2018 ᠤᠨ ᠤ ᠲᠠᠷᠢᠶᠠᠯᠠᠩ ᠤᠨ ᠨᠦᠭᠦᠪᠦᠷᠢ ᠶᠢᠨ ᠰᠢᠨ᠎ᠡ ᠬᠤᠪᠢᠷᠠᠯᠳᠠ
ᠨᠡᠶᠢᠲᠡᠯᠡᠭᠰᠡᠨ ᠴᠠᠭ᠄
2018/6/11
 ᠨᠢᠭᠡ᠂ ᠨᠦᠭᠦᠪᠦᠷᠢ ᠶᠢᠨ ᠲᠦᠷᠦᠯ ᠵᠦᠢᠯ᠄ ᠲᠠᠷᠢᠶᠠᠯᠠᠩ ᠤᠨ ᠨᠦᠭᠦᠪᠦᠷᠢ ᠶᠢᠨ ᠬᠦᠷᠢᠶ᠎ᠡ ᠬᠡᠪᠴᠢᠶ᠎ᠡ ᠶᠢ ᠮᠦᠨ ᠬᠦ 2017 ᠤᠨ ᠳᠤ ᠨᠡᠶᠢᠳᠡᠯᠡᠭᠰᠡᠨ ︽ᠲᠠᠷᠢᠶᠠᠯᠠᠩ ᠦᠢᠯᠡᠳᠪᠦᠷᠢᠯᠡᠯ ᠢ ᠬᠦᠭᠵᠢᠬᠦᠯᠬᠦ ᠪᠡᠯᠡ ᠮᠦᠩᠬᠦ ᠶᠢᠨ ᠬᠠᠮᠢᠶᠠᠷᠤᠯᠳᠠ ᠶᠢᠨ ᠠᠷᠭ᠎ᠠ︾ ᠶᠤᠰᠤᠭᠠᠷ ᠭᠡᠷᠡᠭᠵᠢᠬᠦᠯᠵᠦ᠂ ᠨᠡᠶᠢᠳᠡ 11 ᠨᠦᠭᠦᠪᠦᠷᠢ ᠶᠢᠨ ᠲᠦᠷᠦᠯ ᠵᠦᠢᠯ ᠪᠠᠭᠳᠠᠨ᠎ᠠ᠃ 1. ᠲᠠᠷᠢᠶᠠᠨ ᠭᠠᠵᠠᠷ ᠤᠨ ᠰᠠᠭᠤᠷᠢ ᠴᠢᠳᠠᠪᠬᠢ ᠶᠢ ᠬᠠᠮᠠᠭᠠᠯᠠᠬᠤ ᠨᠦᠭᠦᠪᠦᠷᠢ 2. ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠨᠦᠭᠦᠪᠦᠷᠢ 3. ᠰᠢᠨ᠎ᠡ ᠴᠠᠭ ᠦᠶ᠎ᠡ ᠶᠢᠨ ᠲᠠᠷᠢᠶᠠᠴᠢᠨ ᠢ ᠬᠦᠮᠦᠵᠢᠬᠦᠯᠬᠦ ᠨᠦᠭᠦᠪᠦᠷᠢ 4. ᠲᠤᠬᠢᠷᠠᠮᠵᠢᠳᠠᠢ ᠬᠡᠪᠴᠢᠶᠡᠵᠢᠭᠰᠡᠨ ᠡᠵᠡᠩᠨᠡᠯᠳᠡ ᠶᠢᠨ ᠨᠦᠭᠦᠪᠦᠷᠢ 5. ᠲᠠᠷᠢᠶᠠᠯᠠᠩ ᠤᠨ ᠮᠠᠰᠢᠨ ᠲᠤᠨᠤᠬ ᠬᠤᠳᠠᠯᠳᠤᠨ ᠠᠪᠬᠤ ᠨᠦᠭᠦᠪᠦᠷᠢ 6. ᠤᠨᠴᠠᠯᠢᠬᠳᠤ ᠠᠵᠤ ᠦᠢᠯᠡᠰ ᠢ ᠬᠦᠭᠵᠢᠬᠦᠯᠬᠦ ᠨᠦᠭᠦᠪᠦᠷᠢ 7. ᠪᠤᠬᠢᠷᠳᠤᠯ ᠦᠭᠡᠢ ᠦᠨᠳᠦᠷ ᠦᠷ᠎ᠡ ᠠᠰᠢᠬᠳᠤ ᠮᠡᠷᠭᠡᠵᠢᠯ ᠢ ᠲᠦᠭᠡᠮᠡᠯᠵᠢᠭᠦᠯᠦᠭᠰᠡᠨ ᠨᠦᠭᠦᠪᠦᠷᠢ 8. ᠮᠠᠯ ᠠᠵᠤ ᠠᠬᠤᠢ᠂ ᠤᠰᠤᠨ ᠭᠠᠷᠤᠯᠳᠠ ᠶᠢᠨ ᠦᠢᠯᠡᠰ ᠢ ᠬᠦᠭᠵᠢᠬᠦᠯᠦᠭᠰᠡᠨ ᠨᠦᠭᠦᠪᠦᠷᠢ 9. ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠭᠦᠭᠵᠢᠬᠦᠯᠦᠭᠰᠡᠨ ᠨᠦᠭᠦᠪᠦᠷᠢ 10. ᠲᠠᠷᠢᠶᠠᠯᠠᠩ ᠤᠨ ᠪᠦᠳᠦᠴᠡ ︵ᠠᠮᠤ ᠪᠤᠳᠠᠭ᠎ᠠ ᠲᠠᠷᠢᠬᠤ ᠪᠠᠨ ᠪᠤᠯᠢᠵᠤ ᠪᠤᠷᠴᠠᠭ ᠪᠤᠶᠤ ᠪᠤᠷᠳᠤᠭ᠎ᠠ ᠲᠠᠷᠢᠬᠰᠠᠨ᠂ ᠲᠠᠷᠢᠶᠠᠯᠠᠬᠤ ᠪᠠᠨ ᠵᠤᠬᠰᠤᠬᠰᠠᠨ ᠵᠡᠷᠭᠡ ᠶᠢ ᠪᠠᠭᠳᠠᠭᠠᠨ᠎ᠠ︶ ᠳᠤ ᠲᠤᠬᠢᠷᠠᠭᠤᠯᠭ᠎ᠠ ᠬᠢᠭᠰᠡᠨ ᠨᠦᠭᠦᠪᠦᠷᠢ 11. ᠭᠠᠵᠠᠷ ᠲᠤᠤᠷᠠᠬᠢ ᠤᠰᠤ ᠶᠢ ᠬᠡᠳᠦᠷᠭᠡᠢ ᠠᠰᠢᠬᠯᠠᠬᠰᠠᠨ ᠤᠷᠤᠨ ᠤ ᠶᠠᠷᠦᠩᠭᠡᠶᠢᠯᠡᠭᠰᠡᠨ ᠵᠠᠰᠠᠯᠳᠠ ᠵᠢᠨ‌ᠨᠦ᠋ᠭᠦᠪᠦᠷᠢ    ᠬᠤᠶᠠᠷ᠂ ᠨᠦᠭᠦᠪᠦᠷᠢ ᠬᠦᠷᠳᠡᠬᠦ ᠡᠳᠡᠭᠡᠳ᠄ 1. ᠲᠦᠷᠦᠯ ᠵᠦᠢᠯ ᠢ ᠲᠠᠭᠠᠭᠠᠴᠢᠯᠠᠵᠤ ᠪᠠᠶᠢᠭ᠎ᠠ ᠨᠢᠭᠡᠴᠡ ᠪᠤᠶᠤ ᠬᠤᠪᠢ ᠬᠦᠮᠦᠨ 2. ᠲᠠᠷᠢᠶᠠᠴᠢᠨ 3. ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ᠃ ᠭᠡᠭᠦ ᠳᠡᠭᠡᠨ ᠨᠦᠭᠦᠪᠦᠷᠢ ᠶᠢ ᠭᠤᠤᠯᠳᠠᠭᠤ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢ ᠬᠠᠷᠠᠭᠠᠯᠵᠠᠨ᠎ᠠ᠃    ᠭᠤᠷᠪᠠ᠂ ᠨᠦᠬᠦᠪᠦᠷᠢᠯᠡᠬᠦ ᠬᠡᠯᠪᠡᠷᠢ᠄ 2018 ᠤᠨ ᠠᠴᠠ ᠭᠤᠤᠯᠳᠠᠭᠤ ᠲᠤᠤᠷᠠᠬᠢ ᠨᠠᠢᠮᠠᠨ ᠵᠦᠢᠯ ᠤᠨ ᠠᠷᠭ᠎ᠠ ᠬᠡᠯᠪᠡᠷᠢ ᠪᠠᠷ ᠨᠦᠭᠦᠪᠦᠷᠢᠯᠡᠨ᠎ᠡ᠃ 