— 2018 ᠤᠨ ᠤ 1 ᠰᠠᠷ᠎ᠠ ᠶᠢᠨ 24 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠣᠭᠠᠷ | ᠬᠤᠷᠠᠯ ᠲᠡᠭᠡᠷ᠎ᠡ ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ | ᠲᠦᠯᠦᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠤ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠣ᠃ ᠨᠢᠭᠡ᠂ ᠥᠩᠭᠡᠷᠡᠭᠰᠡᠨ ᠲᠠᠪᠤᠨ | ᠵᠢᠯ ᠤᠨ ᠠᠵᠢᠯ ᠤᠨ ᠡᠷᠭᠢᠴᠡᠭᠦᠯᠦᠯ ᠥᠩᠭᠡᠷᠡᠭᠰᠡᠨ ᠲᠠᠪᠤᠨ ᠵᠢᠯ ᠪᠣᠯ᠂ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠣᠨ᠎ᠠ᠃ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠲᠣᠭᠲᠠᠭᠤᠨ ᠤ ᠲᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠲᠤ ᠡᠵᠡᠮᠳᠡᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ | ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠬ ᠭᠦᠷᠳᠡᠭᠡᠭᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠳᠤᠷ ᠬᠢᠵᠦ᠂ ᠥᠭᠡᠷᠡᠴᠢᠯᠡᠯᠲᠡ ᠨᠡᠭᠡᠭᠡᠯᠲᠡ ᠪᠠ | ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠣᠯᠪᠠ᠃ ᠶᠡᠷᠦᠩᠬᠡᠶᠢᠯᠡᠭᠰᠡᠨ | ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠤᠯᠠᠮ | ᠨᠢᠭᠡ ᠠᠯᠬᠤᠮ ᠰᠢᠯᠢᠳᠡᠭᠵᠢᠵᠦ᠂ ᠮᠠᠯ ᠠᠵᠤ ᠠᠬᠤᠢ ᠲᠠᠷᠢᠶᠠᠯᠠᠩ ᠢ ᠲᠣᠭᠲᠠᠭᠤᠨ ᠤ ᠲᠤᠮᠳᠠ ᠲᠤᠬᠢᠷᠠᠭᠤᠯᠤᠨ | ᠰᠢᠯᠢᠳᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠷᠭᠡᠳᠬᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠨᠡᠯᠢᠶᠡᠳ ᠲᠦᠷᠭᠡᠨ ᠨᠡᠮᠡᠭᠳᠡᠵᠦ᠂ ᠦᠢᠯᠡᠴᠢᠯᠡᠭᠡᠨ ᠤ | ᠦᠢᠯᠡᠰ ᠤᠨ ᠬᠤᠪᠢ ᠶᠢᠨ ᠵᠢᠩ ᠳᠡᠭᠡᠭᠰᠢᠯᠡᠪᠡ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠥᠷᠬᠦᠯᠵᠢᠯᠡᠨ | ᠴᠢᠩᠭᠠᠷᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠶᠡᠭᠡ ᠬᠡᠪᠴᠢᠶ᠎ᠡ ᠪᠠᠷ ᠬᠠᠰᠤᠭᠳᠠᠨ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 68.9 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠵᠤ | ᠠᠬᠤᠢ ᠶᠢᠨ ᠨᠡᠮᠡᠭᠳᠡᠯ ᠳᠠᠬᠢ ᠰᠢᠨᠵᠢᠯᠡᠬᠦ ᠤᠬᠠᠭᠠᠨ ᠮᠡᠷᠭᠡᠵᠢᠯ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠢᠯᠡᠷᠬᠡᠢ | ᠳᠡᠭᠡᠭᠰᠢᠯᠡᠪᠡ᠃ ᠬᠤᠲᠠ ᠬᠦᠳᠡᠭᠡ ᠶᠢᠨ ᠬᠥᠭᠵᠢᠯᠲᠡ ᠳᠤ ᠴᠣ ᠰᠢᠨ᠎ᠡ ᠳᠦᠷᠰᠦ ᠪᠠᠶᠢᠳᠠᠯ ᠢᠯᠡᠷᠡᠨ᠂ ᠪᠠᠶᠢᠩᠭᠤ | ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠳᠠ ᠶᠢᠨ ᠨᠣᠷᠮ᠎ᠠ 62% ᠲᠤ ᠬᠦᠷᠪᠡ᠃ ᠬᠤᠲᠠ | ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠭᠦ ᠬᠢᠷᠢ ᠲᠦᠪᠰᠢᠨ ᠢᠯᠡᠷᠬᠡᠢ ᠳᠡᠭᠡᠭᠰᠢᠯᠡᠨ᠂ | ᠰᠠᠭᠤᠷᠢ ᠲᠦᠭᠦᠭᠡᠷᠦᠮᠵᠢ ᠢᠯᠡᠷᠭᠡᠢ ᠰᠠᠶᠢᠵᠢᠷᠠᠵᠤ᠂ ᠰᠢᠨ᠎ᠡ ᠪᠠᠷ ᠨᠡᠮᠡᠭᠳᠡᠭᠰᠡᠨ ᠲᠡᠮᠦᠷ ᠵᠠᠮ 3400 ᠺᠢᠯᠤᠮᠧ᠊ᠲᠷ᠂ | ᠲᠦᠷᠭᠡᠨ ᠤ ᠵᠠᠰᠠᠮᠠᠯ ᠵᠠᠮ ᠪᠠ ᠨᠢᠭᠡᠳᠦᠭᠡᠷ ᠳᠡᠰ ᠤᠨ ᠵᠠᠰᠠᠮᠠᠯ ᠵᠠᠮ 5600 ᠺᠢᠯᠤᠮᠧᠳ᠋ᠷ᠂ ᠠᠷᠠᠳ ᠤᠨ ᠠᠭᠠᠷ ᠤᠨ | ᠠᠶᠠᠯᠠᠯ ᠤᠨ ᠨᠢᠰᠬᠡᠯ ᠤᠨ ᠪᠠᠭᠤᠳᠠᠯ 12᠂ ᠴᠠᠬᠢᠯᠭᠠᠨ ᠬᠦᠴᠦ ᠶᠢ ᠭᠠᠳᠠᠭᠰᠢ ᠬᠦᠷᠭᠡᠬᠦ ᠴᠢᠳᠠᠪᠤᠷᠢ 4400 ᠲᠦᠮᠡᠨ | ᠺᠢᠯᠤᠸᠠᠲ ᠪᠣᠯᠪᠠ᠃ ᠠᠮᠢ ᠠᠬᠤᠢ ᠶᠢᠨ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠵᠤ᠂ ᠣᠢ ᠰᠢᠭᠤᠢ ᠶᠢᠨ | ᠪᠦᠷᠬᠦᠴᠡ ᠪᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ︽ᠬᠤᠣᠰ ᠲᠡᠭᠡᠭᠰᠢᠯᠡᠯᠳᠡ︾ ᠲᠠᠢ ᠪᠤᠯᠵᠤ᠂ | ᠴᠦᠯᠯᠡᠷᠬᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠰᠢᠷᠤᠢ ︽ᠬᠤᠣᠰ ᠬᠠᠰᠤᠭᠳᠠᠯ︾ ᠲᠠᠢ ᠪᠤᠯᠵᠤ᠂ ᠭᠤᠣᠯ | ᠪᠣᠯᠬᠤ ᠪᠣᠬᠢᠷᠳᠤᠯ ᠪᠤᠳᠠᠰ ᠢ ᠭᠠᠳᠠᠭᠰᠢᠯᠠᠭᠤᠯᠤᠭᠰᠠᠨ ᠬᠡᠮᠵᠢᠶ᠎ᠡ ᠶᠡᠭᠡᠪᠠᠷ ᠪᠠᠭᠤᠷᠠᠪᠠ᠃ ᠠᠷᠠᠳ ᠤᠨ ᠠᠮᠢᠳᠤᠷᠠᠯ ᠤᠨ | ᠬᠢᠷᠢ ᠲᠥᠪᠰᠢᠨ ᠲᠠᠰᠤᠷᠠᠯᠲᠠ ᠦᠭᠡᠢ ᠳᠡᠭᠡᠭᠰᠢᠯᠡᠨ᠂ ᠶᠠᠳᠠᠭᠤᠷᠠᠯ ᠤᠨ ᠨᠣᠷᠮ᠎ᠠ ᠢᠯᠡᠷᠭᠡᠢ ᠪᠠᠭᠤᠷᠠᠵᠤ᠂ ᠬᠤᠲᠠ | ᠪᠠᠯᠭᠠᠰᠤ ᠶᠢᠨ ᠰᠢᠨ᠎ᠠ ᠪᠠᠷ ᠠᠵᠢᠯ ᠣᠯᠭᠤᠭᠰᠠᠨ ᠬᠦᠮᠦᠨ ᠤ ᠲᠤᠭ᠎ᠠ 133.5 ᠲᠦᠮᠡ ᠳᠤ ᠬᠦᠷᠴᠦ᠂ ᠬᠤᠲᠠ | ᠬᠥᠳᠡᠭᠡ ᠶᠢ ᠪᠦᠷᠬᠦᠭᠰᠡᠨ ᠨᠡᠶᠢᠭᠡᠮ ᠤᠨ ᠪᠠᠳᠤᠯᠠᠪᠤᠷᠢ ᠶᠢᠨ ᠰᠢᠰᠲ᠋ᠧᠮ ᠢ ᠪᠠᠶᠢᠭᠤᠯᠵᠤ᠂ ᠪᠠᠲᠤᠯᠠᠪᠤᠷᠢ ᠶᠢᠨ ᠬᠢᠷᠢ | ᠲᠥᠪᠰᠢᠨ ᠵᠢᠯ ᠢᠷᠡᠬᠦᠶ᠎ᠡ ᠳᠡᠭᠡᠭᠰᠢᠯᠡᠨ᠂ ᠬᠤᠲᠠ ᠬᠥᠳᠡᠭᠡ ᠶᠢᠨ 217.6 ᠲᠦᠮᠡᠨ ᠡᠷᠦᠬᠡ ᠭᠡᠷ ᠪᠦᠯᠢ ᠶᠢᠨ ᠬᠢᠨ ᠤ | ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠣᠶᠣᠯ᠂ | ᠪᠡᠶ᠎ᠡ ᠶᠢᠨ ᠲᠠᠮᠢᠷ ᠤᠨ ᠦᠢᠯᠡᠰ ᠲᠠᠰᠤᠷᠠᠯᠲᠠ ᠦᠭᠡᠢ ᠳᠠᠪᠰᠢᠯᠲᠠ ᠲᠠᠢ ᠪᠣᠯᠪᠠ᠃ ᠬᠤᠶᠠᠷ ᠢ ᠬᠦᠷᠢᠶᠡᠯᠡᠬᠦ ᠪᠠ | ᠬᠠᠯᠠᠮᠵᠢᠯᠠᠨ ᠲᠣᠬᠢᠷᠠᠭᠤᠯᠵᠤ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃ | ᠦᠨᠳᠦᠰᠦᠲᠡᠨ ᠨᠦᠭᠦᠳ ᠤᠨ ᠶᠡᠭᠡ ᠪᠥᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ᠱᠠᠰᠢᠨ ᠰᠤᠷᠲᠠᠬᠤᠨ ᠤ ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ | ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠦᠪᠳᠡᠭᠴᠢ ᠪᠡ ᠰᠤᠶᠤᠯ ᠲᠡᠤᠭᠡ᠂ ᠭᠠᠳᠠᠭᠠᠳᠤ ᠶᠠᠪᠤᠳᠠᠯ ᠪᠠ | ᠬᠠᠷᠢᠶᠠᠲᠤ ᠶᠢᠨ ᠶᠠᠪᠤᠳᠠᠯ ᠵᠡᠷᠭᠡ ᠠᠵᠢᠯ ᠤᠳ ᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠪᠠ | ᠬᠡᠦᠬᠡᠳ᠂ ᠦᠳᠡᠭᠦᠰ ᠪᠠ ᠵᠡᠮᠳᠡᠭᠴᠦᠳ ᠤᠨ ᠠᠵᠢᠯ ᠦᠢᠯᠡᠰ ᠴᠥᠮ ᠰᠢᠨ᠎ᠡ ᠠᠬᠢᠯᠲᠠ ᠲᠠᠢ ᠪᠣᠯᠪᠠ᠃ | ᠲᠥᠯᠥᠭᠡᠯᠡᠭᠴᠢᠳ ᠡ᠂ 2017 ᠣᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠣᠢ ᠶᠢ ᠪᠠᠶᠠᠷᠯᠠᠨ ᠪᠡᠯᠭᠡᠯᠡᠭᠰᠡᠨ ᠶᠠᠪᠤᠳᠠᠯ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠦᠪᠡᠳᠡᠭᠰᠢ ᠪᠠᠶᠠᠷ ᠪᠣᠯᠪᠠ᠃ ᠪᠢᠳᠡ ᠪᠡᠯᠭᠡᠯᠡᠬᠦ ᠬᠤᠷᠠᠯ ᠢ | ᠦᠪᠡᠳᠡᠭᠰᠢ ᠶᠡᠭᠡᠪᠡᠷ ᠶᠠᠪᠤᠭᠳᠠᠭᠤᠯᠵᠤ᠂ ᠶᠢᠰᠦᠳᠦᠭᠡᠷ ᠤᠳᠠᠭ᠎ᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠭᠦᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠣᠷᠣᠨ ᠳᠠᠶᠠᠭᠠᠷ ᠲᠤ | ᠣᠯᠠᠨ ᠲᠦᠮᠡᠨᠴᠢ ᠴᠢᠨᠠᠷᠲᠠᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠂ ᠲᠤᠮᠤ ᠬᠡᠪᠴᠢᠶᠡᠨ ᠤ ᠦᠷ᠎ᠡ | ᠪᠦᠲᠦᠭᠡᠯ ᠤᠨ ᠥᠵᠡᠰᠭᠦᠯᠡᠩ ᠢ ᠡᠷᠬᠢᠯᠡᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠤᠭᠢ ᠰᠠᠶᠢᠨ ᠴᠤᠭ ᠰᠦᠯᠳᠡ ᠶᠢ ᠭᠦᠢᠴᠡᠳ ᠢᠯᠡᠷᠡᠭᠦᠯᠦᠨ᠂ ᠮᠠᠨ ᠤ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠤᠨ ᠯᠤᠳᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠪᠡ᠃ ᠲᠥᠪ | ᠬᠤᠷᠢᠶ᠎ᠠ ᠶᠢᠨ ᠪᠠᠶᠠᠷ ᠤᠨ ᠴᠠᠬᠢᠯᠭᠠᠨ ᠳᠤ ᠥᠪᠡᠷᠲᠡᠭᠡᠨ ᠵᠠᠰᠠᠬᠤ ᠣᠷᠣᠨ ᠤ 70 ᠵᠢᠯ ᠤᠨ ᠲᠤᠷᠰᠢ ᠣᠯᠣᠭᠰᠠᠨ | ᠲᠡᠦᠬᠡᠲᠦ ᠴᠢᠨᠠᠷᠲᠠᠢ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠷᠬᠢᠮ | ᠳᠡᠭᠡᠳᠦ ᠢᠷᠠᠭᠤ ᠠᠯᠳᠠᠷ ᠬᠦ᠋ᠷᠲᠡᠭᠰᠡᠨ ᠤ ᠬᠠᠮᠲᠤ ᠢᠮᠠᠭᠲᠠ ᠬᠠᠮᠠᠭᠠᠯᠠᠭᠰᠠᠭᠠᠷ ᠢᠷᠡᠭᠰᠡᠨ ᠢ ᠥᠨᠳᠥᠷ ᠦᠨᠡᠯᠡᠪᠡ᠃ | ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠨᠠᠮ ᠤᠨ ᠲᠥᠪ ᠬᠤᠷᠢᠶ᠎ᠠ ᠶᠢᠨ ᠳᠣᠲᠣᠨᠣ ᠬᠠᠯᠠᠮᠵᠢᠯᠠᠯ ᠪᠠ | ᠪᠥᠬᠦ ᠤᠯᠤᠰ ᠤᠨ ᠠᠷᠠᠳ ᠲᠦᠮᠡᠨ ᠤ ᠵᠥᠩᠨᠡᠯ ᠢ ᠬᠦᠷᠭᠡᠨ ᠢᠷᠡᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠲᠠᠢ ᠬᠠᠮᠲᠤᠪᠠᠷ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ᠂ 12 ᠠᠶᠢᠮᠠᠭ ᠬᠤᠲᠠ ᠪᠠᠷ | ᠭᠦᠨᠵᠡᠭᠡᠶᠢᠷᠡᠨ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ᠃ ᠢᠯᠠᠩᠭᠤᠶ᠎ᠠ ᠶᠡᠷᠦᠩᠬᠡᠢ ᠱᠦᠵᠢ ᠰᠢ ᠶᠢᠨ | ᠫᠢᠩ ᠤᠨ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ | ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠪᠢᠴᠢᠭᠡᠰᠦ ᠨᠢ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠤᠨ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠳᠦᠷᠪᠡᠨ ᠢᠲᠡᠭᠡᠯ︾ ᠢ ᠪᠠᠲᠤᠳᠬᠠᠵᠤ᠂ ᠪᠢᠳᠡᠨ ᠤ ᠤᠭ | ᠰᠠᠨᠠᠭ᠎ᠠ ᠪᠠᠨ ᠦᠯᠦ ᠮᠠᠷᠲᠠᠨ᠂ ᠥᠷᠬᠦᠯᠵᠢᠯᠡᠨ ᠤᠷᠤᠭᠰᠢᠯᠠᠬᠤ ᠶᠢᠨ ᠣᠮᠤᠭ ᠪᠠᠭ᠋ᠠᠳᠤᠯᠳᠤ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠴᠢᠩᠭᠠᠤᠨᠬᠠᠬᠰᠠᠨ ᠪᠠᠶᠢᠨ᠎ᠠ᠃ ᠡᠭᠦᠨ ᠤ ᠬᠠᠮᠲᠤ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠲᠤᠷᠰᠢᠯᠭ᠎ᠠ ᠰᠣᠯᠢᠯᠴᠠᠬᠤ | ᠠᠬᠤᠢ ᠲᠠᠯᠠᠪᠠᠢ ᠶᠢᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠪᠠ᠃ ᠪᠢᠳᠡ ᠶᠠᠨ ᠠᠨ ᠤ ᠦᠨᠳᠦᠰᠦᠲᠡᠨ ᠤ | ᠳᠡᠭᠡᠳᠦ ᠰᠤᠷᠭᠠᠭᠤᠯᠢ ᠶᠢᠨ ᠪᠣᠷᠣᠪᠠᠯᠭᠠᠰᠤ ᠳᠠᠬᠢ ᠬᠠᠭᠤᠴᠢᠨ ᠪᠠᠭᠤᠷᠢ ᠳᠤ᠂ ᠪᠣᠷᠣᠪᠠᠯᠭᠠᠰᠤ ᠶᠢᠨ ᠦᠨᠳᠦᠰᠦᠲᠡᠨ ᠤ | ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠪᠣᠷᠣᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ | ᠳᠡᠭᠡᠳᠦ ᠰᠤᠷᠭᠠᠭᠤᠯᠢ ᠶᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠭᠠᠵᠤ | ᠂ ᠤᠯᠤᠰ ᠤᠨ ᠦᠨᠳᠦᠰᠦᠲᠡᠨ ᠤ ᠭᠡᠷᠡᠭ ᠡᠷᠭᠢᠯᠡᠭᠦ ᠵᠥᠪᠯᠡᠯ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠪᠠ᠃ 2017 ᠣᠨ ᠪᠣᠯ ᠪᠠᠰᠠᠴᠣ | ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠣᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠬᠠᠷᠢᠭᠤ | ᠵᠠᠬᠢᠳᠠᠯ ᠪᠢᠴᠢᠵᠦ ᠤᠯᠠᠭᠠᠨᠮᠦ᠋ᠴᠢᠷ ᠪᠣᠯ ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠮᠥᠨ | ᠭᠡᠵᠦ ᠮᠠᠭᠲᠠᠨ ᠰᠠᠶᠢᠰᠢᠶᠠᠵᠤ᠂ ᠤᠯᠠᠭᠠᠨᠮᠦ᠋ᠴᠢᠷ ᠤᠨ ᠬᠡᠰᠢᠭᠦᠳ ᠢ ᠥᠨᠢ ᠡᠭᠦᠷᠢᠳᠡ ᠲᠠᠯ᠎ᠠ ᠨᠤᠲᠤᠭ ᠤᠨ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ ᠭᠡᠵᠦ ᠵᠣᠷᠢᠬᠵᠢᠭᠤᠯᠪᠠ᠂ ᠡᠨᠡ ᠨᠢ | ᠤᠯᠠᠭᠠᠨᠮᠦ᠋ᠴᠢᠷ ᠲᠤ ᠥᠭᠭᠦᠭᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠬᠤ ᠪᠥᠭᠡᠳ ᠨᠡᠩ ᠴᠦ ᠪᠥᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠪᠣᠯᠣᠨ᠎ᠠ᠂ | ᠮᠥᠨᠴᠦ ᠪᠥᠬᠦ ᠣᠷᠣᠨ ᠤ ᠤᠳᠬ᠎ᠠ ᠤᠷᠠᠯᠢᠭ ᠤᠨ ᠬᠥᠭᠵᠢᠯᠲᠡ ᠪᠠ ᠰᠣᠶᠣᠯ ᠤᠨ ᠪᠠᠶᠢᠭᠤᠯᠤᠯᠲᠠ ᠶᠢᠨ | ᠶᠠᠪᠤᠴᠠ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠲᠣᠮᠣ ᠤᠴᠢᠷ ᠶᠠᠪᠤᠳᠠᠯ ᠪᠠᠶᠢᠵᠤ᠂ ᠪᠥᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠷᠮᠠᠰᠢᠭᠤᠯᠤᠨ ᠵᠣᠷᠢᠬᠵᠢᠭᠤᠯᠪᠠ᠃ 2017 | ᠣᠨ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠳᠦᠷᠪᠡᠨ ᠤᠬᠠᠮᠰᠠᠷ︾ ᠢᠶᠠᠨ ᠲᠠᠰᠤᠷᠠᠯᠲᠠ | ᠦᠭᠡᠢ ᠴᠢᠩᠭᠠᠷᠠᠭᠤᠯᠵᠤ᠂ ᠵᠤᠷᠢᠬᠳᠡᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠳᠤᠲᠠᠢ ᠪᠠᠷ ᠠᠵᠢᠯᠯᠠᠨ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠦᠷᠬᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ | ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ᠂ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ | 4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠠᠬᠢ ᠭᠡᠶᠢᠰᠪᠤᠷᠢ ᠢᠶᠠᠷ ᠨᠡᠮᠡᠭᠳᠡᠡ | ᠡᠷᠭᠢᠯᠳᠦᠭᠰᠡᠨ ᠡᠯᠧᠮᠧᠨ᠋ᠲ ᠢ ᠭᠠᠷᠭᠠᠭᠰᠠᠨ ᠤ ᠳᠠᠷᠠᠭ᠎ᠠ ᠬᠠᠷᠢᠴᠠᠭᠤᠯᠵᠤ ᠪᠤᠯᠬᠤ ᠠᠳᠡᠯᠢ ᠪᠦᠷᠢᠤᠨᠭᠡᠯ ᠤᠨ ᠠᠷᠭ᠎ᠠ ᠪᠠᠷ | 14.6% ᠪᠠᠷ ᠨᠡᠮᠡᠭᠳᠡᠵᠤ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ 33. | 8% ᠪᠠᠶᠢᠭᠰᠠᠨ ᠠᠴᠠ ᠪᠠᠨ 24.4% ᠪᠣᠯᠲᠠᠯ᠎ᠠ ᠪᠠᠭᠤᠷᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷ | ᠴᠢᠨᠰᠠᠭ᠎ᠠ ᠢᠯᠡᠷᠬᠡᠢ ᠳᠡᠭᠡᠭᠰᠢᠯᠡᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ | ᠪᠣᠯᠬᠤ ᠣᠷᠣᠯᠭ᠎ᠠ ᠲᠤᠰ ᠲᠤᠰ 8. 2% ᠪᠠ 8.4% ᠪᠠᠷ ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠠᠴᠠ ᠲᠦᠷᠭᠡᠨ ᠪᠣᠯᠪᠠ᠃ ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ | ᠬᠢᠭᠰᠡᠨ ᠪᠠᠶᠢᠨ᠎ᠠ᠄ ︵ᠨᠢᠭᠡ︶ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠪᠠ ᠨᠢᠭᠡ ᠶᠢ | ᠨᠦᠬᠦᠪᠦᠷᠢᠯᠡᠬᠦ︾ ᠶᠢ ᠠᠬᠢᠭᠤᠯᠪᠠ᠃ ᠪᠢᠳᠡ ᠥᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠷᠬᠦᠯᠵᠢᠯᠡᠨ | ᠪᠠᠭᠠᠰᠬᠠᠵᠤ᠂ ᠲᠤᠤᠷ᠎ᠠ ᠲᠡᠰ ᠤᠨ ᠪᠠ ᠪᠦᠲᠦᠮᠵᠢ ᠦᠭᠡᠢ ᠬᠠᠩᠭᠠᠯᠭ᠎ᠠ ᠶᠢ ᠪᠠᠭᠠᠰᠬᠠᠨ᠂ 810 ᠲᠦᠮᠡᠨ ᠲᠣᠨ | ᠨᠡᠭᠦᠷᠡᠰᠦ ᠪᠠ 55 ᠲᠦᠮᠡᠨ ᠲᠣᠨ ᠪᠣᠯᠤᠳ ᠲᠡᠮᠦᠷ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠵᠦ᠂ | 243 ᠲᠦᠮᠡᠨ ᠲᠣᠨ ︽ᠳᠠᠬᠢᠵᠤ ᠦᠢᠯᠡᠳᠪᠦᠷᠢᠯᠡᠭᠰᠡᠨ ᠪᠣᠯᠣᠳ ᠲᠡᠮᠦᠷ︾ ᠤᠨ ᠦᠢᠯᠡᠳᠪᠦᠷᠢᠯᠡᠯ ᠤᠨ ᠴᠢᠳᠠᠪᠤᠷᠢ ᠶᠢ | ᠰᠢᠭᠰᠢᠭᠳᠡᠭᠦᠯᠪᠡ᠃ ᠲᠦᠷᠦᠯ ᠬᠤᠪᠢᠶᠠᠵᠤ ᠵᠢᠯᠤᠭᠤᠳᠬᠤ ᠪᠠ ᠬᠤᠲᠠ ᠶᠢᠨ ᠪᠠᠶᠢᠳᠠᠯ ᠳᠤᠨᠢ ᠵᠣᠬᠢᠴᠠᠭᠤᠯᠵᠤ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠨ᠂ ᠪᠤᠷᠤᠯᠠᠭᠤᠯᠵᠦ ᠭᠠᠷᠤᠭᠠᠳᠤᠢ ᠬᠤᠳᠠᠯᠳᠤᠭᠠᠨ ᠤ ᠠᠰᠠᠷ ᠪᠠᠶᠢᠰᠢᠩ ᠤᠨ ᠲᠠᠯᠠᠪᠠᠢ 8. | 6% ᠪᠠᠷ ᠪᠠᠭᠤᠷᠠᠪᠠ᠃ ᠬᠦᠰᠢᠭᠦᠷᠭᠡ ᠶᠢ ᠦᠭᠡᠶᠢᠰᠭᠡᠬᠦ ᠠᠵᠢᠯ ᠢ ᠯᠠᠪᠳᠠᠭᠤᠨ ᠪᠠᠳᠤᠲᠠᠢ ᠰᠠᠶᠢᠳᠤᠷ ᠬᠢᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ ᠦᠷᠬᠦᠯᠵᠢᠯᠡᠨ ᠪᠠᠭᠤᠷᠠᠪᠠ᠃ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠢ ᠳᠤᠷ᠎ᠠ ᠪᠠᠷ ᠡᠷᠬᠢᠯᠡᠬᠦ | ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠳᠤ ᠦᠨᠳᠦᠷ ᠬᠦᠦ ᠲᠠᠢ | ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠦ | ᠥᠭᠡᠷᠡᠴᠢᠯᠡᠯᠲᠡ ᠶᠢ ᠠᠬᠢᠭᠤᠯᠤᠨ᠂ ᠪᠤᠲᠠᠲᠤ ᠴᠣᠭᠴᠠ ᠶᠢᠨ ᠠᠵᠤ ᠠᠬᠤᠢ ᠶᠢᠨ ᠥᠪᠡᠷ ᠤᠨ ᠥᠷᠲᠡᠭ ᠢ | ᠪᠠᠭᠤᠷᠠᠭᠤᠯᠪᠠ᠃ ᠭᠤᠣᠯᠳᠠᠯᠭ᠎ᠠ ᠶᠢ ᠳᠣᠪᠤᠶᠢᠯᠭᠠᠨ ᠳᠤᠲᠠᠭᠤᠳᠠᠯ ᠢ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ | ᠬᠦᠷᠢᠶ᠎ᠡ ᠴᠠᠷᠠᠭ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠰᠠᠭᠤᠷᠢ ᠲᠦᠭᠦᠭᠡᠷᠦᠮᠵᠢ᠂ ︽ᠮᠠᠯ ᠠᠵᠤ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠵᠡᠷᠭᠡ ᠪᠠᠭᠤᠷᠠᠢ ᠭᠤᠭᠴᠤᠭ᠎ᠠ ᠶᠢ ᠴᠢᠩᠭᠠᠳᠬᠠᠪᠠ᠃ ᠤᠯᠠᠭᠠᠨᠬᠤᠲᠠ ᠠᠴᠠ ᠪᠠᠶᠢᠴᠧᠩ ᠬᠦᠷᠬᠦ | ᠲᠦᠷᠭᠡᠨ ᠬᠤᠷᠳᠤᠴᠠᠳᠤ ᠲᠡᠮᠦᠷ ᠵᠠᠮ᠂ ᠬᠥᠬᠡᠬᠤᠲᠠ ᠠᠴᠠ ᠵᠢᠨᠢᠩ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ | ᠭᠠᠯᠲᠤ ᠲᠡᠷᠭᠡ ᠨᠡᠪᠲᠡᠷᠡᠭᠦᠯᠦᠭᠰᠡᠨ ᠪᠦᠭᠡᠳ ᠤᠯᠠᠭᠠᠨᠬᠠᠳᠠ᠂ ᠲᠦᠩᠯᠢᠶᠣᠣ ᠶᠢᠨ ᠪᠡᠭᠡᠵᠢᠩ — ᠮᠥᠭᠳᠡᠨ ᠬᠦ᠋ᠷᠬᠦ | ᠲᠦᠷᠭᠡᠨ ᠤ ᠲᠡᠮᠦᠷ ᠵᠠᠮ ᠲᠠᠢ ᠵᠠᠯᠭᠠᠬᠤ ᠲᠡᠮᠦᠷ ᠵᠠᠮ ᠤᠨ ᠱᠤᠭᠤᠮ ᠤᠨ ᠪᠦᠲᠦᠭᠡᠨ ᠪᠠᠶᠢᠭᠤᠯᠤᠯᠳᠠ ᠶᠢᠨ ᠠᠬᠢᠴᠠ | ᠤᠷᠤᠭᠰᠢᠲᠠᠢ ᠪᠤᠯᠵᠤ᠂ ᠪᠠᠶᠢᠭᠤᠯᠤᠮᠵᠢᠳᠤ ᠭᠠᠴᠠᠭ᠎ᠠ ᠲᠣᠰᠬᠤᠨ ᠪᠦᠬᠦᠨ ᠳᠤ ᠬᠠᠲᠠᠭᠤᠷᠠᠭᠤᠯᠤᠭᠰᠠᠨ ᠵᠠᠮ | ᠨᠡᠪᠳᠡᠷᠡᠭᠦᠯᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃ ︵ᠬᠤᠶᠠᠷ︶ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠭᠡᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠲᠠᠪᠤ ᠶᠢ | ᠤᠶᠠᠯᠳᠤᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠠᠷᠭ᠎ᠠ | ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠡᠬᠢ ᠪᠠᠶᠠᠯᠢᠭ ᠢ ᠤᠨᠳᠤᠤᠰᠢᠭᠤᠯᠤᠨ ᠥᠷᠲᠡᠭ ᠢ ᠨᠢ ᠨᠡᠮᠡᠭᠳᠡᠭᠦᠯᠬᠦ ᠶᠢ | ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠵᠦ᠂ ᠠᠵᠤ ᠦᠢᠯᠡᠰ ᠤᠨ | ᠬᠡᠯᠬᠢᠶ᠎ᠠ ᠶᠢ ᠤᠯᠠᠮ ᠨᠢᠭᠡ ᠠᠯᠬᠤᠮ ᠤᠷᠲᠤᠳᠬᠠᠵᠤ᠂ ᠨᠡᠭᠦᠷᠡᠰᠦ ᠪᠠᠷ ᠴᠠᠬᠢᠯᠭᠠᠨ ᠭᠠᠷᠭᠠᠬᠤ᠂ ᠨᠡᠭᠦᠷᠡᠰᠦ ᠬᠢᠮᠢ ᠶᠢ | ᠨᠢᠭᠡ ᠴᠣᠭᠴᠠᠵᠢᠭᠤᠯᠤᠭᠰᠠᠨ ᠬᠤᠪᠢ ᠶᠢᠨ ᠵᠢᠩ 90% ᠠᠴᠠ ᠳᠡᠭᠡᠭᠰᠢ ᠳᠤ ᠬᠦᠷᠦᠭᠰᠡᠨ ᠪᠦᠭᠡᠳ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠳ᠋ᠷᠤᠨ ᠴᠢᠮᠡᠭᠡ ᠬᠤᠯᠪᠣᠭ᠎ᠠ ᠵᠡᠷᠭᠡ ᠠᠵᠤ ᠦᠢᠯᠡᠰ ᠨᠡᠯᠢᠶᠡᠳ ᠲᠦᠷᠭᠡᠨ ᠢᠶᠠᠷ | ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ ᠪᠤᠳᠠᠰ ᠤᠨ ᠦᠢᠯᠡᠳᠪᠦᠷᠢᠯᠡᠯ ᠤᠨ ᠴᠢᠳᠠᠪᠤᠷᠢ᠂ ᠡᠭᠦᠯᠡᠨ | ᠪᠣᠳᠣᠯᠲᠠ ᠶᠢᠨ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠪᠦᠬᠦ ᠤᠯᠤᠰ ᠲᠤ ᠲᠦᠷᠦᠭᠦᠯᠡᠪᠡ᠃ ᠮᠠᠯ ᠠᠵᠤ | ᠠᠬᠤᠢ ᠲᠠᠷᠢᠶᠠᠯᠠᠩ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠠᠮᠤ ᠪᠤᠳᠠᠭ᠎ᠠ ᠶᠢᠨ ᠤᠨᠠᠯᠲᠠ 5 ᠵᠢᠯ | ᠳᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ ᠮᠠᠯ ᠠᠵᠤ ᠠᠬᠤᠢ ᠶᠢᠨ ᠣᠨ ᠤ | ᠮᠠᠯ ᠤᠨ ᠲᠤᠭ᠎ᠠ 13 ᠵᠢᠯ ᠳᠠᠷᠠᠭᠠᠯᠠᠨ 1 ᠳ᠋ᠦᠩᠰᠢᠭᠤᠷ ᠭᠠᠷᠤᠢ ᠳᠤ ᠲᠣᠭᠲᠠᠪᠤᠷᠢᠵᠢᠪᠠ᠃ ᠵᠤᠭᠠᠴᠠᠯ᠂ ᠰᠣᠶᠣᠯ᠂ | ᠪᠡᠶ᠎ᠡ ᠶᠢᠨ ᠲᠠᠮᠢᠷ᠂ ᠡᠷᠡᠭᠦᠯ ᠮᠡᠨᠳᠦ᠂ ᠨᠠᠰᠤᠵᠢᠯ᠂ ᠬᠤᠷᠠᠯ ᠦᠵᠡᠰᠭᠦᠯᠡᠩ ᠵᠡᠷᠭᠡ ᠦᠢᠯᠡᠴᠢᠯᠡᠭᠡᠨ ᠤ ᠦᠢᠯᠡᠰ | ᠲᠦᠷᠭᠡᠨ ᠬᠥᠭᠵᠢᠵᠦ᠂ ᠵᠤᠭᠠᠴᠠᠭᠰᠠᠳ ᠤᠨ ᠶᠡᠷᠦᠩᠬᠡᠢ ᠲᠤᠭ᠎ᠠ 1 ᠳ᠋ᠦᠩᠰᠢᠭᠤᠷ ᠬᠥᠮᠥᠨ ᠤᠳᠠᠭ᠎ᠠ ᠶᠢ ᠲᠠᠪᠠᠭᠰᠠᠨ | ᠪᠦᠭᠡᠳ ᠵᠤᠭᠠᠴᠠᠯ ᠤᠨ ᠶᠡᠷᠦᠩᠬᠡᠢ ᠣᠷᠣᠯᠭ᠎ᠠ 7 ᠵᠢᠯ ᠳᠠᠷᠠᠭᠠᠯᠠᠨ 20% ᠠᠴᠠ ᠳᠡᠭᠡᠭᠰᠢ ᠨᠡᠮᠡᠭᠳᠡᠪᠡ᠃ ᠠᠵᠤ | ᠦᠢᠯᠡᠰ ᠤᠨ ᠳᠡᠰ ᠲᠡᠪᠰᠢᠯᠳᠡ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠳᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠬᠠᠮᠵᠢᠯᠴᠠᠵᠤ ᠰᠢᠨ᠎ᠡ ᠶᠢ ᠡᠭᠦᠳᠦᠨ ᠰᠲ᠋ᠣᠺ ᠤᠨ | ᠡᠷᠬᠡ ᠪᠠᠷ ᠪᠡᠯᠡ ᠣᠷᠤᠭᠤᠯᠬᠤ ᠰᠠᠭᠤᠷᠢ ᠮᠥᠩᠭᠦ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠣᠯᠠᠨ ᠢᠶᠠᠷ ᠢᠶᠠᠨ ᠦᠢᠯᠡᠰ ᠪᠤᠰᠬᠠᠬᠤ ᠣᠷᠣᠨ ᠵᠠᠢ ᠶᠢ 93 ᠶᠢ ᠰᠢᠨ᠎ᠡ ᠪᠠᠷ ᠪᠤᠶᠢᠵᠢᠭᠤᠯᠤᠨ᠂ 1 ᠤᠯᠤᠰ ᠤᠨ | ᠳᠡᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠢ ᠰᠢᠨ᠎ᠡ ᠪᠠᠷ ᠨᠡᠮᠡᠭᠳᠡᠭᠦᠯᠪᠡ᠃ ᠮᠣᠩᠭᠤᠯ | ᠡᠮᠨᠡᠯᠭᠡ ᠶᠢᠨ ᠤᠬᠠᠭᠠᠨ ᠵᠡᠷᠭᠡ 13 ᠰᠢᠨ᠎ᠠ ᠪᠠᠷ ᠨᠡᠮᠡᠭᠳᠡᠭᠰᠡᠨ ᠳ᠋ᠣᠺᠲ᠋ᠣᠷ ᠴᠣᠯᠠ ᠣᠯᠭᠤᠬᠤ ᠴᠢᠬ ᠬᠢᠨᠠᠨ | ᠲᠣᠭᠲᠠᠭᠠᠯᠲᠠ ᠶᠢ ᠦᠩᠭᠡᠷᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠰᠤᠷᠭᠠᠨ ᠬᠥᠮᠥᠵᠢᠯ ᠤᠨ ᠶᠠᠮᠤᠨ | ᠪᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠨ ᠪᠦᠳᠦᠭᠡᠨ ᠪᠠᠶᠢᠭᠤᠯᠬᠤ ᠳᠡᠭᠡᠳᠦ ᠰᠤᠷᠭᠠᠭᠤᠯᠢ ᠪᠣᠯᠵᠤ᠂ ᠠᠮᠢᠳᠤ | ᠪᠤᠳᠠᠰ ᠤᠨ ᠤᠬᠠᠭᠠᠨ ᠨᠢ ᠤᠯᠤᠰ ᠤᠨ ᠲᠡᠷᠢᠭᠦᠨ ᠤ ᠰᠢᠨᠵᠢᠯᠡᠭᠡᠨ ᠤ ᠪᠠᠶᠢᠭᠤᠯᠤᠯᠲᠠ ᠶᠢᠨ ᠲᠥᠷᠥᠯ ᠵᠦᠢᠯ ᠳᠤ | ᠰᠣᠩᠭᠤᠭᠳᠠᠨ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠠᠴᠠ | ᠬᠠᠮᠲᠤᠷᠠᠨ ᠪᠦᠳᠦᠭᠡᠨ ᠪᠠᠶᠢᠭᠤᠯᠬᠤ ᠨᠤᠲᠤᠭ ᠪᠡᠯᠴᠢᠭᠡᠷ ᠤᠨ ᠭᠡᠷ ᠤᠨ ᠲᠡᠵᠢᠭᠡᠪᠦᠷᠢ ᠶᠢ ᠦᠷᠡᠵᠢᠭᠦᠯᠬᠦ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠥᠪᠰᠢᠶᠡᠷᠡᠭᠳᠡᠵᠦ᠂ ᠮᠤᠵᠢ ᠶᠠᠮᠤᠨ ᠬᠠᠮᠲᠤᠷᠠᠨ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠰᠠᠨ ᠦᠭᠡᠢ ᠪᠠᠶᠢᠳᠠᠯ ᠳᠤ ᠰᠢᠪᠳᠤᠯᠤᠯᠳᠠ ᠭᠠᠷᠭᠠᠪᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢᠨ ᠠᠯᠬᠤᠴᠠ ᠲᠦᠷᠭᠡᠳᠪᠡ᠃ ᠪᠢᠳᠡ ᠵᠠᠰᠠᠭ ᠢ ᠴᠣᠮᠬᠠᠳᠬᠠᠨ | ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠣᠯᠠᠨ ᠦᠨᠡᠮᠯᠡᠯ ᠢ ᠨᠡᠶᠢᠤᠨᠭᠡᠭᠦ︾ ᠪᠠ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ | ᠨᠡᠶᠢᠭᠡᠮ ᠨᠡᠶᠢᠲᠡ ᠳᠤ ᠵᠠᠰᠠᠭ ᠵᠠᠬᠢᠷᠭᠠᠨ ᠤ ᠵᠥᠪᠰᠢᠶᠡᠷᠡᠵᠦ ᠭᠡᠷᠡᠴᠢᠯᠡᠬᠦ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠪᠡ | ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ | ᠰᠢᠨ᠎ᠡ ᠠᠬᠢᠯᠲᠠ ᠲᠠᠢ ᠪᠣᠯᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠦᠬᠦᠨ ᠢᠶᠠᠷ ᠢᠶᠠᠨ ᠡᠮ ᠤᠨ | ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ ᠪᠣᠯᠭᠠᠵᠤ᠂ ᠱᠠᠲᠤ ᠬᠤᠪᠢᠶᠠᠨ ᠣᠨᠣᠰᠢᠯᠡᠨ ᠡᠮᠴᠢᠯᠡᠬᠦ | ᠲᠤᠷᠰᠢᠯᠲᠠ ᠶᠢ ᠠᠶᠢᠮᠠᠭ ᠬᠤᠲᠠ ᠳᠤ ᠨᠡᠶᠢᠳᠡᠮ ᠪᠦᠷᠭᠦᠭᠦᠯᠦᠨ᠂ ᠴᠢᠬ ᠲᠣᠭᠲᠠᠭᠠᠭᠰᠠᠨ 154 ᠡᠮᠴᠢᠯᠡᠭᠡᠨ ᠤ | ᠪᠠᠶᠢᠭᠤᠯᠤᠮᠵᠢ ᠶᠢ ᠤᠯᠤᠰ ᠤᠨ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠵᠦ ᠪᠣᠯᠬᠤ ᠰᠢᠰᠲ᠋ᠧᠮ ᠳᠤ | ᠣᠷᠤᠭᠤᠯᠪᠠ᠃ ᠭᠠᠵᠠᠷ ᠰᠢᠷᠣᠢ ᠶᠢᠨ ᠡᠷᠬᠡ ᠶᠢ ᠨᠤᠳᠠᠯᠠᠨ ᠲᠣᠭᠲᠠᠭᠠᠬᠤ ᠪᠤᠳᠠᠲᠠᠢ ᠬᠡᠮᠵᠢᠭᠦ ᠲᠠᠯᠠᠪᠠᠢ ᠶᠢᠨ 81% ᠶᠢ | ᠪᠡᠶᠡᠯᠡᠭᠦᠯᠵᠦ᠂ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ ᠶᠢ ᠨᠤᠳᠠᠯᠠᠨ ᠲᠣᠭᠲᠠᠭᠠᠵᠤ ᠳᠠᠭᠠᠭᠠᠴᠢᠯᠠᠭᠤᠯᠬᠤ | ᠠᠵᠢᠯ ᠤᠨ 90% ᠠᠴᠠ ᠳᠡᠭᠡᠭᠰᠢᠬᠢ ᠶᠢ ᠪᠡᠶᠡᠯᠡᠭᠦᠯᠦᠨ᠂ ᠲᠠᠭᠠᠭᠤᠯᠤᠬᠴᠢ ᠠᠵᠤ ᠠᠬᠤᠶᠢᠯᠠᠯ ᠬᠢᠭᠡᠳ ᠮᠠᠯᠴᠢᠨ | ᠲᠠᠷᠢᠶᠠᠴᠢᠨ ᠤ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠡᠳ᠋ ᠤᠨ ᠵᠠᠰᠠᠭ ᠭᠠᠶᠢᠯᠢ ᠲᠠᠳᠠᠪᠤᠷᠢ ᠮᠥᠩᠭᠦᠨ ᠭᠦᠢᠯᠭᠡᠭᠡᠨ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠳᠠᠬᠢ ᠥᠭᠡᠷᠡᠴᠢᠯᠡᠯᠲᠡ ᠤᠯᠠᠮ ᠨᠢᠭᠡ ᠠᠯᠬᠤᠮ | ᠭᠦᠨᠵᠡᠭᠡᠶᠢᠷᠡᠪᠡ᠃ ᠭᠠᠳᠠᠭᠠᠳᠤ ᠨᠡᠭᠡᠭᠡᠯᠲᠡ ᠶᠢ ᠪᠥᠬᠦ ᠲᠠᠯ᠎ᠠ ᠪᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ | ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠶᠠᠪᠤᠭᠤᠯᠵᠤ᠂ ᠭᠠᠳᠠᠭᠠᠳᠤ ᠠᠷᠠᠯᠵᠢᠶ᠎ᠠ | ᠲᠤᠭᠳᠠᠭᠤᠨ ᠨᠡᠮᠡᠭᠳᠡᠯ ᠢ ᠪᠠᠲᠤᠯᠠᠨ᠂ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ | ᠭᠡᠮᠵᠢᠶ᠎ᠠ 900 ᠳ᠋ᠦᠩᠰᠢᠭᠤᠷ ᠲᠥᠭᠦᠷᠢᠭ ᠢ ᠳᠠᠪᠠᠵᠤ᠂ 22.8% ᠪᠠᠷ ᠨᠡᠮᠡᠭᠳᠡᠨ᠂ ᠬᠢᠯᠢ ᠶᠢᠨ ᠪᠣᠭᠤᠮᠲᠠ ᠪᠠᠷ | ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠲᠣᠭᠲᠠᠭᠤᠨ ᠤ ᠲᠤᠮᠳᠠ ᠨᠡᠮᠡᠭᠳᠡᠯ ᠲᠠᠢ ᠪᠣᠯᠪᠠ᠃ ᠭᠠᠳᠠᠭᠠᠳᠤ ᠶᠠᠪᠤᠳᠠᠯ ᠤᠨ | ᠶᠠᠮᠤᠨ ᠠᠴᠠ ᠳᠡᠯᠡᠬᠡᠢ ᠳ᠋ᠠᠬᠢᠨ ᠳᠤ ᠥᠪᠥᠷ ᠮᠣᠩᠭᠤᠯ ᠢ ᠲᠠᠨᠢᠯᠴᠠᠭᠤᠯᠬᠤ ᠠᠵᠢᠯᠯᠠᠭ᠎ᠠ᠂ ᠬᠤᠶᠠᠳᠤᠭᠠᠷ | ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠠᠰᠲ᠋ᠠᠨᠠ ᠶᠢᠨ ᠳᠡᠯᠡᠬᠡᠢ ᠶᠢᠨ | ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠭᠠᠷᠠᠭ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ | ᠤᠯᠤᠰ ᠤᠨ ᠳᠣᠲᠤᠭᠠᠳᠤ ᠭᠠᠳᠠᠭᠠᠳᠤ ᠳᠤ ᠥᠪᠥᠷ ᠮᠣᠩᠭᠤᠯ ᠤᠨ ᠴᠡᠴᠡᠭᠯᠡᠯ ᠬᠥᠭᠵᠢᠯ ᠲᠠᠢ᠂ ᠳᠠᠪᠰᠢᠯᠲᠠ ᠲᠠᠢ᠂ | ᠨᠡᠭᠡᠭᠡᠯᠲᠡ ᠲᠠᠢ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠳᠦᠷᠢ ᠲᠥᠷᠬᠦ ᠶᠢ ᠬᠠᠷᠠᠭᠤᠯᠪᠠ᠃ ︵ᠳᠥᠷᠪᠡ︶ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠪᠠ᠃ ᠪᠢᠳᠡ ᠪᠤᠬᠢᠷᠳᠤᠯ ᠦᠭᠡᠢ ᠦᠪᠦᠷ | ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠪᠠᠶᠢᠭᠠᠯᠢᠯᠢᠬ ᠣᠢ ᠶᠢᠨ ᠬᠠᠮᠠᠭᠠᠯᠠᠯᠲᠠ᠂ ᠪᠡᠭᠡᠵᠢᠩ | ᠲᠢᠶᠠᠨᠵᠢᠨ ᠤ ᠡᠯᠡᠰᠤᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠤᠭᠠᠵᠤ ᠣᠢ ᠰᠢᠭᠤᠢ ᠡᠪᠡᠰᠦ ᠪᠡᠯᠴᠢᠭᠡᠷ ᠢ | ᠰᠡᠷᠭᠦᠭᠡᠬᠦ ᠵᠡᠷᠭᠡ ᠠᠮᠢ ᠠᠬᠤᠢ ᠶᠢ ᠰᠡᠷᠭᠦᠭᠡᠬᠦ ᠴᠢᠬᠤᠯᠡ ᠶᠡᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠪᠡ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢ ᠦᠷᠨᠢᠭᠦᠯᠵᠦ᠂ ᠠᠭᠠᠷ ᠮᠠᠨᠳᠠᠯ | ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ ᠴᠡᠭᠴᠡᠯᠡᠨ ᠵᠠᠰᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ ᠪᠦᠬᠦᠨ ᠤ ᠨᠡᠭᠡᠭᠡᠨ ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ | ᠵᠤᠭᠰᠤᠭᠠᠵᠤ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠪᠣᠯᠪᠠᠰᠤᠨ ᠤ | ᠰᠢᠯᠭᠠᠨ ᠬᠢᠨᠠᠬᠤ ᠠᠷᠭ᠎ᠠ᠂ ᠪᠤᠬᠢᠷᠳᠤᠯ ᠦᠭᠡᠢ ᠬᠥᠭᠵᠢᠭᠦᠯᠬᠦ ᠵᠢᠭᠠᠯᠳᠠ ᠲᠤᠭ᠎ᠠ ᠶᠢᠨ ᠰᠢᠰᠲ᠋ᠧᠮ ᠢ ᠪᠠᠶᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠥᠷᠪᠡᠨ ᠱᠠᠲᠤᠨ ᠤ ︽ | ᠭᠤᠣᠯ ᠮᠦᠷᠡᠨ ᠤ ᠳᠠᠷᠤᠭ᠎ᠠ︾ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃ ︽ᠣᠯᠠᠨ ᠤᠯᠤᠰ ᠤᠨ | ᠬᠤᠯᠪᠣᠭᠠᠲᠤ ᠪᠠᠶᠢᠭᠤᠯᠤᠯᠭ᠎ᠠ ᠶᠢᠨ ᠴᠥᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ | ᠭᠤᠷᠪᠠᠳᠤᠭᠠᠷ ᠤᠳᠠᠭᠠᠨ ᠤ ᠬᠡᠷᠡᠲᠤ ᠤᠯᠤᠰ ᠤᠨ ᠶᠡᠭᠡ ᠬᠤᠷᠠᠯ ᠪᠠ ᠵᠢᠷᠭᠤᠳᠤᠭᠠᠷ ᠬᠤᠭᠤᠴᠠᠭᠠᠨ ᠤ ᠬᠥᠪᠴᠢ ᠶᠢᠨ | ᠣᠯᠠᠨ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠬᠦ ᠶᠠᠷᠢᠶᠠᠨ ᠤ ᠲᠡᠪᠴᠡᠩ ᠢ ᠮᠠᠨ ᠤ ᠣᠷᠣᠨ ᠳᠤ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠠᠴᠠ ᠲᠤᠰ ᠲᠤᠰ ᠵᠠᠬᠢᠳᠠᠯ ᠢᠷᠡᠭᠦᠯᠵᠦ ᠪᠠᠶᠠᠷ ᠬᠦᠷᠭᠡᠪᠡ᠃ ︵ᠲᠠᠪᠤ︶ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠭᠰᠠᠨ ᠪᠠ ᠰᠠᠶᠢᠵᠢᠷᠠᠭᠤᠯᠪᠠ᠃ ᠪᠢᠳᠡ ᠠᠷᠠᠳ ᠤᠨ ᠠᠮᠢᠳᠤᠷᠠᠯ ᠳᠤ | ᠣᠷᠤᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠠᠷᠠᠳ ᠤᠨ ᠠᠮᠢᠳᠤᠷᠠᠯ ᠤᠨ ᠵᠠᠷᠤᠯᠭ᠎ᠠ | ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 69.8% ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ | ᠵᠠᠭᠤᠨ ᠤ ᠬᠠᠷᠢᠴᠠᠯ ᠢᠶᠠᠷ 4 ᠳᠡᠭᠡᠭᠰᠢᠯᠡᠵᠦ᠂ ᠣᠯᠠᠨ ᠲᠦᠮᠡᠨ ᠤ ᠠᠩᠬᠠᠷᠤᠨ ᠬᠠᠯᠠᠮᠵᠢᠯᠠᠳᠠᠭ ᠨᠢᠭᠡ ᠪᠦᠯᠦᠭ | ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠰᠢᠢᠳᠪᠦᠷᠢᠯᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠡᠷᠴᠢᠮ ᠢ ᠴᠢᠩᠭᠠᠷᠠᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠱᠠᠲᠤᠨ ᠤ | ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠮᠦᠩᠭᠦ ᠶᠢᠨ ᠵᠠᠷᠤᠯᠭ᠎ᠠ 121 ᠳ᠋ᠦᠩᠰᠢᠭᠤᠷ ᠲᠦᠭᠦᠷᠢᠭ ᠲᠤ | ᠬᠦᠷᠴᠦ᠂ ᠨᠡᠮᠡᠭᠳᠡᠯ ᠤᠨ ᠬᠡᠮᠵᠢᠶ᠎ᠡ ᠨᠢ 112.9% ᠳᠤ ᠬᠦᠷᠪᠡ᠃ ᠤᠨᠳᠤᠤ ᠭᠠᠵᠠᠷ ᠨᠡᠭᠦᠯᠭᠡᠨ ᠰᠢᠯᠵᠢᠭᠦᠯᠦᠭᠰᠡᠨ | ᠶᠠᠳᠠᠭᠤ ᠬᠦᠴᠢᠷᠳᠡᠯᠲᠡᠢ ᠬᠦᠮᠦᠨ ᠠᠮᠠ 5 ᠲᠦᠮᠡ ᠪᠠᠶᠢᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ | ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠥᠭᠴᠦ᠂ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠦᠯᠦᠪᠯᠡᠭᠡ ᠨᠢ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢ ᠬᠠᠮᠤᠷᠴᠤ᠂ ᠶᠡᠭᠡ | ᠰᠤᠷᠭᠠᠭᠤᠯᠢ ᠶᠢᠨ ᠰᠢᠨ᠎ᠡ ᠤᠶᠤᠲᠠᠳ ᠢ ᠳᠡᠮᠵᠢᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠬᠦᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠳᠤᠯᠠᠪᠤᠷᠢ ᠬᠦᠷᠲᠡᠵᠦ ᠪᠠᠶᠢᠭ᠎ᠠ ᠭᠡᠷ ᠪᠦᠯᠢ ᠠᠴᠠ ᠳᠠᠩᠰᠠᠯᠠᠨ ᠺᠠᠷᠳ᠋ᠯᠠᠭᠰᠠᠨ | ᠶᠠᠳᠠᠭᠤ ᠬᠦᠴᠢᠷᠳᠡᠯᠲᠡᠢ ᠭᠡᠷ ᠪᠦᠯᠢ ᠬᠦᠷᠲᠡᠯ᠎ᠡ ᠥᠷᠭᠡᠳᠭᠡᠪᠡ᠃ ᠪᠦᠬᠦ ᠵᠢᠯ ᠳᠤ 20 ᠲᠦᠮᠡᠨ ᠬᠦᠮᠦᠨ ᠢ | ᠶᠠᠳᠠᠭᠤ ᠠᠴᠠ ᠠᠩᠬᠢᠵᠢᠷᠠᠭᠤᠯᠪᠠ᠃ ᠦᠢᠯᠡᠰ ᠪᠤᠰᠬᠠᠵᠤ ᠠᠵᠢᠯ ᠣᠯᠭᠤᠬᠤ ᠶᠢ ᠯᠠᠪᠳᠠᠭᠤᠨ ᠢᠶᠠᠷ ᠠᠬᠢᠭᠤᠯᠵᠤ᠂ | ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠨ ᠬᠦᠮᠦᠨ 26.1 ᠲᠦᠮᠡ ᠨᠡᠮᠡᠭᠳᠡᠨ᠂ ᠬᠤᠲᠠ ᠪᠠᠯᠭᠠᠰᠤ ᠶᠢᠨ | ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.6% ᠪᠣᠯᠪᠠ᠃ ᠨᠡᠶᠢᠭᠡᠮ ᠤᠨ | ᠪᠠᠳᠤᠯᠠᠪᠤᠷᠢ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠨᠠᠰᠤᠵᠢᠯ᠂ ᠡᠮ ᠡᠮᠨᠡᠯᠬᠡ ᠶᠢᠨ | ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠳᠤᠯᠠᠪᠤᠷᠢ᠂ ᠣᠨᠴᠠ ᠬᠦᠴᠢᠷᠳᠡᠯᠲᠡᠢ ᠬᠦᠮᠦᠰ᠂ | ᠵᠡᠮᠳᠡᠭᠴᠦᠳ ᠤᠨ ᠪᠠᠲᠤᠯᠠᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠢᠯᠢ ᠶᠢᠨ ᠠᠷᠠᠳ ᠤᠨ ᠨᠦᠬᠦᠪᠦᠷᠢ ᠪᠠ | ᠦᠲᠡᠭᠦᠰ ᠤᠨ ᠨᠦᠬᠦᠪᠦᠷᠢ ᠶᠢ ᠨᠡᠮᠡᠭᠳᠡᠭᠦᠯᠪᠡ᠃ ᠳᠦᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠲᠤ | 22.1 ᠲᠦᠮᠡᠨ ᠢᠵᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠵᠦ᠂ ᠬᠤᠲᠠ ᠪᠠᠯᠭᠠᠰᠤ ᠶᠢᠨ 2300 ᠲᠦᠮᠡᠨ | ᠲᠡᠭᠰᠢ ᠳᠦᠷᠪᠡᠯᠵᠢᠨ ᠮᠧᠳ᠋ᠷ ᠤᠨ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ | ᠰᠢᠨᠡᠳᠭᠡᠪᠡ᠃ ᠦᠪᠦᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠤᠲᠠ ᠬᠦᠳᠡᠭᠡ ᠶᠢᠨ ᠬᠡᠷᠡᠭᠯᠡᠬᠦ | ᠴᠠᠬᠢᠯᠭᠠᠨ ᠤ ᠠᠳᠠᠯᠢ ᠲᠣᠣᠷ ᠲᠠᠬᠢ ᠠᠳᠠᠯᠢ ᠦᠨ᠎ᠡ ᠶᠢ ᠪᠡᠶᠡᠯᠡᠭᠦᠯᠵᠦ᠂ ᠤᠰᠤ ᠤᠮᠳᠠ ᠶᠢᠨ ᠠᠮᠦᠷ ᠲᠥᠪᠰᠢᠨ ᠪᠠ | ᠪᠤᠶᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠤ ᠳᠡᠰ ᠳᠡᠪᠰᠢᠭᠦᠯᠬᠦ ᠢᠨᠵᠧᠨᠧᠷᠢᠩ ᠢ | ᠤᠷᠤᠭᠰᠢᠲᠠᠢ ᠠᠬᠢᠭᠤᠯᠪᠠ᠃ ᠰᠤᠷᠭᠠᠨ ᠬᠦᠮᠦᠵᠢᠯ ᠢ ᠡᠷᠬᠡ ᠲᠡᠭᠰᠢ ᠪᠠᠷ ᠬᠥᠭᠵᠢᠭᠦᠯᠬᠦ ᠪᠠ ᠶᠠᠰᠤ ᠴᠢᠨᠠᠷ ᠢ | ᠳᠡᠬᠡᠭᠰᠢᠯᠡᠬᠦᠯᠬᠦ ᠶᠢ ᠴᠢᠬᠤᠯᠠᠴᠢᠯᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠬᠡᠦᠬᠡᠳ ᠤᠨ ᠴᠡᠴᠡᠷᠯᠢᠭ ᠲᠤ ᠣᠷᠤᠬᠤ ᠨᠣᠷᠮ᠎ᠠ 90% ᠠᠴᠠ ᠳᠡᠭᠡᠭᠰᠢ ᠳᠤ ᠬᠦᠷᠴᠦ᠂ ᠨᠡᠶᠢᠲᠡ 93 ᠬᠤᠰᠢᠭᠤ | ᠰᠢᠶᠠᠨ ︵ᠬᠤᠲᠠ᠂ ᠲᠣᠭᠤᠷᠢᠭ︶ ᠨᠢ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ | ᠬᠥᠭᠵᠢᠭᠦᠯᠬᠦ ᠶᠢ ᠦᠨᠡᠯᠡᠨ ᠵᠢᠱᠢᠬᠦ ᠪᠠ ᠮᠠᠭᠠᠳᠯᠠᠨ ᠲᠣᠭᠲᠠᠭᠠᠬᠤ ᠳᠤ ᠪᠠᠲᠤᠯᠠᠭᠳᠠᠪᠠ᠃ ᠦᠨᠳᠦᠰᠦᠲᠡᠨ ᠤ ᠰᠤᠷᠭᠠᠨ | ᠬᠦᠮᠦᠵᠢᠯ ᠤᠨ ᠪᠦᠬᠦ᠋ᠢᠯᠡ ᠬᠥᠭᠵᠢᠯᠲᠡ ᠶᠢᠨ ᠬᠢᠷᠢ ᠲᠥᠪᠰᠢᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠪᠠ᠃ | ᠠᠯᠤᠰ ᠡᠵᠡᠮᠰᠢᠯᠳᠤ ᠡᠮ ᠡᠮᠨᠡᠯᠬᠡ ᠪᠠ ᠠᠯᠤᠰ ᠡᠵᠡᠮᠰᠢᠯᠳᠤ ᠰᠤᠷᠭᠠᠨ ᠬᠦᠮᠦᠵᠢᠯ ᠢ ᠬᠡᠷᠡᠭᠵᠢᠭᠦᠯᠵᠦ᠂ ᠴᠢᠨᠠᠷ | ᠰᠠᠶᠢᠲᠠᠢ ᠡᠬᠢ ᠪᠠᠶᠠᠯᠢᠭ ᠢ ᠬᠠᠮᠲᠤᠪᠡᠷ ᠡᠳ᠋ᠯᠡᠬᠦ ᠶᠢ ᠠᠬᠢᠭᠤᠯᠪᠠ᠃ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠰᠢᠨ᠎ᠡ ᠠᠬᠢᠯᠳᠠ ᠲᠠᠢ ᠪᠤᠯᠪᠠ᠃ ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠴᠦᠬᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠮᠠᠨ ᠤ ᠣᠷᠣᠨ ᠤ ᠲᠠᠮᠢᠷᠴᠢᠳ | 13 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ ᠳᠤ ᠨᠡᠯᠢᠶᠡᠳ ᠰᠠᠶᠢᠨ ᠬᠢᠷᠢ ᠪᠦᠲᠦᠮᠵᠢ | ᠣᠯᠪᠠ᠃ ᠬᠥᠯ ᠪᠦᠮᠪᠦᠭᠡ ᠶᠢᠨ ᠦᠭᠡᠷᠡᠴᠢᠯᠡᠯᠲᠡ ᠶᠢᠨ ᠲᠣᠷᠰᠢᠯᠲᠠ ᠢᠯᠡᠷᠬᠡᠢ ᠦᠷ᠎ᠡ ᠪᠦᠲᠦᠮᠵᠢ ᠲᠠᠢ ᠪᠣᠯᠵᠤ᠂ | ᠤᠯᠤᠰ ᠠᠴᠠ ᠵᠥᠪᠰᠢᠶᠡᠷᠡᠭᠰᠡᠨ ᠤ ᠳᠠᠷᠠᠭ᠎ᠠ᠂ ︽ᠦᠪᠦᠷ ᠮᠣᠩᠭᠤᠯ ᠤᠨ ᠬᠥᠯ ᠪᠦᠮᠪᠦᠭᠡ ᠶᠢᠨ ᠰᠤᠪᠠᠭ︾ | ᠪᠠᠶᠢᠭᠰᠠᠨ ᠢ ︽ᠬᠥᠯ ᠪᠦᠮᠪᠦᠭᠡ ᠶᠢᠨ ᠰᠤᠪᠠᠭ︾ ᠬᠡᠮᠡᠨ ᠬᠠᠯᠠᠵᠤ᠂ ᠪᠦᠬᠦ ᠤᠯᠤᠰ ᠤᠨ ᠬᠥᠯ ᠪᠦᠮᠪᠦᠭᠡ ᠶᠢᠨ | ᠦᠭᠡᠷᠡᠴᠢᠯᠡᠯᠲᠡ ᠬᠥᠭᠵᠢᠯᠲᠡ ᠶᠢ ᠤᠬᠠᠭᠤᠯᠬᠤ ᠪᠠ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ ᠪᠡᠶ᠎ᠡ ᠶᠢᠨ | ᠲᠠᠮᠢᠷ ᠢ ᠠᠩᠬᠠᠷᠤᠨ ᠬᠠᠯᠠᠮᠵᠢᠯᠠᠲᠠᠬ ᠲᠧᠯᠸᠢᠰ ᠰᠤᠪᠠᠭ ᠪᠤᠯᠭᠠᠪᠠ᠃ ᠲᠦᠩᠯᠢᠶᠣᠣ ᠬᠤᠲᠠ᠂ ᠣᠲᠤᠭ ᠤᠨ ᠡᠮᠦᠨᠡᠲᠦ | ᠬᠤᠰᠢᠭᠤ᠂ ᠵᠡᠭᠦᠨᠭᠠᠷ ᠬᠤᠰᠢᠭᠤ ᠪᠦᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠤᠪᠠ᠃ ᠠᠮᠤᠷ | ᠠᠮᠤᠭᠤᠯᠠᠩ ᠦᠪᠦᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠠᠮᠦᠷ ᠢ ᠬᠠᠮᠠᠭᠠᠯᠠᠬᠤ ᠬᠡᠷᠡᠭ᠂ ᠠᠶᠤᠯᠬᠦᠢ | ᠦᠢᠯᠡᠳᠪᠦᠷᠢᠯᠡᠯ ᠤᠨ ᠡ᠊ᠨᠳᠡᠯ ᠭᠠᠷᠬᠤ ᠲᠤᠭ᠎ᠠ ᠶᠡᠷᠦᠩᠬᠡᠢ ᠳᠡᠭᠡᠨ ᠳᠤᠷᠤᠭᠰᠢᠯᠠᠵᠤ᠂ ᠠᠷᠠᠳ ᠣᠯᠠᠨ ᠤ ᠢᠳᠡᠭᠡᠨ | ᠤᠮᠳᠠᠭᠠᠨ ᠪᠠ ᠤᠤᠭᠤᠵᠤ ᠬᠡᠷᠡᠭᠯᠡᠬᠦ ᠡᠮ ᠤᠨ ᠠᠮᠦᠷ ᠲᠥᠪᠰᠢᠨ ᠪᠠᠲᠤᠯᠠᠭ᠎ᠠ ᠲᠠᠢ ᠪᠣᠯᠪᠠ᠃ 2017 ᠣᠨ ᠳᠤ᠂ | ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠳᠤ | ᠲᠤᠤᠱᠯᠠᠭᠤᠯᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ᠬᠠᠷᠢᠭᠤᠴᠠᠯᠭ᠎ᠠ ᠪᠠᠨ ᠵᠣᠷᠢᠭᠲᠠᠢ | ᠡᠭᠦᠷᠭᠡᠯᠡᠬᠦ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ ᠶᠠᠷᠢᠶ᠎ᠠ ᠪᠠ | ᠴᠤᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ᠡᠷᠬᠢᠵᠤ | ᠬᠠᠷᠠᠬᠤ︾ ᠳᠤ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠪᠢᠳᠡ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠥᠷᠢ ᠥᠭᠴᠡᠭᠡ ᠶᠢ ᠢᠳᠡᠪᠬᠢᠲᠡᠢ ᠪᠦᠭᠡᠳ | ᠯᠠᠪᠳᠠᠭᠤᠨ ᠢᠶᠠᠷ ᠠᠷᠢᠯᠭᠠᠨ᠂ ᠵᠠᠰᠠᠭ ᠤᠨ ᠣᠷᠳᠣᠨ ᠤ ᠪᠡᠯᠡ ᠣᠷᠤᠭᠤᠯᠤᠬᠰᠠᠨ ᠨᠢᠭᠡ ᠪᠦᠯᠦᠭ ᠲᠦᠷᠦᠯ ᠵᠦᠢᠯ ᠢ | ᠪᠠᠶᠢᠭᠤᠯᠬᠤ ᠪᠠᠨ ᠵᠣᠭᠰᠤᠭᠠᠬᠤ᠂ ᠪᠠᠶᠢᠭᠤᠯᠬᠤ ᠶᠢ ᠠᠯᠭᠤᠷᠯᠠᠭᠤᠯᠬᠤ ᠪᠠ ᠬᠠᠰᠤᠨ ᠴᠤᠮᠬᠠᠳᠬᠠᠵᠤ᠂ ᠦᠷᠢᠲᠦᠵᠦ | ᠪᠠᠶᠢᠭᠰᠠᠨ ᠪᠠᠷᠢᠯᠭ᠎ᠠ ᠶᠢᠨ ᠮᠦᠩᠭᠦ ᠪᠠ ᠬᠦᠯᠦᠰᠦᠨ ᠠᠵᠢᠯᠴᠢᠨ ᠳᠤ ᠦᠷᠢᠳᠦᠵᠦ ᠪᠠᠶᠢᠭᠰᠠᠨ ᠴᠠᠯᠢᠩ ᠮᠦᠩᠬᠦ ᠶᠢ | ᠰᠢᠢᠳᠪᠦᠷᠢᠯᠡᠪᠡ᠃ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠲᠤᠭ᠎ᠠ ᠪᠠᠷᠢᠮᠲᠠ ᠨᠢ ᠦᠨᠡᠨ ᠪᠣᠲᠠᠲᠠᠢ ᠪᠢᠰᠢ | ᠪᠠ ᠡᠳ᠋ ᠤᠨ ᠵᠠᠰᠠᠭ ᠤᠨ ᠣᠷᠣᠯᠭ᠎ᠠ ᠶᠢ ᠬᠡᠢ ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠵᠡᠷᠭᠡ ᠪᠢᠳᠡᠨ ᠢ | ᠣᠯᠠᠨ ᠵᠢᠯ ᠭᠠᠴᠢᠭᠳᠠᠭᠤᠯᠤᠨ ᠮᠤᠬᠤᠭᠤᠵᠦ ᠪᠠᠶᠢᠬᠰᠠᠨ ᠪᠡᠷᠬᠡ ᠲᠦᠪᠡᠭᠲᠡᠢ ᠠᠰᠠᠭᠤᠳᠠᠯ ᠤᠳ ᠢ ᠰᠢᠢᠳᠪᠦᠷᠢᠯᠡᠵᠦ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠦᠨᠳᠦᠰᠦᠯᠡᠯ ᠢ ᠬᠠᠩᠭᠠᠨ᠂ | ᠢᠷᠡᠭᠡᠳᠦᠢ ᠶᠢᠨ ᠬᠥᠭᠵᠢᠯᠲᠡ ᠳᠤ ᠰᠠᠭᠤᠷᠢ ᠶᠢ ᠨᠢ ᠪᠠᠲᠤᠳᠬᠠᠪᠠ᠃ ᠪᠢᠳᠠ ᠠᠵᠢᠯ ᠤᠨ ᠳᠤᠮᠳᠠᠬᠢ ᠴᠢᠩᠭ᠎ᠠ ᠪᠤᠰᠤ | ᠪᠠ ᠪᠣᠲᠠᠲᠠᠢ ᠪᠤᠰᠤ ᠠᠴᠠ ᠪᠤᠯᠤᠭᠰᠠᠨ ᠬᠤᠬᠢᠷᠠᠯ ᠬᠦᠨᠦᠭᠡᠯ ᠢ ᠭᠦᠨᠵᠡᠭᠡᠢ ᠲᠠᠨᠢᠵᠤ ᠮᠡᠳᠡᠭᠰᠡᠨ ᠪᠦᠭᠡᠳ | ᠨᠡᠮᠡᠭᠳᠡᠭᠦᠯᠬᠦ ᠶᠢᠨ ᠲᠦᠯᠦᠭᠡ ᠯᠡ ᠨᠡᠮᠡᠭᠳᠡᠭᠦᠯᠵᠦ᠂ ᠪᠡᠯᠡ ᠣᠷᠤᠭᠤᠯᠬᠤ ᠶᠢᠨ ᠲᠦᠯᠦᠭᠡ ᠯᠡ ᠪᠡᠯᠡ ᠣᠷᠤᠭᠤᠯᠵᠤ | ᠪᠣᠯᠬᠤ ᠦᠭᠡᠢ᠂ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠨᠡᠮᠡᠭᠳᠡᠯ ᠤᠨ ᠨᠤᠷᠮ᠎ᠠ ᠪᠠᠷ ᠠᠵᠢᠯ ᠤᠨ | ᠪᠦᠲᠦᠮᠵᠢ ᠶᠢ ᠳᠦᠭᠦᠮ ᠢᠶᠠᠷ ᠦᠨᠡᠯᠡᠨ ᠲᠣᠭᠲᠠᠭᠠᠬᠤ ᠬᠥᠭᠵᠢᠯᠲᠡ ᠶᠢᠨ ᠦᠵᠡᠯᠲᠡ ᠪᠠ ᠠᠵᠢᠯ ᠤᠨ ᠪᠦᠲᠦᠮᠵᠢ ᠶᠢᠨ | ᠦᠵᠡᠯᠲᠡ ᠶᠢ ᠡᠷᠡᠰ ᠰᠢᠭᠤᠷᠬᠠᠢ ᠪᠠᠷ ᠲᠡᠪᠴᠢᠬᠦ ᠬᠡᠷᠡᠭᠲᠡᠢ᠃ ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠳᠤ ᠨᠡᠶᠢᠴᠡᠬᠦ ᠬᠢᠨᠠᠨ | ᠪᠠᠶᠢᠴᠠᠭᠠᠯᠲᠠ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠲᠡᠭᠦᠯᠳᠡᠷᠵᠢᠭᠦᠯᠦᠨ᠂ | ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 8 ᠪᠠᠶᠢᠵᠤ᠂ ᠲᠣᠭᠲᠠᠭᠠᠭᠰᠠᠨ᠂ | ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠭᠰᠠᠨ ᠵᠠᠰᠠᠭ ᠤᠨ ᠣᠷᠳᠣᠨ ᠤ ᠳᠦᠷᠢᠮ ᠲᠣᠭᠲᠠᠭᠠᠯ 35 | ᠪᠠᠶᠢᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠰᠠᠨᠠᠯ | ᠳᠤᠷᠠᠳᠤᠯᠭ᠎ᠠ ᠶᠢ 1069 ᠬᠤᠪᠢ ᠭᠦᠢᠴᠡᠳᠭᠡᠨ᠂ ᠭᠦᠢᠴᠡᠳᠭᠡᠭᠡᠳ ᠬᠠᠷᠢᠭᠤ ᠥᠭᠭᠦᠭᠰᠡᠨ ᠨᠤᠷᠮ᠎ᠠ 100% ᠳᠤ | ᠬᠦᠷᠪᠡ᠃ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠂ ᠪᠦᠬᠦ ᠵᠢᠯ ᠳᠤ ᠰᠣᠨᠢᠨ ᠮᠡᠳᠡᠭᠡ | ᠨᠡᠶᠢᠲᠡᠯᠡᠬᠦ ᠬᠤᠷᠠᠯ ᠢ 70 ᠤᠳᠠᠭ᠎ᠠ ᠬᠤᠷᠠᠯᠳᠤᠭᠤᠯᠪᠠ᠃ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠠᠬᠢ 10 ᠳ᠋ᠦᠩᠰᠢᠭᠤᠷ ᠲᠦᠭᠦᠷᠢᠭ ᠤᠨ | ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ | ᠴᠢᠬᠤᠯᠡ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠠᠴᠠ ᠠᠷᠠᠳ ᠤᠨ | ᠠᠮᠢᠳᠤᠷᠠᠯ ᠳᠤ ᠬᠡᠷᠡᠭᠯᠡᠬᠦ ᠪᠡᠯᠡ ᠮᠦᠩᠭᠦ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠪᠠ | ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠠᠯ᠎ᠠ ᠪᠠᠷ ᠲᠤᠰᠢᠶᠠᠯ ᠠᠴᠠ ᠰᠠᠯᠬᠤ ᠳᠤ ᠬᠢᠨᠠᠨ ᠪᠤᠳᠤᠬᠤ | ᠠᠵᠢᠯ ᠢ ᠦᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠬᠦ ᠪᠠ ᠱᠠᠯᠠᠪᠳᠠᠭᠤᠯᠤᠨ ᠪᠠᠶᠢᠴᠠᠭᠠᠬᠤ ᠪᠠᠷ | ᠦᠷ᠎ᠡ ᠪᠦᠲᠦᠮᠵᠢ ᠶᠢ ᠨᠢ ᠣᠶᠢᠯᠠᠭᠠᠬᠤ ᠶᠢ ᠴᠢᠩᠭᠠᠷᠠᠭᠤᠯᠤᠨ᠂ ᠠᠷᠢᠭᠤᠨ ᠴᠢᠭᠡᠴᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ ᠲᠦᠯᠦᠭᠡᠯᠡᠭᠴᠢᠳ ᠡ᠂ ᠲᠤᠰ ᠬᠤᠭᠤᠴᠠᠭᠠᠨ ᠤ | ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠲᠠᠪᠤᠨ ᠵᠢᠯ ᠪᠣᠯ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠮᠠᠨ ᠤ ᠤᠯᠤᠰ ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠠ ᠲᠡᠦᠬᠡᠲᠦ ᠴᠢᠨᠠᠷᠲᠠᠢ | ᠬᠤᠪᠢᠰᠤᠯᠳᠠ ᠭᠠᠷᠤᠭᠰᠠᠨ ᠲᠠᠪᠤᠨ ᠵᠢᠯ ᠪᠣᠯᠣᠨ᠎ᠠ᠂ ᠮᠦᠨ ᠴᠦ ᠦᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠴᠢᠬᠤᠯᠡ ᠶᠡᠭᠡ ᠠᠮᠵᠢᠯᠲᠠ ᠣᠯᠣᠭᠰᠠᠨ ᠲᠠᠪᠤᠨ ᠵᠢᠯ ᠶᠤᠮ᠃ ᠲᠠᠪᠤᠨ ᠵᠢᠯ ᠤᠨ | ᠲᠤᠷᠰᠢ᠂ ᠪᠢᠳᠡᠨ ᠤ ᠤᠯᠤᠬᠰᠠᠨ ᠠᠮᠵᠢᠯᠲᠠ ᠪᠦᠲᠦᠮᠵᠢ ᠪᠦᠬᠦᠨ ᠪᠠ ᠳᠠᠪᠰᠢᠯᠲᠠ ᠪᠣᠯᠭᠠᠨ ᠴᠦᠮ ᠰᠢ ᠶᠢᠨ ᠫᠢᠩ | ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠳᠤᠲᠤᠨᠤ | ᠬᠠᠯᠠᠮᠵᠢᠯᠠᠯ ᠠᠴᠠ ᠰᠠᠯᠵᠤ ᠴᠢᠲᠠᠬᠤ ᠥᠬᠡᠢ ᠶᠤᠮ᠃ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠮᠢᠳᠤᠯᠢᠭ | ᠦᠢᠯᠡᠳᠦᠯᠭᠡ ᠠᠴᠠ ᠰᠠᠯᠵᠤ ᠴᠢᠲᠠᠬᠤ ᠥᠬᠡᠢ ᠶᠤᠮ᠃ ᠡ᠊ᠨᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ | ᠦᠪᠡᠷᠲᠡᠭᠡᠨ ᠵᠠᠰᠠᠬᠤ ᠣᠷᠣᠨ ᠤ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠭᠰᠡᠨ ᠨᠦᠬᠦᠳ᠂ ᠦᠪᠦᠷ ᠮᠣᠩᠭᠤᠯ ᠤᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠲᠦᠯᠦᠭᠡᠯᠡᠭᠴᠢᠳ ᠡ᠂ ᠮᠠᠨ ᠤ ᠠᠵᠢᠯ ᠳᠤ ᠠᠮᠵᠢᠯᠲᠠ ᠪᠦᠲᠦᠮᠵᠢ ᠪᠠᠶᠢᠭ᠎ᠠ ᠪᠣᠯᠪᠠᠴᠤ ᠪᠠᠰᠠ ᠬᠦᠷᠦᠯᠴᠡᠬᠦ | ᠦᠭᠡᠢ ᠲᠠᠯ᠎ᠠ ᠮᠠᠰᠢ ᠣᠯᠠᠨ ᠣᠷᠤᠰᠢᠵᠤ ᠪᠣᠢ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ᠂ ᠠᠷᠠᠳ ᠲᠦᠮᠡᠨ ᠤ | ᠬᠦᠰᠡᠯ ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠭᠰᠠᠭᠠᠷ ᠪᠠᠶᠢᠨ᠎ᠠ᠃ ᠬᠥᠭᠵᠢᠯᠲᠡ ᠶᠢᠨ | ᠲᠡᠩᠴᠡᠭᠦᠷᠢ ᠦᠭᠡᠢ ᠪᠠ ᠭᠦᠢᠴᠡᠳ ᠦᠬᠡᠢ ᠠᠰᠠᠭᠤᠳᠠᠯ ᠤᠳ ᠳᠤᠪᠤᠶᠢᠮ᠎ᠠ ᠪᠠᠶᠢᠵᠤ᠂ ᠪᠤᠳᠠᠳᠤ ᠴᠤᠭᠴᠠ ᠶᠢᠨ ᠠᠵᠤ | ᠠᠬᠤᠢ ᠳᠤ ᠪᠠᠭ᠎ᠠ ᠪᠤᠰᠤ ᠬᠦᠴᠢᠷᠳᠡᠯ ᠲᠤᠯᠭᠠᠷᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ | ᠦᠷ᠎ᠡ ᠠᠰᠢᠭ ᠦᠨᠳᠦᠷ ᠪᠣᠰᠤ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠪᠠᠰᠠ ᠪᠠᠭ᠎ᠠ | ᠪᠤᠰᠤ ᠳᠤᠲᠠᠭᠤᠳᠠᠯ ᠲᠠᠢ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠬᠠᠲᠠᠭᠤ | ᠪᠡᠷᠬᠡᠰᠢᠶᠡᠯᠲᠡᠢ ᠪᠠᠶᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠮᠦᠨ ᠬᠦ ᠪᠦᠬᠦ | ᠤᠯᠤᠰ ᠤᠨ ᠳᠤᠮᠳᠠᠴᠢ ᠲᠥᠪᠰᠢᠨ ᠠᠴᠠ ᠳᠣᠣᠷ᠎ᠠ᠂ ᠬᠤᠲᠠ ᠬᠦᠳᠡᠭᠡ ᠶᠢᠨ ᠬᠤᠭᠤᠷᠤᠨᠳᠤᠬᠢ ᠪᠠ ᠣᠷᠣᠨ | ᠪᠦᠰᠡ ᠶᠢᠨ ᠬᠤᠭᠤᠷᠤᠨᠳᠤᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ᠂ ᠰᠠᠭᠤᠭᠠᠯᠢ ᠠᠷᠠᠳ ᠤᠨ | ᠣᠷᠣᠯᠭ᠎ᠠ ᠶᠢᠨ ᠵᠦᠷᠢᠶ᠎ᠡ ᠨᠡᠯᠢᠶᠡᠳ ᠶᠡᠭᠡ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ | ᠬᠡᠪᠡᠷᠡᠭ ᠪᠠᠶᠢᠵᠤ᠂ ᠬᠠᠮᠠᠭᠠᠯᠠᠨ ᠵᠠᠰᠠᠬᠤ ᠡᠭᠦᠷᠭᠡ ᠨᠦᠰᠡᠷ ᠬᠦᠨᠳᠦ ᠪᠠᠶᠢᠭᠰᠠᠭᠠᠷ︔ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ ᠳᠤ ᠪᠠᠰᠠ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ | ᠪᠠᠶᠢᠨ᠎ᠠ︔ ᠵᠠᠰᠠᠭ ᠤᠨ ᠣᠷᠳᠣᠨ ᠤ ᠠᠵᠢᠯ ᠳᠤ ᠦᠷ᠎ᠡ ᠪᠦᠲᠦᠮᠵᠢ ᠪᠠᠷ ᠦᠨᠳᠦᠷ ᠪᠤᠰᠤ᠂ ᠦᠢᠯᠡᠴᠢᠯᠡᠭᠡᠨ ᠤ | ᠤᠬᠠᠮᠰᠠᠷ ᠴᠢᠩᠭ᠎ᠠ ᠪᠤᠰᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠭᠦᠢᠴᠡᠳ ᠪᠤᠰᠤ ᠪᠠᠶᠢᠬᠤ ᠵᠡᠷᠭᠡ | ᠠᠰᠠᠭᠤᠳᠠᠯ ᠤᠳ ᠣᠷᠤᠰᠢᠭᠰᠠᠭᠠᠷ ᠪᠠᠶᠢᠨ᠎ᠠ᠃ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠵᠣᠷᠢᠭᠲᠠᠢ ᠪᠠᠷ ᠦᠨᠡᠨ ᠶᠤᠰᠤ ᠶᠢ ᠪᠠᠷᠢᠮᠲᠠᠯᠠᠬᠤ ᠪᠠ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ | ᠵᠣᠷᠢᠭᠲᠠᠢ ᠪᠠᠷ ᠦᠪᠡᠷ ᠢ ᠪᠠᠨ ᠬᠤᠪᠢᠰᠬᠠᠨ᠂ ᠵᠦᠷᠢᠴᠡᠯ ᠳᠤ ᠰᠢᠭᠤᠳ ᠬᠠᠨᠳᠤᠵᠦ᠂ ᠠᠰᠠᠭᠤᠳᠠᠯ ᠢ ᠰᠢᠢᠳᠪᠦᠷᠢᠯᠡᠨ᠂ | ᠠᠵᠢᠯ ᠢᠶᠠᠨ ᠰᠠᠶᠢᠵᠢᠷᠠᠭᠤᠯᠬᠤ ᠴᠢᠬᠤᠯᠠᠲᠠᠢ ᠪᠠᠶᠢᠨ᠎ᠠ᠃ ᠬᠤᠶᠠᠷ᠂ ᠬᠤᠶᠢᠰᠢᠳᠠ ᠶᠢᠨ ᠲᠠᠪᠤᠨ ᠵᠢᠯ ᠤᠨ | ᠠᠵᠢᠯ ᠤᠨ ᠶᠡᠷᠦᠩᠭᠡᠢ ᠰᠡᠳᠭᠢᠴᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠴᠢᠬᠤᠯᠠ ᠶᠡᠭᠡ ᠤᠯᠤᠰ | ᠲᠥᠷᠥ ᠶᠢᠨ ᠮᠠᠭᠠᠳᠯᠠᠯᠲᠠ ᠶᠢ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ | ᠢᠯᠠᠯᠲᠠ ᠣᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠠᠶᠢᠭᠤᠯᠬᠤ ᠭᠤᠶᠢᠲᠠ ᠰᠠᠶᠢᠬᠠᠨ ᠵᠢᠷᠤᠭ ᠲᠥᠯᠦᠪᠯᠡᠭᠡ ᠶᠢ ᠵᠢᠷᠤᠭᠯᠠᠭᠰᠠᠨ ᠪᠠᠶᠢᠨ᠎ᠠ᠃ | ᠬᠤᠶᠢᠰᠢᠳᠠ ᠶᠢᠨ ᠳᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠠᠭᠤᠯᠵᠠᠷ ᠤᠨ | ᠬᠤᠭᠤᠴᠠᠭ᠎ᠠ ᠪᠣᠯᠣᠨ᠎ᠠ᠃ ᠪᠢᠳᠡ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠰᠢᠨ᠎ᠡ ᠳᠤᠮᠳᠠᠲᠤ | ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠠᠮ | ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠬᠤ ᠪᠣᠯᠣᠨ᠎ᠠ᠂ ᠬᠤᠶᠢᠰᠢᠳᠠ ᠶᠢᠨ ᠲᠠᠪᠤᠨ ᠵᠢᠯ ᠤᠨ ᠠᠵᠢᠯ ᠢ | ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ | ᠃ ᠣᠳᠣ ᠠᠴᠠ 2020 ᠣᠨ ᠪᠣᠯᠲᠠᠯᠠᠬᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠦᠷᠢᠲᠦ ᠢᠯᠠᠯᠲᠠ ᠶᠢ ᠣᠯᠬᠤ ᠴᠠᠭ ᠬᠤᠭᠤᠴᠠᠭ᠎ᠠ ᠪᠣᠯᠣᠨ᠎ᠠ᠂ ᠵᠥᠪᠬᠡᠨ ᠥᠷᠯᠥᠭᠡ ᠦᠳᠡᠰᠢ ᠦᠭᠡᠢ ᠴᠢᠷᠮᠠᠶᠢᠨ | ᠲᠡᠮᠡᠴᠡᠪᠡᠰᠦ ᠮᠠᠨ ᠤ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠲᠠᠯ᠎ᠠ ᠪᠠᠨ ᠬᠦᠴᠦᠷᠭᠡᠭᠵᠢᠭᠦᠯᠬᠦ ᠶᠢ | ᠲᠣᠪᠤᠶᠢᠯᠭᠠᠵᠤ᠂ ᠢᠯᠠᠩᠭᠤᠶ᠎ᠠ ᠬᠦᠨᠳᠦ ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠪᠤᠭᠤᠮᠳᠠ ᠰᠢᠪᠳᠤᠯᠬᠤ | ᠳᠠᠶᠢᠯᠠᠯᠳᠤᠭᠠᠨ᠂ ᠤᠨᠢᠨ ᠳᠡᠬᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ᠂ | ᠪᠣᠬᠢᠷᠳᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠪᠠᠳᠤ ᠰᠠᠶᠢᠳᠤᠷ ᠬᠢᠵᠦ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠶᠢ ᠵᠣᠬᠢᠰᠲᠠᠢ ᠬᠢᠷᠢ ᠲᠦᠪᠰᠢᠨ ᠳᠤ ᠬᠦᠷᠲᠡᠯ᠎ᠡ | ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ︔ | ᠤᠯᠤᠰ ᠤᠨ ᠣᠳᠣᠬᠢ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠳᠠᠬᠢ ᠮᠠᠯᠵᠢᠬᠤ ᠲᠠᠷᠢᠶᠠᠯᠠᠬᠤ ᠣᠷᠣᠨ ᠤ ᠶᠠᠳᠠᠭᠤ | ᠬᠦᠴᠢᠷᠳᠡᠯᠲᠡᠢ ᠬᠦᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠠᠢ ᠬᠤᠰᠢᠭᠤ | ᠰᠢᠶᠠᠨ ᠪᠦᠬᠦᠨ ᠤ ᠶᠠᠳᠠᠭᠤ ᠮᠠᠯᠠᠭᠠᠢ ᠶᠢ ᠨᠢ ᠠᠪᠴᠤ ᠬᠠᠶᠠᠨ᠎ᠠ︔ ᠭᠤᠣᠯ ᠪᠣᠯᠬᠤ ᠪᠣᠬᠢᠷᠳᠤᠯ ᠪᠣᠳᠠᠰ ᠢ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠥᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢᠨ ᠳᠡᠭᠡᠷ᠎ᠡ᠂ | ᠠᠰᠢᠭᠲᠠᠢ ᠪᠠᠶᠢᠳᠠᠯ ᠢ ᠠᠰᠢᠬᠯᠠᠨ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢ | ᠡᠬᠢᠯᠡᠭᠦᠯᠵᠦ᠂ ᠠᠵᠤ ᠠᠬᠤᠢ ᠨᠡᠶᠢᠭᠡᠮ ᠤᠨ ᠨᠡᠩ ᠦᠨᠳᠦᠷ ᠬᠢᠷᠢ ᠲᠦᠪᠰᠢᠨ ᠲᠠᠢ᠂ ᠨᠡᠩ ᠦᠨᠳᠦᠷ ᠴᠢᠨᠠᠷ | ᠴᠢᠨᠰᠠᠭ᠎ᠠ ᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠤᠶᠢᠰᠢᠲᠠ ᠶᠢᠨ ᠲᠠᠪᠤᠨ ᠵᠢᠯ ᠤᠨ ᠠᠵᠢᠯ ᠢ | ᠰᠠᠶᠢᠲᠤᠷ ᠬᠢᠬᠦ ᠳᠤ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠨ᠂ ︽ᠳᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠥᠷᠪᠡᠨ ᠢᠲᠡᠭᠡᠯ︾ ᠢᠶᠠᠨ ᠪᠠᠲᠤᠳᠬᠠᠨ᠂ | ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠠ ᠲᠦᠪᠯᠡᠷᠠᠩᠬᠦᠢ | ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠲᠥ ᠬᠡᠮᠵᠢᠶᠡᠨ ᠤ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ ᠪᠢᠳᠡ ᠲᠣᠭᠲᠠᠭᠤᠨ ᠢᠶᠠᠷ | ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠᠬᠢ | ᠲᠣᠭᠲᠠᠭᠤᠨ ᠪᠠ ᠳᠠᠪᠰᠢᠯᠲᠠ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ᠂ ᠴᠠᠭ ᠢ ᠠᠵᠢᠵᠦ | ᠪᠠᠶᠢᠳᠠᠯ ᠢ ᠰᠢᠨᠵᠢᠵᠦ᠂ ᠭᠦᠨ ᠪᠣᠳᠣᠯᠬᠢᠯᠠᠵᠤ ᠭᠦᠢᠴᠡᠳ ᠰᠡᠳᠭᠢᠨ᠂ ᠵᠢᠮ᠎ᠠ ᠬᠠᠤᠯᠢ ᠶᠢ ᠬᠦᠨᠳᠦᠳᠬᠡᠵᠦ᠂ | ᠠᠵᠢᠯ ᠤᠨ ᠠᠶᠢᠵᠠᠮ ᠪᠠ ᠡᠷᠴᠢᠮ ᠢᠶᠠᠨ ᠰᠠᠶᠢᠲᠤᠷ ᠡᠵᠡᠮᠰᠢᠵᠦ᠂ ᠬᠤᠶᠢᠷᠭᠤᠰᠢᠨ ᠨᠠᠵᠠᠭᠠᠶᠢᠷᠠᠬᠤ ᠪᠠ ᠳᠠᠪᠰᠢᠨ | ᠴᠢᠷᠮᠠᠶᠢᠬᠤ ᠦᠭᠡᠢ ᠪᠠᠶᠢᠬᠤ ᠶᠢ ᠡᠰᠡᠷᠭᠦᠴᠡᠬᠦ ᠮᠦᠷᠲᠡᠭᠡᠨ ᠪᠠᠰᠠ ᠬᠡᠶᠢᠷᠬᠡᠨ ᠮᠣᠨᠣᠭᠯᠠᠬᠤ ᠪᠠ ᠲᠦᠷᠭᠡᠨ ᠪᠦᠲᠦᠭᠡᠬᠦ ᠶᠢ | ᠬᠥᠭᠡᠭᠡᠴᠡᠯᠳᠦᠬᠦ ᠶᠢ ᠡᠰᠡᠷᠭᠦᠴᠡᠵᠦ᠂ ᠳᠤᠭᠳᠠᠭᠤᠨ ᠤ ᠳᠤᠮᠳᠠ ᠤᠷᠤᠭᠰᠢᠯᠠᠵᠤ᠂ ᠠᠯᠤᠰ ᠤᠨ ᠵᠤᠷᠢᠯᠳᠠ ᠪᠠᠨ | ᠪᠡᠶᠡᠯᠡᠬᠦᠯᠦᠨ᠎ᠡ᠃ ᠪᠢᠳᠡ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠭᠦᠯᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠭᠤᠣᠯ ᠵᠦᠷᠢᠴᠡᠯ ᠤᠨ | ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠪᠦᠲᠦᠮᠵᠢ ᠶᠢ | ᠤᠷᠢᠳᠠᠪᠠᠷ ᠪᠣᠳᠣᠯᠬᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠮᠠᠨ ᠤ ᠣᠷᠣᠨ ᠤ ᠠᠵᠤ ᠠᠬᠤᠢ ᠶᠢᠨ | ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ ᠪᠢᠳᠠ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠰᠤᠷᠭᠠᠨ | ᠬᠦᠮᠦᠵᠢᠯ ᠢᠶᠠᠷ ᠤᠯᠤᠰ ᠢᠶᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠴᠢᠳᠠᠪᠤᠷᠢᠲᠡᠨ ᠢᠶᠠᠷ ᠤᠯᠤᠰ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠨ ᠬᠥᠭᠵᠢᠭᠦᠯᠬᠦ | ᠪᠠᠶᠢᠯᠳᠤᠬᠤ ᠪᠣᠳᠣᠯᠭ᠎ᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ | ᠪᠦᠰᠡ ᠶᠢᠨ ᠵᠣᠬᠢᠴᠠᠯᠳᠤᠨ ᠬᠥᠭᠵᠢᠬᠦ ᠪᠠᠶᠢᠯᠳᠤᠬᠤ ᠪᠣᠳᠣᠯᠭ᠎ᠠ᠂ ᠦᠷᠭᠦᠯᠵᠢᠯᠡᠨ ᠬᠥᠭᠵᠢᠭᠦᠯᠬᠦ ᠪᠠᠶᠢᠯᠳᠤᠬᠤ | ᠪᠣᠳᠣᠯᠭ᠎ᠠ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠨᠤᠭᠤᠳ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠪᠢᠳᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ | ᠨᠡᠬᠡᠭᠡᠯᠲᠡ ᠶᠢ ᠬᠦᠨᠵᠡᠭᠡᠶᠢᠷᠡᠭᠦᠯᠦᠨ᠂ ᠶᠠᠰᠦ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ | ᠬᠦᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ ᠪᠣᠳᠠᠲᠤ ᠴᠣᠭᠴᠠ ᠶᠢᠨ ᠠᠵᠤ ᠠᠬᠤᠢ᠂ ᠰᠢᠨᠵᠢᠯᠡᠬᠦ | ᠤᠬᠠᠭᠠᠨᠴᠢ ᠪᠠᠷ ᠰᠢᠨ᠎ᠡ ᠶᠢ ᠡᠭᠦᠳᠬᠦ᠂ ᠣᠳᠣ ᠦᠶ᠎ᠡ ᠶᠢᠨ ᠮᠥᠩᠭᠦᠨ ᠭᠦᠢᠯᠭᠡᠭᠡᠨ᠂ ᠬᠦᠮᠦᠨ ᠤ ᠬᠦᠴᠦᠨ ᠤ ᠡᠬᠢ | ᠪᠠᠶᠠᠯᠢᠭ ᠤᠨ ᠵᠤᠬᠢᠴᠠᠯᠳᠤᠨ ᠬᠦᠭᠵᠢᠭᠰᠡᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ | ᠳᠥᠷᠢᠮ ᠤᠨ ᠪᠠᠲᠤᠯᠠᠭ᠎ᠠ ᠪᠠᠨ ᠴᠢᠩᠭᠠᠳᠬᠠᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠦᠲᠦᠭᠡᠨ | ᠪᠠᠶᠢᠭᠤᠯᠤᠨ᠎ᠠ᠃ ᠮᠠᠨ ᠤ ᠠᠯᠢᠪᠠ ᠠᠵᠢᠯ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠦᠷᠦᠬᠡᠳᠦᠯ ᠢᠶᠠᠷ ᠮᠠᠨ ᠤ ᠲᠠᠮᠠᠴᠡᠯ ᠤᠨ ᠬᠠᠷᠠᠯᠲᠠ ᠪᠠᠨ | ᠪᠣᠯᠭᠠᠨ᠎ᠠ᠃ ᠠᠷᠠᠳ ᠲᠦᠮᠡᠨ ᠤ ᠬᠠᠮᠤᠭ ᠤᠨ ᠰᠡᠳᠭᠢᠯ ᠲᠠᠯᠪᠢᠵᠤ ᠪᠠᠶᠢᠭ᠎ᠠ ᠰᠤᠷᠭᠠᠨ ᠬᠦᠮᠦᠵᠢᠯ᠂ ᠠᠵᠢᠯ | ᠣᠯᠭᠤᠯᠲᠠ᠂ ᠣᠷᠣᠯᠭ᠎ᠠ᠂ ᠣᠷᠣᠨ ᠰᠠᠭᠤᠴᠠ᠂ ᠡᠮᠴᠢᠯᠡᠭᠡ᠂ ᠨᠡᠶᠢᠭᠡᠮ ᠤᠨ ᠪᠠᠲᠤᠯᠠᠪᠤᠷᠢ ᠵᠡᠷᠭᠡ ᠠᠰᠠᠭᠤᠳᠠᠯ ᠤᠳ ᠢ | ᠰᠠᠶᠢᠲᠤᠷ ᠰᠢᠢᠳᠪᠦᠷᠢᠯᠡᠵᠦ᠂ ᠨᠢᠭᠡ ᠨᠢᠭᠡ ᠠᠵᠢᠯ ᠶᠠᠪᠤᠳᠠᠯ ᠢᠶᠠᠷ ᠵᠠᠯᠭᠠᠭᠤᠯᠤᠨ ᠭᠦᠢᠴᠡᠳᠭᠡᠵᠦ᠂ ᠨᠢᠭᠡ ᠨᠢᠭᠡ ᠣᠨ | ᠵᠢᠯ ᠢᠶᠠᠷ ᠳᠠᠷᠠᠭᠠᠯᠠᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠢᠯᠡᠬᠦᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠤᠯᠭᠤᠨ᠎ᠠ᠃ ᠭᠤᠷᠪᠠ᠂ 2018 | ᠣᠨ ᠤ ᠭᠤᠣᠯ ᠠᠵᠢᠯ ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠣᠣᠱᠯᠠᠭᠤᠯᠬᠤ ᠡᠬᠢᠯᠡᠯᠲᠡ ᠶᠢᠨ ᠣᠨ᠂ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠠ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠦᠪ ᠤᠨ ᠬᠦᠳᠡᠭᠡ | ᠲᠤᠰᠬᠤᠨ ᠤ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠤᠰᠤᠭᠠᠷ ᠠᠰᠠᠭᠤᠳᠠᠯ ᠪᠠ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠦᠪᠵᠢᠭᠦᠯᠦᠨ ᠨᠡᠶᠢᠲᠡ ᠳᠤᠨᠢ | ᠬᠠᠷᠠᠭᠠᠯᠵᠠᠵᠤ᠂ ᠭᠤᠣᠯᠳᠠᠯᠭ᠎ᠠ ᠶᠢ ᠳᠣᠪᠤᠶᠢᠯᠭᠠᠨ᠂ ᠡᠯ᠎ᠡ ᠵᠦᠢᠯ ᠤᠨ ᠠᠵᠢᠯ ᠢᠶᠠᠨ ᠡᠷᠴᠢᠮ ᠲᠠᠢ ᠪᠦᠭᠡᠳ | ᠲᠢᠭᠯᠢᠮ ᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠭᠦ ᠶᠢ | ᠠᠬᠢᠭᠤᠯᠤᠨ᠎ᠠ᠃ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠶᠢᠨ ᠦᠰᠦᠯᠲᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7.5% ᠣᠷᠴᠢᠮ | ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡ ᠣᠷᠴᠢᠮ ᠰᠢᠨ᠎ᠡ ᠪᠠᠷ ᠨᠡᠮᠡᠭᠳᠡᠭᠦᠯᠦᠨ᠂ | ᠬᠤᠲᠠ ᠪᠠᠯᠭᠠᠰᠤ ᠶᠢᠨ ᠪᠠᠶᠢᠴᠠᠭᠠᠯᠲᠠ ᠬᠢᠭᠰᠡᠨ ᠠᠵᠢᠯ ᠠᠯᠳᠠᠭᠰᠠᠳ ᠤᠨ ᠨᠣᠷᠮ᠎ᠠ ᠪᠠ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5% ᠣᠷᠴᠢᠮ ᠪᠠ 4% ᠤᠨ ᠳᠣᠲᠣᠷ᠎ᠠ | ᠡᠵᠡᠮᠳᠡᠨ᠎ᠡ᠃ ᠡᠨᠧᠷᠭᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ | ᠲᠠᠯ᠎ᠠ ᠪᠠᠷ ᠪᠠᠶᠡᠯᠡᠭᠦᠯᠦᠨ᠎ᠡ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ | ᠠᠬᠢᠯᠲᠠ ᠲᠠᠢ ᠪᠤᠯᠭᠠᠨ᠎ᠠ︔ ᠮᠦᠩᠭᠦᠨ ᠭᠥᠢᠯᠭᠡᠭᠡᠨ ᠡᠳ᠋ ᠤᠨ ᠵᠠᠰᠠᠭ ᠤᠨ ᠲᠥᠭᠰᠢᠭᠦᠷᠢ ᠶᠢ ᠲᠢᠭᠯᠢᠮ ᠲᠠᠢ ᠪᠦᠭᠡᠳ | ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠪᠡᠶᠡᠯᠡᠭᠦᠯᠦᠨ᠎ᠡ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ ︵ᠨᠢᠭᠡ︶ | ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠨᠢ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠳᠤ ᠡᠷᠬᠡᠪᠰᠢ ᠳᠠᠪᠠᠭ᠋ᠤ ᠴᠢᠬᠤᠯᠠ ᠪᠤᠭᠤᠮᠲᠠ ᠪᠣᠯᠣᠨ᠎ᠠ᠂ ᠮᠠᠨ ᠤ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠪᠠ ᠠᠵᠢᠯ ᠤᠨ ᠭᠤᠤᠯᠳᠠᠯᠭ᠎ᠠ ᠴᠦᠮ ᠭᠤᠷᠪᠠᠨ ᠶᠡᠭᠡ ᠪᠤᠭᠤᠮᠲᠠ ᠰᠢᠪᠲᠤᠯᠬᠤ | ᠳᠠᠶᠢᠯᠠᠯᠳᠤᠭᠠᠨ ᠳᠤ ᠲᠦᠪᠯᠡᠷᠡᠨ ᠬᠦᠴᠦᠯᠡᠨ᠎ᠡ᠃ ᠴᠢᠬᠤᠯᠠ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ | ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ ᠪᠦᠬᠦ | ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠨᠡᠶᠢᠳᠡᠮ ᠦᠨᠳᠦᠷ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠥᠯᠡᠳᠡᠭᠳᠡᠯ ᠢ | ᠡᠮᠬᠢ ᠲᠢᠭᠯᠢᠮ ᠲᠠᠢ ᠠᠷᠢᠯᠭᠠᠨ᠎ᠠ᠃ ᠵᠢᠭᠡᠯᠡᠯᠭᠡ ᠠᠪᠬᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ | ᠵᠠᠰᠠᠭ ᠤᠨ ᠤᠷᠳᠤᠨ ᠤ ᠦᠷᠢ ᠥᠭᠴᠡᠭᠡ ᠰᠢᠨ᠎ᠡ ᠪᠠᠷ ᠨᠡᠮᠡᠭᠳᠡᠬᠦ ᠳᠤ ᠴᠦᠮ ᠵᠠᠰᠠᠭ ᠤᠨ ᠤᠷᠳᠤᠨ ᠤ ᠵᠢᠭᠡᠯᠡᠯᠭᠡ ᠶᠢᠨ | ᠲᠡᠮᠳᠡᠭ ᠲᠠᠷᠬᠠᠭᠠᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠪᠡᠯᠡ | ᠤᠷᠤᠭᠤᠯᠤᠯᠲᠠ ᠶᠢᠨ ᠲᠦᠷᠦᠯ ᠵᠦᠢᠯ ᠳᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ | ᠶᠤᠰᠤᠭᠠᠷ ᠬᠢᠨᠠᠨ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠪᠣᠯᠣᠨ ᠨᠡᠶᠢᠭᠡᠮ ᠤᠨ | ᠬᠦᠷᠦᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ᠂ | ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠬᠠᠤᠯᠢ | ᠶᠣᠰᠤᠭᠠᠷ ᠵᠢᠷᠤᠮᠵᠢᠭᠤᠯᠵᠤ᠂ ᠪᠡᠯᠡ ᠬᠤᠷᠠᠮᠳᠤᠭᠤᠯᠬᠤ ᠲᠠᠪᠴᠠᠩ ᠤᠨ ᠺᠤᠮᠫᠠᠨᠢ ᠶᠢ ᠵᠠᠬ᠎ᠠ ᠳᠡᠯᠭᠡᠭᠦᠷᠴᠢᠯᠡᠬᠦ ᠲᠡᠰᠢ | ᠰᠢᠯᠵᠢᠬᠦ ᠶᠢ ᠠᠬᠢᠭᠤᠯᠵᠤ᠂ ᠬᠠᠤᠯᠢ ᠲᠣᠭᠲᠠᠭᠠᠯ ᠠᠴᠠ ᠵᠦᠷᠢᠴᠡᠵᠦ ᠦᠷᠢ ᠲᠠᠲᠠᠬᠤ ᠶᠢ ᠡᠷᠡᠰ ᠬᠤᠷᠢᠬᠯᠠᠨ᠎ᠠ᠃ | ᠣᠨ ᠤ ᠥᠷᠢ ᠥᠭᠴᠡᠭᠡ ᠶᠢ ᠠᠷᠢᠯᠭᠠᠬᠤ ᠲᠥᠰᠥᠯ ᠢᠶᠠᠨ ᠲᠡᠭᠦᠯᠳᠡᠷᠵᠢᠭᠦᠯᠵᠦ᠂ ᠲᠥᠰᠦᠪ ᠤᠨ ᠲᠣᠬᠢᠷᠠᠭᠤᠯᠤᠯᠲᠠ | ᠬᠢᠬᠦ᠂ ᠡᠩ ᠤᠨ ᠵᠠᠷᠤᠯᠭ᠎ᠠ ᠶᠢ ᠪᠠᠭᠠᠰᠬᠠᠬᠤ᠂ ᠨᠦᠭᠡᠴᠡ ᠬᠥᠷᠥᠩᠭᠡ ᠶᠢ ᠭᠦᠢᠯᠭᠡᠭᠡᠨ ᠳᠤ ᠤᠷᠤᠭᠤᠯᠬᠤ ᠵᠡᠷᠭᠡ ᠠᠷᠭ᠎ᠠ | ᠠᠪᠴᠠᠯ ᠠᠪᠴᠦ᠂ ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ ᠥᠷᠢ ᠥᠭᠴᠡᠭᠡ ᠶᠢ ᠲᠥᠯᠥᠨ᠎ᠡ᠃ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠤᠨ ᠲᠠᠯ᠎ᠠ ᠪᠠᠷ ᠬᠢᠷᠢ ᠪᠦᠲᠦᠮᠵᠢ ᠶᠢ ᠰᠢᠯᠭᠠᠨ ᠬᠢᠨᠠᠬᠤ ᠶᠢ | ᠬᠡᠷᠡᠭᠵᠢᠭᠦᠯᠦᠨ᠂ ᠥᠷᠢ ᠥᠭᠴᠡᠭᠡ ᠶᠢ ᠲᠥᠯᠥᠬᠦ ᠪᠠ ᠡᠳ᠋ ᠤᠨ ᠵᠠᠰᠠᠭ ᠤᠨ ᠰᠢᠯᠵᠢᠭᠦᠯᠦᠨ ᠲᠦᠯᠦᠬᠦ ᠯᠦᠭᠡ | ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠂ ᠥᠷᠢ ᠥᠭᠴᠡᠭᠡ ᠠᠷᠢᠯᠭᠠᠭᠰᠠᠨ ᠦᠷ᠎ᠡ ᠪᠦᠲᠦᠮᠵᠢ ᠪᠠᠷ | ᠳᠣᠪᠤᠶᠢᠭᠰᠠᠨ ᠪᠠᠶᠢᠪᠠᠯ ᠰᠢᠯᠵᠢᠭᠦᠯᠦᠨ ᠲᠦᠯᠦᠬᠦ ᠶᠢ ᠨᠢ ᠨᠡᠮᠡᠭᠳᠡᠭᠦᠯᠬᠦ ᠪᠠᠷ ᠤᠷᠮᠠᠰᠢᠭᠤᠯᠤᠨ᠎ᠠ︔ ᠬᠠᠤᠯᠢ | ᠲᠣᠭᠲᠠᠭᠠᠯ ᠠᠴᠠ ᠵᠦᠷᠢᠴᠡᠨ ᠦᠷᠢ ᠲᠠᠲᠠᠬᠤ᠂ ᠥᠷᠢ ᠥᠭᠴᠡᠭᠡ ᠶᠢ ᠠᠷᠢᠯᠭᠠᠬᠤ ᠳᠤ ᠬᠦᠴᠦᠯᠡᠭᠰᠡᠨ ᠦᠭᠡᠢ ᠪᠣᠯ | ᠬᠠᠷᠢᠭᠤᠴᠠᠯᠭ᠎ᠠ ᠨᠡᠬᠡᠮᠵᠢᠯᠡᠨ᠎ᠡ᠃ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠬᠠᠤᠯᠢ ᠲᠣᠭᠲᠠᠭᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠦᠢᠯᠡ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠢᠲᠡᠭᠡᠮᠵᠢ ᠶᠢᠨ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠨ᠎ᠠ᠃ ᠭᠡᠷ ᠭᠠᠵᠠᠷ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ᠂ ᠤᠯᠤᠰ ᠤᠨ | ᠦᠮᠴᠢᠯᠡᠯ ᠤᠨ ᠠᠵᠤ ᠠᠬᠤᠶᠢᠯᠠᠯ ᠤᠨ ᠥᠷᠢ ᠥᠭᠴᠡᠭᠡ ᠵᠡᠷᠭᠡ ᠲᠠᠯ᠎ᠠ ᠶᠢᠨ ᠲᠥᠭᠰᠢᠭᠦᠷᠢ ᠶᠢ ᠢᠮᠠᠭᠲᠠ ᠠᠩᠬᠠᠷᠤᠨ᠎ᠠ᠃ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ | ᠬᠢᠨ᠎ᠡ᠃ ᠨᠡᠩ ᠲᠥᠪᠯᠡᠷᠡᠭᠦᠯᠦᠨ ᠳᠡᠮᠵᠢᠬᠦ᠂ ᠨᠡᠩ ᠬᠦᠴᠦᠲᠡᠢ ᠠᠷᠭ᠎ᠠ ᠪᠠᠷᠢᠯ ᠢ ᠬᠡᠷᠡᠭᠯᠡᠨ᠂ ᠨᠡᠩ ᠨᠠᠷᠢᠨ ᠨᠢᠮᠪᠠᠢ | ᠠᠵᠢᠯᠯᠠᠵᠤ ᠪᠦᠬᠦ ᠵᠢᠯ ᠳᠤ 20 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ | ᠣᠨᠴᠠ ᠶᠠᠳᠠᠭᠤ ᠬᠦᠴᠢᠷᠳᠡᠯᠲᠠᠢ ᠣᠯᠠᠨ ᠲᠦᠮᠡᠨ ᠢ ᠤᠨᠢᠨ ᠳᠡᠭᠡᠷ᠎ᠡ ᠨᠢ ᠳᠡᠮᠵᠢᠨ᠂ ᠬᠦᠳᠡᠯᠮᠦᠷᠢᠯᠡᠬᠦ ᠴᠢᠳᠠᠪᠤᠷᠢ ᠲᠠᠢ | ᠶᠠᠳᠠᠭᠤ ᠬᠦᠴᠢᠷᠳᠡᠯᠲᠡᠢ ᠬᠦᠮᠦᠨ ᠠᠮᠠ ᠶᠢ ᠠᠵᠤ ᠦᠢᠯᠡᠰ ᠢᠶᠠᠷ ᠲᠡᠳᠭᠦᠬᠦ᠂ ᠰᠢᠯᠵᠢᠭᠦᠯᠦᠨ ᠠᠵᠢᠯ ᠣᠯᠭᠤᠬᠤ ᠵᠡᠷᠭᠡ | ᠠᠷᠭ᠎ᠠ ᠪᠠᠷ ᠶᠠᠳᠠᠭᠤ ᠠᠴᠠ ᠨᠢ ᠠᠩᠭᠢᠵᠢᠷᠠᠭᠤᠯᠤᠨ᠎ᠠ︔ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠠᠶᠢᠪᠠᠯ᠂ | ᠨᠡᠶᠢᠭᠡᠮ ᠤᠨ ᠪᠠᠲᠤᠯᠠᠪᠤᠷᠢ ᠪᠠ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠵᠤ᠂ ᠲᠡᠲᠡᠨ ᠤ | ᠦᠨᠳᠦᠰᠦᠨ ᠠᠮᠢᠳᠤᠷᠠᠯ ᠨᠢ ᠪᠠᠲᠤᠯᠠᠭ᠎ᠠ ᠲᠠᠢ᠂ ᠡᠪᠡᠳᠴᠢᠨ ᠢᠶᠠᠨ ᠦᠵᠡᠭᠦᠯᠬᠦ ᠳᠤ ᠡᠮᠨᠡᠯᠭᠡ ᠲᠠᠢ᠂ ᠵᠡᠮᠳᠡᠭ ᠪᠠᠶᠢᠭᠰᠠᠨ | ᠴᠦ ᠲᠤᠰᠠᠯᠠᠮᠵᠢ ᠲᠠᠢ ᠪᠠᠶᠢᠬᠤ ᠪᠣᠯᠭᠠᠨ᠎ᠠ᠃ ᠬᠦᠨᠳᠦ ᠡᠪᠡᠳᠴᠢᠲᠡᠨ ᠢ ᠳᠠᠭᠠᠭᠠᠨ ᠪᠠᠲᠤᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠡᠷᠡᠭᠦᠯ ᠮᠡᠨᠳᠦ ᠶᠢᠨ ᠺᠠᠷᠲ ᠵᠣᠬᠢᠶᠠᠵᠤ | ᠥᠭᠭᠦᠨ᠎ᠡ᠃ ᠰᠤᠷᠭᠠᠨ ᠬᠦᠮᠦᠵᠢᠯ ᠢ ᠪᠡᠯᠡ ᠮᠦᠩᠬᠦ ᠪᠠᠷ ᠳᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ ᠰᠤᠷᠭᠠᠭᠤᠯᠢ ᠳᠤ ᠰᠠᠭᠤᠬᠤ ᠵᠠᠪᠰᠢᠶᠠᠨ ᠢ ᠨᠢ | ᠠᠯᠳᠠᠭᠤᠯᠵᠤ ᠪᠣᠯᠬᠤ ᠦᠭᠡᠢ᠃ ᠤᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠦᠴᠦ ᠪᠠᠨ ᠲᠥᠪᠯᠡᠷᠡᠭᠦᠯᠵᠦ | ᠂ ᠰᠢᠨ᠎ᠡ ᠪᠠᠷ ᠨᠡᠮᠡᠭᠳᠡᠭᠰᠡᠨ ᠶᠠᠳᠠᠭᠤ ᠶᠢ ᠲᠡᠳᠭᠦᠬᠦ ᠪᠡᠯᠡ ᠮᠦᠩᠭᠦ ᠶᠢ ᠭᠤᠣᠯᠳᠠᠭᠤ ᠤᠨᠴᠠ ᠶᠠᠳᠠᠭᠤ ᠬᠦᠴᠢᠷᠳᠡᠯᠲᠡᠢ | ᠭᠠᠵᠠᠷ ᠣᠷᠣᠨ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠲᠦᠯᠦᠬᠦ ᠪᠠ ᠲᠥᠰᠥᠪ ᠤᠨ | ᠳᠣᠲᠣᠷᠠᠬᠢ ᠪᠡᠯᠡ ᠣᠷᠤᠭᠤᠯᠤᠯᠲᠠ ᠶᠢ ᠴᠦ ᠬᠡᠯᠪᠠᠶᠢᠯᠭᠡᠨ᠂ ᠤᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠤ | ᠣᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠦᠭᠦᠭᠡᠷᠦᠮᠵᠢ᠂ ᠦᠨᠳᠦᠰᠦᠨ ᠡᠮ ᠡᠮᠨᠡᠯᠭᠡ ᠶᠢᠨ ᠪᠠᠲᠤᠯᠠᠪᠤᠷᠢ ᠪᠠ | ᠠᠵᠤ ᠦᠢᠯᠡᠰ ᠢ ᠬᠥᠭᠵᠢᠭᠦᠯᠬᠦ ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ | ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠳ᠋ᠯᠠᠬᠰᠠᠨ ᠶᠠᠳᠠᠭᠤ ᠬᠦᠴᠢᠷᠳᠡᠯᠲᠠᠢ ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠭᠦᠬᠦ ᠶᠢ | ᠢᠲᠡᠭᠡᠯ ᠵᠣᠷᠢᠭ ᠪᠠ ᠤᠶᠣᠨ ᠤᠬᠠᠭᠠᠨ ᠢ ᠲᠡᠳᠭᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠣᠯᠠᠨ | ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠬᠢᠭᠡᠳ ᠬᠦᠴᠦ ᠶᠠᠪᠤᠵᠦ ᠬᠤᠳᠠᠯᠳᠤᠭ᠎ᠠ ᠡᠷᠬᠢᠯᠡᠬᠦ ᠦᠨᠳᠦᠰᠦᠨ | ᠤᠷ᠎ᠠ ᠴᠢᠳᠠᠪᠤᠷᠢ ᠶᠢ ᠨᠢ ᠠᠩᠬᠠᠷᠤᠨ ᠬᠦᠮᠦᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠶᠠᠳᠠᠭᠤ | ᠬᠦᠴᠢᠷᠳᠡᠯᠲᠡᠢ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠳᠣᠲᠣᠭᠠᠳᠤ ᠬᠦᠳᠡᠯᠭᠡᠬᠦ ᠬᠦᠴᠦᠨ ᠪᠠ | ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ ᠠᠩᠬᠠᠷᠤᠨ ᠳᠠᠶᠢᠴᠢᠯᠠᠨ᠎ᠠ᠃ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠬᠤ ᠳᠠᠶᠢᠯᠠᠯᠳᠤᠭᠠᠨ ᠳᠤ ᠣᠷᠣᠰᠢᠵᠤ ᠪᠠᠶᠢᠭ᠎ᠠ ᠲᠤᠭ᠎ᠠ ᠬᠡᠮᠵᠢᠶ᠎ᠡ ᠶᠢ ᠳᠡᠰ ᠳᠡᠰ ᠢᠶᠠᠷ ᠨᠡᠮᠡᠭᠳᠡᠭᠦᠯᠬᠦ | ᠂ ᠬᠡᠯᠪᠡᠷᠢᠴᠢ ᠦᠵᠡᠯ᠂ ᠬᠤᠳᠠᠯ ᠬᠠᠭᠤᠷᠮᠠᠭ ᠢᠶᠠᠷ ᠵᠣᠬᠢᠶᠠᠬᠤ᠂ ᠲᠡᠬᠢᠨ ᠲᠠᠪᠲᠠᠬᠲᠠᠬᠰᠠᠨ ᠨᠠᠷᠢᠨ ᠲᠥᠪᠡᠭ ᠲᠠᠢ ᠵᠡᠷᠭᠡ | ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠵᠢᠩᠬᠢᠨᠢ ᠶᠠᠳᠠᠭᠤ ᠶᠢ ᠶᠠᠳᠠᠭᠤ ᠠᠴᠠ ᠠᠩᠬᠢᠵᠢᠷᠠᠭᠤᠯᠵᠦ᠂ | ᠶᠠᠳᠠᠭᠤ ᠠᠴᠠ ᠦᠨᠡᠨᠬᠦ ᠠᠩᠬᠢᠵᠢᠷᠠᠭᠤᠯᠬᠤ ᠬᠡᠷᠡᠭᠳᠡᠢ᠃ ᠪᠣᠬᠢᠷᠳᠣᠯ ᠢ ᠰᠡᠷᠭᠡᠶᠢᠯᠠᠨ ᠵᠠᠰᠠᠬᠤ ᠪᠤᠭᠤᠮᠲᠠ ᠰᠢᠪᠲᠤᠯᠬᠤ | ᠳᠠᠶᠢᠯᠠᠯᠳᠣᠭᠠᠨ ᠢ ᠰᠠᠶᠢᠳᠣᠷ ᠬᠢᠨ᠎ᠠ᠃ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠣᠡᠬᠠᠵᠣ᠂ ᠡᠪᠤᠯ ᠤᠨ | ᠣᠯᠠᠷᠢᠯ ᠳᠠᠬᠢ ᠴᠡᠪᠠᠷ ᠲᠣᠯᠠᠭᠠᠯᠠᠭ᠎ᠠ ᠶᠢᠨ ᠲᠦᠯᠣᠪᠯᠡᠭᠡ ᠶᠢ ᠬᠡᠷᠩᠵᠢᠭᠦᠯᠣᠨ᠂ ᠰᠣᠯᠨ ᠨᠡᠭᠦᠷᠡᠰᠣ ᠪᠠ ᠠᠵᠣ | ᠦᠢᠯᠡᠣᠡᠪᠣᠷᠢ ᠶᠢᠨ ᠬᠠᠶᠠᠭᠳᠠᠮᠠᠯ ᠬᠡᠢ ᠶᠢ ᠵᠠᠰᠠᠬᠤ᠂ ᠡᠰᠢ ᠰᠦᠷᠡᠯ ᠢ ᠠᠰᠢᠬᠯᠠᠬᠤ᠂ ᠨᠡᠭᠦᠷᠡᠰᠣ ᠶᠢ ᠬᠡᠢ ᠬᠡᠷᠩᠯᠡᠭᠦ | ᠪᠣᠯᠭᠠᠨ ᠦᠭᠡᠷᠡᠴᠢᠯᠡᠭᠦ᠂ ᠨᠡᠭᠦᠷᠡᠰᠣ ᠶᠢ ᠴᠠᠬᠢᠯᠭᠠᠨ ᠪᠣᠯᠭᠠᠨ ᠦᠭᠡᠷᠡᠴᠢᠯᠡᠭᠦ ᠵᠡᠷᠭᠡ ᠠᠵᠢᠯ ᠢ ᠰᠠᠶᠢᠳᠣᠷ ᠠᠣᠡᠬᠤᠨᠠ᠃ | ᠪᠣᠢ ᠪᠦᠭᠦᠢ ᠢᠯᠴᠢ ᠶᠢᠨ ᠴᠠᠬᠢᠯᠭᠠᠨ ᠤ ᠮᠠᠰᠢᠨ ᠴᠤᠭᠴᠠᠯᠠᠪᠤᠷᠢ ᠪᠦᠭᠦᠨ ᠢ ᠬᠡᠳᠣ ᠪᠠᠭ᠎ᠠ ᠪᠠᠷ ᠭᠠᠳᠠᠭᠰᠢᠯᠠᠭᠤᠯᠬᠤ ᠶᠢ | ᠪᠡᠶᠡᠯᠡᠭᠦᠯᠣᠨ᠎ᠠ᠃ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ | ᠴᠡᠭᠴᠡᠯᠠᠨ ᠵᠠᠰᠠᠨ᠎ᠠ᠃ ᠰᠠᠯᠬᠢ ᠭᠡᠷᠡᠯ ᠢ ᠠᠰᠢᠬᠯᠠᠭᠰᠠᠨ ᠦᠭᠡᠢ ᠠᠰᠠᠭᠤᠳᠠᠯ ᠢ ᠵᠠᠬ᠎ᠠ ᠳᠡᠯᠭᠡᠭᠦᠷᠴᠢᠯᠡᠭᠦ ᠠᠷᠭ᠎ᠠ ᠪᠠᠷ | ᠰᠢᠢᠣᠡᠪᠣᠷᠢᠯᠡᠨ᠂ ᠴᠡᠪᠠᠷ ᠴᠠᠬᠢᠯᠭᠠᠨ ᠭᠦᠴᠣᠨ ᠤ ᠬᠠᠩᠭᠠᠯᠭ᠎ᠠ ᠶᠢ ᠨᠡᠮᠡᠭᠳᠡᠭᠦᠯᠣᠨ᠎ᠠ᠃ ᠣᠰᠣᠨ ᠤ ᠪᠣᠬᠢᠷᠳᠣᠯ ᠢ | ᠰᠡᠷᠭᠡᠶᠢᠯᠠᠵᠣ ᠵᠠᠰᠠᠬᠤ ᠲᠦᠯᠣᠪᠯᠡᠭᠡ ᠶᠢ ᠪᠦᠭᠦ ᠳᠠᠯ᠎ᠠ ᠪᠠᠷ ᠨᠠᠶᠢᠳᠠᠪᠣᠷᠢᠵᠢᠭᠤᠯᠵᠣ᠂ ᠭᠦᠯᠣᠨ ᠨᠠᠭᠤᠷ᠂ ᠣᠯᠠᠭᠠᠨᠰᠣᠬᠠᠢ | ᠂ ᠳᠠᠭ᠎ᠠ ᠶᠢᠨ ᠨᠠᠭᠤᠷ ᠵᠡᠷᠭᠡ ᠨᠠᠭᠤᠷ ᠴᠦᠭᠦᠷᠣᠮ ᠤᠨ ᠶᠠᠷᠣᠩᠬᠡᠶᠢᠯᠠᠨ ᠵᠠᠰᠠᠬᠤ ᠢᠨᠵᠧᠨᠧᠷᠢᠩ ᠢ ᠭᠦᠨᠵᠡᠭᠡᠢ | ᠬᠡᠷᠩᠵᠢᠭᠦᠯᠣᠨ᠂ ᠭᠦᠨᠳᠣ ᠪᠣᠬᠢᠷᠳᠣᠬᠰᠠᠨ ᠣᠰᠣᠨ ᠤ ᠲᠣᠭᠤᠷᠢᠨ ᠪᠠ ᠪᠣᠬᠢᠷᠳᠣᠯ ᠨᠢ ᠳᠠᠪᠣᠨ ᠲᠦᠷᠣᠯ ᠠᠴᠠ | ᠬᠡᠳᠣᠷᠡᠭᠰᠠᠨ ᠣᠭᠳᠣᠯᠣᠭᠠᠰᠣ ᠬᠡᠰᠡᠭ ᠲᠠᠬᠢ ᠪᠣᠬᠢᠷᠳᠣᠯ ᠢ ᠭᠦᠴᠣᠯᠡᠨ ᠠᠷᠢᠯᠭᠠᠵᠣ᠂ ᠣᠰᠣᠨ ᠰᠣᠷᠪᠣᠯᠵᠢ ᠶᠢᠨ | ᠬᠠᠮᠠᠭᠠᠯᠠᠯᠳᠠ ᠶᠢᠨ ᠣᠷᠣᠨ ᠲᠣᠳᠣᠷᠠᠬᠢ ᠬᠠᠣᠯᠢ ᠠᠴᠠ ᠵᠦᠷᠢᠴᠠᠵᠣ ᠪᠠᠶᠢᠭᠤᠯᠣᠭᠰᠠᠨ ᠪᠠᠷᠢᠯᠭ᠎ᠠ ᠪᠠ ᠪᠣᠬᠢᠷᠳᠣᠯ | ᠭᠠᠳᠠᠭᠰᠢᠯᠠᠭᠤᠯᠬᠤ ᠠᠮᠠᠰᠠᠷ ᠢ ᠬᠠᠣᠯᠢ ᠶᠣᠰᠣᠭᠠᠷ ᠠᠷᠢᠯᠭᠠᠨ᠎ᠠ᠃ ᠭᠦᠷᠣᠰᠣ ᠰᠢᠷᠣᠢ ᠶᠢᠨ ᠪᠣᠬᠢᠷᠳᠣᠯ ᠢ | ᠰᠡᠷᠭᠡᠶᠢᠯᠠᠨ ᠵᠠᠰᠠᠬᠤ ᠪᠠ ᠭᠦᠨᠳᠣ ᠳᠡᠮᠦᠷᠯᠢᠭ ᠤᠨ ᠭᠠᠳᠠᠭᠰᠢᠯᠠᠭᠤᠯᠤᠯᠳᠠ ᠶᠢ ᠪᠠᠭᠠᠰᠬᠠᠬᠤ ᠡᠷᠴᠢᠮ ᠢᠶᠠᠨ | ᠴᠢᠩᠭᠠᠷᠠᠭᠤᠯᠵᠣ᠂ ᠳᠠᠷᠢᠶᠠᠯᠠᠩ ᠳᠤ ᠬᠡᠷᠩᠯᠡᠭᠦ ᠭᠠᠵᠡᠷ ᠤᠨ ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠠᠯ ᠢ | ᠪᠠᠶᠢᠴᠠᠭᠠᠵᠣ᠂ ᠬᠢᠮᠢ ᠶᠢᠨ ᠪᠣᠷᠳᠣᠭᠤᠷ᠂ ᠡᠮ᠂ ᠰᠦᠯᠢᠶᠤᠤ ᠪᠦᠷᠬᠦᠪᠴᠢ ᠶᠢ ᠣᠯᠠᠮ ᠨᠢᠭᠡ ᠠᠯᠬᠤᠮ ᠡᠵᠡᠮᠳᠠᠵᠣ᠂ | ᠳᠠᠷᠢᠶᠠᠯᠠᠩ ᠤᠨ ᠪᠣᠬᠢᠷᠳᠣᠯ ᠢ ᠡᠬᠢ ᠢᠷᠡᠯᠳᠠ ᠠᠴᠠ ᠨᠢ ᠵᠠᠰᠠᠨ᠎ᠠ᠃ ᠠᠭᠤᠷᠬᠠᠢ ᠶᠢᠨ ᠤᠷᠤᠨ ᠪᠠ ᠠᠵᠣ | ᠦᠢᠯᠡᠣᠡᠪᠣᠷᠢ ᠶᠢᠨ ᠭᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠣ᠂ ᠪᠠᠶᠢᠭᠠᠯᠢ ᠶᠢᠨ | ᠬᠠᠮᠠᠭᠠᠯᠠᠯᠳᠠ ᠶᠢᠨ ᠣᠷᠣᠨ ᠳᠠᠬᠢ ᠦᠢᠯᠡᠣᠡᠪᠣᠷᠢ ᠠᠭᠤᠷᠬᠠᠢ ᠶᠢᠨ ᠠᠵᠣ ᠠᠬᠤᠶᠢᠯᠡᠯ ᠢ ᠬᠠᠣᠯᠢ ᠶᠣᠰᠣᠭᠠᠷ ᠡᠮᠬᠢ | ᠲᠢᠭᠯᠢᠮ ᠲᠠᠢ ᠭᠠᠷᠭᠠᠨ᠎ᠠ᠃ ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ | ᠴᠣᠭᠴᠠ ᠶᠢᠨ ᠠᠵᠤ ᠠᠬᠤᠶ ᠶᠢᠨ ᠳᠠᠯ᠎ᠠ ᠳᠤ ᠲᠦᠪᠯᠡᠷᠡᠭᠦᠯᠦᠨ᠂ ᠭᠦᠴᠣᠨ ᠵᠦᠢᠯ ᠤᠨ ᠳᠤᠬᠢᠷᠠᠭᠤᠯᠤᠯᠲᠠ ᠶᠢ | ᠰᠢᠯᠢᠳᠡᠭᠵᠢᠭᠦᠯᠵᠦ᠂ ᠬᠠᠩᠭᠠᠯᠭ᠎ᠠ ᠶᠢᠨ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠣᠨ᠎ᠠ᠃ ᠬᠦᠴᠦᠨ | ᠦᠭᠡᠢ ᠬᠠᠩᠭᠠᠯᠭ᠎ᠠ ᠶᠢ ᠭᠦᠴᠣᠳᠠᠢ ᠠᠷᠢᠯᠭᠠᠨ᠎ᠠ᠃ ᠵᠠᠬ᠎ᠠ ᠳᠡᠯᠭᠡᠭᠦᠷᠴᠢᠯᠡᠭᠦ᠂ ᠬᠠᠣᠯᠢ ᠪᠠᠷ ᠵᠠᠰᠠᠬᠤ ᠠᠷᠭ᠎ᠠ ᠪᠠᠷᠢᠯ ᠢ | ᠬᠡᠷᠩᠯᠡᠨ ᠦᠯᠡᠭᠦᠳᠠᠯ ᠦᠢᠯᠡᠣᠡᠪᠣᠷᠢᠯᠡᠯ ᠤᠨ ᠴᠢᠳᠠᠪᠤᠷᠢ ᠶᠢ ᠠᠷᠢᠯᠭᠠᠬᠤ ᠶᠢ ᠪᠠᠷᠢᠮᠳᠠᠯᠠᠨ᠂ ᠶᠠᠰᠤ ᠴᠢᠨᠠᠷ᠂ ᠣᠷᠴᠢᠨ | ᠲᠣᠭᠤᠷᠢᠨ ᠤ ᠬᠠᠮᠠᠭᠠᠯᠠᠯᠳᠠ᠂ ᠡᠨᠧᠷᠭᠢ ᠶᠢᠨ ᠬᠤᠷᠣᠭᠳᠠᠯ᠂ ᠠᠶᠤᠯᠭᠦᠢ ᠵᠡᠷᠭᠡ ᠬᠠᠤᠯᠢ ᠲᠣᠭᠲᠠᠭᠠᠯ ᠤᠨ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠯᠡᠭᠦᠳᠠᠯ ᠦᠢᠯᠡᠣᠡᠪᠣᠷᠢᠯᠡᠯ ᠤᠨ ᠴᠢᠳᠠᠪᠤᠷᠢ ᠶᠢ ᠵᠠᠬ᠎ᠠ ᠳᠡᠯᠭᠡᠭᠦᠷ ᠠᠴᠠ | ᠠᠷᠢᠯᠭᠠᠬᠤ ᠶᠢ ᠲᠦᠷᠭᠡᠣᠡᠭᠡᠨ᠎ᠠ᠃ ᠡᠨᠠ ᠵᠢᠯ 405 ᠲᠦᠮᠡᠨ ᠲᠣᠨ ᠨᠡᠭᠦᠷᠡᠰᠣ ᠦᠢᠯᠡᠳᠪᠦᠷᠢᠯᠡᠬᠦ ᠴᠢᠳᠠᠪᠤᠷᠢ ᠶᠢ | ᠠᠷᠢᠯᠭᠠᠵᠦ᠂ ᠢᠯᠴᠢ ᠶᠢᠨ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠤᠨ | ᠦᠢᠯᠡᠣᠡᠪᠣᠷᠢᠯᠡᠯ ᠤᠨ ᠴᠢᠳᠠᠪᠤᠷᠢ ᠶᠢ ᠠᠷᠢᠯᠭᠠᠬᠤ ᠠᠵᠢᠯ ᠢ ᠨᠢᠭᠡᠳᠣᠯᠳᠠᠢ ᠲᠦᠯᠣᠪᠵᠢᠭᠦᠯᠦᠨ ᠰᠠᠶᠢᠳᠣᠷ ᠬᠢᠨ᠎ᠠ᠃ ︽ | ᠦᠬᠦᠮᠡᠯ ᠠᠵᠤ ᠠᠬᠤᠶᠢᠯᠠᠯ︾ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠢᠯᠭᠠᠬᠤ ᠨᠠᠷᠢᠨ ᠳᠠᠩᠰᠨ | ᠭᠠᠷᠭᠠᠵᠦ᠂ ᠳᠠᠮᠫᠤᠷᠠᠬᠤ ᠪᠠ ᠲᠠᠬᠢᠨ ᠵᠣᠬᠢᠶᠠᠨ ᠪᠠᠶᠢᠭᠤᠯᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠣ᠂ ᠠᠵᠣ | ᠠᠬᠤᠶᠢᠯᠠᠯ ᠤᠨ ᠦᠷᠢ ᠦᠭᠴᠡᠭᠡ ᠶᠢ ᠠᠷᠭᠠᠴᠠᠨ ᠰᠢᠢᠣᠡᠪᠣᠷᠢᠯᠡᠭᠦ ᠪᠠ ᠠᠵᠢᠯᠳᠠᠨ ᠠᠵᠢᠯᠴᠢᠣᠨ ᠢ ᠲᠦᠪᠬᠢᠨᠠᠭᠦᠯᠭᠦ | ᠠᠵᠢᠯ ᠢ ᠰᠠᠶᠢᠳᠣᠷ ᠬᠢᠨ᠎ᠠ᠃ ᠰᠢᠨ᠎ᠡ ᠬᠦᠳᠡᠯᠬᠡᠬᠦ ᠬᠦᠴᠦᠨ ᠢ ᠶᠡᠭᠡᠪᠡᠷ ᠪᠤᠶᠢᠵᠢᠭᠤᠯᠣᠨ᠎ᠠ᠃ ᠰᠢᠨ᠎ᠡ | ᠮᠡᠷᠭᠡᠵᠢᠯ᠂ ᠰᠢᠨ᠎ᠡ ᠡᠵᠡᠩᠨᠡᠯᠲᠡ ᠶᠢᠨ ᠠᠷᠭ᠎ᠠ ᠬᠡᠯᠪᠡᠷᠢ᠂ ᠰᠢᠨ᠎ᠡ ᠵᠠᠭᠪᠤᠷ ᠢ ᠠᠰᠢᠬᠯᠠᠵᠤ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠰᠠᠶᠢᠵᠢᠷᠠᠭᠤᠯᠵᠦ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠡᠨᠧᠷᠬᠢ᠂ | ᠬᠢᠮᠢ ᠶᠢᠨ ᠠᠵᠣ ᠦᠢᠯᠡᠣᠡᠪᠣᠷᠢ᠂ ᠪᠣᠯᠣᠣᠨ ᠳᠡᠮᠣᠷ᠂ ᠲᠣᠨᠤᠭᠯᠠᠯ ᠦᠢᠯᠡᠣᠡᠪᠣᠷᠢᠯᠡᠭᠦ ᠵᠡᠷᠭᠡ ᠠᠵᠣ ᠦᠢᠯᠡᠰ ᠢ ᠳᠤᠮᠳᠠ | ᠳᠡᠭᠡᠳᠣ ᠳᠡᠰ ᠳᠡᠰᠢ ᠭᠦᠭᠵᠢᠭᠦ ᠶᠢ ᠲᠦᠯᠬᠢᠨ ᠠᠬᠢᠭᠤᠯᠣᠨ᠎ᠠ᠃ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ | ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠴᠠᠯᠠᠭᠰᠠᠨ ᠠᠵᠣ ᠠᠬᠤᠢ ᠶᠢ | ᠭᠦᠭᠵᠢᠭᠦᠯᠣᠨ᠂ ᠢᠨᠲ᠋ᠧᠷ ᠰᠦᠯᠵᠢᠶ᠎ᠠ᠂ ᠡᠭᠦᠯᠡᠨ ᠪᠣᠳᠣᠯᠳᠠ᠂ ᠬᠢᠮᠡᠯ ᠤᠶᠦᠠ ᠪᠠ ᠪᠣᠳᠠᠲᠤ ᠴᠣᠭᠴᠠ ᠶᠢᠨ ᠠᠵᠤ | ᠠᠬᠤᠶ ᠶᠢᠨ ᠠᠭᠤᠰᠣᠯᠴᠠᠨ ᠬᠥᠭᠵᠢᠬᠦ ᠶᠢ ᠠᠬᠢᠭᠤᠯᠣᠨ᠎ᠠ᠃ ᠳᠡᠭᠡᠳᠣ ᠳᠡᠰ ᠤᠨ ᠰᠢᠨ᠎ᠡ ᠮᠠᠲ᠋ᠧᠷᠢᠶᠠᠯ᠂ ᠰᠢᠨ᠎ᠡ | ᠡᠨᠧᠷᠭᠢ ᠶᠢᠨ ᠮᠠᠰᠢᠨ ᠲᠡᠷᠭᠡ᠂ ᠴᠡᠪᠡᠷ ᠡᠨᠧᠷᠭᠢ᠂ ᠠᠮᠢᠳᠣ ᠪᠣᠳᠠᠰ ᠤᠨ ᠡᠮ᠂ ᠮᠣᠩᠭᠤᠯ ᠬᠢᠲᠠᠳ ᠡᠮ ᠡᠮᠨᠡᠯᠭᠡ | ᠵᠡᠷᠭᠡ ᠠᠵᠤ ᠦᠢᠯᠡᠰ ᠢ ᠪᠤᠶᠢᠵᠢᠭᠤᠯᠣᠨ᠎ᠠ᠃ ᠪᠠᠷᠠᠭᠠᠨ ᠤ ᠭᠦᠢᠯᠭᠡᠭᠡ ᠶᠢᠨ ᠲᠦᠪᠯᠡᠷᠠᠭᠦᠯᠵᠣ ᠬᠤᠪᠢᠶᠠᠷᠢᠯᠠᠬᠤ᠂ | ᠡᠳ᠋ᠰᠢᠭᠦᠯᠣᠨ ᠪᠤᠯᠪᠠᠰᠤᠷᠠᠭᠤᠯᠵᠦ ᠪᠣᠭᠤᠳᠠᠯᠯᠠᠬᠤ᠂ ᠭᠦᠢᠳᠠᠨ ᠢ ᠪᠠᠲᠤᠯᠠᠨ ᠬᠦᠷᠭᠡᠬᠦ ᠵᠡᠷᠭᠡ ᠳᠠᠪᠴᠠᠩ ᠢ ᠪᠠᠶᠢᠭᠤᠯᠵᠣ᠂ | ᠣᠳᠣ ᠦᠶ᠎ᠠ ᠶᠢᠨ ᠪᠠᠷᠠᠭᠠᠨ ᠤ ᠭᠦᠢᠯᠭᠡᠭᠡ ᠶᠢᠨ ᠦᠢᠯᠡᠰ ᠤᠨ ᠭᠦᠭᠵᠢᠯᠳᠠ ᠶᠢ ᠳᠡᠮᠵᠢᠨ᠎ᠠ᠃ ᠪᠣᠬᠢᠷᠳᠣᠯ ᠦᠭᠡᠢ | ᠭᠦᠭᠵᠢᠯᠳᠠ ᠶᠢᠨ ᠤᠢᠢᠯᠠᠭᠠᠭᠳᠠᠬᠤᠨ ᠢ ᠵᠤᠭᠠᠴᠠᠯ ᠤᠨ ᠭᠦᠭᠵᠢᠯᠳᠠ ᠶᠢᠨ ᠪᠦᠭᠦ ᠶᠠᠪᠣᠴᠨ ᠳᠤ ᠠᠭᠤᠰᠣᠯᠴᠠᠭᠤᠯᠵᠣ᠂ | ᠵᠤᠭᠠᠴᠠᠯ ᠤᠨ ᠦᠢᠯᠡᠰ ᠲᠠᠬᠢ ᠰᠣᠶᠣᠯ ᠤᠨ ᠠᠭᠤᠯᠣᠭᠳᠠᠬᠤᠨ ᠢ ᠳᠡᠭᠡᠭᠰᠢᠯᠡᠭᠦᠯᠣᠨ᠂ ᠵᠤᠭᠠᠴᠠᠯ ᠤᠨ ᠦᠢᠯᠡᠰ ᠢ ᠴᠢᠨᠠᠷ | ᠰᠠᠶᠢᠨ᠂ ᠦᠨᠳᠣᠷ ᠲᠦᠪᠰᠢᠨ ᠢᠶᠠᠷ ᠭᠦᠭᠵᠢᠭᠦᠯᠣᠨ᠎ᠠ᠃ ᠰᠤᠶᠤᠯ ᠤᠨ ᠠᠵᠤ ᠦᠢᠯᠡᠰ ᠢ ᠢᠳᠡᠪᠬᠢᠲᠡᠢ ᠬᠦᠭᠵᠢᠭᠦᠯᠦᠨ | ᠂ ᠲᠠᠮᠢᠷ ᠤᠨ ᠠᠵᠤ ᠦᠢᠯᠡᠰ ᠪᠠ ᠡᠯᠧᠺᠳ᠋ᠷᠣᠨ ᠬᠤᠳᠠᠯᠳᠣᠭᠠᠨ ᠤ ᠶᠠᠪᠣᠳᠠᠯ᠂ ᠪᠦᠳᠣᠭᠡᠯᠴᠢ ᠲᠦᠰᠦᠪ᠂ ᠮᠡᠳᠡᠭᠡ | ᠵᠠᠩᠬᠢ ᠶᠢᠨ ᠯᠠᠪᠯᠠᠭ᠎ᠠ᠂ ᠡᠷᠡᠭᠦᠯ ᠮᠠᠨᠳᠣ ᠨᠠᠰᠣᠵᠢᠯ ᠤᠨ ᠠᠰᠠᠷᠠᠮᠵᠢ᠂ ᠠᠷᠠᠯᠵᠢᠶ᠎ᠠ ᠬᠤᠳᠠᠯᠳᠣᠭᠠᠨ ᠤ ᠦᠵᠡᠭᠦᠯᠣᠯᠭᠡ | ᠵᠡᠷᠭᠡ ᠦᠢᠯᠡᠴᠢᠯᠡᠭᠡᠨ ᠤ ᠦᠢᠯᠡᠰ ᠢ ᠭᠦᠭᠵᠢᠭᠦᠯᠣᠨ᠎ᠠ᠃ ᠲᠦᠷᠣᠯ ᠳᠡᠮᠳᠡᠭ ᠤᠨ ᠪᠠᠶᠢᠯᠳᠣᠬᠤ ᠪᠣᠳᠣᠯᠭ᠎ᠠ ᠶᠢ | ᠭᠦᠨᠵᠡᠭᠡᠢ ᠬᠡᠷᠩᠵᠢᠭᠦᠯᠵᠣ᠂ ᠶᠠᠰᠣ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠦᠷᠨᠢᠭᠦᠯᠣᠨ᠂ ᠦᠨᠳᠣᠷ | ᠪᠠᠷᠢᠮᠵᠢᠶ᠎ᠠ ᠪᠠᠷ ᠴᠢᠨᠠᠷ ᠰᠠᠶᠢᠳᠠᠢ ᠪᠠᠶᠢᠬᠤ ᠶᠢ ᠳᠠᠶᠢᠴᠢᠯᠠᠨ᠎ᠠ᠃ ᠪᠣᠳᠠᠲᠤ ᠴᠣᠭᠴᠠ ᠶᠢᠨ ᠠᠵᠤ ᠠᠬᠤᠶ ᠶᠢᠨ | ᠥᠪᠡᠷ ᠤᠨ ᠦᠷᠲᠡᠭ ᠢ ᠪᠠᠭᠤᠷᠠᠭᠤᠯᠣᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠦᠷᠭᠦᠯᠵᠢᠯᠡᠨ | ᠴᠡᠪᠡᠷᠯᠡᠵᠦ ᠵᠢᠷᠤᠮᠵᠢᠭᠤᠯᠤᠨ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠤᠨ ᠭᠠᠶᠢᠯᠢ᠂ ᠪᠠᠭ᠎ᠠ ᠵᠢᠵᠢᠭ ᠠᠵᠤ | ᠠᠬᠤᠶᠢᠯᠠᠯ ᠤᠨ ᠠᠰᠢᠭ ᠣᠯᠵᠠᠪᠣᠷᠢ ᠶᠢᠨ ᠭᠠᠶᠢᠯᠢ ᠶᠢ ᠪᠠᠭᠤᠷᠠᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠣ᠂ ᠵᠠᠮ ᠬᠠᠷᠢᠯᠴᠠᠭ᠎ᠠ᠂ ᠮᠥᠩᠭᠦᠨ ᠭᠦᠢᠯᠭᠡᠭᠡᠨ ᠤ ᠬᠦᠷᠢᠶ᠎ᠡ | ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠣ᠂ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ | ᠠᠷᠠᠯᠵᠢᠶᠠᠨ ᠤ ᠥᠪᠡᠷ ᠤᠨ ᠦᠷᠳᠡᠭ ᠪᠠ ᠡᠨᠧᠷᠭᠢ ᠶᠢᠨ ᠬᠡᠷᠡᠭᠯᠡᠯᠳᠠ᠂ ᠪᠠᠷᠠᠭᠠᠨ ᠤ ᠭᠦᠢᠯᠭᠡᠭᠡ᠂ ᠪᠡᠯᠡ | ᠬᠤᠷᠠᠮᠳᠤᠭᠤᠯᠬᠤ ᠵᠡᠷᠭᠡ ᠡᠯᠧᠮᠧᠨ᠋ᠲ ᠤᠨ ᠥᠪᠡᠷ ᠤᠨ ᠦᠷᠳᠡᠭ ᠢ ᠪᠠᠭᠤᠷᠠᠭᠤᠯᠣᠨ᠎ᠠ᠃ ᠪᠡᠯᠨ ᠬᠤᠷᠠᠮᠳᠤᠭᠤᠯᠬᠤ | ᠪᠦᠳᠣᠴᠨ ᠶᠢ ᠰᠢᠯᠢᠳᠡᠭᠵᠢᠭᠦᠯᠵᠣ᠂ ᠠᠵᠣ ᠠᠬᠤᠶᠢᠯᠡᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠣᠨ᠂ | ᠰᠢᠭᠤᠣᠨ ᠪᠡᠯᠨ ᠬᠤᠷᠠᠮᠳᠤᠭᠤᠯᠬᠤ ᠤᠨᠴᠠᠭᠠᠢᠢᠯᠠᠨ ᠰᠲ᠋ᠣᠺ ᠤᠨ ᠡᠷᠭᠡ ᠪᠠᠷ ᠪᠡᠯᠨ ᠬᠤᠷᠠᠮᠳᠤᠭᠤᠯᠬᠤ ᠬᠤᠪᠢ ᠶᠢᠨ | ᠵᠢᠩ ᠢ ᠨᠡᠮᠡᠭᠳᠡᠭᠦᠯᠦᠨ᠎ᠡ᠃ ᠪᠦᠲᠦᠮᠵᠢᠳᠠᠢ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠣᠨ᠎ᠠ᠃ | ᠳᠤᠲᠠᠭᠤᠳᠠᠯ ᠢ ᠨᠥᠬᠦᠪᠥᠷᠢᠯᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ ᠰᠢᠯᠢᠳᠡᠭᠵᠢᠭᠦᠯᠭᠦ ᠶᠢᠨ | ᠲᠣᠭᠤᠷᠢᠨ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ | ᠪᠠᠳᠠᠷᠠᠭᠤᠯᠣᠨ᠂ ᠠᠷᠠᠳ ᠤᠨ ᠲᠣᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠠ᠃ | ᠠᠷᠠᠳ ᠤᠨ ᠠᠮᠢᠳᠤᠷᠠᠯ ᠤᠨ ᠭᠦᠷᠢᠶ᠎ᠡ ᠴᠠᠷᠠᠭ᠎ᠠ᠂ ︽ᠮᠠᠯᠵᠢᠬᠤ ᠳᠠᠷᠢᠶᠠᠯᠠᠬᠤ ᠣᠷᠣᠨ᠂ ᠮᠠᠯ ᠠᠵᠤ ᠠᠬᠤᠢ | ᠲᠠᠷᠢᠶᠠᠯᠠᠩ᠂ ᠮᠠᠯᠴᠢᠨ ᠳᠠᠷᠢᠶᠠᠴᠢᠨ︾᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠮᠢ ᠠᠬᠤᠶ ᠶᠢᠨ | ᠬᠠᠮᠠᠭᠠᠯᠠᠯᠲᠠ ᠵᠡᠷᠭᠡ ᠳᠠᠯ᠎ᠠ ᠶᠢᠨ ᠪᠡᠯᠨ ᠣᠷᠣᠭᠤᠯᠣᠯᠳᠠ ᠶᠢᠨ ᠡᠷᠴᠢᠮ ᠢ ᠴᠢᠩᠭᠠᠷᠠᠭᠤᠯᠣᠨ᠎ᠠ᠃ ᠵᠠᠰᠠᠮᠠᠯ ᠵᠠᠮ᠂ ᠳᠡᠮᠣᠷ | ᠵᠠᠮ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠣᠭᠡᠨ ᠪᠠᠶᠢᠭᠤᠯᠣᠯᠳᠠ ᠶᠢ ᠰᠢᠨᠵᠢᠯᠡᠭᠦ ᠣᠬᠠᠭᠠᠨᠴᠢ ᠪᠠᠷ | ᠲᠦᠯᠣᠪᠵᠢᠭᠦᠯᠣᠨ᠂ ᠵᠦᠢ ᠵᠣᠬᠢᠰᠳᠠᠢ ᠪᠠᠶᠢᠷᠢᠰᠢᠭᠤᠯᠵᠣ᠂ ᠲᠣᠳᠣᠷ ᠭᠠᠵᠡᠷ ᠪᠠ ᠳᠠᠯᠠᠢ ᠳᠠᠭᠠᠣ ᠭᠠᠵᠡᠷ ᠣᠷᠣᠨ ᠲᠠᠢ | ᠬᠤᠯᠪᠣᠭᠰᠠᠨ ᠣᠯᠣᠰ ᠤᠨ ᠵᠠᠮ ᠬᠠᠷᠢᠯᠴᠠᠭᠠᠨ ᠤ ᠭᠤᠣᠯ ᠵᠠᠮ ᠱᠣᠭᠤᠮ ᠤᠨ ᠲᠦᠷᠣᠯ ᠵᠦᠢᠯ ᠢ ᠭᠤᠣᠯᠳᠠᠯᠭ᠎ᠠ ᠲᠠᠢ | ᠲᠦᠯᠬᠢᠨ ᠠᠬᠢᠭᠤᠯᠵᠣ᠂ ᠪᠡᠯᠨ ᠣᠷᠣᠭᠤᠯᠣᠯᠳᠠ ᠶᠢᠨ ᠵᠦᠪ ᠤᠨᠤᠪᠴᠢᠲᠠᠢ᠂ ᠲᠦᠭᠡᠮᠡᠯ ᠬᠠᠷᠠᠭᠠᠯᠵᠠᠲᠦ᠂ | ᠪᠦᠳᠣᠮᠵᠢ ᠲᠠᠢ ᠪᠠᠶᠢᠬᠤ ᠶᠢ ᠳᠡᠭᠡᠭᠰᠢᠯᠡᠭᠦᠯᠣᠨ᠎ᠠ᠃ ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ | ᠠᠬᠢᠭᠤᠯᠣᠨ᠎ᠠ᠃ ᠭᠦᠭᠡᠬᠤᠳᠠ ᠪᠣᠭᠤᠳᠣ ᠣᠷᠳᠣᠰ ᠤᠨ ᠵᠣᠬᠢᠴᠠᠯᠳᠣᠨ ᠭᠦᠭᠵᠢᠭᠦ᠂ ᠵᠠᠭᠦᠨ ᠠᠶᠢᠮᠠᠭ ᠬᠤᠳᠠ ᠶᠢᠨ | ᠭᠦᠭᠵᠢᠯᠳᠠ ᠶᠢ ᠲᠦᠷᠭᠡᠤᠡᠭᠡᠭᠦ᠂ ᠦᠬᠠᠢ ᠵᠢᠴᠢ ᠡᠷᠬᠢᠨ ᠲᠣᠭᠤᠷᠢᠨ ᠤ ᠭᠠᠵᠡᠷ ᠣᠷᠣᠨ ᠤ ᠬᠡᠯᠪᠡᠷᠢ ᠪᠠᠨ | ᠬᠤᠪᠢᠷᠠᠭᠤᠯᠣᠨ ᠭᠦᠭᠵᠢᠭᠦ ᠶᠢ ᠠᠬᠢᠭᠤᠯᠣᠨ᠂ ᠠᠵᠣ ᠦᠢᠯᠡᠣᠡᠪᠣᠷᠢ ᠶᠢᠨ ᠭᠦᠷᠢᠶᠡᠯᠡᠩ ᠲᠣᠭᠤᠷᠢᠭ ᠢ ᠦᠭᠡᠷᠡᠴᠢᠯᠡᠨ | ᠳᠡᠰ ᠳᠠᠪᠰᠢᠭᠦᠯᠵᠣ᠂ ᠬᠤᠷᠢᠡᠭᠡᠷ ᠰᠢᠨ᠎ᠠ ᠲᠣᠭᠤᠷᠢᠭ ᠢ ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠡᠮᠬᠢ | ᠲᠢᠭᠯᠢᠮ ᠲᠠᠢ ᠪᠦᠳᠣᠭᠡᠨ ᠪᠠᠶᠢᠭᠤᠯᠣᠨ᠎ᠠ᠃ ︵ᠭᠤᠷᠪᠠ︶ ᠰᠢᠨ᠎ᠠ ᠶᠢ ᠡᠭᠦᠳᠬᠦ ᠮᠠᠶ᠋ᠢᠬ ᠤᠨ ᠦᠪᠦᠷ ᠮᠤᠩᠭᠤᠯ ᠢ | ᠲᠦᠷᠬᠡᠳᠬᠡᠨ ᠪᠠᠶᠢᠭᠤᠯᠤᠨ᠎ᠠ᠃ ᠰᠢᠨ᠎ᠠ ᠶᠢ ᠡᠭᠦᠳᠬᠦ ᠪᠠᠷ ᠭᠦᠭᠵᠢᠯᠳᠡ ᠶᠢ ᠭᠦᠳᠦᠯᠦᠨ ᠲᠠᠭᠠᠭᠤᠯᠬᠤ ᠨᠢᠬᠡᠳᠦᠬᠡᠷ | ᠭᠦᠳᠡᠯᠬᠡᠬᠦ ᠭᠦᠴᠦᠨ ᠪᠤᠯᠭᠠᠬᠤ ᠶᠢ ᠪᠠᠷᠢᠮᠳᠠᠯᠠᠵᠦ᠂ ᠰᠢᠨ᠎ᠠ ᠶᠢ ᠡᠭᠦᠳᠬᠦ ᠪᠠᠷ ᠭᠦᠳᠡᠯᠬᠡᠭᠦᠷ ᠪᠤᠯᠭᠠᠬᠤ ᠪᠠᠶᠢᠯᠳᠤᠬᠤ | ᠪᠤᠳᠤᠯᠭ᠎ᠠ ᠶᠢ ᠭᠦᠨᠵᠡᠬᠡᠢ ᠬᠡᠷᠡᠭᠵᠢᠬᠦᠯᠦᠨ᠎ᠠ᠃ ᠰᠢᠨᠵᠢᠯᠡᠬᠦ ᠤᠬᠠᠭᠠᠨ ᠮᠡᠷᠬᠡᠵᠢᠯ ᠳᠠᠬᠢ ᠪᠡᠯᠨ | ᠤᠷᠤᠭᠤᠯᠤᠯᠳᠠ ᠪᠠᠨ ᠨᠡᠮᠡᠭᠳᠡᠭᠦᠯᠦᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠭᠦᠳᠦᠯᠦᠨ ᠵᠢᠯᠤᠭᠤᠳᠬᠤ | ᠦᠢᠯᠡᠳᠦᠯ ᠢ ᠪᠠᠳᠠᠷᠠᠭᠤᠯᠵᠦ᠂ ᠲᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠰᠤᠳᠤᠯᠤᠯ ᠤᠨ ᠪᠠᠶᠢᠭᠤᠯᠤᠮᠵᠢ ᠪᠤᠯᠤᠨ | ᠠᠵᠦ ᠠᠬᠤᠶᠢᠯᠠᠯ ᠤᠳ ᠢ ᠵᠤᠷᠢᠨᠨᠵᠢᠭᠤᠯᠵᠦ ᠪᠠᠶᠢᠭᠠᠳ ᠰᠢᠨᠵᠢᠯᠡᠬᠦ ᠤᠬᠠᠭᠠᠨ ᠮᠡᠷᠬᠡᠵᠢᠯ ᠤᠨ ᠲᠦᠷᠦᠯ ᠵᠦᠢᠯ ᠢ | ᠲᠠᠭᠠᠭᠠᠨ ᠡᠭᠦᠷᠬᠡᠯᠡᠬᠦᠯᠵᠦ᠂ ᠤᠯᠠᠨ ᠡᠰᠢᠳᠦ ᠤᠷᠤᠭᠤᠯᠤᠯᠳᠠ ᠶᠢᠨ ᠲᠤᠨᠨᠳᠠᠴᠠ ᠶᠢ ᠪᠦᠷᠢᠯᠳᠦᠬᠦᠯᠦᠨ᠎ᠠ᠃ | ᠪᠠᠶᠢᠯᠳᠤᠬᠤ ᠪᠤᠳᠤᠯᠭ᠎ᠠ ᠪᠠ ᠬᠤᠰᠢᠭᠤᠷᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠡᠷᠡᠭᠯᠡᠬᠡᠨ ᠤ ᠰᠠᠭᠤᠷᠢ | ᠴᠢᠨᠠᠷᠳᠠᠢ ᠰᠤᠳᠤᠯᠭᠠᠨ ᠢ ᠴᠢᠩᠭᠠᠳᠬᠠᠨ᠂ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ᠂ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ᠂ ᠴᠦᠯᠯᠡᠷᠬᠡᠭᠵᠢᠯ ᠢ ᠵᠠᠰᠠᠬᠤ ᠵᠡᠷᠬᠡ ᠭᠦᠷᠢᠶ᠎ᠡ | ᠴᠠᠷᠠᠭ᠎ᠠ ᠳᠠᠬᠢ ᠴᠢᠬᠤᠯᠡ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ | ᠨᠢᠬᠡ ᠪᠦᠯᠦᠭ ᠰᠢᠨᠵᠢᠯᠡᠬᠦ ᠤᠬᠠᠭᠠᠨ ᠮᠡᠷᠬᠡᠵᠢᠯ ᠤᠨ ᠴᠢᠬᠤᠯᠠ ᠶᠡᠭᠡ ᠲᠤᠰᠬᠠᠢ ᠲᠦᠷᠦᠯ ᠵᠦᠢᠯ ᠢ ᠵᠤᠬᠢᠶᠠᠨ | ᠪᠠᠶᠢᠭᠤᠯᠤᠨ ᠬᠡᠷᠡᠭᠵᠢᠬᠦᠯᠵᠦ᠂ ᠨᠢᠬᠡ ᠪᠦᠯᠦᠭ ᠵᠠᠩᠬᠢᠯᠠᠭ᠎ᠠ ᠶᠢᠨ ᠨᠡᠶᠢᠳᠡᠯᠢᠭ ᠴᠢᠨᠠᠷᠳᠠᠢ ᠮᠡᠷᠬᠡᠵᠢᠯ ᠳᠤ | ᠰᠢᠪᠳᠦᠯᠦᠯᠳᠡ ᠲᠠᠢ ᠪᠤᠯᠭᠠᠨ᠎ᠠ᠃ ᠰᠢᠨᠵᠢᠯᠡᠬᠦ ᠤᠠᠬᠭᠠᠨ ᠮᠡᠷᠬᠡᠵᠢᠯ ᠤᠨ ᠦᠷ᠎ᠡ ᠪᠦᠳᠦᠬᠡᠯ ᠢ ᠤᠯᠠᠷᠢᠭᠤᠯᠬᠤ | ᠦᠢᠯᠡᠴᠢᠯᠡᠭᠡ ᠶᠢᠨ ᠰᠢᠰᠲ᠋ᠧᠮ ᠢ ᠲᠡᠭᠦᠯᠳᠡᠷᠵᠢᠬᠦᠯᠵᠦ᠂ ᠲᠤᠰᠬᠠᠶᠢᠵᠢᠨᠨᠰᠠᠨ ᠦᠢᠯᠡᠴᠢᠯᠡᠬᠡᠨ ᠤ ᠪᠠᠶᠢᠭᠤᠯᠤᠮᠵᠢ ᠶᠢ | ᠪᠤᠶᠢᠵᠢᠭᠤᠯᠤᠨ᠎ᠠ᠃ ᠰᠢᠨᠵᠢᠯᠡᠬᠦ ᠤᠠᠬᠭᠠᠨ ᠮᠡᠷᠬᠡᠵᠢᠯ ᠤᠨ ᠦᠷ᠎ᠡ ᠪᠦᠳᠦᠬᠡᠯ ᠤᠨ ᠠᠷᠠᠯᠵᠢᠶᠠᠨ ᠤ ᠲᠡᠪᠴᠡᠩ᠂ | ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠦᠪ᠂ ᠠᠵᠦ ᠠᠬᠤᠶᠢᠯᠠᠯ ᠤᠨ | ᠮᠡᠷᠬᠡᠵᠢᠯ ᠤᠨ ᠲᠦᠪ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠰᠢᠨ᠎ᠠ ᠶᠢ ᠡᠬᠦᠳᠦᠭᠰᠡᠨ ᠦᠷ᠎ᠡ ᠪᠦᠳᠦᠬᠡᠯ ᠢ | ᠪᠤᠳᠠᠳᠠᠢ ᠦᠢᠯᠡᠳᠪᠦᠷᠢᠯᠡᠯ ᠤᠨ ᠭᠦᠴᠦᠨ ᠲᠡᠰᠢ ᠤᠯᠠᠷᠢᠭᠤᠯᠬᠤ ᠶᠢ ᠲᠦᠷᠬᠡᠳᠬᠡᠨ᠎ᠠ᠃ ᠤᠯᠤᠰ ᠤᠨ ᠲᠡᠰ ᠤᠨ | ᠰᠢᠨ᠎ᠠ ᠶᠢ ᠡᠬᠦᠳᠬᠦ ᠲᠡᠪᠴᠡᠩ ᠢ ᠪᠤᠶᠢᠵᠢᠭᠤᠯᠤᠨ᠂ ᠭᠦᠬᠡᠬᠤᠳᠠ ᠪᠤᠭᠤᠳᠤ ᠤᠷᠳᠤᠰ ᠲᠠᠬᠢ ᠤᠯᠤᠰ ᠤᠨ ᠪᠡᠶ᠎ᠡ ᠪᠠᠨ | ᠲᠠᠭᠠᠭᠠᠨᠨᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ᠂ ᠪᠤᠭᠤᠳᠤ ᠳᠠᠬᠢ ᠤᠯᠤᠰ ᠤᠨ ᠲᠡᠰ ᠤᠨ | ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠬᠰᠠᠨ ᠰᠢᠨ᠎ᠠ ᠶᠢ ᠡᠭᠦᠳᠬᠦ ᠵᠢᠱᠢᠶ᠎ᠡ ᠦᠵᠡᠬᠦᠯᠬᠦ ᠲᠤᠭᠤᠷᠢᠭ ᠢ | ᠡᠭᠦᠳᠦᠨ ᠪᠠᠶᠢᠭᠤᠯᠤᠨ᠎ᠠ᠃ ᠨᠢᠬᠡ ᠪᠦᠯᠦᠭ ︽ᠬᠤᠤᠰ ᠡᠭᠦᠳᠦᠯᠲᠡ︾ ᠶᠢᠨ ᠵᠢᠱᠢᠶ᠎ᠡ ᠦᠵᠡᠬᠦᠯᠬᠦ ᠰᠠᠭᠤᠷᠢᠨ ᠪᠠ | ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠶᠢ ᠴᠢᠨᠠᠷ ᠰᠠᠶᠢᠳᠠᠢ ᠪᠠᠶᠢᠭᠤᠯᠤᠨ᠂ ᠰᠢᠨ᠎ᠠ ᠶᠢ ᠡᠭᠦᠳᠬᠦ | ᠮᠠᠶ᠋ᠢᠬ ᠤᠨ ᠵᠢᠵᠢᠭ ᠪᠢᠴᠢᠯ ᠠᠵᠦ ᠠᠬᠤᠶᠢᠯᠠᠯ ᠢ ᠨᠡᠪᠴᠢᠭᠦᠯᠦᠨ ᠪᠤᠶᠢᠵᠢᠭᠤᠯᠤᠨ᠎ᠠ᠃ ᠴᠢᠳᠠᠪᠤᠷᠢᠳᠠᠨ ᠤ ᠲᠤᠬᠠᠢ | ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠳᠠᠪᠤᠷᠢᠳᠠᠨ ᠢ ᠦᠨᠡᠯᠡᠵᠦ ᠤᠷᠮᠠᠰᠢᠭᠤᠯᠬᠤ | ᠲᠤᠨᠨᠳᠠᠴᠠ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ ᠴᠢᠳᠠᠪᠤᠷᠢᠳᠠᠨ ᠢ ᠭᠦᠮᠦᠵᠢᠬᠦᠯᠬᠦ᠂ ᠤᠷᠤᠭᠤᠯᠤᠨ | ᠠᠪᠴᠢᠷᠠᠬᠤ ᠪᠠ ᠬᠡᠷᠡᠭᠯᠡᠬᠦ ᠠᠵᠢᠯ ᠢ ᠰᠠᠶᠢᠳᠤᠷ ᠬᠢᠨ᠎ᠠ᠃ ︵ᠲᠦᠷᠪᠡ︶ ᠭᠦᠳᠡᠭᠡ ᠲᠤᠰᠬᠤᠨ ᠢ | ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ ᠮᠠᠯ ᠠᠵᠦ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠤᠷᠤᠨ ᠢ ᠤᠷᠢᠳᠠᠪᠡᠷ ᠭᠦᠭᠵᠢᠬᠦᠯᠬᠦ ᠶᠢ ᠪᠠᠷᠢᠮᠳᠠᠯᠠᠵᠦ᠂ ᠠᠵᠦ ᠦᠢᠯᠡᠰ ᠬᠦᠭᠵᠢᠭᠰᠡᠨ᠂ ᠠᠮᠢ | ᠠᠬᠤᠢ ᠨᠢ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠨᠢ | ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠬᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ ᠶᠤᠰᠤᠭᠠᠷ᠂ ᠮᠠᠯ ᠠᠵᠦ ᠠᠬᠤᠢ | ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ᠃ ᠶᠠᠰᠤ ᠴᠢᠨᠠᠷ ᠢᠶᠠᠷ | ᠲᠠᠷᠢᠶᠠᠯᠠᠩ ᠢ ᠭᠦᠭᠵᠢᠬᠦᠯᠬᠦ ᠪᠠ ᠪᠤᠬᠢᠷᠳᠤᠯ ᠦᠬᠡᠢ ᠪᠠᠷ ᠲᠠᠷᠢᠶᠠᠯᠠᠩ ᠢ ᠭᠦᠭᠵᠢᠬᠦᠯᠬᠦ ᠶᠢ ᠪᠠᠷᠢᠮᠳᠠᠯᠠᠨ᠂ | ᠤᠳᠤᠬᠢᠴᠢᠯᠠᠭᠰᠠᠨ ᠮᠠᠯ ᠠᠵᠦ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ | ᠰᠢᠰᠲ᠋ᠧᠮ᠂ ᠡᠵᠡᠩᠨᠡᠯᠳᠡ ᠶᠢᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠮᠠᠯ ᠤᠨ ᠠᠰᠢᠬ ᠰᠢᠮ᠎ᠠ | ᠲᠠᠷᠢᠶᠠᠯᠠᠩ ᠤᠨ ᠪᠦᠳᠦᠭᠡᠭᠳᠡᠬᠦᠨ ᠤ ᠪᠦᠳᠦᠴᠡ᠂ ᠠᠵᠤ ᠦᠢᠯᠡᠰ ᠤᠨ ᠪᠦᠳᠦᠴᠡ ᠪᠠ ᠪᠠᠶᠢᠷᠢᠰᠢᠭᠤᠯᠤᠯ ᠤᠨ | ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠵᠦ᠂ ᠲᠠᠪᠠᠭᠤᠯᠢᠭ ᠤᠨᠴᠠᠯᠢᠨᠨᠳᠤ ᠮᠠᠯ ᠠᠵᠦ ᠠᠬᠤᠢ ᠲᠠᠷᠢᠶᠠᠯᠠᠩ ᠢ | ᠭᠦᠭᠵᠢᠬᠦᠯᠦᠨ ᠪᠤᠵᠠᠭᠠᠶᠢᠷᠠᠭᠤᠯᠤᠨ᠎ᠠ᠃ ᠠᠮᠤ ᠪᠤᠳᠠᠭᠠᠨ ᠤ ᠤᠨᠠᠯᠳᠠ ᠶᠢᠨ ᠴᠢᠳᠠᠮᠵᠢᠳᠤ ᠤᠷᠤᠨ᠂ ᠴᠢᠬᠤᠯᠠ ᠪᠤᠯᠬᠤ | ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠬᠠᠮᠠᠭᠠᠯᠠᠯᠳᠠ ᠶᠢᠨ ᠤᠷᠤᠨ᠂ ᠤᠨᠴᠠᠯᠢᠨᠨᠳᠤ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠭᠦᠨ ᠤ ᠬᠠᠮᠠᠭᠠᠯᠠᠯᠳᠠ ᠶᠢᠨ ᠤᠷᠤᠨ ᠢ ᠪᠦᠳᠦᠬᠡᠨ ᠪᠠᠶᠢᠭᠤᠯᠵᠦ᠂ ᠤᠳᠤ | ᠦᠶ᠎ᠡ ᠶᠢᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠭᠦᠷᠢᠶᠡᠯᠡᠩ᠂ ᠰᠢᠨᠵᠢᠯᠡᠬᠦ ᠤᠬᠠᠭᠠᠨ | ᠮᠡᠷᠬᠡᠵᠢᠯ ᠤᠨ ᠭᠦᠷᠢᠶᠡᠯᠡᠩ᠂ ᠦᠢᠯᠡᠰ ᠪᠤᠰᠬᠠᠬᠤ ᠭᠦᠷᠢᠶᠡᠯᠡᠩ ᠢ ᠪᠦᠳᠦᠬᠡᠨ ᠪᠠᠶᠢᠭᠤᠯᠦᠨ᠎ᠠ᠃ ᠤᠰᠤ ᠠᠷᠪᠢᠯᠠᠬᠤ | ᠤᠰᠤᠯᠠᠯᠳᠠ ᠶᠢ ᠭᠦᠭᠵᠢᠬᠦᠯᠵᠦ᠂ ᠦᠨᠳᠦᠷ ᠪᠠᠷᠢᠮᠵᠢᠶ᠎ᠠ ᠲᠠᠢ ᠲᠠᠷᠢᠶᠠᠨ ᠭᠠᠵᠠᠷ ᠢ ᠪᠦᠳᠦᠬᠡᠨ ᠪᠠᠶᠢᠭᠤᠯᠤᠨ᠎ᠠ᠃ ᠮᠠᠯ | ᠠᠵᠦ ᠠᠬᠤᠢ ᠲᠠᠷᠢᠶᠠᠯᠠᠩ ᠤᠨ ᠪᠠᠷᠢᠮᠵᠢᠶᠠᠵᠢᠨᠨᠰᠠᠨ ᠦᠢᠯᠡᠳᠪᠦᠷᠢᠯᠡᠯ ᠢ ᠠᠬᠢᠭᠤᠯᠤᠨ᠂ ᠶᠠᠰᠤ ᠴᠢᠨᠠᠷ ᠤᠨ ᠠᠮᠤᠷ | ᠲᠦᠪᠰᠢᠨ ᠢ ᠮᠦᠷᠳᠡᠬᠦ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠭᠠᠵᠠᠷ ᠵᠦᠢ ᠶᠢᠨ ᠲᠡᠮᠳᠡᠭ ᠪᠠ ᠠᠮᠢ | ᠠᠬᠤᠢ ᠶᠢᠨ ᠤᠭ ᠭᠠᠷᠤᠯᠳᠠ ᠶᠢᠨ ᠤᠷᠤᠨ ᠤ ᠪᠦᠳᠦᠬᠡᠭᠳᠡᠬᠦᠨ ᠢ ᠬᠠᠮᠠᠭᠠᠯᠠᠬᠤ ᠪᠠ ᠲᠠᠩᠰᠠᠯᠠᠬᠤ ᠶᠢ ᠴᠢᠩᠭᠠᠷᠠᠭᠤᠯᠵᠦ᠂ | ᠲᠤᠯᠤᠭᠠᠢᠢᠯᠠᠭᠴᠢ ᠠᠵᠦ ᠠᠬᠤᠶᠢᠯᠠᠯ ᠪᠠ ᠨᠡᠷᠡᠳᠦ ᠲᠦᠷᠦᠯ ᠲᠡᠮᠳᠡᠭ ᠢ ᠨᠡᠩ ᠤᠯᠠᠨ ᠪᠤᠶᠢᠵᠢᠭᠤᠯᠤᠨ᠂ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠭᠦ | ᠲᠠᠯ᠎ᠠ ᠪᠠᠷ ᠲᠡᠬᠡᠭᠰᠢᠯᠡᠬᠦᠯᠦᠨ᠎ᠠ᠃ ︽ᠢᠨᠲ᠋ᠧᠷ ᠰᠦᠯᠵᠢᠶ᠎ᠡ + ᠤᠳᠤ ᠦᠶ᠎ᠡ ᠶᠢᠨ ᠲᠠᠷᠢᠶᠠᠯᠠᠩ︾᠂ ︽ᠢᠨᠲ᠋ᠧᠷ | ᠰᠦᠯᠵᠢᠶ᠎ᠡ + ᠤᠳᠤ ᠦᠶ᠎ᠡ ᠶᠢᠨ ᠮᠠᠯ ᠠᠵᠦ ᠠᠬᠤᠢ︾ ᠶᠢ ᠲᠦᠷᠭᠡᠳᠭᠡᠨ ᠠᠬᠢᠭᠤᠯᠵᠦ᠂ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠬᠡᠭᠳᠡᠬᠦᠨ ᠤ ᠭᠦᠢᠯᠬᠡᠬᠡᠨ ᠤ ᠤᠳᠤᠬᠢᠴᠢᠯᠠᠯᠳᠠ ᠶᠢ ᠲᠦᠷᠬᠡᠳᠬᠡᠨ᠎ᠠ᠃ ᠰᠢᠨ᠎ᠠ ᠮᠠᠶ᠋ᠢᠬ ᠤᠨ ᠮᠠᠯ | ᠠᠵᠦ ᠠᠬᠤᠢ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠨᠨᠴᠠ ᠶᠢ ᠪᠤᠶᠢᠵᠢᠭᠤᠯᠤᠨ᠂ ᠠᠵᠢᠯ ᠮᠡᠷᠬᠡᠵᠢᠯ ᠤᠨ | ᠮᠠᠯᠴᠢᠨ ᠲᠠᠷᠢᠶᠠᠴᠢᠨ ᠢ ᠭᠦᠮᠦᠵᠢᠬᠦᠯᠵᠦ᠂ ᠲᠠᠷᠢᠶᠠᠴᠢᠨ ᠪᠠ ᠠᠵᠦ ᠠᠬᠤᠶᠢᠯᠠᠯ ᠤᠨ ᠠᠰᠢᠭ ᠲᠤᠰᠠ ᠶᠢ | ᠬᠤᠯᠪᠤᠨᠨᠳᠠᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠨᠢᠬᠡᠳᠦᠬᠡᠷ | ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠠᠭᠤᠷᠢ ᠲᠦᠬᠦᠭᠡᠷᠤᠮᠵᠢ ᠶᠢᠨ ᠪᠦᠳᠦᠬᠡᠨ ᠪᠠᠶᠢᠭᠤᠯᠤᠯᠳᠠ ᠪᠠ ᠤᠯᠠᠨ | ᠨᠡᠶᠢᠳᠡ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠳᠤᠳᠬᠠᠨ | ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠤᠷᠤᠨ ᠳᠤ | ᠬᠡᠷᠡᠭᠯᠡᠬᠦ ᠴᠠᠬᠢᠯᠭᠠᠨ ᠤ ᠲᠡᠰ ᠲᠡᠪᠰᠢᠬᠦᠯᠵᠦ ᠦᠬᠡᠷᠡᠴᠢᠯᠡᠨ ᠵᠠᠰᠠᠬᠤ ᠶᠢ ᠪᠡᠶᠡᠯᠡᠬᠦᠯᠦᠨ᠎ᠠ᠃ ᠮᠠᠯᠵᠢᠬᠤ ᠲᠠᠷᠢᠶᠠᠯᠠᠬᠤ | ᠤᠷᠤᠨ ᠤ ᠭᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠬᠠᠤ ᠭᠤᠷᠪᠠᠨ ᠵᠢᠯ ᠤᠨ | ᠠᠵᠢᠯᠯᠠᠭ᠎ᠠ ᠶᠢ ᠦᠷᠨᠢᠭᠦᠯᠦᠨ᠎ᠠ᠃ ᠲᠤᠭᠠᠴᠠᠯᠬᠠᠰᠠᠨ ᠭᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠶᠡᠬᠡᠪᠡᠷ | ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠳᠤ ᠦᠷᠬᠡᠨ ᠪᠦᠰᠡᠳᠦ ᠰᠦᠯᠵᠢᠶ᠎ᠡ ᠪᠠ 4G ᠰᠦᠯᠵᠢᠶ᠎ᠡ ᠶᠢ | ᠪᠦᠷᠬᠦᠭᠦᠯᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠡᠮ ᠡᠮᠨᠡᠯᠭᠡ︾ ᠪᠠᠷ ᠦᠨᠳᠦᠰᠦᠨ ᠱᠠᠳᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢᠨ ᠲᠡᠬᠡᠭᠰᠢᠯᠡᠯᠳᠡ ᠶᠢ ᠲᠠᠶᠢᠴᠢᠯᠠᠵᠦ᠂ ︽ᠢᠨᠲ᠋ᠧᠷ | ᠰᠦᠯᠵᠢᠶ᠎ᠡ + ᠰᠤᠷᠭᠠᠨ ᠭᠦᠮᠦᠵᠢᠯ︾ ᠢᠶᠠᠷ ᠴᠢᠨᠠᠷᠯᠢᠭ ᠰᠤᠷᠭᠠᠨ ᠭᠦᠮᠦᠵᠢᠯ ᠤᠨ ᠡᠬᠢ ᠪᠠᠶᠠᠯᠢᠭ ᠢ ᠬᠠᠮᠳᠤᠪᠡᠷ | ᠡᠳ᠋ᠯᠡᠬᠦ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠦᠷᠢᠮ ᠪᠠ | ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠦᠮᠴᠢᠯᠡᠯ ᠤᠨ | ᠡᠷᠬᠡ᠂ ᠲᠠᠭᠠᠭᠠᠴᠢᠯᠠᠯᠳᠠ ᠶᠢᠨ ᠡᠷᠬᠡ᠂ ᠡᠵᠡᠩᠨᠡᠯᠳᠡ ᠶᠢᠨ ᠡᠷᠬᠡ ᠵᠡᠷᠬᠡ ︽ᠭᠤᠷᠪᠠᠨ ᠡᠷᠬᠡ︾ ᠶᠢ ᠰᠠᠯᠭᠠᠬᠤ | ᠲᠦᠷᠢᠮ ᠢ ᠲᠡᠭᠦᠯᠳᠡᠷᠵᠢᠬᠦᠯᠦᠨ᠂ ᠭᠠᠵᠠᠷ ᠰᠢᠷᠤᠢ ᠶᠢᠨ ᠡᠷᠬᠡ ᠶᠢ ᠲᠤᠳᠤᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠡᠳ | ᠦᠨᠡᠮᠯᠡᠯ ᠤᠯᠭᠤᠨ᠎ᠠ᠃ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠨᠨᠳᠠᠪᠤᠷᠢᠳᠠᠢ | ᠪᠠᠶᠢᠯᠭᠠᠬᠤ ᠶᠢᠨ ᠬᠠᠮᠳᠤ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠬᠡᠢ ᠪᠠᠶᠢᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠬᠤᠶᠠᠳᠤᠭᠠᠷ ᠡᠬᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠨᠢ | ᠲᠤᠯᠤᠨᠨᠰᠠᠨ ᠤ ᠲᠠᠷᠠᠭ᠎ᠠ ᠲᠠᠬᠢᠭᠠᠳ 30 ᠵᠢᠯ ᠤᠷᠳᠤᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠮᠦᠩᠭᠦᠨ | ᠭᠦᠢᠯᠬᠡᠬᠡ ᠶᠢᠨ ᠦᠢᠯᠡᠴᠢᠯᠡᠭᠡ ᠦᠢᠯᠡᠳᠭᠦᠨ ᠤ ᠰᠢᠨ᠎ᠠ ᠶᠢ ᠡᠭᠦᠳᠦᠨ᠂ ᠮᠠᠯᠵᠢᠬᠤ ᠲᠠᠷᠢᠶᠠᠯᠠᠬᠤ ᠤᠷᠤᠨ ᠤ ᠦᠨᠳᠦᠷ | ᠭᠦᠦ ᠲᠠᠢ ᠵᠢᠬᠡᠯᠡᠯᠬᠡ ᠲᠠᠯᠪᠢᠬᠤ ᠠᠰᠠᠭᠤᠳᠠᠯ ᠢ ᠦᠷᠭᠦᠯᠵᠢᠯᠡᠨ ᠵᠠᠰᠠᠵᠦ᠂ ᠮᠠᠯᠴᠢᠨ ᠲᠠᠷᠢᠶᠠᠴᠢᠠ ᠤ ᠮᠦᠩᠭᠦᠨ | ᠭᠦᠢᠯᠬᠡᠬᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠳᠤᠷ ᠬᠠᠩᠭᠠᠨ᠎ᠠ᠃ ᠮᠠᠯᠵᠢᠬᠤ ᠤᠷᠤᠨ᠂ ᠲᠠᠷᠢᠶᠠᠯᠠᠬᠤ | ᠤᠷᠤᠨ᠂ ᠰᠢᠭᠤᠶᠢᠳᠤ ᠤᠷᠤᠨ᠂ ᠠᠳᠠᠷ ᠬᠠᠭᠠᠯᠪᠤᠷᠢᠯᠠᠬᠤ ᠤᠷᠤᠨ ᠤ ᠵᠦᠷᠢᠶ᠎ᠡ ᠨᠡᠯᠢᠶᠡᠳ ᠶᠡᠭᠡ ᠪᠠᠶᠢᠭ᠎ᠠ ᠪᠤᠳᠠᠳᠤ | ᠪᠠᠶᠢᠳᠠᠯ ᠢ ᠨᠢᠬᠡᠳᠦᠯᠳᠡᠢ ᠲᠦᠯᠦᠪᠵᠢᠭᠦᠯᠦᠨ ᠪᠤᠳᠤᠯᠬᠢᠯᠠᠵᠦ᠂ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠨᠨᠳᠠᠭᠠᠨ᠎ᠠ᠃ ᠠᠵᠦ | ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠬᠤᠳᠠ ᠪᠠᠷ ᠭᠦᠳᠡᠭᠡ ᠶᠢ ᠲᠠᠭᠠᠭᠤᠯᠬᠤ ᠶᠢ ᠪᠠᠷᠢᠮᠳᠠᠯᠠᠨ᠂ ᠬᠤᠳᠠ | ᠭᠦᠳᠡᠭᠡ ᠶᠢ ᠠᠭᠤᠰᠤᠯᠴᠠᠭᠤᠯᠤᠨ ᠭᠦᠭᠵᠢᠬᠦᠯᠬᠦ ᠪᠠᠶᠢᠭᠤᠯᠤᠮᠵᠢ ᠲᠤᠨᠨᠳᠠᠴᠠ ᠪᠠ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ | ᠲᠦᠯᠦᠪᠯᠡᠬᠦ᠂ ᠠᠵᠦ ᠦᠢᠯᠡᠰ ᠢ ᠵᠦᠢ ᠵᠤᠬᠢᠰᠳᠠᠢ ᠪᠠᠶᠢᠷᠢᠰᠢᠭᠤᠯᠬᠤ᠂ ᠰᠠᠭᠤᠷᠢ ᠲᠦᠬᠦᠭᠡᠷᠤᠮᠵᠢ ᠶᠢᠨ ᠬᠠᠷᠢᠯᠴᠠᠨ | ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠭᠦᠷᠦᠩᠬᠡ᠂ ᠮᠡᠷᠬᠡᠵᠢᠯ᠂ ᠴᠢᠳᠠᠪᠤᠷᠢᠳᠠᠨ ᠵᠡᠷᠬᠡ | ᠭᠦᠴᠦᠨ ᠵᠦᠢᠯ ᠢ ᠲᠠᠳᠠᠵᠦ ᠪᠠᠶᠢᠭᠠᠳ ᠮᠠᠯᠵᠢᠬᠤ ᠲᠠᠷᠢᠶᠠᠯᠠᠬᠤ ᠤᠷᠤᠨ ᠲᠡᠰᠢ ᠨᠡᠩ ᠶᠡᠭᠡ ᠪᠠᠷ ᠰᠢᠯᠵᠢᠭᠦᠯᠦᠨ᠎ᠠ᠃ | ᠤᠨᠴᠠᠯᠢᠨᠨᠳᠤ ᠵᠢᠵᠢᠭ ᠪᠠᠯᠭᠠᠰᠤ ᠳᠤ ᠤᠨᠤᠪᠴᠢᠳᠠᠢ ᠪᠠᠶᠢᠷᠢ ᠲᠤᠨᠨᠳᠠᠭᠠᠯᠳᠠ ᠬᠢᠵᠦ᠂ ᠡᠮᠬᠢ ᠵᠢᠷᠤᠮ ᠲᠠᠢ ᠪᠠᠷ | ᠪᠦᠳᠦᠬᠡᠨ ᠪᠠᠶᠢᠭᠤᠯᠤᠨ᠎ᠠ᠃ ︵ᠲᠠᠪᠤ︶ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠬᠦᠯᠦᠨ᠂ | ᠨᠡᠬᠡᠬᠡᠯᠳᠡ ᠶᠢ ᠦᠷᠬᠡᠳᠬᠡᠨ᠎ᠠ᠃ ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ ᠪᠠᠭᠤᠯᠭᠠᠬᠤ᠂ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ᠦᠬᠡᠷᠡᠴᠢᠯᠡᠯᠳᠡ ᠶᠢ ᠰᠢᠯᠢᠳᠡᠭᠵᠢᠬᠦᠯᠬᠦ ᠶᠢ ᠦᠷᠬᠦᠯᠵᠢᠯᠡᠨ | ᠭᠦᠨᠵᠡᠬᠡᠶᠢᠷᠡᠬᠦᠯᠵᠦ᠂ ︽ᠲᠠᠷᠦ᠋ᠢᠬᠠᠨ ᠭᠦᠢᠴᠡᠳᠬᠡᠬᠦ︾᠂ ︽ᠬᠠᠮᠤᠭ ᠤᠨ ᠤᠯᠠᠨ ᠳᠠᠭᠠᠨ ᠨᠢᠬᠡ ᠤᠳᠠᠭ᠎ᠠ ᠤᠴᠢᠬᠤ︾ | ᠂ ᠬᠡᠷᠡᠴᠢ ᠪᠠ ᠦᠨᠡᠮᠯᠡᠯ ᠢ ᠰᠠᠯᠭᠠᠬᠤ ᠬᠢᠬᠡᠳ ᠰᠦᠯᠵᠢᠶ᠎ᠡ ᠪᠠᠷ ᠬᠢᠨᠠᠨ ᠵᠦᠪᠰᠢᠶᠡᠷᠡᠬᠦ ᠵᠡᠷᠬᠡ ᠠᠷᠭ᠎ᠠ ᠬᠢᠳᠡᠯ ᠢ | ᠲᠦᠬᠡᠮᠡᠯᠵᠢᠬᠦᠯᠦᠨ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠰᠢᠰᠲ᠋ᠧᠮ ᠢ ᠨᠡᠶᠢᠳᠭᠡᠵᠦ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ | ᠵᠦᠪᠰᠢᠶᠡᠷᠡᠯ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠠᠬᠢᠭᠤᠯᠤᠨ᠂ ᠦᠢᠯᠡᠳᠪᠦᠷᠢ ᠬᠤᠳᠠᠯᠳᠤᠭᠠᠨ ᠤ | ᠵᠦᠢᠯᠡᠰ ᠤᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ︽ᠬᠤᠶᠠᠷ ᠢ ᠰᠤᠭᠤᠴᠢᠵᠦ᠂ ᠨᠢᠬᠡ ᠶᠢ ᠢᠯᠡ | ᠪᠤᠯᠭᠠᠬᠤ︾ ᠬᠢᠨᠠᠯᠳᠠ ᠬᠠᠮᠢᠶᠠᠷᠤᠯᠳᠠ ᠶᠢ ᠲᠡᠭᠦᠯᠳᠡᠷᠵᠢᠬᠦᠯᠦᠨ᠂ ᠵᠠᠭᠤᠴᠢ ᠦᠢᠯᠡᠴᠢᠯᠡᠭᠡ ᠶᠢᠨ ᠵᠦᠢᠯᠡᠰ ᠪᠠ | ᠰᠦᠢᠳᠬᠡᠯ ᠬᠤᠷᠢᠶᠠᠬᠤ ᠶᠢ ᠵᠠᠰᠠᠨ᠎ᠠ᠃ ᠶᠤᠰᠤ ᠲᠦᠷᠢᠮ ᠨᠢ ᠨᠢᠬᠡᠳᠦᠯᠳᠡᠢ᠂ ᠵᠢᠷᠤᠮᠵᠢᠯ ᠲᠠᠢ ᠪᠦᠬᠡᠳ ᠢᠯᠡ ᠲᠤᠳᠤ | ᠪᠠᠶᠢᠯᠭᠠᠬᠤ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠡᠪᠴᠡᠩ ᠢ ᠪᠠᠶᠢᠭᠤᠯᠤᠨ᠎ᠠ᠃ ᠬᠦᠨᠳᠦ | ᠴᠢᠬᠤᠯᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦ ᠪᠤᠯᠤᠨ ᠬᠡᠷᠡᠭᠵᠢᠭᠦᠯᠬᠦ ᠬᠦᠷᠢᠶ᠎ᠡ | ᠬᠡᠪᠴᠢᠶᠡᠨ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠤᠯᠭᠠᠬᠤ ᠶᠠᠪᠤᠳᠠᠯ ᠢ ᠠᠬᠢᠭᠤᠯᠤᠨ᠎ᠠ᠃ | ᠤᠯᠤᠰ ᠤᠨ ᠦᠮᠴᠢᠯᠡᠯᠳᠦ ᠠᠵᠦ ᠠᠬᠤᠶᠢᠯᠠᠯ ᠳᠠᠬᠢ ᠤᠯᠤᠰ ᠤᠨ ᠦᠮᠴᠢᠯᠡᠯ ᠤᠨ ᠡᠳ᠋ ᠭᠦᠷᠦᠩᠬᠡ ᠶᠢᠨ | ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠤᠰ ᠤᠨ ᠦᠮᠴᠢᠯᠡᠯᠳᠦ ᠠᠵᠦ ᠠᠬᠤᠢ ᠶᠢᠨ ᠪᠠᠶᠢᠷᠢᠰᠢᠭᠤᠯᠤᠯᠳᠠ ᠶᠢ | ᠰᠢᠯᠢᠳᠡᠭᠵᠢᠬᠦᠯᠬᠦ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠᠷ ᠲᠠᠬᠢᠨ ᠪᠠᠶᠢᠭᠤᠯᠬᠤ ᠶᠢ ᠲᠦᠷᠬᠡᠳᠬᠡᠨ᠎ᠠ᠃ | ᠤᠷᠤᠨ ᠨᠤᠳᠤᠭ ᠤᠨ ᠮᠦᠩᠭᠦᠨ ᠭᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠲᠤᠨᠨᠳᠠᠴᠠ ᠶᠢ | ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ ᠬᠢᠬᠡᠳ ᠠᠶᠢᠮᠠᠭ ᠬᠤᠳᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠳᠠᠢ ᠪᠠᠷ | ᠰᠠᠯᠭᠠᠨ ᠬᠤᠪᠢᠶᠠᠷᠢᠯᠠᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠦᠨ᠂ ᠡᠳ᠋ ᠤᠨ | ᠵᠠᠰᠠᠭ ᠤᠨ ᠵᠠᠷᠤᠯᠭ᠎ᠠ ᠶᠢᠨ ᠤᠯᠠᠨ ᠨᠡᠶᠢᠳᠡᠴᠢ ᠴᠢᠨᠠᠷ ᠪᠠ ᠲᠦᠬᠡᠮᠡᠯ ᠬᠠᠷᠠᠭᠠᠯᠵᠠᠯᠲᠤ ᠴᠢᠨᠠᠷ ᠢ ᠲᠡᠬᠡᠭᠰᠢᠯᠡᠬᠦᠯᠦᠨ᠎ᠠ᠃ | ᠵᠠᠬ᠎ᠠ ᠲᠡᠯᠬᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠦᠭᠦ ᠲᠠᠯ᠎ᠠ ᠪᠠᠷ | ᠬᠡᠷᠡᠭᠵᠢᠬᠦᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠭᠦᠭᠵᠢᠯᠳᠡ ᠶᠢ ᠲᠡᠮᠵᠢᠬᠦ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠮᠴᠢᠯᠡᠬᠦ ᠡᠷᠬᠡ ᠶᠢᠨ ᠬᠠᠮᠠᠭᠠᠯᠠᠯᠳᠠ ᠶᠢ ᠴᠢᠩᠭᠠᠷᠠᠭᠤᠯᠵᠦ᠂ | ᠠᠵᠦ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ ᠡᠷᠬᠡ᠂ ᠬᠠᠤᠯᠢ ᠶᠤᠰᠤᠨ ᠤ ᠡᠳ᠋ ᠭᠦᠷᠦᠩᠬᠡ ᠶᠢᠨ | ᠦᠮᠴᠢᠯᠡᠬᠦ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ ᠡᠷᠡᠰ ᠬᠤᠷᠢᠨᠨᠯᠠᠨ᠂ ᠠᠵᠦ ᠠᠬᠤᠶᠢᠯᠠᠯᠳᠠᠨ ᠤ ᠵᠤᠷᠢᠭ | ᠰᠠᠨᠠᠭ᠎ᠠ ᠶᠢ ᠤᠷᠮᠠᠰᠢᠭᠤᠯᠤᠨ ᠪᠠᠳᠠᠷᠠᠭᠤᠯᠬᠤ ᠪᠠ ᠬᠠᠮᠠᠭᠠᠯᠠᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ | ᠠᠬᠤᠶ ᠶᠢᠨ ᠡᠷᠡᠭᠦᠯ ᠭᠦᠭᠵᠢᠯᠳᠡ ᠶᠢ ᠠᠬᠢᠭᠤᠯᠤᠨ᠎ᠠ᠃ ᠪᠦᠭᠦ ᠲᠠᠯ᠎ᠠ ᠪᠠᠷ ᠨᠡᠬᠡᠬᠡᠯᠳᠡ ᠬᠢᠬᠦ ᠰᠢᠨ᠎ᠠ | ᠪᠠᠶᠢᠷᠢᠰᠢᠯ ᠲᠠᠢ ᠪᠤᠯᠭᠠᠬᠤ ᠶᠢ ᠠᠬᠢᠭᠤᠯᠤᠨ᠎ᠠ᠃ ᠨᠡᠬᠡᠬᠡᠯᠳᠡ ᠬᠢᠬᠦ ᠭᠦᠷᠢᠶ᠎ᠡ ᠴᠠᠷᠠᠭ᠎ᠠ ᠶᠢ ᠤᠯᠠᠮ ᠨᠢᠬᠡ ᠠᠯᠬᠤᠮ | ᠦᠷᠬᠡᠳᠬᠡᠵᠦ᠂ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠪᠠᠶᠢᠭᠤᠯᠤᠮᠵᠢ ᠶᠢᠨ ᠰᠢᠨ᠎ᠠ ᠶᠢ ᠡᠭᠦᠳᠴᠤ᠂ | ᠨᠡᠬᠡᠬᠡᠯᠳᠡ ᠪᠠᠷ ᠦᠬᠡᠷᠡᠴᠢᠯᠡᠯᠳᠡ ᠶᠢ ᠠᠬᠢᠭᠤᠯᠤᠨ᠂ ᠨᠡᠬᠡᠬᠡᠯᠳᠡ ᠪᠠᠷ ᠭᠦᠭᠵᠢᠯᠳᠡ ᠶᠢ ᠠᠬᠢᠭᠤᠯᠤᠨ᠎ᠠ᠃ ᠤᠷᠤᠰ | ᠮᠤᠩᠭᠤᠯ ᠲᠠᠢ ᠬᠠᠮᠳᠤᠷᠠᠨ ᠠᠵᠢᠯᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠰᠠᠭᠤᠷᠢ ᠲᠦᠬᠦᠭᠡᠷᠤᠮᠵᠢ ᠶᠢᠨ | ᠬᠠᠷᠢᠯᠴᠠᠨ ᠬᠤᠯᠪᠤᠭᠠᠯᠠᠵᠦ ᠨᠡᠪᠳᠡᠷᠡᠯᠴᠡᠬᠦ ᠶᠢ ᠠᠬᠢᠭᠤᠯᠤᠨ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ | ᠬᠤᠩᠬᠢᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ︽ᠨᠢᠬᠡ ᠪᠦᠰᠡ ᠨᠢᠬᠡ ᠵᠠᠮ︾ ᠲᠠᠭᠠᠤ ᠶᠢᠨ | ᠤᠯᠤᠰ ᠯᠤᠭ᠎ᠠ ᠶᠢᠨ ᠬᠠᠮᠳᠤᠷᠠᠯᠴᠠᠭ᠎ᠠ ᠪᠠᠨ ᠭᠦᠨᠵᠡᠬᠡᠶᠢᠷᠡᠬᠦᠯᠦᠨ᠂ ᠮᠠᠨᠵᠤᠤᠷ ᠪᠠ ᠡᠷᠢᠶᠡᠨ ᠬᠤᠳᠠ ᠶᠢ | ᠭᠤᠤᠯᠳᠠᠯᠭ᠎ᠠ ᠲᠠᠢ ᠨᠡᠬᠡᠬᠡᠨ ᠭᠦᠭᠵᠢᠬᠦᠯᠵᠦ ᠨᠡᠬᠡᠬᠡᠯᠳᠡ ᠬᠢᠬᠦ ᠲᠤᠷᠰᠢᠯᠳᠠ ᠶᠢᠨ ᠲᠤᠭᠤᠷᠢᠭ ᠪᠤᠯᠭᠠᠨ ᠪᠠᠶᠢᠭᠤᠯᠬᠤ ᠶᠢ | ᠦᠷᠭᠦᠯᠵᠢᠯᠡᠨ ᠰᠠᠶᠢᠳᠤᠷ ᠠᠳᠬᠤᠨ᠎ᠠ᠃ ᠭᠠᠳᠠᠭᠠᠳᠤ ᠶᠢᠨ ᠪᠡᠯᠡ ᠮᠦᠩᠭᠦ ᠶᠢ ᠠᠰᠢᠨᠨᠯᠠᠬᠤ ᠪᠠ ᠭᠠᠳᠠᠭᠠᠳᠤ ᠳᠤ ᠪᠡᠯᠡ | ᠤᠷᠤᠭᠤᠯᠬᠤ ᠠᠷᠭ᠎ᠠ ᠮᠠᠶ᠋ᠢᠭ ᠤᠨ ᠰᠢᠨ᠎ᠠ ᠶᠢ ᠡᠭᠦᠳᠴᠤ᠂ ᠭᠠᠳᠠᠭᠠᠳᠤ ᠠᠷᠠᠯᠵᠢᠶᠠᠨ ᠤ ᠲᠤᠯᠤᠭᠠᠢᠢᠯᠠᠭᠴᠢ ᠠᠵᠦ | ᠠᠬᠤᠶᠢᠯᠠᠯ ᠢ ᠪᠤᠶᠢᠵᠢᠭᠤᠯᠤᠨ᠂ ᠦᠷᠬᠡᠨ ᠬᠡᠪᠴᠢᠶᠡᠨ ᠤ ᠬᠢᠯᠢ ᠶᠢᠨ ᠪᠤᠭᠤᠮᠳᠠ ᠶᠢᠨ ᠠᠵᠦ ᠠᠬᠤᠢ ᠶᠢ | ᠭᠦᠭᠵᠢᠬᠦᠯᠦᠨ᠎ᠠ᠃ ᠲᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠳᠤ ᠲᠡᠷᠬᠡ ᠶᠢ ᠪᠠᠶᠢᠩᠭᠤᠵᠢᠭᠤᠯᠬᠤ ᠠᠵᠢᠯᠯᠠᠭ᠎ᠠ ᠶᠢ | ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠪᠡᠬᠡᠵᠢᠩ ᠲᠢᠶᠠᠨᠵᠢᠨ ᠡᠾᠧᠪᠸᠢ᠂ ᠭᠦᠬᠡ ᠮᠦᠷᠡᠨ ᠤ | ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠠ ᠰᠢᠶᠠᠩᠭᠠᠩ ᠤᠤᠮᠧᠨ ᠵᠡᠷᠬᠡ ᠭᠠᠵᠠᠷ | ᠤᠷᠤᠨ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ | ᠠᠷᠠᠯᠵᠢᠶᠠᠴᠢᠳ ᠤᠨ ᠶᠡᠭᠡ ᠬᠤᠷᠠᠯ ᠢ ᠰᠠᠶᠢᠳᠤᠷ ᠡᠷᠬᠢᠯᠡᠨ᠎ᠠ᠃ ︵ᠵᠢᠷᠭᠤᠭ᠎ᠠ︶ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠨᠡᠶᠢᠳᠡᠮ ᠠᠩᠬᠠᠷᠴᠤ ᠪᠠᠶᠢᠭ᠎ᠠ | ᠠᠰᠠᠭᠤᠳᠠᠯ ᠢ ᠰᠶᠢᠳᠪᠦᠷᠢᠯᠡᠬᠦ ᠪᠠᠷ ᠭᠠᠷᠳᠠᠴᠠ ᠪᠤᠯᠭᠠᠵᠤ᠂ ᠪᠦᠬᠦ ᠬᠦᠴᠦ ᠪᠠᠷ ᠢᠶᠠᠨ ᠴᠢᠷᠮᠠᠶᠢᠨ᠂ ᠴᠢᠳᠠᠯ ᠤᠨ ᠢᠶᠠᠨ | ᠬᠢᠷᠢ ᠪᠠᠷ ᠬᠢᠵᠤ᠂ ᠲᠦᠷᠦ ᠶᠢᠨ ᠪᠤᠳᠤᠯᠭ᠎ᠠ ᠶᠢᠨ ᠤᠨᠤᠪᠴᠢᠲᠤ ᠴᠢᠨᠠᠷ ᠪᠤᠯᠤᠨ ᠴᠢᠭᠯᠡᠯᠲᠦ ᠴᠢᠨᠠᠷ ᠢ ᠳᠤᠪᠤᠶᠢᠯᠭᠠᠨ᠂ | ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠪᠦᠭᠡᠳ ᠨᠡᠩ ᠲᠦᠪ ᠭᠤᠤᠯᠴᠢ ᠪᠠᠷ ᠪᠦᠬᠦ | ᠠᠷᠠᠳ ᠲᠤ ᠬᠦᠷᠲᠡᠭᠡᠨ᠎ᠡ᠃ ᠡᠷᠬᠡ ᠳᠡᠭᠰᠢ ᠪᠦᠭᠡᠳ ᠴᠢᠨᠠᠷᠯᠢᠭ ᠪᠦᠬᠦᠢ ᠰᠤᠷᠭᠠᠨ ᠬᠦᠮᠦᠵᠢᠯ ᠢ | ᠬᠦᠭᠵᠢᠬᠦᠯᠦᠨ᠎ᠡ᠃ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠰᠤᠷᠭᠠᠨ ᠬᠦᠮᠦᠵᠢᠯ ᠤᠨ | ᠤᠳᠤᠬᠢᠴᠢᠯᠠᠯᠲᠠ ᠶᠢ ᠲᠦᠷᠭᠡᠳᠭᠡᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠬᠦᠯᠵᠤ᠂ ᠨᠢᠭᠡ ᠪᠦᠯᠦᠭ ᠠᠯᠪᠠᠨ ᠠᠴᠠ ᠡᠷᠬᠢᠯᠡᠭᠰᠡᠨ | ᠬᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ ᠨᠠᠶᠢᠳᠡᠮ ᠬᠠᠷᠠᠭᠠᠯᠵᠠᠬᠤ | ᠴᠢᠨᠠᠷᠲᠠᠢ ᠠᠷᠠᠳ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠢ ᠲᠡᠳᠬᠦᠬᠦ ᠪᠠ ᠵᠢᠷᠤᠮᠵᠢᠭᠤᠯᠤᠨ᠎ᠠ᠃ ᠬᠤᠰᠢᠭᠤ | ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠲᠠᠢ ᠬᠦᠭᠵᠢᠬᠦᠯᠬᠦ ᠡᠬᠦᠷᠭᠡ ᠶᠢ ᠪᠡᠶᠡᠯᠡᠬᠦᠯᠵᠤ᠂ | ᠰᠤᠷᠭᠠᠭᠤᠯᠢ ᠰᠤᠩᠭᠤᠬᠤ ᠬᠠᠯᠠᠮᠰᠢᠯ᠂ ᠰᠤᠷᠤᠭᠴᠢ ᠶᠢᠨ ᠲᠤᠭ᠎ᠠ ᠬᠡᠲᠦᠷᠡᠭᠰᠡᠨ ᠠᠩᠬᠢ ᠲᠠᠢ ᠪᠠᠶᠢᠬᠤ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠯ᠎ᠠ ᠪᠠᠷ | ᠰᠤᠷᠭᠠᠭᠤᠯᠢ ᠡᠷᠬᠢᠯᠡᠬᠦ ᠬᠦᠴᠦᠨ ᠪᠠᠭᠤᠷᠠᠢ ᠪᠠᠶᠢᠬᠤ ᠨᠦᠬᠦᠴᠡᠯ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ | ᠤᠷᠤᠨ ᠤ ᠪᠠᠶᠢᠷᠢ ᠳᠤ ᠰᠠᠭᠤᠯᠭᠠᠬᠤ ᠳᠦᠷᠢᠮᠲᠦ ᠰᠤᠷᠭᠠᠭᠤᠯᠢ ᠶᠢᠨ ᠬᠤᠭᠤᠯᠨ ᠢᠳᠡᠬᠦ᠂ ᠪᠡᠶ᠎ᠡ ᠤᠬᠢᠶᠠᠬᠤ᠂ | ᠲᠤᠯᠠᠭᠠᠯᠠᠬᠤ ᠵᠡᠷᠭᠡ ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ | ᠰᠤᠷᠭᠠᠨ ᠬᠦᠮᠦᠵᠢᠯ ᠢ ᠲᠦᠭᠡᠮᠡᠯᠵᠢᠬᠦᠯᠬᠦ ᠪᠤᠭᠤᠮᠲᠠ ᠰᠢᠪᠲᠤᠯᠬᠤ ᠲᠦᠯᠦᠪᠯᠡᠭᠡ ᠶᠢ ᠬᠡᠷᠡᠭᠵᠢᠬᠦᠯᠦᠨ᠎ᠡ᠃ ᠳᠡᠭᠡᠲᠦ | ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ ᠲᠡᠷᠢᠬᠦᠨ︾ ᠤ ᠪᠠᠶᠢᠭᠤᠯᠤᠯᠲᠠ ᠪᠤᠯᠤᠨ ᠠᠭᠤᠯᠤᠭᠳᠠᠬᠤᠨ ᠲᠠᠢ | ᠬᠦᠭᠵᠢᠬᠦᠯᠬᠦ ᠶᠢ ᠳᠡᠮᠵᠢᠵᠤ᠂ ᠳᠡᠭᠡᠲᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠭᠠᠭᠤᠯᠢ ᠡᠷᠬᠢᠯᠡᠬᠦ ᠡᠷᠬᠡ ᠶᠢ | ᠦᠷᠭᠡᠳᠭᠡᠨ᠎ᠡ᠃ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠬᠦᠨᠵᠡᠭᠡᠶᠢᠷᠡᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ | ᠬᠦᠭᠵᠢᠭᠦᠯᠵᠤ᠂ ᠤᠨᠴᠠᠭᠠᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠠ | ᠦᠷᠬᠦᠯᠵᠢᠯᠡᠭᠦ ᠰᠤᠷᠭᠠᠨ ᠬᠦᠮᠦᠵᠢᠯ ᠢ ᠨᠢᠭᠡᠳᠦᠯᠲᠠᠢ ᠲᠦᠯᠦᠪᠵᠢᠭᠦᠯᠦᠨ ᠬᠦᠭᠵᠢᠬᠦᠯᠦᠨ᠎ᠡ᠃ ᠳᠡᠭᠡᠲᠦ ᠬᠡᠪ ᠴᠢᠨᠠᠷ | ᠪᠦᠬᠦᠢ ᠪᠠᠭᠰᠢ ᠶᠢᠨ ᠡᠩᠨᠡᠭᠡ ᠶᠢ ᠬᠦᠮᠦᠵᠢᠬᠦᠯᠦᠨ᠎ᠡ᠃ ᠠᠵᠢᠯ ᠤᠯᠭᠤᠵᠤ ᠦᠢᠯᠡᠰ ᠪᠤᠰᠬᠠᠬᠤ ᠶᠢ ᠴᠢᠷᠮᠠᠶᠢᠨ | ᠠᠬᠢᠭᠤᠯᠤᠨ᠎ᠠ᠃ ᠠᠵᠢᠯ ᠤᠯᠭᠤᠬᠤ ᠶᠢ ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠠᠢ ᠪᠠᠷ | ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠶᠡᠭᠡ ᠳᠡᠭᠡᠲᠦ ᠰᠤᠷᠭᠠᠭᠤᠯᠢ ᠠᠴᠠ ᠲᠡᠭᠦᠰᠦᠭᠰᠡᠳ᠂ | ᠬᠦᠯᠦᠰᠦᠨ ᠠᠵᠢᠯᠴᠢᠨ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠳᠡᠵᠤ ᠪᠠᠶᠢᠭ᠎ᠠ ᠵᠡᠷᠭᠡ ᠬᠦᠮᠦᠰ ᠲᠤ | ᠠᠵᠢᠯ ᠤᠯᠭᠤᠬᠤ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠦᠪᠬᠢᠨᠡᠬᠦᠯᠬᠦ ᠠᠵᠢᠯ ᠢ ᠰᠠᠶᠢᠲᠤᠷ ᠬᠢᠨ᠎ᠠ᠃ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠪᠤᠯᠪᠠᠰᠤᠷᠠᠭᠤᠯᠬᠤ ᠶᠢ ᠶᠡᠭᠡ ᠬᠡᠪᠴᠢᠶ᠎ᠡ ᠪᠠᠷ ᠦᠷᠨᠢᠬᠦᠯᠵᠤ᠂ | ᠬᠦᠳᠡᠯᠮᠦᠷᠢᠯᠡᠭᠴᠢᠳ ᠤᠨ ᠠᠵᠢᠯ ᠤᠯᠵᠤ ᠦᠢᠯᠡᠰ ᠪᠤᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ | ᠤᠯᠭᠤᠬᠤ ᠶᠢᠨ ᠪᠦᠲᠦᠴᠡ ᠶᠢᠨ ᠴᠢᠨᠠᠷᠲᠠᠢ ᠵᠦᠷᠢᠴᠡᠯ ᠮᠦᠷᠭᠦᠯᠳᠦᠬᠡᠨ ᠢ ᠰᠢᠢᠳᠪᠦᠷᠢᠯᠡᠨ᠎ᠡ᠃ ᠡᠯ᠎ᠡ ᠲᠦᠷᠦᠯ ᠤᠨ | ᠬᠦᠮᠦᠰ ᠤᠨ ᠨᠤᠲᠤᠭ ᠲᠠᠭᠠᠨ ᠪᠤᠴᠠᠬᠤ ᠪᠠ ᠬᠦᠳᠡᠭᠡ ᠪᠠᠭᠤᠵᠤ ᠦᠢᠯᠡᠰ ᠪᠤᠰᠬᠠᠬᠤ ᠶᠢ ᠳᠡᠮᠵᠢᠨ᠎ᠡ᠃ | ᠨᠡᠶᠢᠭᠡᠮ ᠤᠨ ᠪᠠᠲᠤᠯᠠᠪᠤᠷᠢ ᠪᠠ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠦᠨ᠎ᠡ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠠᠰᠤᠵᠢᠯ᠂ ᠡᠮ ᠡᠮᠨᠡᠯᠭᠡ ᠶᠢᠨ | ᠳᠠᠭᠠᠳᠬᠠᠯ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ ᠪᠠ ᠬᠠᠯᠠᠮᠵᠢᠯᠠᠨ ᠲᠤᠬᠢᠷᠠᠭᠤᠯᠵᠤ ᠲᠦᠪᠬᠢᠨᠡᠬᠦᠯᠬᠦ | ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠢᠯᠢ ᠶᠢᠨ ᠠᠷᠠᠳ ᠲᠤ ᠨᠦᠬᠦᠪᠦᠷᠢ ᠦᠭᠭᠦ | ᠪᠠᠷᠢᠮᠵᠢᠶ᠎ᠠ ᠶᠢ ᠳᠡᠭᠡᠭᠰᠢᠯᠡᠭᠦᠯᠵᠤ᠂ ᠨᠦᠬᠦᠪᠦᠷᠢ ᠦᠭᠭᠦ ᠬᠡᠪᠴᠢᠶ᠎ᠡ ᠶᠢ ᠨᠢ ᠦᠷᠭᠡᠳᠭᠡᠨ᠎ᠡ᠃ ᠡᠮᠡᠭᠲᠠᠶᠢᠴᠤᠳ ᠬᠡᠤᠭᠡᠳ᠂ | ᠨᠠᠰᠤᠲᠠᠶᠢᠴᠤᠳ ᠪᠤᠯᠤᠨ ᠵᠡᠮᠳᠡᠭᠴᠦᠳ ᠢ ᠬᠠᠯᠠᠮᠵᠢᠯᠠᠨ᠂ ᠤᠳᠤ ᠶᠢᠨ ᠪᠠᠶᠢᠭ᠎ᠠ ᠲᠦᠬᠦᠭᠡᠷᠤᠮᠵᠢ ᠶᠢ ᠠᠰᠢᠬᠯᠠᠨ | ᠨᠡᠶᠢᠭᠡᠮ ᠲᠤᠭᠤᠷᠢᠭ ᠲᠤ ︽ᠬᠡᠤᠭᠡᠳ ᠤᠨ ᠬᠡᠷ ᠤᠷᠤᠨ︾ ᠢ ᠪᠠᠶᠢᠭᠤᠯᠵᠤ᠂ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠵᠡᠮᠳᠡᠭᠴᠤᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ ᠤᠯᠠᠭᠠᠨ ᠵᠠᠭᠠᠯᠮᠠᠶᠢᠲᠠᠨ ᠵᠡᠷᠭᠡ ᠨᠡᠶᠢᠲᠡ ᠶᠢᠨ | ᠠᠰᠠᠷᠠᠮᠵᠢ ᠶᠢᠨ ᠨᠢᠬᠦᠯᠡᠰᠦᠩᠭᠦᠢ ᠶᠢᠨ ᠦᠢᠯᠡᠰ ᠢ ᠶᠡᠬᠡᠪᠡᠷ ᠬᠦᠭᠵᠢᠬᠦᠯᠵᠤ᠂ ︽ᠬᠠᠷᠠᠭ᠎ᠠ ᠤᠷᠤᠭᠤᠯᠬᠤ ᠠᠶᠠᠯᠠᠯ︾ | ᠤᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠪᠡᠶᠡᠯᠡᠬᠦᠯᠦᠨ᠎ᠠ᠃ ᠤᠯᠠᠨ ᠭᠤᠤᠯ ᠴᠤᠭᠴᠠ ᠠᠴᠠ ᠬᠠᠩᠭᠠᠬᠤ᠂ | ᠤᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠬᠦᠯᠬᠦ ᠤᠷᠤᠨ | ᠰᠠᠭᠤᠴᠠ ᠶᠢᠨ ᠪᠠᠲᠤᠯᠠᠪᠤᠷᠢ ᠶᠢᠨ ᠳᠦᠷᠢᠮ ᠢ ᠪᠠᠶᠢᠭᠤᠯᠤᠨ᠎ᠠ᠃ ᠬᠤᠳᠠ ᠶᠢᠨ ᠳᠦᠭᠦᠮ ᠪᠦᠳᠦᠴᠡᠳᠦ ᠤᠷᠤᠨ | ᠰᠠᠭᠤᠴᠠ ᠶᠢᠨ ᠲᠤᠭᠤᠷᠢᠭ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ᠂ ᠬᠤᠲᠠ ᠶᠢᠨ ᠳᠤᠮᠳᠠᠬᠢ | ᠲᠤᠰᠬᠤᠨ ᠢ ᠦᠷᠬᠦᠯᠵᠢᠯᠡᠨ ᠦᠬᠡᠷᠡᠴᠢᠯᠡᠵᠦ ᠰᠢᠨᠡᠳᠬᠡᠨ᠂ ᠠᠮᠢᠳᠤᠷᠠᠯ ᠤᠨ ᠬᠤᠭ ᠨᠤᠪᠰᠢ ᠶᠢ ᠲᠦᠷᠦᠯ ᠢᠯᠭᠠᠬᠤ | ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠵᠤ᠂ ︽ᠵᠤᠷᠯᠤᠩ ᠤᠨ ᠬᠤᠪᠢᠰᠬᠠᠯ︾ ᠢ ᠠᠬᠢᠭᠤᠯᠤᠨ᠎ᠠ᠃ | ᠨᠡᠶᠢᠲᠡ ᠶᠢᠨ ᠳᠦᠷᠢᠶᠡᠰᠦᠨ ᠤ ᠬᠡᠷ ᠪᠠᠶᠢᠰᠢᠩ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠤ᠂ ᠤᠷᠴᠢᠨ | ᠲᠤᠭᠤᠷᠢᠨ ᠤ ᠬᠠᠮᠠᠭᠠᠯᠠᠯᠲᠠ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠴᠢᠷᠳᠡᠯᠲᠠᠢ | ᠬᠦᠮᠦᠰ ᠢ ᠤᠷᠢᠳᠠᠪᠡᠷ ᠪᠠᠲᠤᠯᠠᠨ᠂ ᠨᠦᠬᠦᠴᠡᠯ ᠳᠤ ᠨᠡᠶᠢᠴᠡᠵᠦ ᠪᠠᠶᠢᠭ᠎ᠠ ᠰᠢᠨ᠎ᠡ ᠪᠠᠷ ᠠᠵᠢᠯ ᠤᠯᠤᠭᠰᠠᠨ ᠬᠡᠷ | ᠪᠠᠶᠢᠰᠢᠩ ᠦᠭᠡᠢ ᠠᠵᠢᠯᠲᠠᠨ ᠠᠵᠢᠯᠴᠢᠨ᠂ ᠭᠠᠳᠠᠨ᠎ᠠ ᠠᠴᠠ ᠢᠷᠡᠭᠰᠡᠨ ᠬᠦᠯᠦᠰᠦᠨ ᠠᠵᠢᠯᠳᠠᠨ ᠪᠠ ᠵᠠᠯᠠᠭᠤ ᠡᠮᠴᠢ᠂ | ᠵᠠᠯᠠᠭᠤ ᠪᠠᠭᠰᠢ ᠨᠠᠷ ᠢ ᠪᠠᠲᠤᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠤᠷᠤᠭᠤᠯᠵᠤ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ᠂ ᠤᠷᠤᠯᠭ᠎ᠠ ᠪᠠᠭᠠᠲᠠᠢ ᠪᠦᠭᠡᠳ ᠤᠷᠤᠨ ᠰᠠᠭᠤᠴᠠ ᠶᠢᠨ ᠲᠠᠯ᠎ᠠ ᠪᠠᠷ | ᠬᠦᠴᠢᠷᠳᠡᠯᠲᠠᠢ ᠪᠠᠶᠢᠭ᠎ᠠ ᠬᠡᠷ ᠪᠦᠯᠢ ᠶᠢ ᠪᠤᠯ ᠪᠠᠲᠤᠯᠠᠬᠤ ᠴᠢᠬᠤᠯᠠᠲᠠᠢ ᠶᠢ ᠨᠢ ᠴᠢᠷᠮᠠᠶᠢᠨ ᠪᠠᠳᠤᠯᠠᠨ᠎ᠠ᠃ ᠲᠠᠷᠤᠨᠨᠳᠠᠨ | ᠬᠠᠳᠠᠭᠠᠯᠬᠠᠳᠠᠵᠦ ᠪᠠᠶᠢᠭ᠎ᠠ ᠬᠡᠷ ᠪᠠᠶᠢᠰᠢᠩ ᠢ ᠴᠢᠯᠦᠭᠡᠲᠠᠢ ᠪᠤᠯᠭᠠᠵᠤ᠂ ᠤᠷᠤᠨ ᠰᠠᠭᠤᠴᠠ ᠶᠢᠨ ᠳᠦᠷᠢᠶᠡᠰᠦᠯᠡᠬᠦ ᠵᠠᠬ᠎ᠠ | ᠳᠡᠯᠭᠡᠭᠦᠷ ᠢ ᠬᠦᠭᠵᠢᠬᠦᠯᠦᠨ᠎ᠡ᠃ ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠲᠠ ᠶᠢ ᠲᠦᠷᠭᠡᠳᠭᠡᠨ᠎ᠡ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢᠨ ᠦᠷ᠎ᠡ ᠪᠦᠳᠦᠮᠵᠢ ᠶᠢ | ᠪᠠᠲᠤᠳᠬᠠᠨ ᠦᠷᠭᠡᠳᠭᠡᠵᠤ᠂ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ | ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠪᠡᠳᠴᠢᠨ ᠤ ᠲᠦᠷᠦᠯ ᠢᠶᠠᠷ ᠰᠦᠢᠳᠭᠡᠯ ᠲᠤᠰᠢᠶᠠᠬᠤ ᠬᠦᠷᠢᠶ᠎ᠡ | ᠬᠡᠪᠴᠢᠶ᠎ᠡ ᠶᠢ ᠦᠷᠭᠡᠳᠭᠡᠵᠤ᠂ ᠡᠮᠴᠢᠯᠡᠭᠡᠨ ᠤ ᠰᠦᠢᠳᠭᠡᠯ ᠤᠨ ᠵᠦᠢ ᠵᠤᠬᠢᠰ ᠦᠭᠡᠢ ᠪᠠᠷ ᠦᠰᠬᠦ ᠶᠢ ᠬᠢᠵᠠᠭᠠᠷᠯᠠᠨ᠎ᠠ᠃ | ᠤᠨᠳᠤᠤ ᠭᠠᠵᠠᠷ ᠲᠤ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠭᠠᠳᠠᠨ᠎ᠠ ᠠᠴᠠ ᠢᠷᠡᠭᠰᠡᠨ | ᠠᠵᠢᠯ ᠤᠯᠵᠤ ᠦᠢᠯᠡᠰ ᠪᠤᠰᠬᠠᠬᠴᠢᠳ ᠢ ᠪᠦᠷᠢᠨ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠱᠠᠲᠤ | ᠬᠤᠪᠢᠶᠠᠨ ᠤᠨᠤᠰᠢᠯᠠᠨ ᠡᠮᠨᠡᠬᠦ ᠪᠠ ᠡᠮᠨᠡᠯᠭᠡ ᠶᠢᠨ ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠭᠡᠵᠤ᠂ | ᠬᠡᠷ ᠪᠦᠯᠢ ᠶᠢᠨ ᠡᠮᠴᠢ ᠶᠢᠨ ᠬᠡᠷ᠎ᠡ ᠪᠠᠷ ᠪᠤᠯᠵᠤᠵᠤ ᠦᠢᠯᠡᠴᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠷᠡᠬᠦᠯ | ᠡᠩᠬᠡ ᠶᠢᠨ ᠬᠦᠮᠦᠵᠢᠯ ᠪᠠ ᠤᠳᠠᠭᠠᠨ ᠴᠢᠨᠠᠷᠳᠠᠢ ᠡᠪᠡᠳᠴᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠢᠨᠲ᠋ᠧᠷ | ᠰᠦᠯᠵᠢᠶ᠎ᠡ᠂ ᠳᠤᠮᠤ ᠳ᠋ᠠᠶᠢᠲ᠋ᠠ ᠶᠢᠨ ᠮᠡᠷᠭᠡᠵᠢᠯ ᠢ ᠠᠰᠢᠬᠯᠠᠨ ᠡᠮᠴᠢᠯᠡᠭᠦ ᠦᠢᠯᠡᠴᠢᠯᠡᠭᠡ ᠳᠤ ᠰᠢᠨ᠎ᠡ ᠶᠢ ᠡᠭᠦᠳᠴᠦ᠂ | ᠨᠡᠶᠢᠭᠡᠮ ᠠᠴᠠ ᠡᠮᠨᠡᠯᠭᠡ ᠡᠷᠬᠢᠯᠡᠬᠦ ᠶᠢ ᠳᠡᠮᠵᠢᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ | ᠦᠷᠭᠡᠳᠭᠡᠨ᠎ᠡ᠃ ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠶᠢᠨ ᠲᠦᠯᠦᠪᠯᠡᠭᠡ ᠶᠢ | ᠬᠡᠷᠡᠭᠵᠢᠬᠦᠯᠦᠨ᠎ᠡ᠃ ᠦᠷᠡᠵᠢᠯ ᠤᠨ ᠲᠦᠷᠦ ᠶᠢᠨ ᠪᠤᠳᠤᠯᠭ᠎ᠠ ᠪᠠ ᠠᠵᠤ ᠠᠬᠤᠢ ᠨᠡᠶᠢᠭᠡᠮ ᠤᠨ ᠲᠦᠷᠦ ᠶᠢᠨ | ᠪᠤᠳᠤᠯᠭ᠎ᠠ ᠶᠢ ᠵᠤᠯᠭᠠᠭᠤᠯᠬᠤ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠵᠠᠰᠠᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠲᠠ ᠶᠢ ᠴᠢᠩᠭᠠᠳᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠠᠶᠢᠴᠤᠳ ᠤᠨ ᠬᠤᠯᠪᠤᠭ᠎ᠠ ᠵᠡᠷᠭᠡ ᠤᠯᠠᠨ | ᠲᠦᠮᠡᠨᠴᠢ ᠪᠦᠯᠬᠦᠮ ᠨᠡᠶᠢᠲᠡ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠎ᠠ᠃ ᠱᠠᠰᠢᠨ | ᠰᠤᠷᠲᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠱᠠᠰᠢᠨ ᠰᠤᠷᠲᠠᠬᠤᠨ ᠬᠢᠭᠡᠳ ᠨᠡᠶᠢᠭᠡᠮ ᠵᠢᠷᠤᠮ ᠤᠨ | ᠬᠠᠷᠢᠯᠴᠠᠨ ᠵᠤᠬᠢᠴᠠᠬᠤ ᠶᠢ ᠢᠳᠡᠪᠬᠢᠲᠠᠢ ᠪᠠᠷ ᠬᠦᠲᠦᠯᠦᠨ ᠵᠢᠯᠤᠭᠤᠳᠤᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ ᠪᠤᠰᠤᠭ᠎ᠠ ᠴᠤᠭᠴᠠᠵᠢᠭᠰᠠᠨ ᠰᠢᠰᠲ᠋ᠧᠮ ᠢ ᠲᠡᠭᠦᠯᠳᠡᠷᠵᠢᠬᠦᠯᠵᠤ᠂ ᠵᠠᠬᠢᠲᠠᠯ ᠰᠤᠷᠪᠤᠯᠵᠢᠯᠠᠭ᠎ᠠ ᠶᠢᠨ | ᠬᠠᠤᠯᠢᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠵᠦᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ | ᠠᠵᠢᠯ ᠢ ᠰᠠᠶᠢᠲᠤᠷ ᠬᠢᠨ᠎ᠡ᠃ ᠠᠮᠤᠷ ᠲᠦᠪᠰᠢᠨ ᠬᠦᠭᠵᠢᠯᠲᠡ ᠶᠢᠨ ᠤᠢᠢᠯᠠᠭᠠᠬᠳᠠᠬᠤᠨ ᠢ ᠪᠠᠲᠤ ᠪᠠᠬᠢ ᠪᠤᠢ ᠪᠤᠯᠭᠠᠵᠤ᠂ | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠪᠠ ᠲᠤᠰᠬᠠᠢᠢᠯᠠᠨ | ᠴᠡᠭᠴᠡᠯᠡᠵᠦ ᠵᠠᠰᠠᠬᠤ ᠶᠢ ᠴᠢᠩᠭᠠᠳᠬᠠᠨ᠂ ᠤᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠬᠡᠶᠢᠯᠡᠨ ᠬᠤᠷᠢᠬᠯᠠᠨ᠎ᠠ᠃ | ᠬᠠᠮᠤᠭ ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ ᠤᠨ ᠲᠦᠪ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ | ᠴᠢᠩᠭ᠎ᠠ ᠰᠦᠷᠡᠭᠡᠢ ᠰᠢᠳᠭᠡᠯ ᠲᠤᠷᠭᠠᠭᠤᠯᠢ᠂ ᠬᠠᠮᠤᠭ ᠤᠨ ᠲᠦᠪ ᠴᠢᠩᠭ᠎ᠠ ᠬᠠᠷᠢᠭᠤᠴᠠᠯᠭ᠎ᠠ ᠲᠤᠯᠭᠠᠬᠤ ᠪᠠᠷ ᠢᠳᠡᠭᠡᠨ | ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠠᠷᠠᠳ ᠤᠨ | ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ | ᠬᠢᠵᠤ᠂ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠵᠤ᠂ ᠴᠡᠷᠢᠭ ᠵᠠᠰᠠᠭ ᠠᠷᠠᠳ ᠤᠨ ᠪᠦᠯᠬᠦᠮᠳᠡᠯ ᠢ ᠠᠬᠢᠭᠤᠯᠵᠤ | ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠪᠦᠭᠡᠳ ᠲᠤᠭᠲᠠᠭᠤᠨ ᠪᠠᠶᠢᠬᠤ ᠬᠠᠯᠬᠠᠪᠴᠢ ᠶᠢ | ᠪᠠᠬᠢᠵᠢᠬᠦᠯᠦᠨ᠎ᠡ᠃ ︵ᠳᠣᠯᠤᠭ᠎ᠠ︶ ᠪᠣᠯᠪᠠᠰᠤᠨ ᠦᠪᠦᠷ ᠮᠣᠩᠭᠤᠯ ᠢ ᠪᠠᠶᠢᠭᠤᠯᠤᠨ᠎ᠠ᠃ ᠠᠷᠠᠳ ᠲᠦᠮᠡᠨ ᠤ | ᠦᠵᠡᠯ ᠰᠠᠨᠠᠭᠠᠨ ᠤ ᠤᠬᠠᠮᠰᠠᠷ᠂ ᠶᠣᠰᠣ ᠮᠤᠷᠠᠯ ᠤᠨ ᠬᠢᠷᠢ ᠲᠥᠪᠰᠢᠨ᠂ ᠪᠣᠯᠪᠠᠰᠤᠨ ᠤ ᠬᠡᠪ ᠴᠢᠨᠠᠷ ᠢ ᠴᠢᠷᠮᠠᠶᠢᠨ | ᠳᠡᠭᠡᠭᠰᠢᠯᠡᠭᠦᠯᠵᠦ᠂ ᠬᠦᠮᠦᠨ ᠤ ᠪᠦᠬᠦ ᠲᠠᠯ᠎ᠠ ᠶᠢᠨ ᠬᠥᠭᠵᠢᠯᠲᠡ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ | ᠠᠬᠢᠭᠤᠯᠤᠨ᠎ᠠ᠃ ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠢᠶᠠᠷ ᠬᠡᠪ ᠰᠤᠷᠲᠠᠯ ᠢ ᠬᠦᠲᠦᠯᠦᠨ | ᠳᠠᠭᠠᠭᠤᠯᠬᠤ᠂ ᠠᠷᠠᠳ ᠲᠦᠮᠡᠨ ᠢ ᠰᠤᠷᠭᠠᠨ ᠬᠦᠮᠦᠵᠢᠭᠦᠯᠬᠦ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ | ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠶᠡᠬᠡᠪᠡᠷ ᠪᠠᠳᠠᠷᠠᠭᠤᠯᠵᠤ᠂ ᠲᠠᠯ᠎ᠠ ᠨᠤᠲᠤᠭ ᠤᠨ ᠰᠣᠶᠣᠯ ᠢ ᠬᠠᠮᠠᠭᠠᠯᠠᠬᠤ ᠪᠠ ᠪᠠᠳᠠᠷᠠᠭᠤᠯᠤᠨ᠎ᠠ᠃ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠦ᠂ ᠴᠠᠭ ᠦᠶ᠎ᠡ ᠶᠢᠨ ᠣᠨᠴᠠᠯᠢᠭ ᠰᠢᠨᠵᠢ ᠶᠢ ᠡᠵᠡᠮᠳᠡᠨ᠂ ᠠᠮᠢᠳᠤᠷᠠᠯ ᠠᠴᠠ | ᠤᠢᠢᠷᠠᠬᠠᠨ᠂ ᠲᠠᠷᠬᠠᠨ ᠲᠡᠯᠭᠡᠷᠡᠵᠤ᠂ ᠲᠡᠷᠡᠴᠢᠯᠡᠡ ᠤᠯᠠᠮᠵᠢᠯᠠᠬᠳᠠᠵᠤ ᠦᠪᠯᠡᠭᠳᠡᠵᠤ ᠴᠢᠳᠠᠬᠤ ᠨᠡᠩ ᠣᠯᠠᠨ ᠰᠢᠯᠢᠳᠡᠭ | ᠵᠣᠬᠢᠶᠠᠯ ᠪᠦᠲᠦᠭᠡᠯ ᠢ ᠵᠣᠬᠢᠶᠠᠵᠤ᠂ ᠦᠪᠦᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ︽ | ᠥᠨᠳᠥᠷ ᠲᠥᠪᠰᠢᠨ︾ ᠠᠴᠠ ︽ᠣᠷᠭᠢᠯ︾ ᠳᠤ ᠬᠦᠷᠭᠦ ᠳᠠᠪᠠᠯᠲᠠ ᠲᠠᠢ ᠪᠤᠯᠭᠠᠨ᠎ᠠ᠃ ᠶᠡᠷᠦᠩᠬᠡᠢ ᠱᠦᠵᠢ ᠰᠢ ᠶᠢᠨ | ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠨ᠂ ᠤᠯᠠᠭᠠᠨᠮᠦ᠋ᠴᠢᠷ ᠤᠨ ᠠᠵᠢᠯ ᠦᠢᠯᠡᠰ ᠤᠨ ᠦᠷᠨᠢᠨ ᠬᠥᠭᠵᠢᠬᠦ ᠶᠢ | ᠳᠡᠮᠵᠢᠨ᠎ᠠ᠃ ᠤᠯᠠᠭᠠᠨᠮᠦ᠋ᠴᠢᠷ ᠤᠨ ᠬᠤᠪᠢᠰᠬᠠᠯᠲᠤ ᠤᠳᠤᠮᠰᠢᠯ ᠢᠶᠠᠨ ᠬᠤᠪᠢᠷᠠᠭᠤᠯᠬᠤ ᠦᠭᠡᠢ ᠪᠠᠶᠢᠬᠤ ᠶᠢ ᠢᠮᠠᠭᠲᠠ | ᠪᠠᠷᠢᠮᠲᠠᠯᠠᠨ᠂ ᠲᠠᠯ᠎ᠠ ᠨᠤᠲᠤᠭ ᠲᠤ ᠦᠨᠳᠦᠰᠦᠯᠡᠨ᠂ ᠠᠷᠠᠳ ᠲᠦᠮᠡᠨ ᠳᠤ ᠦᠢᠯᠡᠴᠢᠯᠡᠨ᠂ ᠦᠷᠭᠡᠨ ᠣᠯᠠᠨ ᠮᠠᠯᠴᠢᠨ | ᠲᠠᠷᠢᠶᠠᠴᠢᠳ ᠲᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠵᠦ᠂ ᠨᠠᠮ ᠤᠨ ᠳᠠᠭᠤᠨ ᠬᠤᠭᠤᠯᠠᠢ ᠪᠣᠯᠣᠨ ᠬᠠᠶᠢᠷ᠎ᠠ | ᠬᠠᠯᠠᠮᠵᠢ ᠶᠢ ᠳᠠᠮᠵᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠬᠯᠠᠬᠤ ᠪᠠ ᠰᠣᠶᠣᠯ ᠤᠨ | ᠥᠪ ᠢ ᠬᠠᠮᠠᠭᠠᠯᠠᠵᠣ ᠣᠯᠠᠮᠵᠢᠯᠠᠬᠤ ᠶᠢ ᠴᠢᠩᠭᠠᠳᠬᠠᠨ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠢ ᠬᠠᠮᠠᠭᠠᠯᠠᠨ ᠬᠡᠷᠩᠯᠡᠭᠦ ᠪᠠ ᠰᠤᠩᠭᠤᠳᠠᠭ ᠰᠣᠷᠪᠣᠯᠵᠢ ᠪᠢᠴᠢᠭ ᠢ ᠤᠯᠠᠮᠵᠢᠯᠠᠬᠤ ᠠᠵᠢᠯ ᠢ ᠰᠠᠶᠢᠳᠣᠷ ᠬᠢᠨ᠎ᠠ᠃ | ᠡᠯ᠎ᠡ ᠲᠥᠷᠥᠯ ᠤᠨ ᠮᠥᠽᠸᠢ᠂ ᠤᠷᠠᠯᠢᠭ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠠᠴᠢᠶᠠᠯᠠᠪᠤᠷᠢ ᠶᠢᠨ | ᠪᠠᠶᠢᠭᠤᠯᠤᠯᠲᠠ ᠶᠢ ᠴᠢᠬᠤᠯᠠᠴᠢᠯᠠᠨ᠎ᠠ᠃ ᠪᠦᠬᠦ ᠠᠷᠠᠳ ᠤᠨ ᠪᠡᠶ᠎ᠠ ᠴᠢᠬᠢᠷᠠᠬᠵᠢᠭᠤᠯᠬᠤ ᠶᠢ ᠬᠦᠨᠵᠡᠬᠡᠶᠢᠷᠡᠭᠦᠯᠤᠨ | ᠠᠬᠢᠭᠤᠯᠵᠤ᠂ ᠤᠯᠠᠨ ᠲᠦᠮᠡᠨᠴᠢ ᠪᠡᠶ᠎ᠠ ᠶᠢᠨ ᠲᠠᠮᠢᠷ ᠢ ᠲᠦᠷᠭᠡᠳᠬᠡᠨ ᠬᠦᠭᠵᠢᠬᠦᠯᠵᠤ᠂ ᠬᠦᠯ ᠪᠦᠮᠪᠦᠭᠡ ᠶᠢᠨ | ᠰᠤᠪᠠᠭ ᠢ ᠰᠠᠶᠢᠳᠤᠷ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠠᠷᠪᠠᠨ ᠲᠦᠷᠪᠡᠳᠦᠭᠡᠷ ᠬᠤᠭᠤᠴᠠᠭᠠᠨ ᠤ | ᠲᠠᠮᠢᠷ ᠤᠨ ᠴᠤᠬᠯᠠᠭᠠᠨ ᠢ ᠰᠠᠶᠢᠳᠤᠷ ᠡᠷᠬᠢᠯᠡᠨ᠎ᠠ᠃ ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ | ᠪᠣᠯᠪᠠᠰᠤᠨ ᠤ ᠴᠣᠭᠴᠠᠵᠢᠯᠲᠠ᠂ ᠣᠶᠣᠨ ᠤ ᠰᠣᠶᠣᠯ ᠤᠨ ᠪᠦᠲᠦᠬᠡᠭᠳᠡᠬᠦᠨ ᠢ ᠵᠣᠬᠢᠶᠠᠨ ᠪᠦᠲᠦᠭᠡᠵᠦ ᠦᠢᠯᠡᠣᠡᠴᠤ | ᠤᠯᠠᠮᠵᠢᠯᠠᠬᠤ ᠲᠠᠯ᠎ᠠ ᠪᠠᠷ ᠬᠢ ᠨᠡᠶᠢᠭᠡᠮ ᠵᠢᠷᠤᠮ ᠤᠨ ᠭᠤᠣᠯᠯᠠᠬᠴᠢ ᠥᠷᠲᠡᠭ ᠤᠨ ᠦᠵᠡᠯᠲᠡ ᠶᠢᠨ ᠬᠦᠲᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠴᠢ ᠥᠷᠲᠡᠭ ᠤᠨ ᠦᠵᠡᠯᠲᠡ ᠶᠢ | ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠭᠤᠯᠵᠤ᠂ ᠬᠦᠮᠦᠰ ᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ | ᠪᠣᠯᠣᠨ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ ᠬᠤᠪᠢᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭᠠᠨ ᠤ ᠠᠭᠤᠯᠤᠭᠳᠠᠬᠤᠨ᠂ ᠬᠦᠮᠦᠨ ᠰᠣᠶᠣᠯ ᠤᠨ ᠵᠣᠷᠢᠭ | ᠰᠠᠨᠠᠭ᠎ᠠ᠂ ᠶᠣᠰᠣ ᠮᠤᠷᠠᠯ ᠤᠨ ᠵᠢᠷᠤᠮᠵᠢᠯ ᠵᠢᠴᠢ ᠲᠠᠯ᠎ᠠ ᠨᠤᠲᠤᠭ ᠤᠨ ᠰᠣᠶᠣᠯ ᠳᠤ ᠠᠭᠤᠯᠤᠬᠳᠠᠵᠤ ᠪᠠᠶᠢᠭ᠎ᠠ | ᠪᠠᠶᠢᠭᠠᠯᠢ ᠶᠢ ᠳᠡᠭᠡᠳᠦᠯᠡᠬᠦ᠂ ᠢᠲᠡᠭᠡᠯ ᠵᠢᠷᠤᠮ ᠢ ᠡᠷᠬᠢᠮᠯᠡᠬᠦ᠂ ᠴᠢᠯᠦᠬᠡᠳᠡᠢ ᠪᠦᠭᠡᠳ ᠠᠭᠤᠳᠠᠮ ᠪᠠᠭᠲᠠᠭᠠᠮᠵᠢᠲᠠᠢ᠂ | ᠪᠠᠭᠠᠲᠤᠷ ᠢᠳᠡᠲᠡᠨ ᠢ ᠰᠢᠲᠤᠨ ᠪᠢᠰᠢᠷᠡᠬᠦ ᠵᠡᠷᠭᠡ ᠤᠢᠢᠯᠠᠭᠠᠬᠳᠠᠬᠤᠨ ᠢ ᠬᠦᠮᠦᠰ ᠤᠨ ᠦᠢᠯᠡᠳᠪᠦᠷᠢᠯᠡᠯ | ᠠᠮᠢᠳᠤᠷᠠᠯ ᠤᠨ ᠦᠢᠯᠡᠳᠦᠯᠭᠡ ᠳᠤ ᠠᠭᠤᠰᠤᠭᠤᠯᠬᠤ ᠶᠢᠨ ᠬᠠᠮᠲᠤ᠂ ᠴᠠᠭ ᠦᠶ᠎ᠡ ᠶᠢᠨ ᠱᠠᠭᠠᠷᠳᠠᠯᠭ᠎ᠠ ᠲᠠᠢ | ᠤᠶᠠᠯᠳᠤᠭᠤᠯᠵᠦ ᠰᠢᠨ᠎ᠠ ᠶᠢ ᠡᠬᠦᠳᠦᠨ ᠬᠥᠭᠵᠢᠭᠦᠯᠦᠨ᠎ᠡ᠃ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ | ᠰᠠᠨᠠᠭᠠᠴᠢᠯᠠᠬᠤ ᠪᠠ ᠬᠦᠮᠦᠵᠢᠭᠦᠯᠵᠤ᠂ ᠨᠡᠶᠢᠭᠡᠮ ᠨᠡᠶᠢᠲᠡ ᠶᠢᠨ ᠮᠤᠷᠠᠯ᠂ ᠠᠵᠢᠯ ᠮᠡᠷᠭᠡᠵᠢᠯ ᠤᠨ ᠶᠣᠰᠤ ᠮᠤᠷᠠᠯ᠂ ᠭᠡᠷ | ᠪᠦᠯᠢ ᠶᠢᠨ ᠨᠠᠨᠳᠢᠨ ᠰᠤᠷᠲᠠᠯ᠂ ᠬᠤᠪᠢ ᠬᠦᠮᠦᠨ ᠤ ᠰᠤᠷᠲᠠᠯ ᠮᠤᠷᠠᠯ ᠤᠨ ᠪᠠᠶᠢᠭᠤᠯᠤᠯᠲᠠ ᠶᠢ ᠠᠬᠢᠭᠤᠯᠵᠤ᠂ | ᠬᠦᠮᠦᠰ ᠤᠨ ᠦᠭᠡᠳᠡᠷᠬᠡᠭ ᠡᠶ᠎ᠡ ᠨᠠᠶᠢᠷᠰᠠᠭ ᠴᠠᠶᠢᠯᠭᠠᠨ ᠪᠠᠶᠢᠬᠤ᠂ ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ | ᠬᠠᠶᠢᠷᠠᠯᠠᠬᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ | ᠪᠠᠶᠢᠬᠤ ᠶᠢ ᠤᠷᠮᠠᠰᠢᠭᠤᠯᠤᠨ ᠬᠥᠭᠵᠢᠭᠡᠨ᠎ᠡ᠃ ᠰᠢᠨᠵᠢᠯᠡᠭᠦ ᠣᠬᠠᠭᠠᠨ ᠤ ᠵᠣᠷᠢᠭ ᠰᠠᠨᠠᠭ᠎ᠠ᠂ ᠬᠦᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠤᠷᠠᠯ ᠢ ᠡᠷᠬᠢᠮᠯᠡᠨ | ᠨᠠᠶᠢᠷᠰᠠᠭ ᠪᠠᠶᠢᠬᠤ᠂ ᠲᠡᠷᠢᠭᠦᠨ ᠤ ᠬᠢ ᠠᠴᠠ ᠰᠤᠷᠤᠯᠴᠠᠬᠤ ᠬᠡᠪ ᠰᠤᠷᠲᠠᠯ ᠲᠠᠢ ᠪᠣᠯᠭᠠᠨ᠎ᠠ᠃ ᠪᠦᠬᠦ ᠠᠷᠠᠳ ᠢᠶᠠᠷ ᠢᠶᠠᠨ | ᠨᠣᠮ ᠪᠢᠴᠢᠭ ᠣᠩᠰᠢᠬᠤ ᠶᠢ ᠤᠷᠢᠶᠠᠯᠠᠨ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠵᠤ᠂ ᠨᠣᠮ | ᠪᠢᠴᠢᠭ ᠣᠩᠰᠢᠬᠤ ᠶᠢ ᠣᠶᠣᠨ ᠰᠠᠨᠠᠭᠠᠨ ᠤ ᠨᠢᠭᠡ ᠵᠦᠢᠯ ᠤᠨ ᠬᠦᠭᠡᠭᠡᠴᠡᠯᠳᠦᠯ ᠪᠣᠯᠭᠠᠨ᠂ ᠨᠠᠰᠤᠨ ᠲᠤᠷᠰᠢ | ᠰᠤᠷᠤᠯᠴᠠᠬᠤ ᠶᠢ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ᠃ ᠬᠦᠮᠦᠨ ᠰᠣᠶᠣᠯ ᠤᠨ ᠵᠣᠷᠢᠭ ᠰᠠᠨᠠᠭᠠᠨ ᠤ | ᠪᠠᠶᠢᠭᠤᠯᠤᠯᠲᠠ ᠶᠢ ᠴᠢᠬᠤᠯᠠᠴᠢᠯᠠᠵᠤ᠂ ᠶᠣᠰᠣᠯᠠᠯ ᠤᠨ ᠪᠣᠯᠪᠠᠰᠤᠨ᠂ ᠦᠭᠡ ᠬᠡᠯᠡᠨ ᠤ ᠪᠣᠯᠪᠠᠰᠤᠨ᠂ ᠵᠠᠮ | ᠬᠠᠷᠢᠯᠴᠠᠭᠠᠨ ᠤ ᠪᠣᠯᠪᠠᠰᠣᠨ᠂ ᠬᠤᠭᠤᠯᠠᠨ ᠰᠢᠷᠡᠭᠡᠨ ᠤ ᠪᠣᠯᠪᠠᠰᠣᠨ᠂ ᠰᠦᠯᠵᠢᠶ᠎ᠡ ᠶᠢᠨ ᠪᠣᠯᠪᠠᠰᠤᠨ ᠢ ᠬᠦᠮᠦᠵᠢᠭᠦᠯᠵᠤ᠂ | ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠣᠯᠣᠨ ᠨᠡᠶᠢᠭᠡᠮ ᠤᠨ ᠪᠣᠯᠪᠠᠰᠣᠨ ᠤ ᠲᠥᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠡᠷᠬᠢᠮ ᠳᠡᠭᠡᠳᠦ ᠰᠣᠶᠣᠯ ᠤᠨ ᠬᠡᠷᠡᠭᠯᠡᠭᠡ ᠶᠢ ᠬᠦᠲᠦᠯᠦᠨ ᠳᠠᠭᠠᠭᠤᠯᠵᠤ᠂ ᠴᠦᠭᠡᠨ | ᠲᠣᠭᠠᠳᠣ ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠣᠨ ᠰᠢ ᠵᠦᠴᠦᠭᠡ᠂ ᠤᠷᠠᠨ ᠪᠢᠴᠢᠯᠭᠡ᠂ ᠡᠷᠬᠢᠮᠰᠦᠭ | ᠰᠣᠶᠣᠯ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨᠴᠢ᠂ ᠡᠷᠡᠭᠦᠯ ᠡᠩᠬᠡ ᠰᠣᠶᠣᠯ ᠤᠨ ᠠᠭᠤᠯᠬᠤᠨ ᠢ ᠪᠣᠳᠠᠰ ᠤᠨ ᠪᠣᠯᠪᠠᠰᠣᠨ᠂ | ᠤᠶᠤᠨ ᠤ ᠪᠣᠯᠪᠠᠰᠣᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠳᠤ ᠨᠡᠪᠴᠢᠭᠦᠯᠦᠨ ᠰᠢᠩᠭᠡᠭᠡᠵᠦ᠂ | ᠬᠥᠭᠵᠢᠯᠲᠡ ᠶᠢ ᠨᠡᠩ ᠡᠶᠡᠪᠡᠷᠬᠦ᠂ ᠵᠣᠯ ᠵᠢᠷᠭᠠᠯ ᠢ ᠨᠡᠩ ᠡᠭᠡᠯᠢᠲᠡᠢ ᠰᠠᠨᠠᠭᠳᠠᠭᠤᠯᠵᠤ᠂ ᠪᠣᠯᠪᠠᠰᠣᠨ ᠪᠠᠶᠢᠬᠤ ᠶᠢ ᠦᠪᠦᠷ | ᠮᠣᠩᠭᠤᠯ ᠤᠨ ᠴᠤᠭ ᠵᠢᠪᠬᠤᠭ᠎ᠠ ᠪᠠ ᠳᠦᠷᠢ ᠳᠦᠷᠬᠦ ᠪᠣᠯᠭᠠᠨ᠎ᠠ᠃ ᠬᠤᠲᠠ ᠶᠢᠨ ᠰᠣᠶᠣᠯ ᠤᠨ | ᠠᠭᠤᠯᠬᠤᠨ ᠢ ᠳᠡᠭᠡᠭᠰᠢᠯᠡᠭᠦᠯᠵᠦ᠂ ᠲᠡᠤᠬᠡ ᠰᠣᠶᠣᠯ᠂ ᠬᠤᠪᠢᠰᠬᠠᠯᠲᠤ ᠰᠣᠶᠣᠯ᠂ ᠦᠨᠳᠦᠰᠦᠲᠡᠨ ᠤ ᠵᠠᠩ ᠦᠢᠯᠡ ᠶᠢᠨ | ᠰᠣᠶᠣᠯ᠂ ᠪᠠᠶᠢᠭᠠᠯᠢ ᠶᠢᠨ ᠠᠮᠢ ᠠᠬᠤᠢ ᠶᠢᠨ ᠰᠣᠶᠣᠯ ᠢ ᠬᠤᠲᠠ ᠶᠢᠨ ᠲᠥᠯᠥᠪᠵᠢᠭᠦᠯᠭᠡ᠂ ᠪᠠᠷᠢᠯᠭ᠎ᠠ᠂ ᠵᠡᠭᠡᠯᠢ | ᠭᠤᠳᠤᠮᠵᠢ ᠳᠤ ᠠᠭᠤᠰᠤᠭᠤᠯᠤᠨᠠ᠃ ᠲᠡᠤᠬᠡ ᠶᠢᠨ ᠳᠤᠷᠠᠰᠬᠠᠯᠲᠤ ᠪᠠᠷᠢᠯᠭ᠎ᠠ ᠪᠠ ᠲᠡᠤᠬᠡ ᠰᠣᠶᠣᠯ ᠤᠨ ᠵᠡᠭᠡᠯᠢ | ᠭᠤᠳᠤᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ ᠳᠤᠷᠠᠳᠬᠠᠯ ᠢ ᠨᠢ ᠬᠠᠳᠠᠭᠠᠯᠠᠨ ᠦᠯᠡᠳᠡᠭᠡᠨ᠎ᠠ᠃ | ᠤᠶᠤᠨᠳᠤ ᠬᠤᠲᠠ᠂ ᠪᠣᠬᠢᠷᠲᠤᠯ ᠦᠭᠡᠢ ᠬᠤᠲᠠ᠂ ᠬᠦᠮᠦᠨ ᠰᠣᠶᠣᠯ ᠤᠨ ᠬᠤᠲᠠ ᠶᠢ ᠪᠦᠲᠦᠭᠡᠨ ᠪᠠᠶᠢᠭᠤᠯᠵᠤ᠂ ︽ | ᠬᠤᠲᠠ ᠪᠠᠷ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠬᠤ︾ ᠶᠢ ᠥᠨᠡᠨᠬᠦ ᠪᠡᠶᠡᠯᠡᠭᠦᠯᠦᠨ᠎ᠡ᠃ ᠦᠪᠡᠷ ᠢᠶᠠᠨ | ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ ᠲᠤᠰᠬᠤᠨ ᠤ | ᠵᠠᠰᠠᠯᠲᠠ ᠶᠢ ᠠᠬᠢᠭᠤᠯᠣᠨ᠂ ᠬᠡᠪ ᠵᠠᠩᠰᠢᠯ ᠢ ᠦᠭᠡᠷᠡᠴᠢᠯᠡᠬᠦ ᠶᠢ ᠦᠷᠨᠢᠭᠦᠯᠵᠣ᠂ ᠬᠦᠳᠡᠭᠡ ᠲᠣᠰᠬᠤᠨ ᠤ ᠰᠣᠶᠣᠯ ᠢ | ᠮᠠᠨᠳᠤᠭᠤᠯᠤᠨ ᠬᠥᠭᠵᠢᠭᠦᠯᠵᠦ᠂ ᠬᠦᠳᠡᠭᠡ ᠨᠤᠲᠤᠭ ᠤᠨ ᠪᠣᠯᠪᠠᠰᠤᠨ ᠵᠠᠩᠰᠢᠯ ᠢ ᠬᠦᠮᠦᠵᠢᠭᠦᠯᠦᠨ᠂ ᠪᠠᠶᠢᠭᠠᠯᠢ ᠶᠢᠨ | ᠠᠮᠢ ᠠᠬᠤᠢ ᠶᠢᠨ ᠦᠩᠭᠡ ᠳᠥᠷᠰᠦ ᠶᠢ ᠨᠢ ᠬᠠᠮᠠᠭᠠᠯᠠᠨ᠂ ᠬᠦᠳᠡᠭᠡ ᠲᠣᠰᠬᠤᠨ ᠢ ᠨᠡᠩ ᠦᠵᠡᠰᠭᠦᠯᠡᠩ ᠰᠠᠶᠢᠬᠠᠨ | ᠪᠣᠯᠭᠠᠵᠤ᠂ ᠠᠭᠤᠯᠠ ᠨᠢ ᠬᠠᠷᠠᠭᠠᠨ ᠳᠤ ᠲᠣᠳᠣᠷᠠᠵᠣ᠂ ᠤᠰᠤ ᠨᠢ ᠲᠣᠩᠭᠠᠯᠠᠭ ᠬᠠᠷᠠᠭᠳᠠᠨ᠂ ᠨᠤᠲᠤᠭ ᠤᠰᠤ ᠶᠢ | ᠰᠠᠨᠠᠭᠠᠯᠵᠠᠭᠤᠯᠬᠤ ᠪᠤᠯᠭᠠᠨ᠎ᠠ᠃ ︵ᠨᠠᠢᠮᠠ︶ ᠪᠣᠬᠢᠷᠲᠤᠯ ᠦᠭᠡᠢ ᠦᠪᠦᠷ ᠮᠣᠩᠭᠤᠯ ᠤᠨ ᠪᠠᠶᠢᠭᠤᠯᠤᠯᠲᠠ ᠶᠢ | ᠭᠦᠨᠵᠡᠭᠡᠢ ᠠᠬᠢᠭᠤᠯᠤᠨ᠎ᠠ᠃ ︽ᠭᠦᠭᠡᠮᠳᠦᠭ ᠨᠤᠭᠤᠭᠠᠠ ᠠᠭᠤᠯᠨ ᠤᠰᠤ ᠪᠣᠯ ᠲᠠᠷᠤᠢ ᠠᠯᠳᠠ ᠮᠦᠩᠭᠦᠨ ᠠᠭᠤᠯᠨ | ᠤᠰᠦ︾ ᠭᠡᠮᠡᠭᠦ ᠤᠢᠢᠯᠠᠭᠠᠬᠳᠠᠬᠤᠨ ᠢ ᠪᠠᠳᠣ ᠪᠠᠬᠢ ᠪᠣᠢ ᠪᠣᠯᠭᠠᠵᠣ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ | ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ | ᠪᠠᠷᠢᠮᠲᠠᠯᠠᠵᠤ᠂ ᠣᠳᠣ ᠶᠢᠨ ᠪᠠᠶᠢᠭ᠎ᠠ ᠭᠦᠭᠡᠮᠳᠦᠭ ᠨᠤᠭᠤᠭᠠᠠ ᠠᠭᠤᠯᠨ ᠤᠰᠤ ᠪᠠᠨ ᠰᠠᠶᠢᠲᠤᠷ ᠬᠠᠮᠠᠭᠠᠯᠠᠬᠤ ᠪᠠᠷ | ᠪᠠᠷᠠᠬᠤ ᠦᠭᠡᠢ᠂ ᠪᠠᠰᠠ ᠠᠮᠢ ᠠᠬᠤᠢ ᠶᠢ ᠴᠢᠷᠮᠠᠶᠢᠨ ᠦᠡᠭᠬᠡᠰᠢᠬᠦᠯᠦᠨ ᠰᠡᠷᠬᠦᠬᠡᠵᠦ᠂ ᠤᠤᠯ ᠤᠨ ᠦᠩᠭᠡ | ᠦᠵᠡᠮᠵᠢ ᠶᠢ ᠨᠢ ᠰᠡᠷᠭᠦᠭᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠥᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠠᠭᠤᠯᠠ ᠤᠰᠤ ᠤᠢ ᠮᠣᠳᠣ ᠡᠪᠡᠰᠦ ᠲᠠᠷᠢᠶ᠎ᠠ ᠨᠠᠭᠤᠷ | ᠴᠦᠬᠦᠷᠦᠮ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠯᠡᠨ᠂ ᠪᠠᠶᠢᠭᠠᠯᠢᠯᠢᠬ ᠣᠢ ᠰᠢᠭᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠰᠢᠨ᠎ᠡ ᠨᠢᠭᠡ ᠡᠭᠡᠯᠵᠢ ᠶᠢᠨ | ᠲᠠᠷᠢᠶᠠᠯᠠᠬᠤ ᠶᠢ ᠵᠣᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ ᠬᠤᠯᠠᠨ ᠰᠢᠷᠭ᠎ᠠ | ᠳᠠᠭ᠎ᠠ ᠶᠢᠨ ᠡᠯᠡᠰᠦ ᠪᠠ ᠬᠤᠷᠴᠢᠨ ᠤ ᠡᠯᠡᠰᠦ ᠮᠠᠩᠬ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠤᠰᠬᠠᠢ | ᠵᠠᠰᠠᠯᠲᠠ ᠶᠢ ᠬᠡᠷᠡᠭᠵᠢᠭᠦᠯᠦᠨ᠎ᠡ᠃ ᠣᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠭᠠᠯᠪᠤᠷᠢᠯᠠᠬᠤ ᠠᠰᠠᠭᠤᠳᠠᠯ ᠢ | ᠡᠷᠡᠰ ᠴᠡᠭᠴᠡᠯᠡᠨ ᠵᠠᠰᠠᠵᠤ᠂ ᠬᠦᠯᠦᠨ ᠪᠤᠶᠢᠷ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠭᠠᠵᠠᠷ ᠣᠷᠣᠨ ᠳᠠᠬᠢ | ᠲᠠᠷᠢᠶᠠᠯᠠᠬᠤ ᠶᠢ ᠵᠣᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ | ᠤᠰᠤᠨ ᠰᠣᠷᠪᠣᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠭᠠᠵᠠᠷ | ᠳᠣᠣᠷᠠᠬᠢ ᠤᠰᠤ ᠶᠢ ᠬᠡᠲᠦᠷᠬᠡᠢ ᠲᠠᠲᠠᠭᠰᠠᠨ ᠣᠷᠣᠨ ᠳᠤ ᠶᠡᠷᠦᠩᠬᠡᠶᠢᠯᠡᠨ ᠵᠠᠰᠠᠬᠤ ᠶᠢ ᠦᠷᠨᠢᠭᠦᠯᠣᠨ᠎ᠠ᠃ ᠪᠣᠬᠢᠷ | ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠢ ᠠᠬᠤᠢ ᠶᠢ ᠡᠪᠳᠡᠨ ᠰᠦᠢᠳᠬᠡᠭᠰᠡᠨ ᠪᠠ | ᠣᠷᠴᠢᠨ ᠲᠣᠭᠤᠷᠢᠨ ᠢ ᠪᠣᠬᠢᠷᠲᠤᠭᠤᠯᠤᠭᠰᠠᠨ ᠦᠢᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠪᠣᠬᠢᠷᠳᠦᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠣᠬᠢᠷᠳᠣᠯ | ᠦᠭᠡᠢ ᠦᠢᠯᠡᠳᠪᠦᠷᠢᠯᠡᠵᠦ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠠᠵᠤ ᠠᠬᠤᠢ ᠶᠢᠨ | ᠰᠢᠰᠲ᠋ᠧᠮ ᠢ ᠪᠠᠶᠢᠭᠤᠯᠤᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ | ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠪᠣᠬᠢᠷᠳᠣᠯ ᠦᠭᠡᠢ ᠠᠵᠤ ᠠᠬᠤᠶᠢᠯᠠᠯ᠂ | ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ | ᠪᠣᠬᠢᠷᠳᠣᠯ ᠦᠭᠡᠢ ᠳᠣᠣᠷ᠎ᠠ ᠨᠡᠭᠦᠷᠡᠰᠦᠲᠦ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠷᠪᠢᠯᠠᠨ | ᠭᠠᠮᠨᠠᠬᠤ ᠬᠡᠯᠪᠡᠷᠢ ᠪᠦᠬᠦᠢ ᠨᠡᠶᠢᠭᠡᠮ ᠢ ᠪᠠᠶᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠦᠨ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ ᠪᠠ ᠢᠵᠢ | ᠪᠦᠷᠢᠳᠦᠭᠦᠯᠦᠭᠰᠡᠨ ᠳᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ | ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠵᠦ᠂ ᠤᠳᠤᠷᠢᠳᠬᠤ ᠺᠠᠳ᠋ᠷᠴᠤᠳ ᠤᠨ | ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢ ᠬᠢᠨᠠᠨ ᠪᠣᠳᠣᠬᠤ ᠡᠵᠢᠯ ᠢ ᠪᠦᠬᠦ | ᠲᠠᠯ᠎ᠠ ᠪᠠᠷ ᠬᠢᠵᠦ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠲᠥᠯᠥᠪᠦᠷᠢᠯᠡᠬᠦ | ᠲᠣᠭᠲᠠᠴᠠ ᠶᠢ ᠰᠤᠳᠤᠯᠤᠨ ᠪᠠᠶᠢᠭᠤᠯᠤᠨ᠎ᠠ᠃ ᠠᠮᠢ ᠠᠬᠤᠢ ᠶᠢᠨ ᠤᠯᠠᠭᠠᠨ ᠱᠤᠭᠤᠮ ᠢ ᠲᠣᠭᠲᠠᠭᠠᠬᠤ ᠠᠵᠢᠯ ᠢ | ᠪᠡᠶᠡᠯᠡᠭᠦᠯᠦᠨ᠎ᠡ᠃ ᠨᠠᠭᠤᠷ ᠭᠤᠣᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ ᠭᠤᠣᠯ ᠮᠦᠷᠡᠨ ᠤ | ᠲᠠᠷᠤᠭ᠎ᠠ ᠶᠢᠨ ᠲᠦᠷᠢᠮ ᠪᠠ ᠨᠠᠭᠤᠷ ᠴᠥᠬᠦᠷᠦᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ | ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ | ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠥᠮᠥᠵᠢᠯ ᠤᠨ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠤᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠦᠷᠨᠢᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠤᠨ᠎ᠠ᠃ ︽ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠥᠷᠦᠭᠡᠳᠦᠯ ᠢᠶᠠᠷ ᠪᠢᠳᠠᠨ ᠤ ᠲᠡᠮᠡᠴᠡᠬᠦ ᠬᠠᠷᠠᠯᠲᠠ ᠪᠠᠨ | ᠪᠣᠯᠭᠠᠬᠤ︾ ᠶᠢ ᠢᠮᠠᠭᠲᠠ ᠪᠠᠲᠤ ᠴᠡᠭᠡᠵᠢᠯᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠪᠠ | ᠨᠠᠮ ᠤᠨ ᠣᠯᠠᠨ ᠲᠥᠮᠡᠨᠴᠢ ᠱᠤᠭᠤᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ | ᠠᠭᠤᠰᠤᠯᠴᠠᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠪᠦᠬᠦᠢ ᠵᠠᠰᠠᠭ ᠤᠨ | ᠣᠷᠳᠣᠨ ᠢ ᠪᠠᠶᠢᠭᠤᠯᠤᠨ᠎ᠠ᠃ ᠰᠢᠨ᠎ᠡ ᠴᠠᠭ ᠦᠶ᠎ᠡ ᠠᠷᠠᠳ ᠤᠨ ᠵᠠᠰᠠᠭ ᠤᠨ ᠣᠷᠳᠣᠨ ᠢ ᠡᠷᠬᠡᠪᠰᠢ ᠰᠢᠨ᠎ᠡ | ᠳᠥᠷᠰᠦ ᠪᠠᠶᠢᠳᠠᠯ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠂ ᠪᠢᠳᠠ ᠢᠮᠠᠭᠲᠠ ᠴᠠᠭ ᠦᠶ᠎ᠡ ᠶᠢᠨ ᠡᠮᠦᠨ᠎ᠠ | ᠡᠩᠨᠡᠭᠡᠨ ᠳᠤ ᠬᠤᠰᠢᠭᠤᠷᠠᠵᠦ᠂ ᠴᠠᠭ ᠦᠶ᠎ᠡ ᠪᠠ ᠠᠷᠠᠳ ᠲᠦᠮᠡᠨ ᠤ ᠳᠠᠭᠤᠨ ᠢ ᠰᠤᠨᠤᠰᠤᠨ᠂ ᠵᠣᠷᠢᠭᠲᠠᠢ ᠪᠠᠷ | ᠤᠷᠤᠭᠰᠢᠯᠠᠬᠤ ᠴᠤᠭ ᠵᠢᠪᠬᠤᠭ᠎ᠠ ᠶᠢ ᠪᠠᠲᠤᠳᠬᠠᠵᠤ᠂ ᠰᠤᠷᠤᠯᠴᠠᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠡᠷᠳᠡᠮ ᠴᠢᠳᠠᠪᠤᠷᠢ᠂ | ᠲᠥᠭᠰᠢᠬᠦᠷᠢ ᠶᠢ ᠡᠵᠡᠮᠳᠡᠬᠦ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠠᠮᠢᠵᠢᠷᠠᠯ ᠤᠨ | ᠬᠦᠴᠦᠨ ᠪᠢᠯᠬᠠᠭᠰᠠᠨ ᠰᠤᠷᠤᠯᠴᠠᠬᠤ ᠬᠡᠯᠪᠡᠷᠢ ᠪᠦᠬᠦᠢ᠂ ᠰᠢᠨ᠎ᠡ ᠶᠢ ᠡᠭᠦᠳᠬᠦ ᠬᠡᠯᠪᠡᠷᠢ ᠪᠦᠬᠦᠢ ᠵᠠᠰᠠᠭ ᠤᠨ | ᠣᠷᠳᠣᠨ ᠢ ᠪᠠᠶᠢᠭᠤᠯᠤᠨ᠎ᠠ᠃ ᠬᠠᠣᠯᠢ ᠪᠠᠷ ᠵᠠᠰᠠᠬᠤ ᠢᠲᠡᠭᠡᠯ ᠪᠢᠰᠢᠷᠡᠯ᠂ ᠬᠠᠣᠯᠢ ᠪᠠᠷ ᠵᠠᠰᠠᠬᠤ ᠰᠡᠳᠬᠢᠬᠦᠢ ᠶᠢ | ᠵᠠᠰᠠᠭ ᠤᠨ ᠣᠷᠳᠣᠨ ᠤ ᠠᠵᠢᠯᠲᠠᠳ ᠤᠨ ᠤᠭᠤᠷᠠᠭ ᠲᠠᠷᠢᠬᠢᠨ ᠳᠤ ᠰᠠᠭᠤᠬᠳᠠᠭᠤᠯᠵᠦ᠂ ᠵᠠᠰᠠᠭ ᠤᠨ ᠣᠷᠳᠣᠨ ᠤ | ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠣᠯᠢ ᠪᠠᠷ | ᠲᠣᠭᠲᠠᠭᠠᠬᠤ ᠶᠢ ᠠᠬᠢᠭᠤᠯᠤᠨ᠂ ᠵᠠᠰᠠᠭ ᠤᠨ ᠣᠷᠳᠣᠨ ᠤ ᠠᠵᠢᠯ ᠤᠨ ᠡᠷᠬᠡ ᠶᠢᠨ ᠵᠢᠷᠤᠮᠵᠢᠬᠤ ᠶᠢ ᠠᠬᠢᠭᠤᠯᠵᠤ᠂ | ᠵᠠᠰᠠᠭ ᠵᠠᠬᠢᠷᠭᠠᠨ ᠤ ᠦᠢᠯᠡᠴᠢᠯᠡᠭᠡᠨ ᠤ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠶᠢᠨ ᠪᠠᠶᠢᠩᠭᠤᠵᠢᠭᠤᠯᠬᠤ ᠶᠢ ᠬᠡᠷᠡᠭᠵᠢᠭᠦᠯᠵᠦ᠂ | ᠴᠢᠩᠭ᠎ᠠ ᠪᠦᠭᠡᠳ ᠵᠢᠷᠤᠮᠵᠢᠭᠤᠨ᠂ ᠲᠥᠪ ᠭᠤᠣᠯᠴᠢ ᠪᠦᠭᠡᠳ ᠪᠣᠯᠪᠠᠰᠤᠨ ᠢᠶᠠᠷ ᠬᠠᠣᠯᠢ ᠶᠢ ᠬᠡᠷᠡᠭᠵᠢᠭᠦᠯᠵᠦ᠂ ᠢᠯᠡ | ᠲᠣᠳᠣ᠂ ᠲᠥᠪ ᠭᠤᠣᠯᠴᠢ᠂ ᠦᠨᠳᠦᠷ ᠪᠦᠲᠦᠮᠵᠢᠲᠡᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠶᠢ ᠴᠢᠬᠤᠯᠠ | ᠵᠢᠷᠤᠮᠯᠠᠯ ᠪᠣᠯᠭᠠᠵᠤ᠂ ᠶᠠᠷᠢᠪᠠᠰᠤ ᠬᠢᠵᠦ᠂ ᠬᠢᠪᠡᠰᠦ ᠪᠦᠲᠦᠭᠡᠵᠦ᠂ ᠰᠢᠨ᠎ᠡ ᠳᠠᠷᠤᠭ᠎ᠠ ᠨᠠᠷ ᠡᠷᠬᠡᠪᠰᠢ ᠥᠩᠭᠡᠷᠡᠭᠰᠡᠨ ᠤ | ᠳᠠᠩᠰᠠ ᠶᠢ ᠰᠢᠢᠳᠪᠦᠷᠢᠯᠡᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠦᠷᠨᠢᠭᠦᠯᠦᠨ᠂ ᠲᠠᠰᠤᠷᠠᠯᠲᠠ ᠦᠭᠡᠢ ᠬᠤᠪᠢᠷᠠᠵᠤ ᠪᠠᠶᠢᠭ᠎ᠠ | ᠪᠠᠶᠢᠳᠠᠯ ᠢ ᠡᠵᠡᠮᠳᠡᠵᠦ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠴᠢᠩᠭᠠᠳᠬᠠᠨ᠎ᠠ᠃ ︽ | ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠳᠡ ᠶᠢ ᠬᠦᠴᠦᠲᠡᠢ | ᠠᠳᠬᠤᠬᠤ ᠡᠷᠳᠡᠮ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠬᠡᠷᠡᠭᠵᠢᠭᠦᠯᠤᠯᠳᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠣᠯᠢ ᠶᠣᠰᠣᠭᠠᠷ ᠬᠦᠯᠢᠶᠡᠨ ᠠᠪᠴᠤ᠂ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯᠲᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠢᠨᠠᠨ ᠪᠣᠳᠣᠵᠤ | ᠬᠢᠨᠠᠯᠲᠠ ᠲᠠᠯᠪᠢᠯᠲᠠ ᠶᠢ ᠴᠢᠩᠭᠠᠳᠬᠠᠨ᠂ ᠡᠷᠬᠡ ᠪᠠ ᠬᠠᠷᠢᠭᠤᠴᠠᠯᠭ᠎ᠠ ᠨᠢ ᠨᠢᠭᠡᠳᠦᠯᠲᠡᠢ ᠬᠠᠷᠢᠭᠤᠴᠠᠯᠭᠠᠲᠤ ᠵᠠᠰᠠᠭ ᠤᠨ | ᠣᠷᠳᠣᠨ ᠢ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠬᠢᠭᠡᠳ ᠥᠪᠡᠷᠲᠡᠭᠡᠨ ᠵᠠᠰᠠᠬᠤ | ᠣᠷᠣᠨ ᠤ ᠢᠵᠢ ᠪᠦᠷᠢᠳᠦᠭᠦᠯᠦᠭᠰᠡᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ | ᠢ ᠵᠠᠯᠠᠷᠠᠭᠤᠯᠬᠤ ᠶᠢ ᠡᠭᠦᠷᠢᠳᠡ ᠪᠠᠷᠢᠮᠲᠠᠯᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠰᠤᠷᠲᠠᠯ ᠴᠢᠭᠡᠴᠢ ᠣᠪᠣᠷ ᠲᠥᠪ ᠪᠠᠶᠢᠬᠤ ᠠᠷᠢᠭᠤᠨ | ᠴᠢᠭᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠲᠥᠯᠥᠭᠡᠯᠡᠭᠴᠢᠳ ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠨᠢᠭᠡᠨᠲᠡ 70 ᠵᠢᠯ ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ | ᠦᠶ᠎ᠡ ᠳᠤ ᠤᠷᠤᠯ᠎ᠠ᠂ ᠪᠢᠳᠡ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠦᠨᠳᠦᠰᠦᠲᠡᠨ ᠤ ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠪᠠᠷ ᠰᠢᠢᠳᠪᠦᠷᠢᠯᠡᠬᠦ ᠵᠥᠪ | ᠵᠠᠮ ᠢᠶᠠᠷ ᠭᠤᠶᠢᠪᠢᠰᠢ ᠦᠭᠡᠢ ᠵᠠᠮᠨᠠᠨ᠂ ᠨᠠᠮ ᠤᠨ ᠦᠨᠳᠦᠰᠦᠲᠡᠨ ᠤ ᠲᠣᠬᠠᠢ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ᠂ ᠦᠨᠳᠦᠰᠦᠲᠡᠨ ᠤ ᠡᠮ | ᠡᠮᠨᠡᠯᠭᠡ᠂ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯ ᠦᠢᠯᠡᠰ ᠢ ᠢᠳᠡᠪᠬᠢᠲᠡᠢ ᠬᠥᠭᠵᠢᠭᠦᠯᠦᠨ᠂ | ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠤᠳᠠ ᠶᠢᠨ | ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠲᠠ᠂ ︽ | ᠭᠤᠷᠪᠠᠨ ᠴᠦᠬᠡᠨ ᠲᠤᠭᠠᠳᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ | ᠵᠡᠷᠭᠡ ᠴᠦᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠪᠣᠯᠣᠨ ᠬᠤᠪᠢᠰᠬᠠᠯ ᠤᠨ ᠡᠷᠳᠡ | ᠴᠢᠯᠦᠭᠡᠯᠡᠭᠳᠡᠭᠰᠡᠨ ᠤᠷᠤᠨ ᠤ ᠬᠥᠭᠵᠢᠯᠲᠡ ᠶᠢ ᠳᠡᠮᠵᠢᠵᠦ᠂ ᠪᠦᠬᠦ ᠣᠷᠣᠨ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ | ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠢ ᠪᠠᠲᠤ ᠴᠣᠭᠴᠠᠯᠠᠨ᠂ ᠥᠨᠳᠦᠰᠦᠲᠡᠨ ᠨᠦᠭᠦᠳ ᠤᠨ ᠰᠣᠯᠢᠯᠴᠠᠵᠤ ᠬᠠᠷᠢᠯᠴᠠᠵᠤ | ᠠᠭᠤᠰᠤᠯᠴᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ ᠦᠷ᠎ᠡ ᠰᠢᠭ | ᠪᠠᠷᠢᠯᠳᠤᠨ ᠨᠢᠭᠲᠠᠷᠠᠵᠤ᠂ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠥᠭᠵᠢᠨ᠎ᠡ᠃ | ᠲᠥᠯᠥᠭᠡᠯᠡᠭᠴᠢᠳ ᠡ︕ ᠥᠪᠥᠷ ᠮᠣᠩᠭᠤᠯ ᠥᠩᠭᠡ ᠭᠡᠷᠡᠯᠲᠦ ᠲᠡᠦᠬᠡ ᠲᠠᠢ ᠪᠠᠶᠢᠵᠤ᠂ ᠥᠪᠥᠷ | ᠮᠣᠩᠭᠤᠯ ᠤᠨ ᠠᠷᠠᠳ ᠲᠦᠮᠡᠨ ᠴᠠᠭ ᠦᠶ᠎ᠡ ᠳᠡᠭᠡᠨ ᠣᠰᠣᠯᠳᠠᠭᠠ ᠦᠭᠡᠢ ᠶᠤᠮ᠃ ᠨᠠᠮ ᠤᠨ ᠤᠳᠤᠷᠢᠳᠤᠯᠭ᠎ᠠ | ᠳᠣᠣᠷ᠎ᠠ᠂ ᠪᠢᠳᠠ ᠪᠦᠬᠦ ᠤᠯᠤᠰ ᠤᠨ ᠠᠷᠠᠳ ᠲᠦᠮᠡᠨ ᠲᠠᠢ ᠬᠠᠮᠲᠤᠪᠠᠷ ᠪᠣᠰᠴᠤ ᠵᠣᠭᠰᠣᠭᠰᠠᠨ᠂ ᠪᠠᠶᠠᠵᠢᠨ | ᠴᠢᠨᠡᠭᠡᠯᠢᠭᠵᠢᠭᠰᠡᠨ ᠠᠭᠤᠤ ᠶᠡᠭᠡ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠰᠢᠨ᠎ᠡ ᠠᠶᠠᠨ ᠢ | ᠡᠬᠢᠯᠡᠭᠦᠯᠦᠨ᠂ ᠪᠢᠳᠠ ᠪᠠᠶᠠᠵᠢᠵᠦ ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠬᠦ ᠠᠭᠤᠤ ᠶᠡᠭᠡ ᠰᠢᠨ᠎ᠡ ᠲᠡᠦᠬᠡᠨ | ᠶᠠᠪᠤᠴᠠ ᠳᠤ᠂ ᠲᠡᠷᠢᠭᠦᠯᠡᠨ ᠣᠷᠤᠭᠰᠢᠯᠠᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠠᠶᠢᠭᠤᠯᠤᠨ᠎ᠠ᠃ | ᠲᠥᠯᠥᠭᠡᠯᠡᠭᠴᠢᠳ ᠡ︕ ᠪᠢᠳᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠡᠷᠡᠰ ᠵᠣᠷᠢᠭᠲᠠᠢ ᠪᠠᠷ ᠴᠢᠷᠮᠠᠶᠢᠨ | ᠣᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ︽ᠦᠵᠡᠰᠭᠦᠯᠡᠩᠲᠦ ᠰᠠᠶᠢᠬᠠᠨ ᠥᠪᠥᠷ | ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠪᠠᠨ ᠬᠠᠮᠲᠤᠪᠡᠷ | ᠲᠡᠷᠭᠡᠯᠰᠢᠭᠦᠯᠬᠦ︾ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |