯᠢᠶᠠᠳ ᠬᠤᠤᠷ᠎ᠠ ᠲᠠᠢ ᠳ᠋ᠢ ᠳ᠋ᠢ ᠸᠧᠢ ᠪᠤᠯᠭᠠᠨ | ᠬᠤᠪᠢᠷᠠᠭᠤᠯᠤᠭᠰᠠᠨ ᠠᠴᠠ ᠪᠤᠯᠵᠤ᠂ ᠬᠤᠤᠷᠳᠠᠯ ᠡᠬᠦᠰᠭᠡᠬᠦ ᠪᠤᠯᠤᠨ᠎ᠠ᠃ ⑸ ᠸᠢᠲ᠋ᠠᠮᠢᠨ A ᠬᠥᠪᠤᠩ ᠤᠨ | ᠥᠷ᠎ᠠ ᠶᠢᠨ ᠪᠢᠩ ᠨᠢ ᠸᠢᠲ᠋ᠠᠮᠢᠨ A ᠶᠢᠨ ᠰᠢᠩᠭᠡᠭᠡᠨ ᠠᠰᠢᠭᠯᠠᠬᠤ ᠶᠢ ᠨᠥᠯᠤᠭᠡᠯᠠᠳᠡᠭ᠃ ᠸᠢᠲ᠋ᠠᠮᠢᠨ A | ᠲᠤᠳᠠᠭᠳᠠᠭᠰᠠᠨ ᠢ ᠰᠠᠷᠭᠡᠶᠢᠯᠠᠨ ᠵᠠᠰᠠᠬᠤ ᠥᠶᠠᠰ ᠬᠥᠪᠤᠩ ᠤᠨ ᠥᠷ᠎ᠠ ᠶᠢᠨ ᠪᠢᠩ ᠢᠶᠠᠷ ᠲᠠᠵᠢᠭᠡᠬᠦ ᠪᠠᠨ ᠵᠤᠭᠰᠤᠪᠠᠯ | ᠵᠤᠭᠢᠨ᠎ᠠ᠃ ⑹ ᠺᠠᠯᠼ ᠪᠥᠸᠧᠼᠠᠢ ᠨᠤᠭᠤᠭ᠎ᠠ ᠳᠤ ᠡᠪᠠᠰᠤᠨ ᠬᠥᠴᠢᠯ ᠡᠯᠪᠡᠭ ᠠᠭᠤᠯᠵᠤ᠂ | ᠰᠢᠩᠭᠡᠭᠡᠯᠳᠠ ᠶᠢᠨ ᠵᠠᠮ ᠳᠤ ᠺᠠᠯᠼ ᠲᠠᠢ ᠨᠠᠶᠢᠯᠠᠭᠡᠳ ᠠᠭᠤᠰᠬᠤ ᠴᠢᠨᠠᠷ ᠥᠭᠡᠢ ᠡᠪᠠᠰᠤᠨ ᠬᠥᠴᠢᠯ ᠤᠨ ᠺᠠᠯᠼ ᠪᠤᠯᠵᠤ | ᠺᠠᠯᠼ ᠰᠢᠩᠭᠡᠭᠡᠬᠦ ᠶᠢ ᠬᠠᠷᠰᠢᠯᠠᠳᠠᠭ᠃ ⑺ ᠲᠠᠮᠤᠷ ᠬᠥᠬᠦᠷ ᠬᠥᠴᠢᠯ ᠤᠨ ᠲᠤᠳᠠᠭᠤ ᠲᠠᠮᠤᠷ ᠵᠠᠷᠭᠡ ᠲᠠᠮᠤᠷ | ᠠᠭᠤᠯᠬᠤ ᠡᠮ ᠭᠡᠷᠡᠭᠯᠠᠬᠦ ᠥᠶᠠᠰ ᠪᠤᠭᠤᠳᠠᠢ ᠶᠢᠨ ᠠᠭᠠᠭ ᠢᠶᠠᠷ ᠲᠠᠵᠢᠭᠡᠬᠦ ᠶᠢ ᠴᠠᠭᠡᠷᠯᠠᠨ᠎ᠠ᠃ ᠤᠴᠢᠷ ᠨᠢ | ᠪᠤᠭᠤᠳᠠᠢ ᠶᠢᠨ ᠠᠭᠠᠭ ᠲᠤ ᠹᠤᠰᠹᠤᠷ ᠡᠯᠪᠡᠭ ᠠᠭᠤᠯᠵᠤ᠂ ᠡᠮ ᠤᠨ ᠰᠢᠩᠭᠡᠭᠡᠯᠳᠠ ᠶᠢ ᠰᠠᠭᠠᠳᠠᠭᠤᠯᠳᠠᠭ᠃ ᠡᠬᠦᠨ ᠤ | ᠬᠠᠮᠳᠤ ᠶᠠᠰᠤ ᠵᠥᠭᠡᠯᠠᠷᠠᠬᠦ ᠭᠡᠮ ᠢ ᠡᠮ ᠢᠶᠠᠷ ᠵᠠᠰᠠᠬᠤ ᠥᠶᠠᠰ ᠪᠤᠭᠤᠳᠠᠢ ᠶᠢᠨ ᠠᠭᠠᠭ ᠢᠶᠠᠷ ᠲᠠᠵᠢᠭᠡᠬᠦ ᠶᠢ ᠴᠠᠭᠡᠷᠯᠠᠨ᠎ᠠ᠃ | ⑻ ᠴᠢᠩ ᠮᠸᠢ ᠰᠤ᠋᠂ ᠯᠢᠶᠠᠨ ᠮᠸᠢ ᠰᠤ᠋ ᠴᠢᠩ ᠮᠸᠢ ᠰᠤ᠋᠂ ᠯᠢᠶᠠᠨ ᠮᠸᠢ ᠰᠤ᠋ ᠶᠢ ᠭᠡᠷᠡᠭᠯᠠᠬᠦ ᠥᠶᠠᠰ | ᠲᠠᠷᠤᠰᠢᠭᠤᠯᠤᠭᠰᠠᠨ ᠲᠠᠵᠢᠭᠡᠯ ᠪᠤᠷᠳᠤᠭ᠎ᠠ ᠭᠢᠭᠡᠳ ᠪᠠᠵᠠᠮᠠᠭ ᠢᠶᠠᠷ ᠲᠠᠵᠢᠭᠡᠬᠦ ᠶᠢ ᠴᠠᠭᠡᠷᠯᠠᠨ᠎ᠠ᠃ ᠤᠴᠢᠷ ᠨᠢ ᠡᠳᠠᠭᠡᠷ | ᠲᠠᠵᠢᠭᠡᠯ ᠪᠤᠷᠳᠤᠭ᠎ᠠ ᠨᠢ ᠱᠥᠯᠳᠦᠯᠢᠭ ᠴᠢᠨᠠᠷ ᠢᠶᠠᠷ ᠴᠢᠩᠭ᠎ᠠ ᠮᠥᠷᠳᠠᠭᠡᠨ ᠴᠢᠩ ᠮᠸᠢ ᠰᠤ᠋᠂ ᠯᠢᠶᠠᠨ ᠮᠸᠢ ᠰᠤ᠋ ᠨᠢ | ᠱᠥᠯᠳᠦᠯᠢᠭ ᠴᠢᠨᠠᠷ ᠢᠶᠠᠷ ᠴᠢᠩᠭ᠎ᠠ ᠤᠷᠴᠢᠨ ᠤ ᠨᠥᠬᠦᠴᠠᠯ ᠲᠤᠤᠷ᠎ᠠ ᠡᠮ ᠤᠨ ᠥᠢᠯᠠᠳᠤᠯ ᠨᠢ ᠠᠮᠠᠷᠬᠠᠨ ᠡᠪᠳᠡᠭᠳᠡᠳᠡᠭ | ᠃ |