1. ᠰᠢᠭᠤᠳ ᠨᠦᠭᠦᠪᠦᠷᠢᠯᠡᠬᠦ2. ᠵᠠᠰᠠᠭ ᠤᠨ ᠤᠷᠳᠤᠨ ᠠᠴᠠ ᠬᠤᠳᠠᠯᠳᠤᠨ ᠠᠪᠴᠤ ᠦᠢᠯᠡᠴᠢᠯᠡᠬᠦ 3. ᠬᠦᠦ ᠮᠦᠩᠬᠦ ᠶᠢ ᠨᠢ ᠤᠷᠤᠯᠠᠨ ᠦᠭᠬᠦ 4. ᠤᠷᠢᠳᠠᠪᠠᠷ ᠪᠠᠶᠢᠭᠤᠯᠵᠤ ᠰᠡᠭᠦᠯᠡᠷ ᠨᠦᠭᠦᠪᠦᠷᠢᠯᠡᠬᠦ 5. ᠱᠠᠩᠨᠠᠬᠤ ᠪᠠᠷ ᠨᠦᠭᠦᠪᠦᠷᠢᠯᠡᠬᠦ ᠶᠢ ᠤᠷᠤᠯᠠᠭᠤᠯᠬᠤ 6. ᠡᠳ᠋ ᠬᠦᠷᠦᠩᠭᠡ ᠶᠢ ᠬᠤᠪᠢ ᠪᠤᠯᠭᠠᠨ ᠨᠤᠭᠤᠯᠵᠤ ᠲᠤᠭᠠᠴᠠᠯᠠᠬᠤ 7. ᠰᠠᠭᠤᠷᠢ ᠮᠦᠩᠬᠦ ᠪᠠᠶᠢᠭᠤᠯᠬᠤ 8. ᠪᠠᠷᠢᠴᠠᠭ᠎ᠠ ᠪᠤᠯᠭᠠᠨ ᠨᠦᠭᠦᠪᠦᠷᠢᠯᠡᠬᠦ    ᠲᠦᠷᠪᠡ᠂ ᠨᠦᠭᠦᠪᠦᠷᠢ ᠬᠦᠷᠳᠡᠵᠦ ᠪᠤᠯᠬᠤ ᠦᠭᠡᠢ ᠪᠠᠶᠢᠳᠠᠯ᠄ 1. ᠲᠠᠷᠢᠶᠠᠯᠠᠩ ᠦᠢᠯᠡᠳᠪᠦᠷᠢᠯᠡᠯ ᠤᠨ ᠠᠵᠢᠯᠯᠠᠭ᠎ᠠ ᠡᠷᠬᠢᠯᠡᠵᠦ ᠪᠠᠶᠢᠬᠤ ᠥᠭᠡᠢ ᠬᠦᠮᠦᠰ 2. ᠬᠠᠭᠤᠷᠮᠠᠭ ᠢᠶᠠᠷ ᠮᠡᠳᠡᠭᠦᠯᠦᠨ ᠮᠡᠭᠡᠯᠡᠨ ᠠᠪᠬᠤ᠂ ᠨᠦᠭᠦᠪᠦᠷᠢ ᠶᠢ ᠨᠡᠭᠦᠯᠭᠡᠨ ᠬᠡᠷᠡᠭᠯᠡᠭᠰᠡᠳ 3. ᠲᠠᠷᠢᠶᠠᠨ ᠭᠠᠵᠠᠷ ᠢᠶᠠᠨ ᠶᠡᠭᠡ ᠬᠡᠪᠴᠢᠶ᠎ᠡ ᠪᠠᠷ ᠠᠳᠠᠷᠰᠢᠭᠤᠯᠵᠤ᠂ 3 ᠵᠢᠯ ᠠᠴᠠ ᠲᠡᠭᠡᠭᠰᠢ ᠲᠠᠷᠢᠶ ᠎ᠠ ᠲᠠᠷᠢᠬᠰᠠᠨ‌ᠦᠭᠡᠢ ᠬᠦᠮᠦᠰ 4. ᠦᠨᠳᠦᠰᠦᠨ ᠲᠠᠷᠢᠶᠠᠨ ᠭᠠᠵᠠᠷ ᠢᠶᠠᠨ ᠬᠠᠮᠢᠶ᠎ᠠ ᠪᠦᠬᠦᠢ ᠵᠦᠪᠰᠢᠶᠠᠷᠡᠯ ᠦᠭᠡᠢ ᠪᠠᠷ ᠪᠦᠳᠦᠭᠡᠨ ᠪᠠᠶᠢᠭᠤᠯᠤᠯᠳᠠ ᠳᠤ ᠬᠡᠷᠡᠭᠯᠡᠭᠰᠡᠳ᠃
 
ᠢᠷᠡᠯᠲᠡ᠄ ᠬᠢᠩᠭᠠᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号