ᠰᠤᠷᠭᠠᠨ ᠬᠦᠮᠦᠵᠢᠯ ᠤᠨ ᠶᠠᠮᠤᠨ᠄ ᠲᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠲᠤ ᠲᠤᠰᠠᠯᠠᠬᠤ ᠴᠢᠨᠠᠷᠲᠠᠢ ᠬᠤᠶᠠᠷ ᠬᠡᠮᠵᠢᠯᠳᠡᠳᠤ ᠺᠤᠳ᠋ ᠵᠡᠷᠬᠡ ᠶᠢ ᠲᠠᠭᠠᠯᠳᠤᠭᠤᠯᠵᠤ ᠪᠤᠯᠬᠤ ᠦᠭᠡᠢ
ᠨᠡᠶᠢᠲᠡᠯᠡᠭᠰᠡᠨ ᠴᠠᠭ᠄
2018/6/5
     ᠰᠤᠷᠭᠠᠨ ᠬᠦᠮᠦᠵᠢᠯ ᠤᠨ ᠶᠠᠮᠤᠨ 5 ᠰᠠᠷ᠎ᠠ ᠶᠢᠨ 7 ᠤ ᠡᠳᠤᠷ ︽2018 ᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠳᠠ ᠳᠤ ᠠᠰᠢᠭᠯᠠᠬᠤ ᠬᠠᠮᠢᠶᠠᠲᠠᠢ ᠠᠩᠬᠠᠷᠬᠤ ᠵᠦᠢᠯ ᠤᠨ ᠲᠤᠬᠠᠢ ᠮᠡᠳᠡᠭᠳᠡᠯ︾ ᠢ ᠲᠠᠷᠬᠠᠭᠠᠵᠤ᠂ ᠰᠢᠨ᠎ᠡ ᠪᠠᠷ ᠵᠠᠰᠠᠪᠤᠷᠢᠯᠠᠨ ᠬᠡᠪᠯᠡᠬᠦᠯᠵᠤ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠤᠨ ᠬᠡᠷᠡᠭᠯᠡᠬᠡᠨ ᠳᠤ ᠲᠦᠷᠢᠮ ᠲᠤᠭᠳᠠᠭᠠᠬᠤ ᠶᠢᠨ ᠬᠠᠮᠳᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠲᠤ ᠠᠯᠢᠪᠠ ᠬᠤᠳᠠᠯᠳᠤᠭᠠᠨ ᠤ ᠵᠠᠷ ᠪᠤᠶᠤ ᠵᠢᠭᠠᠨ ᠰᠤᠷᠭᠠᠯᠳᠠ ᠶᠢᠨ ᠲᠤᠰᠠᠯᠠᠬᠤ ᠮᠠᠲ᠋ᠧᠷᠢᠶᠠᠯ ᠵᠡᠷᠬᠡ ᠬᠤᠯᠪᠤᠭᠠᠰᠤ ᠨᠧᠲ᠂ ᠬᠤᠶᠠᠷ ᠬᠡᠮᠵᠢᠯᠳᠠᠳᠤ ᠺᠤᠳ᠋ ᠢ ᠲᠠᠭᠠᠯᠳᠤᠭᠤᠯᠵᠤ ᠪᠤᠯᠬᠤ ᠦᠭᠡᠢ ᠬᠡᠵᠤ ᠱᠠᠭᠠᠷᠳᠠᠭᠰᠠᠨ ᠪᠠᠶᠢᠨ᠎ᠠ     ᠰᠤᠷᠭᠠᠨ ᠬᠦᠮᠦᠵᠢᠯ ᠤᠨ ᠶᠠᠮᠤᠨ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠲᠤ ᠬᠤᠳᠠᠯᠳᠤᠭᠠᠨ ᠤ ᠵᠠᠷ ᠪᠤᠶᠤ ᠰᠤᠷᠭᠠᠯᠳᠠ ᠶᠢᠨ ᠲᠤᠰᠠᠯᠠᠬᠤ ᠴᠢᠨᠠᠷᠲᠠᠢ ᠮᠠᠲ᠋ᠧᠷᠢᠶᠠᠯ ᠬᠤᠯᠪᠤᠭᠠᠰᠤ ᠨᠧᠲ᠂ ᠬᠤᠶᠠᠷ ᠬᠡᠮᠵᠢᠯᠳᠡᠳᠤ ᠺᠤᠳ᠋ ᠵᠡᠷᠬᠡ ᠰᠤᠷᠠᠭ ᠵᠠᠩᠬᠢ ᠶᠢ ᠲᠠᠭᠠᠯᠳᠤᠭᠤᠯᠵᠤ ᠪᠤᠯᠬᠤ ᠦᠭᠡᠢ᠃ ᠡᠯ᠎ᠡ ᠭᠠᠵᠠᠷ ᠤᠨ ᠬᠢᠨ ᠪᠤᠳᠠᠳᠠᠢ ᠪᠠᠶᠢᠳᠠᠯ ᠪᠤᠯᠤᠨ ᠰᠤᠷᠤᠭᠴᠢ ᠶᠢᠨ ᠱᠠᠭᠠᠷᠳᠠᠯᠭ᠎ᠠ ᠶᠢ ᠦᠨᠳᠤᠰᠦᠯᠡᠨ ᠰᠤᠷᠬᠤ ᠪᠢᠴᠢᠭ ᠲᠠᠢ ᠬᠤᠯᠪᠤᠭᠳᠠᠭᠰᠠᠨ ᠲᠠᠭᠤ ᠲᠦᠷᠰᠦ ᠶᠢᠨ ᠪᠢᠴᠢᠯᠬᠡ ᠶᠢᠨ ᠮᠠᠲ᠋ᠧᠷᠢᠶᠠᠯ ᠠᠪᠬᠤ ᠪᠠᠨ ᠲᠤᠬᠢᠷᠠᠭᠤᠯᠵᠤ᠂ ᠰᠤᠷᠬᠤ ᠪᠢᠴᠢᠭ ᠤᠨ ᠬᠡᠪᠯᠡᠯ ᠤᠨ ᠪᠠᠶᠢᠭᠤᠯᠤᠯᠭ᠎ᠠ ᠶᠢᠨ ᠨᠧᠲ ᠠᠴᠠ ᠪᠠᠭᠤᠯᠭᠠᠬᠤ ᠠᠷᠭ᠎ᠠ ᠪᠠᠷ ᠲᠦᠯᠦᠪᠦᠷᠢ ᠦᠭᠡᠢ ᠲᠤᠰᠠᠯᠠᠬᠤ ᠮᠠᠲ᠋ᠧᠷᠢᠶᠠᠯ ᠬᠠᠩᠬᠠᠬᠤ ᠶᠢ ᠵᠤᠷᠢᠭᠵᠢᠭᠤᠯᠤᠨ᠎ᠠ ᠬᠡᠵᠤ ᠴᠢᠩᠬᠠᠳᠬᠠᠪᠠ᠃
 
ᠢᠷᠡᠯᠲᠡ᠄ ᠪᠡᠭᠡᠵᠢᠩ ᠤᠨ ᠵᠠᠯᠠᠭᠤᠴᠤᠳ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号