︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018/5/31
     2016 ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠮᠠᠨ ᠤ ᠤᠯᠤᠰ ᠤᠨ ᠠᠩᠬᠠᠳᠠᠭᠴᠢ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠶᠢ ᠵᠢᠩᠭᠢᠨᠢ ᠪᠠᠷ ᠬᠡᠷᠡᠭᠵᠢᠬᠦᠯᠪᠡ᠃ ︽ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ︾ ᠳᠤ᠂ ᠬᠡᠷ ᠪᠦᠯᠢ ᠶᠢᠨ ᠬᠦᠴᠦᠷᠬᠡᠭᠯᠡᠯ ᠤᠨ ᠠᠭᠤᠯᠤᠭᠳᠠᠬᠤᠨ᠂ ᠰᠡᠷᠬᠡᠶᠢᠯᠡᠯᠳᠡ᠂ ᠰᠢᠢᠳᠪᠦᠷᠢᠯᠡᠯᠳᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠬᠡ ᠲᠠᠯ᠎ᠠ ᠪᠠᠷ ᠳᠤᠳᠤᠷᠬᠠᠢ ᠲᠤᠭᠳᠠᠭᠠᠵᠦ᠂ 10 ᠬᠢᠯᠠᠰ ᠴᠢᠭ ᠢ ᠢᠯᠡᠷᠡᠬᠦᠯᠵᠠᠢ᠃ ᠬᠢᠯᠠᠰ ᠴᠢᠭ ᠨᠢᠬᠡ᠄ ︽ᠤᠶᠤᠨ ᠤ ᠬᠤᠤᠷ ᠬᠥᠨᠦᠬᠡᠯ︾ ᠨᠢ ᠬᠡᠷ ᠪᠦᠯᠢ ᠶᠢᠨ ᠬᠦᠴᠦᠷᠬᠡᠭᠯᠡᠯ ᠳᠤ ᠪᠠᠭᠳᠠᠨ᠎ᠠ᠃ ᠬᠢᠯᠠᠰ ᠴᠢᠭ ᠬᠤᠶᠠᠷ᠄ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠠᠵᠢᠯ ᠢ ᠬᠠᠮᠢᠶ᠎ᠠ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠬᠡᠴᠡ ᠶᠢᠨ ᠠᠵᠢᠯ ᠤᠨ ᠬᠠᠷᠢᠭᠤᠴᠠᠯᠭ᠎ᠠ ᠶᠢᠨ ᠬᠡᠪᠴᠢᠶᠡᠨ ᠳᠤ ᠤᠷᠤᠭᠤᠯᠵᠠᠢ᠃ ᠬᠢᠯᠠᠰ ᠴᠢᠭ ᠭᠤᠷᠪᠠ᠄ ᠬᠥᠮᠦᠨ ᠬᠡᠷᠡᠭᠯᠡᠬᠦ ᠨᠢᠬᠡᠴᠡ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠠᠵᠢᠯ ᠲᠤᠮᠳᠠ ᠡᠬᠦᠷᠬᠡᠯᠡᠬᠦ ᠵᠤᠬᠢᠰᠳᠠᠢ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠨ᠎ᠡ᠃ ᠬᠢᠯᠠᠰ ᠴᠢᠭ ᠲᠦᠷᠪᠡ᠄ ᠬᠡᠷ ᠪᠦᠯᠢ ᠶᠢᠨ ᠬᠦᠴᠦᠷᠬᠡᠭᠯᠡᠯ ᠤᠷᠤᠰᠢᠵᠦ ᠪᠠᠶᠢᠬᠤ ᠶᠢ ᠮᠡᠳᠡᠵᠦ ᠪᠠᠶᠢᠭᠠᠳ ᠬᠡᠷᠡᠭ ᠮᠡᠳᠡᠬᠦᠯᠬᠦ ᠦᠬᠡᠢ ᠪᠤᠯ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠤ ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠢᠯᠠᠰ ᠴᠢᠭ ᠲᠠᠪᠤ᠄ ᠳᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠬᠡᠷ ᠪᠦᠯᠢ ᠶᠢᠨ ᠬᠦᠴᠦᠷᠬᠡᠭᠯᠡᠯ ᠤᠨ ᠬᠡᠷᠡᠭ ᠤᠨ ᠮᠡᠳᠡᠬᠦᠯᠦᠯᠳᠡ ᠶᠢ ᠲᠤᠰᠤᠭᠰᠠᠨ ᠤ ᠲᠠᠷᠠᠭ᠎ᠠ ᠴᠠᠭ ᠲᠤᠬᠠᠢ ᠳᠤᠨᠢ ᠴᠠᠭᠳᠠᠭ᠎ᠠ ᠲᠤᠮᠢᠯᠠᠵᠦ᠂ ᠬᠡᠷ ᠪᠦᠯᠢ ᠶᠢᠨ ᠬᠦᠴᠦᠷᠬᠡᠭᠯᠡᠯ ᠢ ᠬᠤᠷᠢᠭᠯᠠᠬᠤ ᠶᠢᠨ ᠳᠠᠭᠠᠤ ᠬᠠᠮᠢᠶ᠎ᠠ ᠪᠦᠬᠦᠢ ᠲᠤᠭᠳᠠᠭᠠᠯ ᠤᠨ ᠲᠡᠰ ᠲᠠᠷᠠᠭᠠᠯᠠᠯ ᠢᠶᠠᠷ ᠬᠡᠷᠡᠴᠢ ᠪᠠᠷᠢᠮᠳᠠ ᠶᠢ ᠪᠠᠶᠢᠴᠠᠭᠠᠬᠤ᠂ ᠬᠤᠬᠢᠷᠠᠯ ᠠᠮᠰᠠᠭᠰᠠᠳ ᠤᠨ ᠡᠮᠴᠢᠯᠡᠬᠡᠨ ᠳᠤ ᠲᠡᠮᠵᠢᠯᠬᠡ ᠦᠵᠡᠬᠦᠯᠬᠦ᠂ ᠰᠢᠷᠠᠭᠳᠤᠯ ᠤᠨ ᠪᠠᠶᠢᠳᠠᠯ ᠢ ᠬᠢᠨᠠᠨ ᠲᠤᠭᠳᠠᠭᠠᠬᠤ ᠵᠡᠷᠬᠡ ᠠᠵᠢᠯ ᠢ ᠬᠢᠬᠦ ᠬᠡᠷᠡᠭᠳᠠᠢ᠃ ᠬᠢᠯᠠᠰ ᠴᠢᠭ ᠵᠢᠷᠭᠤᠭ᠎ᠠ᠄ ᠳᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠡᠯᠢᠶᠡᠳ ᠬᠥᠡᠭᠭᠡᠨ ᠬᠡᠷ ᠪᠦᠯᠢ ᠶᠢᠨ ᠬᠦᠴᠦᠷᠬᠡᠭᠯᠡᠬᠦ ᠡᠳᠡᠬᠡᠳ ᠲᠤ ᠬᠠᠨᠳᠤᠭᠤᠯᠵᠦ ᠰᠡᠷᠡᠮᠵᠢᠯᠡᠬᠦᠯᠤᠨ ᠰᠠᠨᠠᠭᠤᠯᠬᠤ ᠪᠢᠴᠢᠭ ᠪᠠᠭᠤᠯᠭᠠᠨ᠎ᠠ᠃ ᠬᠢᠯᠠᠰ ᠴᠢᠭ ᠲᠤᠯᠤᠭ᠎ᠠ᠄ ︽ᠬᠡᠷ ᠪᠦᠯᠢ ᠶᠢᠨ ᠬᠦᠴᠦᠷᠬᠡᠭᠯᠡᠯ︾ ᠤᠨ ᠬᠡᠷᠡᠭ ᠤᠨ ᠬᠡᠷᠡᠴᠢ ᠪᠠᠷᠢᠮᠳᠠ ᠴᠤᠭᠯᠠᠭᠤᠯᠬᠤ ᠳᠤ ᠬᠦᠴᠢᠷ ᠪᠠᠶᠢᠬᠤ ᠠᠰᠠᠭᠤᠳᠠᠯ ᠢ ᠨᠡᠯᠢᠶᠡᠳ ᠲᠦᠢᠯᠪᠤᠷᠢᠳᠠᠢ ᠰᠢᠢᠳᠪᠦᠷᠢᠯᠡᠨ᠎ᠡ᠃ ᠬᠢᠯᠠᠰ ᠴᠢᠭ ᠨᠠᠢᠮᠠ᠄ ︽ᠪᠡᠶ᠎ᠡ ᠶᠢᠨ ᠠᠮᠤᠷ ᠲᠥᠪᠰᠢᠨ ᠢ ᠬᠠᠮᠠᠭᠠᠯᠠᠬᠤ ᠵᠠᠷᠯᠠᠯ︾ ᠨᠢ ᠬᠡᠷ ᠪᠦᠯᠢ ᠶᠢᠨ ᠬᠦᠴᠦᠷᠬᠡᠭᠯᠡᠯ ᠢ ᠠᠮᠰᠠᠭᠰᠠᠨ ᠡᠳᠡᠬᠡᠳ ᠢ ᠦᠷ᠎ᠡ ᠪᠦᠳᠦᠮᠵᠢᠳᠠᠢ ᠬᠠᠮᠠᠭᠠᠯᠠᠨ᠎ᠠ᠃ ᠬᠢᠯᠠᠰ ᠴᠢᠭ ᠶᠢᠰᠦ᠄ ᠲᠤᠰ ᠬᠠᠤᠯᠢ ᠳᠤ ︽ᠬᠠᠮᠳᠤ ᠰᠠᠭᠤᠬᠤ︾᠂ ︽ᠲᠡᠵᠢᠬᠡᠯᠬᠡᠬᠦ︾ ᠵᠡᠷᠬᠡ ᠬᠠᠮᠳᠤ ᠠᠮᠢᠳᠤᠷᠠᠬᠤ ᠬᠠᠷᠢᠴᠠᠭ᠎ᠠ ᠲᠤᠬᠢᠷᠠᠨ᠎ᠠ᠃ ᠬᠢᠯᠠᠰ ᠴᠢᠭ ᠠᠷᠪᠠ᠄ ᠬᠡᠷ ᠪᠦᠯᠢ ᠶᠢᠨ ᠬᠦᠴᠦᠷᠬᠡᠭᠯᠡᠯ ᠠᠮᠰᠠᠭᠰᠠᠳ ᠤᠨ ᠵᠠᠷᠭᠤ ᠵᠠᠭᠠᠯᠳᠤᠯᠭ᠎ᠠ ᠶᠢᠨ ᠰᠦᠢᠳᠬᠡᠯ ᠢ ᠬᠠᠰᠤᠵᠦ ᠬᠡᠯᠳᠦᠷᠢᠬᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号