ᠰᠤᠷᠭᠠᠨ ᠬᠦᠮᠦᠵᠢᠯ ᠤᠨ ᠶᠠᠮᠤᠨ ᠵᠡᠷᠬᠡ 3 ᠰᠠᠯᠠᠭ᠎ᠠ ᠮᠦᠴᠢᠷ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠨ ᠴᠡᠭᠴᠡᠯᠡᠬᠦ ᠲᠤᠰᠬᠠᠢ ᠬᠢᠨᠠᠨ ᠪᠠᠶᠢᠴᠭᠠᠯᠠᠳᠠ ᠦᠷᠨᠢᠬᠦᠯᠪᠡ
ᠨᠡᠶᠢᠲᠡᠯᠡᠭᠰᠡᠨ ᠴᠠᠭ᠄
2018/6/5
     ᠰᠢᠨᠬᠤᠸᠠ ᠬᠤᠷᠢᠶ᠎ᠠ ᠪᠡᠭᠡᠵᠢᠩ ᠤᠨ 5 ᠰᠠᠷ᠎ᠠ ᠶᠢᠨ 9 ᠤ ᠡᠳᠤᠷ ᠤᠨ ᠴᠠᠬᠢᠯᠭᠠᠨ ᠮᠡᠳᠡᠭᠡ ᠰᠤᠷᠭᠠᠨ ᠬᠦᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠵᠠᠬ᠎ᠠ ᠵᠡᠭᠡᠯᠢ ᠶᠢᠨ ᠬᠢᠨᠠᠨ ᠬᠠᠮᠢᠶᠠᠷᠤᠯᠳᠠ ᠶᠢᠨ ᠶᠡᠷᠦᠩᠬᠡᠢ ᠲᠤᠪᠴᠢᠶ᠎ᠠ 9 ᠤ ᠡᠳᠤᠷ ᠬᠢᠨᠠᠨ ᠪᠠᠶᠢᠴᠠᠭᠠᠯᠳᠠ ᠶᠢᠨ 7 ᠪᠠᠭ ᠲᠤᠮᠢᠯᠠᠵᠤ᠂ ᠤᠮᠠᠷᠠᠳᠤ ᠂ ᠵᠡᠬᠦᠨ ᠬᠤᠶᠢᠳᠤ᠂ ᠵᠡᠬᠦᠨ ᠡᠮᠦᠨᠡᠳᠤ᠂ ᠲᠤᠮᠳᠠᠳᠤ᠂ ᠡᠮᠦᠨᠡᠳᠤ᠂ ᠪᠠᠷᠠᠭᠤᠨ ᠡᠮᠦᠨᠡᠳᠤ ᠪᠦᠰᠡ ᠨᠤᠳᠤᠭ ᠲᠤ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠨ ᠴᠡᠭᠴᠡᠯᠡᠬᠦ ᠲᠤᠬᠠᠢ ᠬᠢᠨᠠᠨ ᠪᠠᠶᠢᠴᠠᠭᠠᠯᠳᠠ ᠦᠷᠨᠢᠬᠦᠯᠬᠦ ᠪᠤᠯᠤᠨ᠎ᠠ᠃     ᠤᠶᠢᠯᠠᠭᠠᠭᠰᠠᠨ ᠢᠶᠠᠷ᠂ ᠲᠤᠰ ᠤᠳᠠᠭᠠᠨ ᠤ ᠲᠤᠰᠬᠠᠢ ᠬᠢᠨᠠᠨ ᠪᠠᠶᠢᠴᠠᠭᠠᠯᠳᠠ ᠨᠢ ᠤᠯᠤᠰ ᠲᠠᠶᠠᠭᠠᠷ ᠤᠨ 31 ᠮᠤᠵᠢ ᠤᠷᠤᠨ ᠪᠤᠯᠤᠨ ᠰᠢᠨᠵᠢᠶᠠᠩ ᠤᠨ ᠦᠢᠯᠡᠳᠪᠦᠷᠢᠯᠡᠯ ᠪᠦᠲᠦᠬᠡᠨ ᠪᠠᠶᠢᠭᠤᠯᠤᠯᠳᠠ ᠶᠢᠨ ᠪᠢᠩᠲ᠋ᠤᠸᠠᠨ ᠢ ᠬᠠᠮᠤᠷᠴᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ᠂ ᠲᠤᠮᠳᠠᠳᠤ ᠪᠠᠭ᠎ᠠ ᠰᠤᠷᠭᠠᠭᠤᠯᠢ ᠳᠤ ᠰᠤᠳᠤᠯᠤᠨ ᠰᠢᠨᠵᠢᠯᠡᠵᠤ᠂ ᠡᠯ᠎ᠡ ᠭᠠᠵᠠᠷ ᠤᠨ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢᠨ ᠲᠤᠰᠬᠠᠢ ᠵᠠᠰᠠᠨ ᠴᠡᠭᠴᠡᠯᠡᠬᠦ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠬᠦᠨᠵᠡᠬᠡᠢ ᠤᠶᠢᠯᠠᠭᠠᠬᠤ ᠪᠤᠯᠤᠨ᠎ᠠ᠃ ᠡᠬᠦᠨ ᠤ ᠬᠠᠮᠳᠤ ᠢᠯᠡ ᠲᠠᠯᠳᠠ ᠰᠤᠷᠪᠤᠯᠵᠢᠯᠠᠭ᠎ᠠ ᠶᠢ ᠤᠶᠠᠯᠳᠤᠭᠤᠯᠤᠨ ᠲᠤᠭᠳᠠᠭᠰᠠᠨ ᠴᠠᠭ ᠲᠤᠬᠢᠷᠠᠭᠤᠯᠤᠨ ᠲᠠᠯᠳᠠ ᠰᠤᠷᠪᠤᠯᠵᠢᠯᠠᠭ᠎ᠠ ᠪᠤᠶᠤ ᠬᠡᠪᠯᠡᠯ ᠮᠡᠳᠡᠬᠡᠯᠡᠯ ᠤᠨ ᠰᠤᠷᠪᠤᠯᠵᠢᠯᠠᠭ᠎ᠠ ᠬᠢᠵᠤ᠂ ᠤᠷᠢᠳ ᠢᠶᠠᠷ ᠬᠠᠷᠢᠯᠴᠠᠬᠤ ᠦᠭᠡᠢ ᠪᠠᠷ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠪᠠᠶᠢᠴᠠᠭᠠᠵᠤ᠂ ᠰᠤᠷᠤᠭᠴᠢ᠂ ᠬᠡᠷ ᠤᠨ ᠠᠬᠠᠮᠡᠳ ᠠᠴᠠ ᠲᠠᠯᠳᠠ ᠰᠤᠷᠪᠤᠯᠵᠢᠯᠠᠭ᠎ᠠ ᠠᠪᠴᠤ᠂ ᠰᠤᠷᠭᠠᠭᠤᠯᠢ ᠶᠢᠨ ᠪᠤᠰᠤ ᠪᠤᠯᠪᠠᠰᠤᠷᠠᠯ ᠤᠨ ᠪᠠᠶᠢᠭᠤᠯᠤᠮᠵᠢ ᠶᠢ ᠵᠠᠰᠠᠨ ᠴᠡᠭᠴᠡᠯᠡᠭᠰᠡᠨ ᠪᠠᠶᠢᠳᠠᠯ ᠢ ᠲᠤᠬᠠᠢ ᠶᠢᠨ ᠭᠠᠵᠠᠷ ᠠᠴᠠ ᠨᠢ ᠪᠤᠰᠤᠳᠴᠢ ᠪᠠᠷ ᠤᠶᠢᠯᠠᠭᠠᠨ᠎ᠠ᠃
 
ᠢᠷᠡᠯᠲᠡ᠄ ᠰᠢᠨᠬᠤᠧᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号