ᠰᠤᠷᠪᠤᠯᠵᠢᠯᠠᠭᠰᠠᠨ ᠴᠠᠭ᠄ 2017 ᠤᠨ ᠤ 7 ᠰᠠᠷ᠎ᠠ ᠶᠢᠨ 13 ᠤ ᠡᠳᠦᠷ | ᠰᠤᠷᠪᠤᠯᠵᠢᠯᠠᠭᠰᠠᠨ ᠵᠤᠴᠢᠨ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠱᠦᠵᠢ ᠵᠤ᠋ ᠴᠧᠩ ᠪᠠᠩ | ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ᠄ | ᠬᠦᠲᠦᠯᠦᠭᠴᠢ᠄ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠳᠤᠷᠬᠠᠢ ᠵᠢᠭᠠᠵᠤ ᠭᠠᠷᠭᠠᠭᠰᠠᠨ ᠨᠢ ᠰᠤᠷᠭᠠᠨ ᠬᠦᠮᠦᠵᠢᠯ ᠢ | ᠳᠡᠷᠢᠭᠦᠨ ᠳᠤ ᠪᠠᠶᠢᠷᠢᠯᠠᠭᠤᠯᠬᠤ ᠬᠦᠭᠵᠢᠭᠦᠯᠦᠯᠲᠡ ᠶᠢᠨ ᠪᠠᠶᠢᠯᠳᠤᠬᠤ ᠪᠤᠲᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ | ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠵᠤ᠂ ᠦᠨᠳᠦᠰᠦᠲᠡᠨ ᠤ ᠰᠤᠷᠭᠠᠨ | ᠬᠦᠮᠦᠵᠢᠯ ᠢ ᠤᠯᠤᠰ ᠤᠨ ᠳᠤᠲᠤᠭᠠᠲᠦ ᠳᠠᠬᠢ ᠲᠡᠷᠢᠭᠦᠨ ᠤ ᠬᠢᠷᠢ ᠲᠦᠪᠰᠢᠨ ᠳᠤ ᠪᠠᠶᠢᠯᠭᠠᠬᠤ ᠶᠢ ᠪᠠᠷᠢᠮᠲᠠᠯᠠᠬᠤ | ᠭᠡᠷᠡᠭᠲᠡᠢ ᠭᠡᠵᠤ ᠲᠤᠳᠤᠷᠬᠠᠢ ᠲᠤᠷᠠᠳᠤᠨ ᠭᠠᠷᠭᠠᠵᠠᠢ᠃ ᠵᠤ᠋ ᠱᠦᠵᠢ ᠠᠴᠠ ᠠᠰᠠᠭᠤᠬᠤ ᠨᠢ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ ᠨᠢ ᠨᠢᠭᠡᠨ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠭᠰᠠᠨ ᠬᠤᠰᠢᠭᠤ | ᠰᠢᠶᠠᠨ ᠪᠤᠯᠤᠭᠰᠠᠨ ᠤ ᠬᠤᠪᠢ ᠳᠤ᠂ ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ | ᠲᠠᠢ ᠬᠦᠭᠵᠢᠭᠦᠯᠬᠦ ᠠᠬᠢᠴᠠ ᠲᠤᠮᠳᠠ ᠪᠠᠨ ᠶᠠᠮᠠᠷ ᠶᠠᠮᠠᠷ ᠪᠤᠲᠠᠲᠠᠢ ᠠᠵᠢᠯ ᠢ ᠬᠢᠭᠰᠡᠨ ᠪᠤᠢ᠂ ᠬᠢᠷᠢ ᠵᠡᠷᠭᠡ ᠶᠢᠨ | ᠠᠮᠵᠢᠯᠲᠠ ᠤᠯᠤᠭᠰᠠᠨ ᠪᠤᠢ︖ | ᠵᠤ᠋ ᠴᠧᠩ ᠪᠠᠩ᠄ ᠦᠨᠳᠦᠰᠦᠲᠡᠨ ᠤ ᠰᠤᠷᠭᠠᠨ ᠬᠦᠮᠦᠵᠢᠯ ᠢ ᠬᠦᠭᠵᠢᠭᠦᠯᠬᠦ ᠲᠠᠯ᠎ᠠ ᠪᠠᠷ᠂ ᠪᠢᠳᠡᠨ ᠬᠡᠴᠢᠶᠡᠯ ᠢ | ᠪᠦᠷᠢᠨ ᠪᠡᠯᠡᠳᠭᠡᠵᠤ᠂ ᠬᠦᠳᠡᠯᠭᠡᠭᠴᠢ ᠬᠦᠴᠦᠨ ᠢ ᠪᠦᠷᠢᠨ ᠳᠠᠶᠢᠴᠢᠯᠠᠵᠤ᠂ ᠳᠠᠯᠲᠠ ᠬᠦᠴᠦᠨ ᠢ ᠪᠦᠷᠢᠨ | ᠪᠠᠳᠠᠷᠠᠭᠤᠯᠵᠠᠢ᠃ ᠤᠷᠤᠭᠤᠯᠤᠯᠲᠠ ᠶᠢᠨ ᠡᠷᠴᠢᠮ ᠢᠶᠠᠨ ᠴᠢᠩᠭᠠᠳᠬᠠᠨ᠂ ᠦᠨᠳᠦᠰᠦᠲᠡᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠦᠭᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠠᠢ᠃ ᠤᠷᠴᠢᠮ ᠤᠨ ᠬᠡᠳᠦᠨ ᠵᠢᠯ ᠳᠤ᠂ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠤᠷᠢᠳ ᠬᠤᠵᠢᠳ1.375 ᠳ᠋ᠦᠩᠰᠢᠭᠤᠷ | ᠲᠦᠭᠦᠷᠢᠭ ᠤᠨ ᠪᠡᠯᠡ ᠮᠦᠩᠭᠦ ᠵᠠᠷᠤᠴᠠᠭᠤᠯᠵᠤ᠂ ᠰᠢᠨ᠎ᠡ ᠪᠠᠷ ᠪᠠᠶᠢᠭᠤᠯᠤᠭᠰᠠᠨ ᠪᠤᠯᠤᠨ ᠪᠠᠬᠢᠵᠢᠭᠦᠯᠦᠭᠰᠡᠨ | ᠬᠤᠰᠢᠭᠤᠨ ᠤ ᠰᠢᠭᠤᠳ ᠬᠠᠷᠢᠶ᠎ᠠ ᠪᠤᠯᠤᠨ ᠪᠠᠯᠭᠠᠰᠤᠨ ᠲᠡᠰ ᠤᠨ ᠦᠨᠳᠦᠰᠦᠲᠡᠨ ᠤ ᠬᠡᠥᠭᠡᠳ ᠤᠨ ᠴᠡᠴᠡᠷᠯᠢᠭ 13 | ᠲᠤᠯᠵᠠᠢ ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ 、 | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠪᠤᠷ ᠰᠤᠷᠭᠠᠭᠤᠯᠢ ᠵᠡᠷᠭᠡ ᠶᠢ ᠰᠢᠨ᠎ᠡ ᠪᠠᠷ ᠪᠠᠶᠢᠭᠤᠯᠵᠠᠢ︔ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠵᠡᠷᠭᠡ 5 ᠦᠨᠳᠦᠰᠦᠲᠡᠨ | ᠤ ᠰᠤᠷᠭᠠᠭᠤᠯᠢ ᠶᠢᠨ ᠲᠠᠮᠢᠷ ᠤᠨ ᠲᠠᠯᠠᠪᠤᠷ 、 ᠬᠢᠮᠡᠯ ᠵᠦᠯᠭᠡ ᠵᠡᠷᠭᠡ ᠳᠠᠭᠠᠯᠲᠠ ᠲᠦᠭᠦᠭᠡᠷᠦᠮᠵᠢ ᠶᠢ ᠪᠠᠶᠢᠭᠤᠯᠵᠤ | ᠲᠠᠭᠤᠰᠬᠠᠵᠠᠢ︔ “ ᠪᠠᠭᠤᠷᠠᠢ ᠰᠤᠷᠭᠠᠭᠤᠯᠢ ᠶᠢ ᠰᠢᠨᠡᠳᠭᠡᠨ ᠵᠠᠰᠠᠬᠤ ᠲᠦᠯᠦᠪᠯᠡᠭᠡ”“ ᠪᠠᠷᠢᠮᠵᠢᠶᠠᠯᠠᠭᠰᠠᠨ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ”“ ᠪᠦᠬᠦ ᠲᠠᠯ᠎ᠠ ᠪᠠᠷ ᠦᠭᠡᠷᠡᠴᠢᠯᠡᠨ ᠰᠢᠨᠡᠳᠭᠡᠬᠦ” ᠲᠦᠷᠦᠯ | ᠵᠦᠢᠯ ᠢ ᠭᠡᠷᠡᠭᠵᠢᠭᠦᠯᠬᠦ ᠪᠠᠷ ᠳᠠᠮᠵᠢᠨ᠂ ᠪᠤᠢ ᠪᠦᠬᠦᠢ ᠦᠨᠳᠦᠰᠦᠲᠡᠨ ᠤ ᠰᠤᠷᠭᠠᠭᠤᠯᠢ ᠶᠢᠨ“ ᠭᠤᠷᠪᠠ ᠶᠢ | ᠨᠡᠪᠲᠡᠷᠡᠭᠦᠯᠬᠦ ᠬᠤᠶᠠᠷ ᠲᠠᠪᠴᠠᠩ” ᠤᠨ ᠪᠠᠶᠢᠭᠤᠯᠤᠯᠲᠠ ᠶᠢ ᠤᠷᠢᠳᠴᠢᠯᠠᠨ ᠪᠦᠲᠦᠭᠡᠨ ᠪᠠᠶᠢᠭᠤᠯᠤᠭᠰᠠᠨ ᠮᠦᠷᠲᠡᠭᠡᠨ | ᠳᠠᠭᠤᠤ ᠲᠠᠮᠢᠷ ᠤᠷᠠᠯᠢᠭ ᠤᠨ ᠵᠢᠭᠠᠨ ᠰᠤᠷᠭᠠᠯᠲᠠ ᠶᠢᠨ ᠪᠠᠭᠠᠵᠢ ᠲᠦᠭᠦᠭᠡᠷᠦᠮᠵᠢ ᠶᠢᠨ ᠬᠤᠳᠠᠯᠳᠤᠨ ᠠᠪᠬᠤ ᠠᠵᠢᠯ ᠢ | ᠪᠡᠶᠡᠯᠡᠭᠦᠯᠵᠡᠢ ︔1000 ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠤ᠂ 20 ᠰᠠᠤᠷᠢ ᠰᠤᠷᠤᠭᠴᠢ | ᠵᠦᠭᠡᠭᠡᠪᠦᠷᠢᠯᠡᠬᠦ ᠲᠡᠷᠭᠡ ᠬᠤᠳᠠᠯᠳᠤᠨ ᠠᠪᠴᠤ᠂ ᠵᠠᠰᠠᠭ ᠤᠨ ᠤᠷᠳᠤᠨ ᠢᠶᠠᠷ ᠤᠳᠤᠷᠢᠳᠤᠮᠵᠢ ᠪᠤᠯᠭᠠᠨ ᠭᠡᠪᠴᠢᠶ᠎ᠡ | ᠪᠠᠷ ᠶᠡᠭᠡ ᠰᠢᠭ ᠦᠨᠳᠦᠰᠦᠨ ᠱᠠᠲᠤᠨ ᠤ 4 ᠰᠠᠭᠤᠷᠢ ᠦᠨᠳᠦᠰᠦᠲᠡᠨ ᠤ ᠰᠤᠷᠭᠠᠭᠤᠯᠢ ᠳᠤ ᠦᠢᠯᠡᠴᠢᠯᠡᠭᠦᠯᠬᠦ | ᠭᠡᠵᠤ ᠬᠦᠷᠭᠡᠪᠡ᠃ ᠤᠳᠤᠬᠠᠨ ᠳᠤ᠂ ᠪᠦᠬᠦ ᠬᠤᠰᠢᠭᠤᠨ ᠤ ᠪᠤᠢ ᠪᠦᠬᠦᠢ ᠦᠨᠳᠦᠰᠦᠲᠡᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠦᠭᠦᠴᠡᠯ ᠪᠦᠷ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠨ ᠳᠤ ᠬᠦᠷᠴᠡᠢ᠃ | ᠰᠤᠷᠭᠠᠨ ᠬᠦᠮᠦᠵᠢᠯ ᠤᠨ ᠵᠠᠷᠤᠳᠠᠯ ᠢ ᠨᠡᠮᠡᠭᠳᠡᠭᠦᠯᠵᠤ᠂ ᠦᠨᠳᠦᠰᠦᠲᠡᠨ ᠤ ᠰᠤᠷᠭᠠᠭᠤᠯᠢ ᠶᠢᠨ ᠪᠦᠲᠦᠮᠵᠢ | ᠰᠠᠶᠢᠲᠠᠢ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠠᠢ᠃ ᠦᠨᠳᠦᠰᠦᠲᠡᠨ ᠤ ᠰᠤᠷᠭᠠᠨ ᠬᠦᠮᠦᠵᠢᠯ ᠤᠨ | ᠲᠤᠰᠬᠠᠢ ᠵᠦᠢᠯ ᠤᠨ ᠪᠡᠯᠡ ᠮᠦᠩᠭᠦ ᠶᠢᠨ ᠤᠷᠲᠦ ᠬᠤᠭᠤᠴᠠᠭᠠᠨ ᠤ ᠪᠦᠲᠦᠮᠵᠢᠲᠦ ᠲᠤᠭᠲᠠᠴᠠ ᠶᠢ ᠪᠠᠶᠢᠭᠤᠯᠵᠤ᠂ | ᠡᠳ᠋ ᠤᠨ ᠵᠠᠰᠠᠭ ᠤᠨ ᠰᠢᠯᠵᠢᠭᠦᠯᠦᠨ ᠦᠭᠬᠦ ᠪᠡᠯᠡ ᠮᠦᠩᠭᠦ ᠪᠤᠯᠤᠨ ᠬᠤᠰᠢᠭᠤᠨ ᠲᠡᠰ ᠤᠨ ᠱᠠᠲᠤᠨ ᠤ ᠡᠳ᠋ ᠤᠨ | ᠬᠦᠴᠦᠨ ᠢ ᠲᠤᠬᠢᠷᠠᠭᠤᠯᠤᠨ ᠦᠨᠳᠦᠰᠦᠲᠡᠨ ᠤ ᠰᠤᠷᠭᠠᠨ ᠬᠦᠮᠦᠵᠢᠯ ᠲᠡᠰᠢ ᠬᠡᠯᠪᠡᠶᠢᠵᠤ᠂ ᠵᠢᠯ ᠪᠦᠷᠢ 100 | ᠲᠦᠮᠡᠨ ᠲᠦᠭᠦᠷᠢᠭ ᠤᠨ ᠬᠤᠰᠢᠭᠤᠨ ᠲᠡᠰ ᠤᠨ ᠱᠠᠲᠤᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠲᠤᠰᠬᠠᠢ | ᠵᠦᠢᠯ ᠤᠨ ᠪᠡᠯᠡ ᠮᠦᠩᠭᠦ ᠶᠢ ᠪᠠᠶᠢᠭᠤᠯᠵᠤ᠂ ᠠᠶᠢᠮᠠᠭ ᠤᠨ ᠲᠡᠰ ᠤᠨ ᠱᠠᠲᠤᠨ ᠤ ᠦᠨᠳᠦᠰᠦᠲᠡᠨ ᠤ ᠰᠤᠷᠭᠠᠨ | ᠬᠦᠮᠦᠵᠢᠯ ᠤᠨ ᠲᠤᠰᠬᠠᠢ ᠵᠦᠢᠯ ᠤᠨ ᠪᠡᠯᠡ ᠮᠦᠩᠭᠦ ᠶᠢ ᠢᠳᠡᠪᠬᠢᠲᠡᠢ ᠠᠰᠢᠭᠯᠠᠨ ᠬᠤᠤᠰ ᠬᠡᠯᠡᠨ ᠤ ᠰᠤᠷᠭᠠᠨ | ᠬᠦᠮᠦᠵᠢᠯ 、ᠪᠠᠭᠰᠢ ᠶᠢᠨ ᠡᠩᠨᠡᠭᠡᠨ ᠤ ᠪᠠᠶᠢᠭᠤᠯᠤᠯᠲᠠ、 ᠦᠨᠳᠦᠰᠦᠲᠡᠨ ᠤ ᠪᠦᠯᠭᠦᠮᠳᠡᠯ ᠤᠨ ᠲᠤᠬᠠᠢ | ᠬᠦᠮᠦᠵᠢᠯ ᠵᠡᠷᠭᠡ ᠠᠵᠢᠯ ᠳᠡᠭᠡᠷ᠎ᠠ ᠭᠡᠷᠡᠭᠯᠡᠵᠡᠢ᠃ | ᠬᠤᠶᠠᠷ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠦ | ᠴᠢᠨᠠᠷ ᠢ ᠪᠦᠲᠦᠮᠵᠢᠲᠡᠢ ᠳᠡᠭᠡᠭᠰᠢᠯᠡᠬᠦᠯᠵᠡᠢ᠃ ᠰᠢᠯᠢᠳᠡᠭ ᠵᠠᠬᠢᠷᠤᠯ ᠪᠤᠯᠤᠨ ᠪᠠᠭᠰᠢ ᠶᠢᠨ ᠡᠩᠨᠡᠭᠡ ᠪᠤᠯ ᠦᠨᠳᠦᠰᠦᠲᠡᠨ | ᠤ ᠰᠤᠷᠭᠠᠨ ᠬᠦᠮᠦᠵᠢᠯ ᠢ ᠴᠢᠨᠠᠷ ᠰᠠᠶᠢᠲᠠᠢ ᠬᠦᠭᠵᠢᠭᠦᠯᠬᠦ ᠬᠠᠮᠤᠭ ᠴᠢᠬᠤᠯᠡ ᠡᠬᠢ ᠰᠤᠷᠪᠤᠯᠵᠢ ᠪᠤᠯᠤᠨ᠎ᠠ᠃ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠦᠨᠳᠦᠰᠦᠲᠡᠨ ᠤ ᠰᠤᠷᠭᠠᠭᠤᠯᠢ ᠶᠢᠨ ᠵᠠᠬᠢᠷᠤᠯ ᠤᠨ | ᠡᠩᠨᠡᠭᠡ ᠶᠢ ᠬᠦᠴᠦᠯᠡᠨ ᠰᠢᠯᠢᠳᠡᠭᠵᠢᠭᠦᠯᠵᠤ᠂ “ ᠰᠤᠷᠭᠠᠭᠤᠯᠢ ᠳᠤᠨᠢ ᠲᠤᠬᠢᠷᠠᠭᠤᠯᠤᠨ ᠴᠢᠳᠠᠪᠦᠷᠢᠲᠠᠨ | ᠰᠤᠩᠭᠤᠬᠤ” ᠵᠠᠷᠴᠢᠮ ᠢ ᠪᠠᠷᠢᠮᠲᠠᠯᠠᠨ᠂ ᠬᠠᠷᠢᠭᠤᠴᠠᠯᠭ᠎ᠠ ᠲᠠᠢ᠂ ᠰᠢᠨ᠎ᠡ ᠶᠢ ᠡᠬᠦᠳᠬᠦ᠂ ᠬᠠᠮᠢᠶᠠᠷᠤᠯᠲᠠ ᠳᠠᠭᠠᠨ | ᠴᠢᠳᠠᠮᠠᠭᠠᠢ᠂ ᠲᠤᠬᠠᠶᠢᠯᠠᠭᠰᠠᠨ ᠠᠵᠢᠯ ᠳᠠᠭᠠᠨ ᠭᠠᠷᠮᠠᠭᠠᠢ ᠴᠢᠳᠠᠪᠦᠷᠢᠳᠠᠳ ᠢ ᠵᠠᠬᠢᠷᠤᠯ ᠤᠨ ᠪᠠᠶᠢᠷᠢᠨ ᠳᠤ | ᠲᠤᠮᠢᠯᠠᠵᠠᠢ᠃ ᠤᠯᠠᠨ ᠠᠷᠭ᠎ᠠ ᠶᠢ ᠬᠠᠪᠰᠤᠷᠭᠠᠨ ᠭᠡᠷᠡᠭᠯᠡᠵᠤ ᠵᠠᠬᠢᠷᠦᠯ ᠤᠨ ᠬᠠᠮᠢᠶᠠᠷᠤᠯᠲᠠ ᠶᠢᠨ ᠴᠢᠳᠠᠪᠦᠷᠢ ᠶᠢ | ᠳᠡᠭᠡᠭᠰᠢᠯᠡᠭᠦᠯᠵᠤ᠂ ᠬᠤᠰᠢᠭᠤᠨ ᠤ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠭᠰᠠᠨ ᠵᠠᠬᠢᠷᠤᠯ ᠤᠨ ᠡᠩᠨᠡᠭᠡ ᠶᠢ | ᠠᠶᠢᠮᠠᠭ ᠤᠨ ᠭᠠᠳᠠᠨ᠎ᠠ ᠲᠤᠮᠢᠯᠠᠨ ᠤᠴᠢᠭᠤᠯᠵᠤ ᠳᠠᠪᠰᠢᠭᠰᠠᠨ ᠭᠠᠵᠠᠷ ᠤᠷᠤᠨ ᠤ ᠳᠠᠪᠰᠢᠭᠰᠠᠨ ᠬᠠᠮᠢᠶᠠᠷᠤᠯᠲᠠ ᠶᠢᠨ | ᠠᠷᠭ᠎ᠠ ᠮᠠᠶᠠᠭ ᠢ ᠲᠠᠭᠠᠨ ᠰᠤᠷᠤᠯᠴᠠᠭᠤᠯᠵᠤ᠂ ᠲᠤᠲᠠᠭᠳᠠᠯ ᠢᠶᠠᠨ ᠤᠯᠵᠤ ᠬᠠᠷᠠᠨ ᠬᠦᠷᠦᠯᠴᠡᠬᠦ ᠦᠭᠡᠢ ᠪᠠᠨ | ᠨᠦᠬᠦᠪᠦᠷᠢᠯᠡᠵᠡᠢ᠃ ᠮᠤᠷᠠᠯ ᠡᠷᠳᠡᠮ ᠬᠤᠤᠰᠯᠠᠭᠰᠠᠨ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠪᠠᠭᠰᠢ | ᠶᠢ ᠬᠦᠨᠳᠦᠯᠡᠨ ᠰᠤᠷᠭᠠᠨ ᠬᠦᠮᠦᠵᠢᠯ ᠢ ᠳᠡᠭᠡᠳᠦᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠴᠤᠭᠴᠠᠯᠠᠵᠤ | ᠪᠠᠶᠢᠭᠤᠯᠵᠠᠢ᠃ ᠦᠨᠳᠦᠰᠦᠲᠡᠨ ᠤ ᠰᠤᠷᠭᠠᠭᠤᠯᠢ ᠶᠢᠨ ᠪᠠᠭᠰᠢ ᠶᠢᠨ ᠪᠦᠲᠦᠴᠡ ᠶᠢ ᠲᠠᠰᠤᠷᠤᠯᠲᠠ ᠦᠭᠡᠢ | ᠰᠢᠯᠢᠳᠡᠭᠵᠢᠭᠦᠯᠵᠤ᠂ ᠤᠨᠴᠠᠭᠠᠢ ᠪᠠᠶᠢᠷᠢ ᠶᠢᠨ ᠪᠠᠭᠰᠢ、 ᠲᠤᠰᠬᠠᠢ ᠮᠡᠷᠭᠡᠵᠢᠯ ᠤᠨ ᠪᠠᠭᠰᠢ ᠶᠢ ᠤᠷᠢᠬᠤ ᠬᠡᠯᠪᠡᠷᠢ | ᠪᠠᠷ ᠦᠨᠳᠦᠰᠦᠲᠡᠨ ᠤ ᠰᠤᠷᠭᠠᠭᠤᠯᠢ ︵ ᠬᠡᠥᠭᠡᠳ ᠤᠨ ᠴᠡᠴᠡᠷᠯᠢᠭ︶ ᠶᠢᠨ ᠲᠤᠰᠬᠠᠢ ᠮᠡᠷᠭᠡᠵᠢᠯ ᠤᠨ ᠪᠠᠭᠰᠢ ᠶᠢᠨ | ᠡᠩᠨᠡᠭᠡ ᠶᠢ ᠴᠠᠭ ᠲᠤᠬᠠᠢ ᠳᠤᠨᠢ ᠲᠡᠭᠦᠯᠳᠡᠷᠵᠢᠭᠦᠯᠦᠨ ᠪᠤᠵᠠᠭᠠᠶᠢᠷᠠᠭᠤᠯᠤᠵᠠᠢ᠃ | ᠤᠷᠴᠢᠮ ᠤᠨ ᠬᠡᠳᠦᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ 、ᠰᠤᠯᠤᠨ ᠪᠠᠯᠭᠠᠰᠤᠨ ᠤ ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠤᠳ ᠤᠷᠢᠳ | ᠬᠤᠵᠢᠳ ᠰᠤᠷᠭᠠᠨ ᠬᠦᠮᠦᠵᠢᠯ ᠤᠨ ᠶᠠᠮᠤᠨ、ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ | ᠪᠠᠲᠤᠯᠭ᠎ᠠ ᠶᠢᠨ ᠶᠠᠮᠤᠨ ᠠᠴᠠ ᠬᠠᠮᠲᠤᠷᠠᠨ ᠤᠯᠭᠤᠭᠰᠠᠨ“ ᠪᠦᠬᠦ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ | ᠤᠨ ᠲᠡᠷᠢᠬᠦᠨ ᠤ ᠬᠠᠮᠲᠦ ᠨᠡᠶᠢᠲᠡ” ᠵᠡᠷᠭᠡ ᠢᠷᠡᠭᠤ ᠠᠯᠳᠠᠷ ᠢ ᠬᠦᠷᠲᠡᠪᠡ᠃ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠦᠨᠳᠦᠰᠦᠲᠡᠨ ᠤ ᠬᠡᠥᠭᠡᠳ ᠤᠨ ᠴᠡᠴᠡᠷᠯᠢᠭ ᠨᠢ“ᠦᠪᠡᠷᠲᠡᠭᠡᠨ ᠵᠠᠰᠠᠬᠤ ᠤᠷᠤᠨ ᠤ ᠲᠡᠰ | ᠤᠨ ᠵᠢᠱᠢᠶ᠎ᠡ ᠦᠵᠡᠬᠦᠯᠬᠦ ᠴᠡᠴᠡᠷᠯᠢᠭ” ᠢᠶᠠᠷ ᠬᠦᠬᠢᠭᠦᠯᠦᠭᠳᠡᠪᠡ ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠯᠠᠭᠠᠨᠮᠤᠳᠦ ᠰᠤᠮᠤ ᠶᠢᠨ ᠪᠠᠭ᠎ᠠ ᠰᠤᠷᠭᠠᠭᠤᠯᠢ ᠵᠡᠷᠭᠡ 7 ᠰᠤᠷᠭᠠᠭᠤᠯᠢ ᠨᠢ “ ᠬᠢᠩᠭᠠᠨ ᠠᠶᠢᠮᠠᠭ | ᠤᠨ ᠦᠨᠳᠦᠰᠦᠲᠡᠨ ᠤ ᠤᠨᠴᠠᠯᠢᠭᠲᠦ ᠵᠢᠱᠢᠶ᠎ᠡ ᠦᠵᠡᠬᠦᠯᠬᠦ ᠰᠤᠷᠭᠠᠭᠤᠯᠢ” ᠪᠤᠯᠤᠨ“ᠬᠢᠩᠭᠠᠨ ᠠᠶᠢᠮᠠᠭ ᠤᠨ | ᠤᠨᠴᠠᠯᠢᠭᠲᠦ ᠦᠨᠳᠦᠰᠦᠲᠡᠨ ᠤ ᠰᠤᠷᠭᠠᠭᠤᠯᠢ” ᠮᠡᠲᠦ ᠶᠢᠨ ᠢᠷᠡᠭᠤ ᠠᠯᠳᠠᠷ ᠢ ᠬᠦᠷᠲᠡᠪᠡ ᠁ ᠡᠬᠦᠨ ᠤ | ᠬᠠᠮᠲᠦ᠂ ᠨᠢᠭᠡ ᠪᠦᠯᠦᠭ ᠭᠠᠷᠮᠠᠭᠠᠢ ᠤᠳᠤᠨ ᠰᠤᠳᠤᠨ ᠪᠠᠭᠰᠢᠨᠠᠷ ᠤᠳ ᠴᠤᠯᠭᠤᠷᠠᠨ ᠭᠠᠷᠴᠤ ᠢᠷᠡᠪᠡ ᠂ ᠾᠧ ᠶᠧ | ᠪᠠᠭᠰᠢ“ ᠪᠦᠬᠦ ᠤᠯᠤᠰ ᠤᠨ ᠵᠢᠱᠢᠶᠡᠴᠢ ᠪᠠᠭᠰᠢ” ᠢᠶᠠᠷ ᠴᠤᠯᠠᠯᠠᠭᠳᠠᠨ᠂ ᠰᠡᠷᠭᠦᠯᠡᠩ ᠪᠠᠭᠰᠢ ᠬᠤᠶᠢᠨ᠎ᠠ ᠡᠮᠦᠨ᠎ᠡ | “ ᠪᠦᠬᠦ ᠤᠯᠤᠰ ᠤᠨ ᠵᠢᠱᠢᠶᠡᠴᠢ ᠪᠠᠭᠰᠢ”、“ ᠪᠦᠬᠦ ᠤᠯᠤᠰ ᠤᠨ ᠠᠩᠬᠠᠨ ᠤ ᠴᠢ ᠭᠥᠩ ᠨᠡᠷᠡᠮᠵᠢᠲᠦ | ᠰᠢᠯᠢᠳᠡᠭ ᠪᠠᠭᠰᠢ ᠶᠢᠨ ᠱᠠᠩᠨᠠᠯ” ᠢ ᠲᠤᠰ ᠲᠤᠰ ᠬᠦᠷᠲᠡᠪᠡ᠃ | ᠬᠦᠲᠦᠯᠦᠭᠴᠢ᠄ ᠡᠬᠦᠨ ᠠᠴᠠ ᠰᠡᠭᠦᠯᠡᠷᠬᠢ ᠬᠡᠰᠡᠭ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠦᠨᠳᠦᠰᠦᠲᠡᠨ ᠤ ᠰᠤᠷᠭᠠᠨ ᠬᠦᠮᠦᠵᠢᠯ ᠢ ᠤᠷᠢᠳᠴᠢᠯᠠᠨ ᠭᠤᠤᠯᠳᠠᠯᠭ᠎ᠠ ᠲᠠᠢ ᠬᠦᠭᠵᠢᠭᠦᠯᠬᠦ | ᠶᠡᠷᠦᠩᠬᠡᠢ ᠰᠡᠳᠬᠢᠴᠡ ᠪᠠ ᠪᠤᠲᠠᠲᠠᠢ ᠠᠷᠭ᠎ᠠ ᠬᠡᠮᠵᠢᠶ᠎ᠡ ᠶᠢᠨ ᠲᠠᠯ᠎ᠠ ᠪᠠᠷ ᠬᠡᠷᠬᠢᠨ ᠬᠢᠬᠦ ᠭᠡᠵᠤ ᠪᠤᠳᠤᠵᠤ ᠪᠠᠶᠢᠬᠤ ᠪᠤᠢ︖ | | ᠵᠤ᠋ ᠴᠧᠩ ᠪᠠᠩ᠄ ᠡᠬᠦᠨ ᠠᠴᠠ ᠰᠡᠭᠦᠯᠡᠷᠬᠢ ᠬᠡᠰᠡᠭ ᠬᠤᠭᠤᠴᠠᠭᠠᠨ ᠳᠤ᠂ ᠪᠢᠳᠡᠨ ᠦᠷᠬᠦᠯᠵᠢᠯᠡᠨ | ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠵᠤ᠂ ᠦᠨᠳᠦᠰᠦᠲᠡᠨ | ᠤ ᠰᠤᠷᠭᠠᠨ ᠬᠦᠮᠦᠵᠢᠯ ᠤᠨ ᠦᠨᠳᠦᠰᠦ ᠶᠢ ᠴᠢᠩᠭ᠎ᠠ ᠠᠳᠬᠤᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ | ᠰᠦᠭ ᠰᠦᠨᠡᠰᠦ ᠢ ᠴᠤᠭᠴᠠᠯᠠᠵᠤ᠂ ᠦᠨᠳᠦᠰᠦᠲᠡᠨ ᠤ ᠪᠦᠯᠭᠦᠮᠳᠡᠯ ᠤᠨ ᠰᠤᠷᠭᠠᠨ ᠬᠦᠮᠦᠵᠢᠯ ᠪᠤᠯᠤᠨ | ᠦᠨᠳᠦᠰᠦᠲᠡᠨ ᠤ ᠰᠤᠶᠤᠯ ᠢ ᠤᠯᠠᠮᠵᠢᠯᠠᠬᠤ ᠠᠵᠢᠯ ᠢ ᠬᠦᠨᠳᠦᠴᠢᠯᠡᠨ ᠠᠳᠬᠤᠵᠤ᠂ ᠦᠨᠳᠦᠰᠦᠲᠡᠨ ᠤ ᠰᠤᠷᠭᠠᠨ | ᠬᠦᠮᠦᠵᠢᠯ ᠬᠦᠴᠦᠷᠭᠡᠭᠵᠢᠭᠦᠯᠬᠦ ᠴᠢᠭᠯᠡᠯ ᠲᠡᠰᠢ ᠬᠦᠲᠦᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠨᠡᠷᠡᠲᠦ | ᠲᠡᠮᠳᠡᠭ ᠢ ᠴᠤᠭᠴᠠᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠦᠨᠳᠦᠰᠦᠲᠡᠨ ᠤ ᠰᠤᠷᠭᠠᠨ ᠬᠦᠮᠦᠵᠢᠯ | ᠤᠨ ᠬᠢᠷᠢ ᠲᠦᠪᠰᠢᠨ ᠢ ᠰᠢᠨ᠎ᠡ ᠨᠢᠭᠡᠨ ᠦᠨᠳᠦᠷ ᠲᠦᠪᠰᠢᠨ ᠳᠤ ᠬᠦᠷᠭᠡᠬᠦ ᠪᠠᠷ ᠮᠡᠷᠡᠶᠢᠨ ᠴᠢᠷᠮᠠᠶᠢᠨ᠎ᠡ᠃ | ᠦᠨᠳᠦᠰᠦᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠬᠦ ᠭᠡᠪᠡᠯ᠂ | ᠬᠦᠮᠦᠨ ᠤ ᠬᠦᠴᠦᠨ ᠪᠤᠯᠤᠨ ᠡᠳ᠋ ᠤᠨ ᠬᠦᠴᠦᠨ ᠢ ᠬᠠᠮᠲᠦᠪᠡᠷ ᠲᠦᠪᠯᠡᠷᠡᠭᠦᠯᠵᠤ᠂ ᠦᠨᠳᠦᠰᠦᠲᠡᠨ ᠤ ᠰᠤᠷᠭᠠᠭᠤᠯᠢ | ᠶᠢᠨ ᠰᠤᠷᠭᠠᠭᠤᠯᠢ ᠡᠷᠬᠢᠯᠡᠬᠦ ᠨᠦᠭᠦᠴᠡᠯ ᠢ ᠲᠠᠰᠤᠷᠤᠯᠲᠠ ᠦᠭᠡᠢ ᠬᠠᠯᠠᠨ ᠰᠠᠶᠢᠵᠢᠷᠠᠭᠤᠯᠤᠵᠤ᠂ ᠵᠢᠠᠭᠠᠨ ᠰᠤᠷᠭᠠᠬᠤ | ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠭᠡᠷᠡᠭᠲᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠤᠯ ᠤᠯᠤᠰ | ᠤᠨ ᠳᠡᠰ ᠤᠨ ᠶᠠᠳᠠᠭᠤ ᠬᠤᠰᠢᠭᠤ ᠰᠢᠶᠠᠨ ᠪᠤᠯᠤᠨ᠎ᠠ᠃ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠤᠢ ᠶᠢᠨ ᠬᠡᠰᠡᠭ | ᠪᠦᠯᠦᠭ ᠢᠶᠠᠷ ᠲᠦᠪᠯᠡᠷᠡᠭᠰᠡᠨ ᠤᠨᠴᠠ ᠶᠠᠳᠠᠭᠤ ᠬᠦᠴᠢᠷᠲᠡᠯᠲᠡᠢ ᠤᠷᠤᠨ ᠪᠤᠯᠤᠨ᠎ᠠ᠃ ᠶᠠᠳᠠᠭᠤ ᠶᠢ ᠳᠡᠳᠭᠦᠬᠦ ᠭᠡᠪᠡᠯ | ᠵᠠᠪᠠᠯ ᠤᠶᠤᠨ ᠢᠶᠠᠷ ᠳᠡᠳᠭᠦᠬᠦ ᠭᠡᠷᠡᠭᠲᠡᠢ᠂ ᠪᠢᠳᠡᠨ ᠦᠨᠳᠦᠷ ᠴᠢᠨᠠᠷ ᠴᠢᠨᠰᠠᠭ᠎ᠠ ᠲᠠᠢ ᠰᠤᠷᠭᠠᠨ ᠬᠦᠮᠦᠵᠢᠯ ᠪᠠᠷ | ᠳᠠᠮᠵᠢᠨ ᠰᠤᠷᠤᠭᠴᠢᠳ ᠢ ᠴᠢᠳᠠᠪᠦᠷᠢᠲᠠᠨ ᠪᠤᠯᠭᠠᠨ ᠬᠦᠮᠦᠵᠢᠭᠦᠯᠵᠤ᠂ ᠶᠠᠳᠠᠭᠤ ᠰᠤᠷᠤᠭᠴᠢᠳ ᠤᠨ ᠬᠤᠪᠢ ᠵᠠᠶᠠᠭ᠎ᠠ | ᠶᠢ ᠦᠭᠡᠷᠡᠴᠢᠯᠡᠨ᠂ ᠶᠠᠳᠠᠭᠤ ᠬᠤᠴᠤᠷᠤᠩᠭᠤᠢ ᠭᠡᠷ ᠪᠦᠯᠢ ᠶᠢᠨ ᠠᠮᠢᠳᠦᠷᠠᠯ ᠤᠨ ᠶᠠᠰᠤ ᠴᠢᠨᠠᠷ ᠢ ᠳᠡᠭᠡᠭᠰᠢᠯᠡᠬᠦᠯᠦᠨ᠎ᠡ᠃ | ᠡᠨᠡ ᠵᠢᠯ ᠠᠴᠠ ᠡᠬᠢᠯᠡᠨ᠂ 2.07 ᠳ᠋ᠦᠩᠰᠢᠭᠤᠷ ᠲᠦᠯᠦᠪᠯᠡᠭᠡᠲᠦ ᠪᠡᠯᠡ ᠮᠦᠩᠭᠦ ᠶᠢ ᠵᠠᠷᠤᠴᠠᠭᠤᠯᠤᠨ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠦᠷᠭᠡᠳᠭᠡᠨ ᠪᠠᠶᠢᠭᠤᠯᠬᠤ | ᠠᠵᠢᠯ、 ᠰᠤᠷᠭᠠᠨ ᠬᠦᠮᠦᠵᠢᠯ ᠤᠨ ᠬᠦᠷᠢᠶᠡᠯᠡᠩ ᠤᠨ 173300 ᠲᠡᠭᠰᠢ ᠳᠦᠷᠪᠡᠯᠵᠢᠨ ᠮᠧᠲᠷ ᠰᠢᠨᠡᠳᠭᠡᠨ | ᠵᠠᠰᠠᠬᠤ ᠢᠨᠵᠧᠨᠧᠷᠢᠩ᠂ ᠳ᠋ᠠᠱᠢᠵᠠᠢ ᠪᠠᠯᠭᠠᠰᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢ | ᠦᠷᠭᠡᠳᠭᠡᠨ ᠪᠠᠶᠢᠭᠤᠯᠬᠤ ᠠᠵᠢᠯ᠂ ᠤᠯᠠᠭᠠᠨᠮᠤᠳᠦ ᠰᠤᠮᠤ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠭᠡᠷ、 | ᠬᠤᠭᠤᠯᠠᠨ ᠭᠡᠷ ᠵᠡᠷᠭᠡ ᠲᠦᠷᠦᠯ ᠵᠦᠢᠯ 7740 ᠲᠡᠭᠰᠢ ᠳᠦᠷᠪᠡᠯᠵᠢᠨ ᠮᠧᠲᠷ ᠃ ᠰᠤᠷᠭᠠᠭᠤᠯᠢ ᠡᠷᠬᠢᠯᠡᠬᠦ ᠬᠦᠷᠢᠶ᠎ᠡ | ᠬᠡᠪᠴᠢᠶ᠎ᠡ ᠶᠢ ᠦᠷᠭᠡᠳᠭᠡᠨ᠂ ᠭᠡᠰᠡᠭ ᠲᠤᠭᠠᠨ ᠤ ᠦᠨᠳᠦᠰᠦᠲᠡᠨ ᠤ ᠰᠤᠷᠭᠠᠭᠤᠯᠢ ᠳᠤ ᠲᠤᠬᠢᠷᠠᠭᠤᠯᠤᠯᠲᠠ ᠬᠢᠵᠤ᠂ | ᠰᠤᠷᠭᠠᠭᠤᠯᠢ ᠶᠢᠨ ᠪᠠᠶᠢᠷᠢ ᠶᠢᠨ ᠭᠡᠷ ᠤᠨ ᠭᠡᠷᠡᠭᠴᠡᠭᠡ ᠶᠢ ᠬᠠᠩᠭᠠᠵᠠᠢ᠃ | ᠨᠢᠭᠡᠲᠦᠯᠲᠡᠢ ᠲᠤᠬᠢᠷᠠᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠰᠠᠶᠢᠲᠤᠷ ᠳᠡᠭᠡᠭᠰᠢᠯᠡᠭᠦᠯᠦᠨ᠎ᠡ᠃ ᠡᠯ᠎ᠡ ᠲᠦᠷᠦᠯ ᠤᠨ ᠦᠨᠳᠦᠰᠦᠲᠡᠨ ᠤ ᠰᠤᠷᠭᠠᠨ ᠬᠦᠮᠦᠵᠢᠯ ᠤᠨ ᠵᠤᠬᠢᠴᠠᠩᠭᠤᠢ | ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ ᠮᠤᠩᠭᠤᠯ ᠦᠨᠳᠦᠰᠦᠲᠡᠨ ᠳᠠᠷᠬᠠᠢ ᠪᠤᠲᠠᠷᠬᠠᠢ | ᠰᠠᠭᠤᠷᠢᠰᠢᠭᠰᠠᠨ ᠭᠠᠵᠠᠷ ᠤᠷᠤᠨ ᠳᠤ ᠵᠤᠬᠢᠬᠤ ᠬᠡᠮᠵᠢᠶᠡᠨ ᠤ ᠦᠨᠳᠦᠰᠦᠲᠡᠨ ᠤ ᠬᠡᠥᠭᠡᠳ ᠤᠨ ᠴᠡᠴᠡᠷᠯᠢᠭ ᠪᠤᠶᠤ | ᠬᠢᠲᠡᠳ ᠮᠤᠩᠭᠤᠯ ᠬᠠᠮᠲᠤᠷᠠᠭᠰᠠᠨ ᠴᠡᠴᠡᠷᠯᠢᠭ ᠢ ᠳᠤᠰᠭᠠᠷ ᠪᠠᠶᠢᠭᠤᠯᠵᠤ᠂ ᠰᠤᠷᠬᠤ ᠨᠠᠰᠤᠨ ᠳᠤ ᠬᠦᠷᠦᠭᠰᠡᠨ | ᠭᠡᠥᠭᠡᠳ ᠤᠨ ᠭᠡᠷᠡᠭᠴᠡᠭᠡ ᠶᠢ ᠬᠠᠩᠭᠠᠨ᠎ᠠ᠃ ᠠᠯᠪᠠᠨ ᠵᠢᠷᠦᠮ ᠤᠨ ᠰᠤᠷᠭᠠᠨ ᠬᠦᠮᠦᠵᠢᠯ ᠢ ᠵᠤᠬᠢᠴᠠᠩᠭᠤᠢ | ᠬᠦᠭᠵᠢᠭᠦᠯᠬᠦ ᠶᠢ ᠤᠷᠲᠦ ᠬᠤᠭᠤᠴᠠᠭᠠᠨ ᠤ ᠬᠠᠷᠠᠯᠲᠠ ᠪᠤᠯᠭᠠᠨ᠂ ᠰᠤᠷᠭᠠᠭᠤᠯᠢ ᠶᠢᠨ ᠬᠤᠭᠤᠷᠤᠨᠳᠤᠬᠢ ᠬᠠᠮᠲᠦ ᠶᠢᠨ | ᠴᠤᠭᠴᠠ ᠶᠢᠨ ᠬᠦᠭᠵᠢᠭᠦᠯᠦᠯᠲᠡ ᠶᠢᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ、 | ᠰᠤᠷᠭᠠᠭᠤᠯᠢ ᠶᠢᠨ ᠬᠤᠭᠤᠷᠤᠨᠳᠤᠬᠢ ᠰᠤᠷᠭᠠᠭᠤᠯᠢ ᠡᠷᠬᠢᠯᠡᠬᠦ ᠨᠦᠭᠦᠴᠡᠯ ᠤᠨ ᠲᠠᠯ᠎ᠠ ᠪᠠᠷ ᠬᠢ ᠵᠤᠬᠢᠴᠠᠩᠭᠤᠢ | ᠭᠦᠭᠵᠢᠯᠲᠡ ᠶᠢ ᠠᠬᠢᠭᠤᠯᠤᠨ᠎ᠠ᠃ ᠦᠨᠳᠦᠰᠦᠲᠡᠨ ᠤ ᠡᠩ ᠤᠨ ᠳᠡᠭᠡᠲᠦ ᠳᠤᠮᠳᠠᠳᠤ ᠰᠤᠷᠭᠠᠭᠤᠯᠢ ᠶᠢᠨ ᠭᠦᠭᠵᠢᠯᠲᠡ | ᠶᠢ ᠶᠡᠭᠡ ᠬᠦᠴᠦᠨ ᠢᠶᠠᠷ ᠳᠡᠮᠵᠢᠨ᠂ ᠵᠢᠭᠠᠨ ᠰᠤᠷᠭᠠᠯᠲᠠ ᠶᠢᠨ ᠰᠢᠯᠢᠳᠡᠭ ᠡᠬᠢ ᠪᠠᠶᠠᠯᠢᠭ ᠢ ᠦᠷᠭᠡᠳᠭᠡᠨ᠂ | ᠦᠨᠳᠦᠰᠦᠲᠡᠨ ᠤ ᠤᠨᠴᠠᠯᠢᠭ ᠲᠠᠢ ᠰᠤᠩᠭᠤᠨ ᠰᠤᠷᠬᠤ ᠬᠡᠴᠢᠶᠡᠯᠯᠡᠭᠡ ᠶᠢ ᠢᠳᠡᠪᠬᠢᠲᠡᠢ ᠨᠡᠭᠡᠭᠡᠨ᠂ ᠰᠤᠷᠤᠭᠴᠢᠳ ᠤᠨ | ᠪᠦᠬᠦ ᠲᠠᠯ᠎ᠠ ᠶᠢᠨ ᠬᠦᠭᠵᠢᠯᠲᠡ 、 ᠦᠪᠡᠷᠮᠢᠴᠡ ᠴᠢᠨᠠᠷ ᠤᠨ ᠬᠦᠭᠵᠢᠯᠲᠡ ᠶᠢ ᠠᠬᠢᠭᠤᠯᠤᠨ᠎ᠠ᠃ ᠤᠯᠠᠨ ᠲᠠᠯ᠎ᠠ ᠶᠢᠨ | ᠨᠦᠭᠦᠴᠡᠯ ᠢ ᠢᠳᠡᠪᠬᠢᠲᠡᠢ ᠪᠦᠷᠢᠯᠳᠦᠭᠦᠯᠵᠤ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ | ᠰᠠᠶᠢᠲᠦᠷ ᠡᠷᠬᠢᠯᠡᠵᠤ᠂ ᠲᠤᠬᠠᠢ ᠶᠢᠨ ᠭᠠᠵᠠᠷ ᠤᠷᠤᠨ ᠤ ᠦᠢᠯᠡᠳᠪᠦᠷᠢᠯᠡᠯ ᠠᠮᠢᠳᠤᠷᠠᠯ ᠤᠨ ᠪᠤᠳᠠᠳᠤ ᠪᠠᠶᠢᠳᠠᠯ ᠲᠠᠢ | ᠵᠤᠬᠢᠴᠠᠭᠰᠠᠨ ᠲᠤᠰᠬᠠᠢ ᠮᠡᠷᠭᠡᠵᠢᠯ ᠤᠨ ᠬᠡᠴᠢᠶᠡᠯᠯᠡᠭᠡ ᠶᠢ ᠪᠠᠶᠢᠭᠤᠯᠤᠨ᠂ ᠠᠵᠢᠯ ᠤᠯᠭᠤᠬᠤ ᠵᠠᠮ ᠰᠤᠪᠠᠭ ᠢ | ᠦᠷᠭᠡᠳᠭᠡᠨ᠎ᠡ᠃ | ᠤᠯᠠᠨ ᠠᠷᠭ᠎ᠠ ᠶᠢ ᠴᠢᠳᠠᠮᠠᠭᠠᠢ ᠬᠡᠷᠡᠭᠯᠡᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠪᠠᠭᠰᠢ ᠶᠢᠨ | ᠡᠩᠨᠡᠭᠡ ᠶᠢ ᠰᠢᠯᠢᠳᠡᠭᠵᠢᠭᠦᠯᠦᠨ᠎ᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠡᠭᠦᠯᠳᠡᠷᠵᠢᠬᠦᠯᠬᠦ ᠤᠷᠲᠦ | ᠬᠤᠭᠤᠴᠠᠭᠠᠨ ᠤ ᠲᠤᠭᠲᠠᠴᠠ ᠶᠢ ᠪᠠᠶᠢᠭᠤᠯᠵᠤ᠂ ᠬᠤᠤᠰ ᠬᠡᠯᠡᠨ ᠤ ᠪᠠᠭᠰᠢ、“ ᠲᠠᠪᠬᠤᠷ ᠴᠤᠯᠠᠲᠦ ”ᠪᠠᠭᠰᠢ | ᠶᠢᠨ ᠪᠤᠯᠪᠠᠰᠤᠷᠠᠯ ᠢ ᠴᠢᠩᠭᠠᠳᠬᠠᠵᠤ᠂ ᠬᠠᠨᠳᠤᠯᠭᠠᠲᠦ ᠴᠢᠨᠠᠷ ᠲᠠᠢ ᠪᠠᠷ ᠠᠯᠤᠰ ᠡᠵᠡᠮᠰᠢᠯᠲᠦ ᠰᠤᠷᠭᠠᠨ ᠬᠦᠮᠦᠵᠢᠯ、 | ᠲᠤᠭᠠᠴᠢᠯᠠᠭᠰᠠᠨ ᠬᠡᠴᠢᠶᠡᠯᠯᠡᠭᠡ ᠵᠡᠷᠭᠡ ᠰᠤᠷᠠᠭ ᠵᠠᠩᠬᠢ ᠶᠢᠨ ᠠᠷᠭ᠎ᠠ ᠮᠡᠷᠭᠡᠵᠢᠯ ᠢ ᠠᠰᠢᠭᠯᠠᠨ ᠭᠡᠷᠡᠭᠯᠡᠵᠤ᠂ ᠪᠠᠭᠰᠢ | ᠶᠢᠨ ᠪᠤᠯᠪᠠᠰᠤᠷᠠᠯ ᠤᠨ ᠪᠦᠬᠦ ᠬᠠᠮᠤᠷᠠᠯᠲᠠ ᠶᠢ ᠪᠡᠶᠡᠯᠡᠬᠦᠯᠬᠦ ᠭᠡᠷᠡᠭᠲᠡᠢ᠃ ᠤᠨᠴᠠᠭᠠᠢ ᠪᠠᠶᠢᠷᠢ ᠶᠢᠨ ᠪᠠᠭᠰᠢ ᠶᠢᠨ | ᠡᠩᠨᠡᠭᠡ ᠶᠢ ᠦᠷᠬᠦᠯᠵᠢᠯᠡᠨ ᠨᠦᠬᠦᠪᠦᠷᠢᠯᠡᠵᠤ᠂ ᠪᠠᠭᠰᠢ ᠲᠤᠲᠠᠬᠤ ᠪᠠᠴᠢᠮ ᠠᠰᠠᠭᠤᠳᠠᠯ ᠢ ᠬᠦᠩᠭᠡᠷᠡᠭᠦᠯᠵᠤ᠂ ᠰᠤᠳᠤᠨ | ᠰᠢᠯᠢᠳᠡᠭ ᠪᠠᠭᠰᠢᠨᠠᠷ ᠪᠤᠯᠤᠨ ᠬᠡᠴᠢᠶᠡᠯ ᠬᠦᠮᠦᠵᠢᠯ ᠤᠨ ᠳᠠᠭᠠᠭᠤᠯᠤᠭᠴᠢ ᠴᠢᠳᠠᠪᠦᠷᠢᠲᠠᠳ ᠢ ᠶᠡᠭᠡ ᠬᠦᠴᠦᠨ ᠢᠶᠠᠷ | ᠬᠦᠮᠦᠵᠢᠭᠦᠯᠵᠤ᠂ ᠪᠠᠭᠰᠢ ᠶᠢᠨ ᠡᠩᠨᠡᠭᠡᠨ ᠤ ᠶᠡᠷᠦᠩᠭᠡᠢ ᠬᠢᠷᠢ ᠲᠦᠪᠰᠢᠨ ᠢ ᠳᠠᠶᠢᠴᠢᠯᠠᠬᠤ ᠮᠦᠷᠲᠡᠭᠡᠨ ᠳᠡᠭᠡᠭᠰᠢᠯᠡᠬᠦᠯᠬᠦ | ᠬᠡᠷᠡᠭᠲᠡᠢ᠃ | |