ᠥᠪᠥᠷ ᠮᠣᠩᠭᠤᠯ ᠤᠨ ᠵᠢᠭᠤᠯᠴᠢᠯᠠᠯ ᠤᠨ ᠲᠠᠸᠠᠷ ᠳᠤᠮᠳᠠᠳᠤ ᠤᠯᠤᠰ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2018/5/29
      5 ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠠᠶᠠᠯᠠᠯ ᠵᠢᠭᠤᠯᠴᠢᠯᠠᠯ ᠤᠨ ᠨᠡᠶᠢᠭᠡᠮᠯᠢᠭ ᠠᠴᠠ ᠤᠶᠢᠯᠠᠭᠠᠭᠰᠠᠨ ᠢᠶᠠᠷ᠂ 2018 ᠣᠨ ᠤ ᠳᠤᠮᠳᠠᠳᠤ ᠤᠯᠤᠰ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳ᠋ᠣ ᠥᠪᠥᠷ ᠮᠣᠩᠭᠤᠯ ᠠᠴᠠ ᠳᠡᠪᠰᠢᠭᠦᠯᠦᠭᠰᠡᠨ ᠵᠢᠭᠤᠯᠴᠢᠯᠠᠯ ᠤᠨ ᠲᠠᠸᠠᠷ ᠤᠨ ᠪᠦᠲᠦᠭᠡᠭᠳᠡᠬᠦᠨ ᠲᠤᠰ ᠲᠤᠰ ᠬᠤᠶᠠᠳᠤᠭᠠᠷ ᠪᠠ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠨ ᠪᠠᠶᠢᠨ᠎ᠠ᠃      2018 ᠣᠨ ᠤ ᠳᠤᠮᠳᠠᠳᠤ ᠤᠯᠤᠰ ᠤᠨ ᠣᠨᠴᠠᠯᠢᠭᠲᠤ ᠵᠢᠭᠤᠯᠴᠢᠯᠠᠯ ᠤᠨ ᠲᠠᠸᠠᠷ ᠤᠨ ᠤᠷᠤᠯᠳᠤᠭᠠᠨ 5 ᠰᠠᠷ᠎ᠠ ᠶᠢᠨ 25 ᠤ ᠡᠳᠦᠷ ᠵᠧᠵᠢᠶᠠᠩ ᠮᠤᠵᠢ ᠶᠢᠨ ᠢ ᠦ᠋ ᠬᠤᠲᠠ ᠳ᠋ᠣ ᠪᠣᠯᠵᠤ ᠦᠩᠭᠡᠷᠡᠪᠡ᠃ ᠲᠤᠰ ᠤᠷᠤᠯᠳᠤᠭᠠᠨ ᠢ ᠳᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠨᠡᠶᠢᠭᠡᠮᠯᠢᠭ ᠠᠴᠠ ᠰᠠᠨᠠᠭᠠᠴᠢᠯᠠᠵᠤ᠂ ᠤᠯᠤᠰ ᠳᠠᠶᠠᠭᠠᠷ ᠤᠨ ᠨᠡᠶᠢᠲᠡ 2312 ᠪᠦᠲᠦᠭᠡᠯ ᠤᠷᠤᠯᠳᠤᠭᠠᠨ ᠳ᠋ᠣ ᠣᠷᠣᠯᠴᠠᠭᠰᠠᠨ ᠪᠠᠶᠢᠨ᠎ᠠ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠳᠡᠪᠰᠢᠭᠦᠯᠦᠭᠰᠡᠨ ᠬᠥᠬᠡᠬᠤᠲᠠ ᠳᠠᠬᠢ ᠥᠪᠥᠷ ᠮᠣᠩᠭᠤᠯ ᠤᠨ ᠸᠧᠢ ᠮᠢᠩ ᠶᠠᠩ ᠰᠣᠶᠣᠯ ᠠᠵᠤ ᠦᠢᠯᠡᠰ ᠤᠨ ᠬᠢᠵᠠᠭᠠᠷᠳᠦ ᠺᠣᠮᠫᠠᠨᠢ ᠶᠢᠨ ᠭᠠᠷ ᠪᠦᠲᠦᠭᠡᠯ ᠪᠣᠯᠬᠤ ᠮᠣᠩᠭᠤᠯ ᠭᠡᠷ ᠤᠨ ᠵᠠᠬᠪᠤᠷ ᠲᠠᠢ ᠴᠣᠮᠣ ᠪᠠ ᠮᠣᠩᠭᠤᠯ ᠣᠨᠴᠠᠯᠢᠭ ᠲᠠᠢ ᠬᠠᠨᠴᠤᠢ ᠶᠢᠨ ᠲᠣᠪᠴᠢ ᠵᠡᠷᠭᠡ ᠨᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠰᠦᠯᠳᠡ ᠨᠡᠷᠡᠮᠵᠢᠲᠦ ᠠᠷᠠᠰᠤᠨ ᠡᠳ᠋ᠯᠡᠯ᠂ ᠠᠯᠠᠱᠠ ᠶᠢᠨ ᠸᠤᠨ ᠴᠤᠸᠠᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠳᠦ ᠺᠣᠮᠫᠠᠨᠢ ᠶᠢᠨ ᠬᠠᠮᠢᠶᠠᠲᠠᠢ ᠪᠦᠲᠦᠭᠡᠭᠳᠡᠬᠦᠨ ᠲᠤᠰ ᠲᠤᠰ ᠭᠤᠷᠪᠠᠳᠤᠭᠠᠷ ᠳᠡᠰ ᠤᠨ ᠱᠠᠩᠨᠠᠯ ᠬᠦᠷᠲᠡᠭᠰᠡᠨ ᠪᠠᠶᠢᠨ᠎ᠠ᠃       ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠠᠯᠠᠯ ᠵᠢᠭᠤᠯᠴᠢᠯᠠᠯ ᠤᠨ ᠬᠥᠭᠵᠢᠯᠲᠡ ᠶᠢᠨ ᠺᠣᠮᠢᠰ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠠᠯᠠᠯ ᠵᠢᠭᠤᠯᠴᠢᠯᠠᠯ ᠤᠨ ᠨᠡᠶᠢᠭᠡᠮᠯᠢᠭ ᠲᠤᠰ ᠲᠤᠰ ᠳᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠨᠡᠶᠢᠭᠡᠮᠯᠢᠭ ᠠᠴᠠ ᠣᠯᠭᠤᠭᠰᠠᠨ ︽ᠬᠠᠮᠤᠭ ᠤᠨ ᠶᠡᠭᠡ ᠨᠡᠮᠡᠷᠢ ᠬᠠᠨᠳᠢᠪᠯᠡᠭᠰᠠᠨ ᠱᠠᠩᠨᠠᠯ︾ ᠪᠠ ︽ᠲᠣᠪᠤᠶᠢᠮ᠎ᠠ ᠨᠡᠮᠡᠷᠢ ᠬᠠᠨᠳᠢᠪᠯᠡᠭᠰᠠᠨ ᠱᠠᠩᠨᠠᠯ︾ ᠢ ᠬᠦᠷᠲᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠷᠠᠳᠢᠣ᠋ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号