2018 ᠤᠨ ᠤ ᠶᠡᠭᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠲᠦᠬᠦᠵᠤ ᠪᠠᠶᠢᠭ᠎ᠠ | ᠲᠠᠰᠢᠷᠠᠮ ᠢᠶᠠᠷ ᠰᠤᠷᠭᠠᠨ ᠬᠦᠮᠦᠵᠢᠯ ᠤᠨ ᠶᠠᠮᠤᠨ ︽2018 ᠤᠨ ᠤ ᠶᠡᠭᠡ ᠲᠡᠭᠡᠳᠤ ᠰᠤᠷᠭᠠᠭᠤᠯᠢ ᠶᠢᠨ | ᠡᠯᠰᠡᠯᠳᠡ ᠶᠢᠨ ᠰᠢᠯᠭᠠᠯᠳᠠ ᠶᠢ ᠨᠧᠲ ᠠᠴᠠ ᠯᠠᠪᠯᠠᠬᠤ ᠭᠠᠷᠠᠭ︾ ᠤᠨ ᠴᠠᠭ ᠤᠨ ᠬᠤᠪᠢᠶᠠᠷᠢ ᠶᠢ ᠶᠡᠭᠡ ᠲᠡᠭᠡᠳᠤ | ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠰᠤᠷᠠᠭ ᠵᠠᠩᠬᠢ ᠶᠢᠨ ᠲᠠᠪᠴᠠᠩ ᠳᠤ ᠨᠡᠶᠢᠳᠡᠯᠡᠵᠤ | ᠠᠰᠢᠭᠯᠠᠯᠳᠠ ᠳᠤ ᠤᠷᠤᠭᠤᠯᠪᠠ᠃ ᠤᠯᠤᠰ ᠲᠠᠶᠠᠭᠠᠷ ᠤᠨ ᠡᠯ᠎ᠡ ᠮᠤᠵᠢ ︵ᠤᠷᠤᠨ᠂ ᠬᠤᠳᠠ︶ ᠶᠢᠨ ᠶᠡᠭᠡ ᠲᠡᠭᠡᠳᠤ | ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢᠨ ᠰᠢᠯᠭᠠᠭᠤᠯᠬᠤ ᠡᠷᠡᠮᠡᠯᠵᠡᠯ ᠮᠡᠳᠡᠬᠦᠯᠬᠦ ᠴᠠᠭ ᠤᠨ ᠬᠤᠪᠢᠶᠠᠷᠢ ᠶᠢ | ᠦᠨᠳᠤᠰᠦᠯᠡᠨ ᠦᠨᠦ ᠵᠢᠯ ᠨᠧᠲ ᠠᠴᠠ ᠯᠠᠪᠯᠠᠬᠤ ᠠᠵᠢᠯᠯᠠᠭᠠᠨ ᠤ ᠴᠠᠭ ᠢ 6 ᠰᠠᠷ᠎ᠠ ᠶᠢᠨ 22 ᠤᠨ ᠡᠳᠤᠷ ᠠᠴᠠ | 28 ᠤ ᠡᠳᠤᠷ ᠪᠤᠯᠳᠠᠯ᠎ᠠ ᠡᠳᠤᠷ ᠪᠦᠷᠢ 09᠄ 00 ᠴᠠᠭ ᠠᠴᠠ 17᠄ 00 ᠴᠠᠭ ᠤᠨ ᠬᠤᠭᠤᠷᠤᠨᠳᠤ | ᠲᠤᠬᠢᠷᠠᠭᠤᠯᠵᠠᠢ᠃ | ︽ᠯᠠᠪᠯᠠᠬᠤ ᠭᠠᠷᠠᠭ︾ ᠤᠨ ᠬᠤᠭᠤᠴᠠᠭᠠᠨ ᠳᠤ ᠤᠯᠤᠰ ᠲᠠᠶᠠᠭᠠᠷ ᠤᠨ ᠰᠤᠷᠤᠭᠴᠢ ᠡᠯᠰᠡᠬᠦ ᠶᠡᠭᠡ ᠲᠡᠭᠡᠳᠤ | ᠰᠤᠷᠭᠠᠭᠤᠯᠢ ᠨᠧᠲ ᠢᠶᠠᠷ ᠲᠠᠮᠵᠢᠨ ᠠᠰᠠᠭᠤᠯᠳᠠ ᠳᠤ ᠬᠠᠷᠢᠭᠤ ᠦᠭᠬᠦᠨ᠎ᠡ᠃ ᠡᠬᠦᠨ ᠠᠴᠠ ᠭᠠᠳᠠᠨ᠎ᠠ ᠪᠡᠭᠡᠵᠢᠩ᠂ | ᠱᠠᠩᠬᠠᠢ᠂ ᠵᠢᠶᠠᠩᠰᠤ᠂ ᠵᠧᠵᠢᠶᠠᠩ᠂ ᠹᠦᠵᠢᠶᠠᠨ᠂ ᠾᠧᠨᠠᠨ᠂ ᠬᠦᠬᠡᠨᠠᠭᠤᠷ ᠵᠡᠷᠬᠡ ᠮᠤᠵᠢ ᠤᠷᠤᠨ ᠰᠤᠷᠠᠭ ᠵᠠᠩᠬᠢ ᠶᠢᠨ | ᠲᠠᠪᠴᠠᠩ ᠳᠤ ᠯᠠᠪᠯᠠᠬᠤ ᠲᠤᠰᠬᠠᠢ ᠲᠠᠯᠠᠪᠤᠷ ᠲᠤᠬᠢᠷᠠᠭᠤᠯᠵᠤ᠂ ᠲᠤᠳᠤᠷᠬᠠᠢ ᠴᠠᠭ ᠤᠨ ᠬᠤᠪᠢᠶᠠᠷᠠᠢ ᠶᠢ ᠲᠤᠬᠠᠢ ᠶᠢᠨ | ᠴᠠᠭ ᠲᠤ ᠨᠢ ᠨᠡᠶᠢᠳᠡᠯᠡᠨ᠎ᠡ᠃ ᠶᠡᠭᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠶᠢ ᠯᠠᠪᠯᠠᠬᠤ ᠨᠧᠲ ᠤᠨ | ᠬᠠᠶ᠋ᠢᠭ ᠨᠢ http://gaokao.chsi.com.cn ᠪᠤᠯᠤᠨ http:/gaokao.chsi.cn᠃ | ᠰᠤᠷᠭᠠᠨ ᠬᠦᠮᠦᠵᠢᠯ ᠤᠨ ᠶᠠᠮᠤᠨ ᠡᠯ᠎ᠡ ᠶᠡᠭᠡ ᠲᠡᠭᠡᠳᠤ ᠰᠤᠷᠭᠠᠭᠤᠯᠢ ᠶᠢᠨ ᠰᠤᠷᠤᠭᠴᠢ ᠡᠯᠰᠡᠬᠦ | ᠰᠤᠷᠳᠠᠯᠴᠢᠯᠠᠭ᠎ᠠ ᠶᠢᠨ ᠠᠵᠢᠯ ᠢᠶᠠᠨ ᠴᠢᠩᠬᠠᠳᠬᠠᠵᠤ᠂ ᠨᠧᠲ ᠢᠶᠠᠷ ᠯᠠᠪᠯᠠᠬᠤ ᠠᠵᠢᠯᠯᠠᠭ᠎ᠠ ᠶᠢ ᠢᠳᠡᠪᠬᠢᠲᠡᠢ ᠰᠠᠶᠢᠳᠤᠷ | ᠬᠢᠵᠤ ᠰᠢᠯᠭᠠᠭᠤᠯᠤᠭᠰᠠᠳ᠂ ᠬᠡᠷ ᠤᠨ ᠠᠬᠠᠮᠡᠳ ᠲᠤ ᠡᠷᠡᠮᠡᠯᠵᠡᠯ ᠮᠡᠳᠡᠬᠦᠯᠬᠦ ᠲᠤᠬᠠᠢ ᠪᠦᠷᠢᠨ ᠬᠦᠢᠴᠡᠳ ᠨᠢᠮᠪᠠᠢ | ᠦᠢᠯᠡᠴᠢᠯᠡᠭᠡ ᠬᠠᠩᠬᠠᠨ᠎ᠠ᠃ ᠶᠡᠭᠡ ᠲᠡᠭᠡᠳᠤ ᠰᠤᠷᠭᠠᠭᠤᠯᠢ ᠶᠢᠨ ᠰᠤᠷᠤᠭᠴᠢ ᠡᠯᠰᠡᠬᠦ ︽ᠨᠠᠷᠠᠨ ᠢᠨᠵᠧᠨᠧᠷᠢᠩ︾ ᠢ | ᠬᠦᠨᠵᠡᠬᠡᠢ ᠬᠡᠷᠡᠭᠵᠢᠬᠦᠯᠵᠤ᠂ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ᠂ ᠰᠤᠷᠤᠭᠴᠢ ᠡᠯᠰᠡᠬᠦ ᠲᠦᠷᠢᠮ᠂ ᠡᠯᠰᠡᠬᠦ | ᠶᠠᠪᠤᠴᠠ ᠵᠡᠷᠬᠡ ᠰᠤᠷᠠᠭ ᠵᠠᠩᠬᠢ ᠶᠢᠨ ᠢᠯᠡ ᠪᠠᠶᠢᠬᠤ ᠬᠦᠴᠦᠯᠡᠴᠡ ᠶᠢ ᠴᠢᠩᠬᠠᠳᠬᠠᠵᠤ᠂ ᠰᠤᠷᠠᠭ ᠵᠠᠩᠬᠢ ᠶᠢᠨ | ᠤᠨᠤᠪᠴᠢᠲᠠᠢ ᠪᠤᠯᠤᠨ ᠴᠠᠭᠳᠤ ᠴᠢᠨᠠᠷ ᠢ ᠪᠠᠳᠤᠯᠠᠬᠤ ᠬᠡᠷᠡᠭᠲᠡᠢ ᠬᠡᠵᠤ ᠱᠠᠭᠠᠷᠳᠠᠪᠠ᠃ |