ᠦᠪᠦᠷ ᠮᠣᠩᠭᠤᠯ ᠤᠨ ᠭᠤᠷᠪᠠᠨ ᠪᠦᠰᠡᠬᠦᠢ ᠤᠯᠤᠰ ᠲᠠᠶᠠᠭᠠᠷ ᠤᠨ ᠪᠦᠰᠡᠬᠦ᠋ᠢᠴᠤᠳ ᠤᠨ ᠦᠢᠯᠡᠰ ᠪᠤᠰᠬᠠᠬᠤ ᠪᠠᠷ ᠶᠠᠳᠠᠭᠤ ᠶᠢ ᠲᠡᠳᠬᠦᠬᠦ ᠲᠡᠮᠡᠴᠡᠬᠡᠨ ᠳᠤ ᠦᠷᠢᠰᠦᠯᠳᠤᠬᠦ ᠪᠤᠯᠤᠨ᠎ᠠ
ᠨᠡᠶᠢᠲᠡᠯᠡᠭᠰᠡᠨ ᠴᠠᠭ᠄
2018/5/29
     ᠰᠢᠨᠬᠤᠸᠠ ᠮᠣᠩᠭᠤᠯ ᠨᠧᠲ ᠬᠦᠬᠡᠬᠤᠳᠠ ᠶᠢᠨ 5 ᠰᠠᠷ᠎ᠠ ᠶᠢᠨ 25 ᠤ ᠡᠳᠤᠷ ᠤᠨ ᠴᠠᠬᠢᠯᠭᠠᠨ ᠮᠡᠳᠡᠭᠡ ︵ᠪᠠᠢ ᠯᠢᠩ ᠳ᠋ᠢ︶ 24 ᠤ ᠡᠳᠤᠷ᠂ ᠪᠦᠰᠡᠬᠦ᠋ᠢᠴᠤᠳ ᠤᠨ ᠦᠢᠯᠡᠰ ᠪᠤᠰᠬᠠᠬᠤ ᠪᠠᠷ ᠶᠠᠳᠠᠭᠤ ᠶᠢ ᠲᠡᠳᠬᠦᠬᠦ ᠦᠪᠦᠷ ᠮᠣᠩᠭᠤᠯ ᠳᠠᠬᠢ ᠬᠤᠪᠢᠶᠠᠷᠢ ᠲᠡᠮᠡᠴᠡᠬᠡᠨ ᠬᠦᠬᠡᠬᠤᠳᠠ ᠳᠤ ᠬᠠᠭᠠᠯᠳᠠ ᠪᠠᠨ ᠬᠢᠪᠡ᠃ ᠦᠪᠦᠷ ᠮᠣᠩᠭᠤᠯ ᠤᠨ ᠡᠯ᠎ᠡ ᠠᠶᠢᠮᠠᠭ ᠬᠤᠰᠢᠭᠤ ᠰᠢᠶᠠᠨ ᠠᠴᠠ 24 ᠦᠷᠢᠰᠦᠯᠳᠦᠭᠴᠢ ᠤᠷᠤᠯᠴᠠᠵᠤ ᠬᠤᠶᠠᠷ ᠡᠳᠤᠷ ᠤᠨ ᠲᠡᠮᠡᠴᠡᠬᠡᠨ ᠳᠤ ᠦᠢᠯᠡᠰ ᠪᠤᠰᠬᠠᠭᠰᠠᠨ ᠦᠯᠢᠭᠡᠷ ᠪᠤᠯᠤᠨ ᠲᠦᠰᠦᠯ ᠢᠶᠠᠨ ᠶᠠᠷᠢᠵᠤ ᠢᠯᠡᠳᠬᠡᠭᠰᠡᠨ ᠤ ᠲᠠᠷᠠᠭ᠎ᠠ ᠡᠮᠦᠨ᠎ᠡ ᠭᠤᠷᠪᠠᠨ ᠨᠡᠷᠡᠰ ᠲᠤ ᠲᠤᠳᠤᠷᠠᠭᠰᠠᠨ ᠢ ᠨᠢ ᠤᠯᠤᠰ ᠲᠠᠶᠠᠭᠠᠷ ᠤᠨ ᠪᠦᠰᠡᠬᠦ᠋ᠢᠴᠤᠳ ᠤᠨ ᠰᠢᠯᠢᠳᠡᠭ ᠦᠢᠯᠡᠰ ᠪᠤᠰᠭᠠᠭᠴᠢ ᠶᠢᠨ ᠰᠢᠯᠭᠠᠷᠠᠭᠤᠯᠤᠯᠳᠠ ᠶᠢᠨ ᠲᠡᠮᠡᠴᠡᠬᠡᠨ ᠳᠤ ᠨᠡᠷ᠎ᠡ ᠲᠡᠪᠰᠢᠬᠦᠯᠦᠨ᠎ᠡ᠃ ᠲᠡᠮᠡᠴᠡᠬᠡᠨ ᠤ ᠳ᠋ᠦ᠋ᠩ ᠳᠤ ᠲᠠᠷᠢᠶᠠᠯᠠᠩ ᠦᠢᠯᠡᠰ ᠤᠨ ᠲᠤᠰᠬᠠᠢ ᠬᠤᠷᠰᠢᠶᠠᠵᠢᠯ ᠡᠷᠬᠢᠯᠡᠵᠤ ᠪᠠᠶᠢᠭ᠎ᠠ  ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠤ ᠴᠢ ᠰᠢᠶᠤᠤ ᠵᠢᠩ᠂ ᠲᠡᠵᠢᠬᠡᠨ ᠦᠷᠡᠵᠢᠬᠦᠯᠬᠦ ᠦᠢᠯᠡᠰ ᠤᠨ ᠲᠤᠰᠬᠠᠢ ᠬᠤᠷᠰᠢᠶᠠᠵᠢᠯ ᠡᠷᠬᠢᠯᠡᠵᠤ ᠪᠠᠶᠢᠭ᠎ᠠ ᠤᠷᠳᠤᠰ ᠤᠨ ᠲᠠᠯᠠᠳ ᠬᠤᠰᠢᠭᠤᠨ ᠤ ᠯᠧᠢ ᠪᠢ ᠰᠢᠶᠠ ᠪᠤᠯᠤᠨ ᠦᠨᠳᠤᠰᠦᠳᠡᠨ ᠤ ᠬᠤᠪᠴᠠᠰᠤ ᠵᠠᠰᠠᠯ ᠤ ᠦᠢᠯᠡᠰ ᠡᠷᠬᠢᠯᠡᠵᠤ ᠪᠠᠶᠢᠭ᠎ᠠ ᠤᠯᠠᠭᠠᠨᠴᠠᠪ ᠤᠨ ᠠᠯᠢᠮ᠎ᠠ ᠡᠮᠦᠨ᠎ᠡ ᠭᠤᠷᠪᠠ ᠳᠤ ᠲᠤᠳᠤᠷᠠᠵᠤ ᠦᠪᠦᠷ ᠮᠣᠩᠭᠤᠯ ᠤᠨ ᠤᠷᠤᠯᠴᠠᠭᠴᠢ ᠪᠠᠷ ᠤᠯᠤᠰ ᠲᠠᠶᠠᠭᠠᠷ ᠤᠨ ᠲᠡᠮᠡᠴᠡᠬᠡᠨ ᠳᠤ ᠦᠷᠢᠰᠦᠯᠳᠤᠬᠦ ᠪᠤᠯᠤᠨ᠎ᠠ᠃     ᠲᠤᠰ ᠤᠳᠠᠭᠠᠨ ᠤ ᠠᠵᠢᠯᠯᠠᠭ᠎ᠠ ᠶᠢ ᠦᠪᠦᠷ ᠮᠣᠩᠭᠤᠯ ᠤᠨ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠰᠠᠨᠠᠭᠠᠴᠢᠯᠠᠵᠤ᠂ ᠦᠪᠦᠷ ᠮᠣᠩᠭᠤᠯ ᠤᠨ ᠡᠮᠡᠭᠲᠡᠶᠢᠴᠤᠳ ᠤᠨ ᠬᠤᠯᠪᠤᠭ᠎ᠠ᠂ ᠦᠪᠦᠷ ᠮᠣᠩᠭᠤᠯ ᠤᠨ ᠶᠠᠳᠠᠭᠤ ᠶᠢ ᠲᠡᠳᠬᠦᠬᠦ ᠠᠯᠪᠠᠨ ᠪᠤᠯᠤᠨ ᠦᠪᠦᠷ ᠮᠣᠩᠭᠤᠯ ᠤᠨ ᠠᠵᠢᠯ ᠤᠯᠭᠤᠬᠤ ᠲᠤᠪᠴᠢᠶᠠᠨ ᠠᠴᠠ ᠵᠤᠬᠢᠶᠠᠨ ᠪᠠᠶᠢᠭᠤᠯᠵᠠᠢ᠃
 
ᠢᠷᠡᠯᠲᠡ᠄ ᠰᠢᠨᠬᠤᠸᠠ ᠮᠣᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号