ᠬᠢᠩᠭᠠᠨ ᠠᠶᠢᠮᠠᠭ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠤᠷᠴᠢᠭᠤᠯᠭ᠎ᠠ ᠶᠢᠨ ᠲᠦᠪ ‍ᠤᠨ‌ᠠᠵᠢᠯᠲᠡᠨ ᠡᠯᠰᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018/6/28
     ᠮᠤᠩᠭᠤᠯ ᠬᠡᠯᠡ ᠪᠢᠴᠢᠭ ᠤᠷᠴᠢᠭᠤᠯᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠢᠩᠭᠠᠨ ᠠᠶᠢᠮᠠᠭ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠤᠷᠴᠢᠭᠤᠯᠭ᠎ᠠ ᠶᠢᠨ ᠲᠦᠪ ᠠᠴᠠ ᠠᠵᠢᠯᠲᠡᠨ ᠤᠷᠢᠵᠤ ᠬᠡᠷᠡᠭᠯᠡᠬᠦ ᠪᠠᠷ ᠲᠤᠭᠲᠠᠪᠠ᠃ ᠬᠠᠮᠢᠶ᠎ᠠ ᠪᠦᠬᠦᠢ ᠲᠦᠷᠢᠮ ᠲᠤᠭᠲᠠᠭᠠᠯ ᠢ ᠦᠨᠳᠦᠰᠦᠯᠡᠨ᠂ ᠤᠳᠤ ᠠᠵᠢᠯᠲᠡᠨ ᠤᠷᠢᠵᠤ ᠬᠡᠷᠡᠭᠯᠡᠬᠦ ᠲᠤᠬᠠᠢ ᠶᠠᠪᠤᠳᠠᠯ ᠤᠳ ᠢ ᠮᠡᠳᠡᠭᠳᠡᠶ᠎ᠡ᠄     ᠨᠢᠭᠡ᠂ ᠤᠷᠢᠵᠤ ᠬᠡᠷᠡᠭᠯᠡᠬᠦ ᠲᠦᠯᠦᠪᠯᠡᠭᠡ     ᠮᠤᠩᠭᠤᠯ ᠬᠢᠲᠡᠳ ᠬᠡᠯᠡ ᠪᠢᠴᠢᠭ ᠤᠨ ᠤᠷᠴᠢᠭᠤᠯᠭ᠎ᠠ ᠶᠢᠨ ᠲᠤᠰᠬᠠᠢ ᠮᠡᠷᠭᠡᠵᠢᠯ ᠤᠨ ᠠᠵᠢᠯᠲᠡᠨ 4 ᠬᠦᠮᠦᠨ ᠡᠯᠰᠡᠨ᠎ᠡ᠃     ᠬᠤᠶᠠᠷ᠂ ᠤᠷᠢᠵᠤ ᠬᠡᠷᠡᠭᠯᠡᠬᠦ ᠱᠠᠭᠠᠷᠳᠠᠯᠭ᠎ᠠ     1. ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠬᠡᠲᠦ ᠠᠷᠠᠳ ᠪᠠᠶᠢᠬᠤ ᠬᠡᠷᠡᠭᠲᠡᠢ︔     2. ᠲᠤᠮᠳᠠᠳᠤ ᠤᠯᠤᠰ ᠤᠨ ᠡᠪ ᠬᠠᠮᠲᠤ ᠨᠠᠮ ᠢ ᠬᠦᠷᠢᠶᠡᠯᠡᠨ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ᠬᠠᠤᠯᠢ ᠴᠠᠭᠠᠵᠠ ᠶᠢ ᠰᠠᠬᠢᠵᠤ᠂ ᠤᠯᠤᠰ ᠦᠨᠳᠦᠰᠦᠳᠡᠨ ᠢᠶᠠᠨ ᠬᠠᠶᠢᠷᠠᠯᠠᠬᠤ ᠬᠡᠷᠡᠭᠲᠡᠢ︔     3. ᠦᠵᠡᠯ ᠰᠠᠨᠠᠭ᠎ᠠ ᠶᠤᠰᠤ ᠮᠤᠷᠠᠯ ᠤᠨ ᠬᠡᠪ ᠪᠤᠯᠪᠠᠰᠤᠷᠠᠯ ᠦᠨᠳᠦᠷ ᠪᠠᠶᠢᠬᠤ ᠬᠡᠷᠡᠭᠲᠡᠢ︔     4. ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 28 ᠨᠠᠰᠤᠨ ᠠᠴᠠ ᠳᠤᠷᠤᠬᠰᠢ ︵2000 ᠤᠨ ᠤ 1 ᠰᠠᠷ᠎ᠠ ᠶᠢᠨ 1 ᠤ ᠡᠳᠤᠷ ᠠᠴᠠ ᠡᠮᠤᠨ᠎ᠠ᠂ 1990 ᠤᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠲᠦᠷᠦᠭᠰᠡᠳ︶ ᠨᠠᠰᠤᠳᠠᠢ ᠪᠠᠶᠢᠬᠤ ᠬᠡᠷᠡᠭᠲᠡᠢ︔     5. ᠪᠦᠬᠦᠯᠢ ᠡᠳᠦᠷ ᠤᠨ ᠲᠦᠷᠢᠮᠲᠤ ᠶᠡᠭᠡ ᠲᠡᠭᠡᠲᠦ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ ᠤᠶᠤᠲᠡᠨ ᠪᠠᠶᠢᠬᠤ ᠬᠡᠷᠡᠭᠲᠡᠢ︔     6. ᠮᠤᠩᠭᠤᠯ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ᠂ ᠬᠤᠤᠰ ᠬᠡᠯᠡᠨ ᠤ ᠲᠤᠰᠬᠠᠢ ᠮᠡᠷᠭᠡᠵᠢᠯ ︵ᠮᠤᠩᠭᠤᠯ ᠬᠢᠲᠡᠳ ᠬᠡᠯᠡ︶ ᠰᠤᠷᠤᠭᠰᠠᠨ ᠤᠶᠤᠲᠡᠨ ᠪᠠᠶᠢᠬᠤ ᠬᠡᠷᠡᠭᠲᠡᠢ︔     7. ᠪᠡᠶ᠎ᠡ ᠮᠠᠬᠠᠪᠤᠳ ᠡᠷᠡᠭᠦᠯ ᠴᠢᠬᠢᠷᠠᠭ᠂ ᠲᠠᠰᠪᠦᠷᠢ ᠬᠠᠲᠠᠭᠤᠵᠢᠯᠲᠠᠢ ᠪᠠᠷ ᠠᠵᠢᠯᠯᠠᠬᠤ ᠵᠤᠷᠢᠭ ᠰᠦᠰᠦ ᠲᠠᠢ ᠪᠠᠶᠢᠬᠤ ᠬᠡᠷᠡᠭᠲᠡᠢ︔     8. ᠤᠷᠴᠢᠭᠤᠯᠬᠤ ᠴᠢᠳᠠᠪᠤᠷᠢ ᠦᠨᠳᠦᠷ᠂ ᠲᠤᠬᠠᠶᠢᠯᠠᠭᠰᠠᠨ ᠠᠵᠢᠯ ᠢᠶᠠᠨ ᠲᠡᠭᠡᠲᠦᠯᠡᠬᠦ ᠤᠪᠤᠷ ᠰᠤᠷᠲᠠᠯ ᠲᠠᠢ ᠪᠠᠶᠢᠬᠤ ᠬᠡᠷᠡᠭᠲᠡᠢ᠃      ᠭᠤᠷᠪᠠ᠂ ᠲᠤᠤᠷᠠᠬᠢ ᠬᠦᠮᠦᠰ ᠢ ᠤᠷᠢᠵᠤ ᠬᠡᠷᠡᠭᠯᠡᠬᠦ ᠦᠭᠡᠢ     1. ᠴᠡᠷᠢᠭ ᠤᠨ ᠠᠯᠪᠠ ᠲᠠᠢ ᠬᠦᠮᠦᠨ᠂ ᠰᠤᠷᠭᠠᠭᠤᠯᠢ ᠲᠡᠭᠦᠰᠦᠭᠡᠲᠦᠢ ᠰᠤᠷᠤᠭᠴᠢ᠂ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠨ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠡᠨ᠂ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠨ ᠪᠠᠶᠢᠭ᠎ᠠ ᠠᠯᠪᠠᠲᠡᠨ ᠪᠠ ᠦᠢᠯᠡᠴᠢᠯᠡᠬᠦ ᠬᠤᠭᠤᠴᠠᠭ᠎ᠠ ᠨᠢ ᠲᠠᠭᠤᠰᠤᠭ᠎ᠠ ᠦᠭᠡᠢ ᠠᠯᠪᠠᠲᠡᠨ ᠵᠡᠷᠭᠡ︔     2. ᠶᠠᠯ᠎ᠠ ᠬᠢᠵᠦ ᠡᠷᠡᠭᠦᠦ ᠶᠢᠨ ᠰᠢᠳᠭᠡᠯ ᠤᠯᠤᠭᠰᠠᠨ ᠪᠠ ᠠᠯᠪᠠᠨ ᠲᠤᠰᠢᠶᠠᠯ ᠠᠴᠠ ᠬᠦᠭᠡᠭᠡᠭᠳᠡᠭᠰᠡᠨ ᠬᠦᠮᠦᠨ᠂ ᠠᠯᠪᠠᠲᠡᠨ ᠤ ᠪᠠ ᠠᠵᠢᠯ ᠦᠢᠯᠡᠰ ᠤᠨ ᠨᠢᠭᠡᠴᠡ ᠶᠢᠨ ᠰᠢᠯᠭᠠᠯᠲᠠ ᠳᠤ ᠰᠢᠯᠭᠠᠯᠲᠠ ᠶᠢᠨ ᠲᠦᠷᠢᠮ ᠪᠠ ᠤᠷᠢᠵᠤ ᠬᠡᠷᠡᠭᠯᠡᠬᠦ ᠲᠦᠷᠢᠮ ᠲᠤᠭᠲᠠᠭᠠᠯ ᠢ ᠬᠦᠨᠳᠦ ᠨᠤᠴᠢᠲᠠᠢ ᠵᠦᠷᠢᠴᠡᠭᠰᠡᠨ ᠪᠦᠭᠡᠳ ᠰᠢᠯᠭᠠᠭᠤᠯᠬᠤ ᠶᠢ ᠴᠠᠭᠠᠵᠠᠯᠠᠭᠰᠠᠨ ᠬᠤᠭᠤᠴᠠᠭᠠᠨ ᠳᠤ ᠪᠠᠶᠢᠬᠤ ᠬᠦᠮᠦᠨ᠂ ᠬᠠᠤᠯᠢ ᠴᠠᠭᠠᠵᠠ ᠲᠦᠷᠢᠮ ᠲᠤᠭᠲᠠᠭᠠᠯ ᠳᠤ ᠠᠵᠢᠯ ᠦᠢᠯᠡᠰ ᠤᠨ ᠨᠢᠭᠡᠴᠡ ᠶᠢᠨ ᠠᠵᠢᠯᠲᠡᠨ ᠢᠶᠠᠷ ᠤᠷᠢᠵᠤ ᠬᠡᠷᠡᠭᠯᠡᠬᠦ ᠶᠢ ᠵᠦᠪᠰᠢᠶᠡᠷᠡᠬᠦ ᠦᠭᠡᠢ ᠬᠦᠮᠦᠰ ᠵᠡᠷᠭᠡ᠃      ᠲᠦᠷᠪᠡ᠂ ᠨᠡᠷ᠎ᠡ ᠮᠡᠳᠡᠭᠦᠯᠬᠦ ᠪᠠ ᠰᠢᠯᠭᠠᠬᠤ     1. ᠡᠨᠡ ᠡᠳᠦᠷ ᠠᠴᠠ ᠡᠬᠢᠯᠡᠨ 2018 ᠤᠨ ᠤ 7 ᠰᠠᠷ᠎ᠠ ᠶᠢᠨ 6 ᠤ ᠡᠳᠦᠷ ᠠᠴᠠ ᠡᠮᠦᠨ᠎ᠡ᠂ ᠰᠢᠯᠭᠠᠭᠤᠯᠤᠭᠰᠡᠳ ᠦᠪᠡᠷ ᠤᠨ ᠲᠤᠪᠴᠢ ᠨᠠᠮᠳᠡᠷ ᠢᠶᠠᠨ ᠬᠢᠩᠭᠠᠨ ᠤ ᠡᠳᠦᠷ ᠤᠨ ᠰᠤᠨᠢᠨ ᠤ ᠬᠤᠷᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠢᠮᠧᠯ ︵xarbsdw@163.com︶ ᠳᠤ ᠶᠠᠪᠤᠭᠤᠯᠤᠭᠠᠷᠠᠢ︔     2. ᠬᠢᠷᠢ ᠬᠡᠮ ᠤᠨ ᠬᠢᠨᠠᠯᠲᠠ ᠬᠢᠵᠦ ᠪᠠᠷᠠᠭᠰᠠᠨ ᠤ ᠳᠠᠷᠠᠭ᠎ᠠ ᠨᠦᠬᠦᠴᠡᠯ ᠳᠤ ᠲᠤᠬᠢᠷᠠᠭᠰᠠᠨ ᠬᠦᠮᠦᠰ ᠲᠤ ᠬᠡᠵᠢᠶ᠎ᠡ ᠬᠠᠮᠢᠭ᠎ᠠ ᠬᠡᠷᠬᠢᠨ ᠰᠢᠯᠭᠠᠬᠤ ᠶᠢ ᠤᠳᠠᠰᠤ ᠪᠠᠷ ᠮᠡᠳᠡᠭᠳᠡᠬᠦ ᠪᠤᠯᠤᠨ᠎ᠠ᠃     ᠲᠠᠪᠤ᠂ ᠤᠷᠢᠵᠤ ᠬᠡᠷᠡᠭᠯᠡᠬᠦ     ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠭᠡᠷ᠎ᠡ ᠶᠢᠨ ᠬᠠᠤᠯᠢ︾ ᠶᠢ ᠦᠨᠳᠦᠰᠦᠯᠡᠵᠦ᠂ ᠡᠮᠦᠨ᠎ᠡ ᠲᠦᠷᠪᠡᠨ ᠨᠡᠷᠡᠰ ᠲᠤ ᠲᠤᠲᠤᠷᠠᠭᠰᠠᠨ ᠰᠢᠯᠭᠠᠭᠤᠯᠤᠭᠰᠠᠳ ᠲᠠᠢ ᠬᠦᠳᠡᠯᠮᠦᠷᠢ ᠶᠢᠨ ᠬᠡᠷ᠎ᠡ ᠲᠤᠭᠲᠠᠭᠠᠨ ᠤᠷᠢᠵᠤ ᠬᠡᠷᠡᠭᠯᠡᠨ᠎ᠡ᠃ ᠴᠠᠯᠢᠩ ᠣᠯᠭᠤᠮᠵᠢ ᠶᠢ ᠬᠠᠮᠢᠶ᠎ᠠ ᠪᠦᠬᠦᠢ ᠲᠦᠷᠢᠮ ᠲᠤᠭᠳᠠᠭᠠᠯ ᠶᠤᠰᠤᠭᠠᠷ ᠲᠤᠭᠳᠠᠭᠠᠨ᠎ᠠ᠃                   ᠬᠠᠷᠢᠯᠴᠠᠬᠤ ᠬᠦᠮᠦᠨ᠄ ᠢᠤᠢ ᠮᠢᠨ               ᠬᠠᠷᠢᠯᠴᠠᠬᠤ ᠤᠳᠠᠰᠤ᠄ 0482 — 2846070                             ᠬᠢᠩᠭᠠᠨ ᠠᠶᠢᠮᠠᠭ ᠤᠨ ᠮᠤᠩᠭᠤᠯ ᠦᠭᠡ ᠬᠡᠯᠡ ᠦᠰᠦᠭ ᠪᠢᠴᠢᠭ ᠤᠨ ᠤᠷᠴᠢᠭᠤᠯᠭ᠎ᠠ ᠶᠢᠨ ᠲᠦᠪ 2018 ᠤᠨ ᠤ 6 ᠰᠠᠷ᠎ᠠ 28 ᠤ ᠡᠳᠦᠷ
 
ᠢᠷᠡᠯᠲᠡ᠄ ᠬᠢᠩᠭᠠᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号