ᠮᠠᠨ ᠤ ᠠᠶᠢᠮᠠᠭ ᠠᠩᠬᠠᠳᠤᠭᠠᠷ ᠬᠤᠭᠤᠴᠠᠭᠠᠨ ᠤ ᠰᠦᠯᠵᠢᠶᠠᠨ ᠰᠤᠶᠤᠯ ᠤᠨ ᠨᠠᠶᠢᠷ ᠡᠷᠬᠢᠯᠠᠨ ᠶᠠᠪᠤᠭᠳᠠᠭᠤᠯᠬᠤ ᠪᠠᠷ ᠪᠤᠯᠵᠠᠢ
ᠨᠡᠶᠢᠲᠡᠯᠡᠭᠰᠡᠨ ᠴᠠᠭ᠄
2018/6/11
     ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠯᠢᠶᠠᠨ ᠪᠤᠥ︶ 6 ᠰᠠᠷ᠎ᠠ ᠶᠢᠨ 7 ᠤ ᠡᠳᠦᠷ᠂ ︽ᠰᠦᠯᠵᠢᠶ᠎ᠠ ᠬᠢᠨᠭ᠍ᠭᠠᠨ ᠠᠶᠢᠮᠠᠭ ᠲᠤ ᠴᠤᠬᠯᠠᠷᠠᠨ · ᠰᠢᠨ᠎ᠠ ᠴᠠᠬ ᠦᠶ᠎ᠠ ᠳᠤ ᠡᠷᠡᠯᠬᠡᠭᠯᠡᠨ ᠤᠷᠤᠬᠰᠢᠯᠠᠬᠤ︾ ᠭᠤᠤᠯ ᠰᠡᠳᠦᠪᠲᠦ ᠬᠢᠨᠭ᠍ᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠦᠯᠵᠢᠶᠠᠨ ᠰᠤᠶᠤᠯ ᠤᠨ ᠨᠠᠶᠢᠷ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠰᠦᠯᠵᠢᠶᠠᠨ ᠰᠤᠶᠤᠯ ᠤᠨ ᠨᠠᠶᠢᠷ ᠡᠷᠬᠢᠯᠡᠬᠦ ᠶᠢ ᠤᠯᠠᠨ ᠳᠤ ᠨᠡᠶᠢᠳᠡᠯᠡᠭᠰᠡᠨ ᠪᠠᠶᠢᠨ᠎ᠠ᠃     ᠮᠠᠨ ᠤ ᠠᠶᠢᠮᠠᠭ ᠤᠨ ᠰᠦᠯᠵᠢᠶᠠᠨ ᠰᠤᠶᠤᠯ ᠤᠨ ᠨᠠᠶᠢᠷ ᠡᠷᠬᠢᠯᠡᠭᠰᠡᠨ ᠭᠤᠤᠯ ᠵᠤᠷᠢᠯᠭ᠎ᠠ ᠨᠢ ᠡᠯ᠎ᠠ ᠲᠦᠷᠦᠯ ᠤᠨ ᠭᠤᠤᠯ ᠰᠡᠳᠦᠪᠲᠦ ᠠᠵᠢᠯᠯᠠᠭᠠᠨ ᠢ ᠦᠷᠨᠢᠭᠦᠯᠬᠦ ᠪᠠᠷ ᠳᠠᠮᠵᠢᠨ᠂ ᠵᠠᠰᠠᠬ ᠤᠨ ᠤᠷᠳᠤᠨ ᠪᠤᠯᠤᠨ ᠰᠦᠯᠵᠢᠶᠠᠨ ᠠᠷᠡᠳ᠂ ᠰᠦᠯᠵᠢᠶᠠᠨ ᠰᠤᠶᠤᠯ ᠤᠨ ᠠᠵᠦ ᠠᠬᠤᠢᠢᠯᠡᠯ ᠤᠨ ᠨᠡᠪᠳᠡᠷᠡᠯᠴᠡᠭᠡ ᠬᠠᠷᠢᠯᠴᠠᠭ᠎ᠠ ᠶᠢ ᠴᠢᠩᠭᠠᠳᠬᠠᠵᠦ᠂ ᠡᠶ᠎ᠡ ᠨᠠᠶᠢᠷᠠᠮᠳᠠᠭᠤ ᠪᠤᠯᠪᠠᠰᠦᠨ ᠬᠢᠨᠭ᠍ᠭᠠᠨ ᠤ ᠰᠦᠯᠵᠢᠶᠠᠨ ᠰᠤᠶᠤᠯ ᠢ ᠪᠦᠲᠦᠭᠡᠨ ᠪᠠᠶᠢᠭᠤᠯᠬᠤ ᠶᠢᠨ ᠬᠠᠮᠲᠦ᠂ ᠰᠦᠯᠵᠢᠶᠠᠨ ᠰᠤᠶᠤᠯ ᠤᠨ ᠠᠵᠦ ᠠᠬᠤᠢᠢᠯᠡᠯ ᠤᠨ ᠲᠤᠳᠤᠭᠠᠲᠦ ᠬᠦᠳᠡᠯᠭᠡᠬᠦ ᠬᠦᠴᠦᠨ ᠢ ᠤᠯᠠᠮ ᠨᠢᠭᠡ ᠠᠯᠬᠤᠮ ᠬᠦᠭᠵᠢᠭᠦᠯᠵᠦ᠂ ᠳᠤᠤᠷ ᠰᠦᠯᠵᠢᠶ᠎ᠠ ᠪᠠᠷ ᠳᠠᠮᠵᠢᠨ ᠮᠠᠨ ᠤ ᠠᠶᠢᠮᠠᠭ ᠤᠨ ᠪᠤᠬᠢᠷᠲᠦᠯ ᠦᠭᠡᠢ ᠲᠠᠷᠢᠶᠠᠯᠠᠩ ᠮᠠᠯ ᠠᠵᠦ ᠠᠬᠤᠢ ᠶᠢᠨ ᠪᠦᠲᠦᠭᠡᠭᠳᠡᠭᠦᠨ ᠪᠤᠯᠤᠨ ᠰᠤᠶᠤᠯ ᠵᠤᠭᠠᠴᠠᠯ ᠤᠨ ᠡᠬᠢ ᠰᠤᠷᠪᠤᠯᠵᠢ ᠶᠢ ᠤᠬᠠᠭᠤᠯᠤᠨ ᠲᠠᠨᠢᠯᠴᠠᠭᠤᠯᠵᠦ᠂ ᠮᠠᠨ ᠤ ᠠᠶᠢᠮᠠᠭ ᠤᠨ ᠨᠡᠷᠡᠲᠦ ᠳᠡᠮᠲᠡᠭᠲᠦ ᠪᠠ ᠢᠷᠠᠭᠤ ᠠᠯᠳᠠᠷᠰᠢᠯ ᠤᠨ ᠬᠡᠮᠵᠢᠶ᠎ᠠ ᠶᠢ ᠳᠡᠭᠡᠭᠰᠢᠯᠡᠭᠦᠯᠦᠨ᠎ᠠ᠃ ᠲᠤᠰ ᠤᠳᠠᠭᠠᠨ ᠤ ᠰᠦᠯᠵᠢᠶᠠᠨ ᠰᠤᠶᠤᠯ ᠤᠨ ᠨᠠᠶᠢᠷ ᠢ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠲᠤᠤᠷ ᠰᠦᠯᠵᠢ‍‌ᠡᠶ᠎ᠡ ᠰᠤᠷᠠᠬ ᠵᠠᠩᠬᠢ ᠶᠢᠨ ᠠᠯᠪᠠᠨ ᠭᠡᠷ ᠠᠴᠠ ᠭᠤᠤᠯᠯᠠᠨ ᠡᠷᠬᠢᠯᠡᠵᠦ᠂ ᠠᠶᠢᠮᠠᠭ ᠤᠨ ᠪᠤᠯᠪᠠᠰᠦᠨ ᠤ ᠠᠯᠪᠠᠨ ᠭᠡᠷ᠂ ᠠᠶᠢᠮᠠᠬ ᠤᠨ ᠰᠤᠶᠤᠯ ᠪᠡᠶ᠎ᠠ ᠲᠠᠮᠢᠷ ᠰᠤᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠵᠤᠭᠠᠴᠠᠯ ᠤᠨ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠰᠤᠷᠭᠠᠨ ᠬᠦᠮᠦᠵᠢᠯ ᠤᠨ ᠲᠤᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠠᠶᠢᠮᠠᠭ ᠤᠨ ᠡᠪᠯᠡᠯ ᠤᠨ ᠬᠤᠷᠢᠶ᠎ᠠ᠂ ᠬᠢᠨᠭ᠍ᠭᠠᠨ ᠷᠠᠳᠢᠣ᠋ ᠲᠧᠯᠸᠢᠰ ᠬᠤᠷᠢᠶ᠎ᠠ᠂ ᠬᠢᠨᠭ᠍ᠭᠠᠨ ᠤ ᠡᠳᠦᠷ ᠤᠨ ᠰᠤᠨᠢᠨ ᠤ ᠬᠤᠷᠢᠶ᠎ᠠ᠂ ᠬᠢᠨᠭ᠍ᠭᠠᠨ ᠤ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠠᠴᠠ ᠬᠠᠮᠵᠢᠯᠴᠠᠨ ᠡᠷᠬᠢᠯᠡᠵᠦ᠂ ᠬᠢᠨᠭ᠍ᠭᠠᠨ ᠠᠶᠢᠮᠠᠭ ᠤᠨ ᠰᠦᠯᠵᠢᠶᠠᠨ ᠰᠤᠶᠤᠯ ᠤᠨ ᠨᠡᠶᠢᠭᠡᠮᠯᠢᠭ᠂ ᠰᠢᠨ ᠯᠠᠩ ᠰᠥᠯᠵᠢᠶ᠎ᠠ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠠᠴᠠ ᠳᠠᠭᠠᠭᠠᠴᠢᠯᠡᠨ ᠡᠷᠬᠢᠯᠡᠨ᠎ᠠ᠃ ᠳᠤᠰ ᠣᠳᠠᠭᠠᠨ ᠤ ᠠᠵᠢᠯᠯᠠᠭᠠᠨ ᠨᠢ ︽ᠰᠦᠯᠵᠢᠶ᠎ᠠ ᠬᠢᠨᠭ᠍ᠭᠠᠨ ᠠᠶᠢᠮᠠᠭ ᠲᠤ ᠴᠤᠬᠯᠠᠷᠠᠨ · ᠰᠢᠨ᠎ᠠ ᠴᠠᠬ ᠦᠶ᠎ᠠ ᠳᠤ ᠡᠷᠡᠯᠬᠡᠭᠯᠡᠨ ᠤᠷᠤᠬᠰᠢᠯᠠᠬᠤ︾ ᠭᠡᠬᠦ ᠪᠠᠷ ᠭᠤᠤᠯ ᠰᠡᠳᠦᠪ ᠢᠶᠠᠨ ᠪᠤᠯᠭᠠᠵᠦ᠂ ᠣᠳᠤ ᠠᠴᠠ 9 ᠰᠠᠷ᠎ᠠ ᠶᠢᠨ ᠰᠡᠭᠦᠯᠴᠢ ᠪᠤᠯᠳᠠᠯ᠎ᠠ 4 ᠰᠠᠷ᠎ᠠ ᠶᠢᠨ ᠬᠤᠭᠤᠴᠠᠭ᠎ᠠ ᠲᠠᠢ ᠶᠠᠪᠤᠬᠳᠠᠵᠦ᠂ 10 ᠲᠦᠷᠦᠯ ᠤᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠬᠦ ᠪᠤᠯᠤᠨ᠎ᠠ᠃ ᠡᠭᠦᠨ ᠳᠤ ︽ᠰᠦᠯᠵᠢᠶ᠎ᠠ ᠬᠢᠨᠭ᠍ᠭᠠᠨ ᠠᠶᠢᠮᠠᠭ ᠲᠤ ᠴᠤᠬᠯᠠᠷᠠᠨ · ᠰᠢᠨ᠎ᠠ ᠴᠠᠬ ᠦᠶ᠎ᠠ ᠳᠤ ᠡᠷᠡᠯᠬᠡᠭᠯᠡᠨ ᠤᠷᠤᠬᠰᠢᠯᠠᠬᠤ︾ ᠰᠢᠨ ᠯᠠᠩ ᠪᠢᠴᠢᠯ ᠪᠦᠷᠭᠡ ᠶᠢᠨ ᠶᠠᠷᠢᠶᠠᠨ ᠤ ᠠᠵᠢᠯᠯᠠᠭ᠎ᠠ᠂ LOGO ᠡᠯᠰᠡᠨ ᠴᠤᠬᠯᠠᠭᠤᠯᠬᠤ ᠠᠵᠢᠯᠯᠠᠭ᠎ᠠ ᠶᠢ ᠡᠷᠬᠢᠯᠡᠬᠦ᠂ ᠤᠬᠤᠷ ᠬᠠᠷᠠᠭᠠᠨ ᠳᠠᠪᠳᠠᠮᠵᠢ ᠵᠢᠴᠢ H5 ᠪᠦᠲᠦᠭᠡᠯ ᠡᠯᠰᠡᠬᠦ ᠠᠵᠢᠯᠯᠠᠭ᠎ᠠ᠂ ︽ᠬᠢᠨᠭ᠍ᠭᠠᠨ ᠤ ᠰᠦᠯᠵᠢᠶᠠᠨ ᠶᠠᠪᠤᠳᠠᠯ · ᠴᠠᠬ ᠦᠶ᠎ᠠ ᠶᠢᠨ ᠮᠠᠬᠳᠠᠭᠠᠯ ᠳᠠᠭᠤᠤ︾ ᠭᠡᠬᠦ ᠰᠢᠯᠢᠳᠡᠭ ᠰᠦᠯᠵᠢᠶᠠᠨ ᠰᠤᠶᠤᠯ ᠤᠨ ᠠᠵᠢᠯᠯᠠᠭ᠎ᠠ᠂ 2018 ᠤᠨ ᠤ ᠬᠢᠨᠭ᠍ᠭᠠᠨ ᠠᠶᠢᠮᠠᠭ ᠤᠨ ᠬᠠᠮᠤᠭ ᠨᠦᠯᠦᠭᠡ ᠲᠤᠰᠬᠠᠯ ᠲᠠᠢ ᠰᠢᠨ᠎ᠠ ᠵᠠᠭᠤᠴᠢᠯᠠᠭᠤᠷ ᠤᠨ ᠲᠠᠩᠰᠠᠨ ᠤ ᠳ᠋ᠤᠭᠠᠷ ᠢ ᠰᠢᠯᠭᠠᠨ ᠰᠤᠩᠭᠤᠬᠤ ᠠᠵᠢᠯᠯᠠᠭ᠎ᠠ᠂ ᠬᠢᠨᠭ᠍ᠭᠠᠨ ᠠᠶᠢᠮᠠᠭ ᠤᠨ ᠰᠦᠯᠵᠢᠶᠠᠨ ᠪᠤᠯᠪᠠᠰᠦᠨ ᠰᠠᠶᠢᠨ ᠲᠤᠷᠠᠴᠤᠳ ᠢ ᠡᠯᠰᠡᠬᠦ ᠶᠢᠨ ᠬᠠᠮᠲᠦ ︽ᠬᠢᠨᠭ᠍ᠭᠠᠨ ᠤ ᠰᠢᠯᠢᠳᠡᠭ ᠰᠦᠯᠵᠢᠶᠠᠨ ᠠᠷᠡᠳ︾  ᠢ ᠰᠢᠯᠭᠠᠨ ᠰᠤᠩᠭᠤᠵᠦ ᠮᠠᠬᠳᠠᠨ ᠬᠦᠬᠢᠬᠦᠯᠬᠦ ᠠᠵᠢᠯᠯᠠᠭ᠎ᠠ᠂ ᠬᠢᠨᠭ᠍ᠭᠠᠨ ᠠᠶᠢᠮᠠᠭ ᠤᠨ ᠳᠤᠤᠷ ᠰᠦᠯᠵᠢᠶ᠎ᠠ ᠰᠤᠶᠤᠯ ᠤᠨ ᠨᠡᠶᠢᠭᠡᠮᠯᠢᠭ ᠪᠠᠶᠢᠭᠤᠯᠤᠬᠳᠠᠬᠰᠠᠨ ᠵᠢᠴᠢ ᠠᠩᠬᠠᠳᠤᠭᠠᠷ ᠤᠳᠠᠭᠠᠨ ᠤ ᠭᠡᠰᠢᠭᠦᠨ ᠤ ᠲᠦᠯᠦᠭᠡᠯᠡᠭᠴᠢᠳ ᠤᠨ ᠶᠡᠭᠡ ᠬᠤᠷᠠᠯ ᠢ ᠡᠷᠬᠢᠯᠡᠬᠦ᠂ ᠬᠢᠨᠭ᠍ᠭᠠᠨ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠦᠯᠵᠢᠶᠠᠨ ᠰᠤᠶᠤᠯ ᠤᠨ ᠨᠠᠶᠢᠷ ᠤᠨ ᠡᠬᠢᠯᠡᠯᠲᠡ ᠶᠢᠨ ᠶᠤᠰᠤᠯᠠᠯ᠂ ︽ᠲᠤᠤᠷ ᠰᠦᠯᠵᠢᠶ᠎ᠠ ᠵᠠᠭᠤᠴᠢᠯᠠᠭᠤᠷ ᠢᠶᠠᠷ ᠬᠢᠨᠭ᠍ᠭᠠᠨ ᠢ ᠰᠤᠨᠢᠷᠬᠠᠬᠤ︾ ᠭᠤᠤᠯ ᠰᠡᠳᠦᠪᠲᠦ ᠰᠤᠷᠪᠤᠯᠵᠢᠯᠠᠭ᠎ᠠ ᠶᠢᠨ ᠠᠵᠢᠯᠯᠠᠭ᠎ᠠ᠂ ᠭᠤᠤᠯ ᠰᠡᠳᠦᠪᠲᠦ ᠬᠠᠮᠲᠦ ᠪᠠᠷ ᠬᠤᠪᠢᠶᠠᠯᠴᠠᠬᠤ ᠬᠤᠷᠠᠯ ᠵᠡᠷᠭᠡ ᠠᠵᠢᠯᠯᠠᠭ᠎ᠠ ᠶᠢ ᠦᠷᠨᠢᠬᠦᠯᠬᠦ ᠪᠤᠯᠤᠨ᠎ᠠ᠃
 
ᠢᠷᠡᠯᠲᠡ᠄ ᠬᠢᠩᠭᠠᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号