ᠰᠢᠨᠬᠤᠸᠠ ᠬᠤᠷᠢᠶ᠎ᠠ ᠪᠡᠭᠡᠵᠢᠩ ᠤᠨ 5 ᠰᠠᠷ᠎ᠠ ᠶᠢᠨ 9 ᠤ ᠡᠳᠤᠷ ᠤᠨ ᠴᠠᠬᠢᠯᠭᠠᠨ ᠮᠡᠳᠡᠭᠡ ᠰᠤᠷᠭᠠᠨ | ᠬᠦᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠵᠠᠬ᠎ᠠ ᠵᠡᠭᠡᠯᠢ ᠶᠢᠨ ᠬᠢᠨᠠᠨ | ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ 9 ᠤ ᠡᠳᠤᠷ ᠬᠢᠨᠠᠨ ᠪᠠᠶᠢᠴᠠᠭᠠᠯᠳᠠ ᠶᠢᠨ 7 ᠪᠠᠭ ᠲᠤᠮᠢᠯᠠᠵᠤ᠂ ᠤᠮᠠᠷᠠᠳᠤ | ᠂ ᠵᠡᠬᠦᠨ ᠬᠤᠶᠢᠳᠤ᠂ ᠵᠡᠬᠦᠨ ᠡᠮᠦᠨᠡᠳᠤ᠂ ᠲᠤᠮᠳᠠᠳᠤ᠂ ᠡᠮᠦᠨᠡᠳᠤ᠂ ᠪᠠᠷᠠᠭᠤᠨ ᠡᠮᠦᠨᠡᠳᠤ ᠪᠦᠰᠡ ᠨᠤᠳᠤᠭ ᠲᠤ | ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠨ ᠴᠡᠭᠴᠡᠯᠡᠬᠦ ᠲᠤᠬᠠᠢ ᠬᠢᠨᠠᠨ ᠪᠠᠶᠢᠴᠠᠭᠠᠯᠳᠠ | ᠦᠷᠨᠢᠬᠦᠯᠬᠦ ᠪᠤᠯᠤᠨ᠎ᠠ᠃ | ᠤᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠢ ᠬᠢᠨᠠᠨ ᠪᠠᠶᠢᠴᠠᠭᠠᠯᠳᠠ ᠨᠢ ᠤᠯᠤᠰ ᠲᠠᠶᠠᠭᠠᠷ ᠤᠨ 31 | ᠮᠤᠵᠢ ᠤᠷᠤᠨ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠬᠡᠨ ᠪᠠᠶᠢᠭᠤᠯᠤᠯᠳᠠ ᠶᠢᠨ ᠪᠢᠩᠲ᠋ᠤᠸᠠᠨ ᠢ ᠬᠠᠮᠤᠷᠴᠤ᠂ | ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ᠂ ᠲᠤᠮᠳᠠᠳᠤ ᠪᠠᠭ᠎ᠠ ᠰᠤᠷᠭᠠᠭᠤᠯᠢ ᠳᠤ ᠰᠤᠳᠤᠯᠤᠨ | ᠰᠢᠨᠵᠢᠯᠡᠵᠤ᠂ ᠡᠯ᠎ᠡ ᠭᠠᠵᠠᠷ ᠤᠨ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢᠨ ᠲᠤᠰᠬᠠᠢ ᠵᠠᠰᠠᠨ | ᠴᠡᠭᠴᠡᠯᠡᠬᠦ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠬᠦᠨᠵᠡᠬᠡᠢ ᠤᠶᠢᠯᠠᠭᠠᠬᠤ ᠪᠤᠯᠤᠨ᠎ᠠ᠃ ᠡᠬᠦᠨ ᠤ ᠬᠠᠮᠳᠤ ᠢᠯᠡ | ᠲᠠᠯᠳᠠ ᠰᠤᠷᠪᠤᠯᠵᠢᠯᠠᠭ᠎ᠠ ᠶᠢ ᠤᠶᠠᠯᠳᠤᠭᠤᠯᠤᠨ ᠲᠤᠭᠳᠠᠭᠰᠠᠨ ᠴᠠᠭ ᠲᠤᠬᠢᠷᠠᠭᠤᠯᠤᠨ ᠲᠠᠯᠳᠠ ᠰᠤᠷᠪᠤᠯᠵᠢᠯᠠᠭ᠎ᠠ ᠪᠤᠶᠤ | ᠬᠡᠪᠯᠡᠯ ᠮᠡᠳᠡᠬᠡᠯᠡᠯ ᠤᠨ ᠰᠤᠷᠪᠤᠯᠵᠢᠯᠠᠭ᠎ᠠ ᠬᠢᠵᠤ᠂ ᠤᠷᠢᠳ ᠢᠶᠠᠷ ᠬᠠᠷᠢᠯᠴᠠᠬᠤ ᠦᠭᠡᠢ ᠪᠠᠷ ᠰᠤᠷᠭᠠᠭᠤᠯᠢ ᠶᠢᠨ ᠪᠤᠰᠤ | ᠪᠤᠯᠪᠠᠰᠤᠷᠠᠯ ᠤᠨ ᠪᠠᠶᠢᠭᠤᠯᠤᠮᠵᠢ ᠶᠢ ᠪᠠᠶᠢᠴᠠᠭᠠᠵᠤ᠂ ᠰᠤᠷᠤᠭᠴᠢ᠂ ᠬᠡᠷ ᠤᠨ ᠠᠬᠠᠮᠡᠳ ᠠᠴᠠ ᠲᠠᠯᠳᠠ ᠰᠤᠷᠪᠤᠯᠵᠢᠯᠠᠭ᠎ᠠ | ᠠᠪᠴᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠨ ᠴᠡᠭᠴᠡᠯᠡᠭᠰᠡᠨ ᠪᠠᠶᠢᠳᠠᠯ ᠢ | ᠲᠤᠬᠠᠢ ᠶᠢᠨ ᠭᠠᠵᠠᠷ ᠠᠴᠠ ᠨᠢ ᠪᠤᠰᠤᠳᠴᠢ ᠪᠠᠷ ᠤᠶᠢᠯᠠᠭᠠᠨ᠎ᠠ᠃ | |