ᠦᠪᠦᠷ ᠮᠤᠩᠬᠤᠯ ᠤᠨ 7 ᠶᠡᠭᠡ ᠰᠤᠷᠭᠠᠭᠤᠯᠢ ᠳ᠋ᠤᠺᠲ᠋ᠤᠷ ᠮᠠᠭᠢᠰᠲᠷ ᠤᠨ ᠴᠤᠯᠠ ᠤᠯᠭᠤᠬᠤ ᠴᠢᠭ ᠨᠡᠮᠡᠬᠦ ᠵᠦᠪᠰᠢᠶᠡᠷᠡᠯ ᠤᠯᠪᠠ
ᠨᠡᠶᠢᠲᠡᠯᠡᠭᠰᠡᠨ ᠴᠠᠭ᠄
2018/6/5
    ᠰᠢᠨᠬᠤᠸᠠ ᠨᠧᠲ ᠬᠦᠬᠡᠬᠤᠳᠠ ᠶᠢᠨ 3 ᠰᠠᠷ᠎ᠠ ᠶᠢᠨ 27 ᠤ ᠡᠳᠤᠷ ᠤᠨ ᠴᠠᠬᠢᠯᠭᠠᠨ ᠮᠡᠳᠡᠭᠡ ︵ᠯᠢ ᠴᠢᠶᠠᠨ︶ ᠡᠮᠦᠨᠡᠬᠡᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠷᠳᠡᠮ ᠤᠨ ᠴᠤᠯᠠ ᠤᠯᠭᠤᠬᠤ ᠺᠤᠮᠢᠰ ︽2017 ᠤᠨ ᠳᠤ ᠳ᠋ᠤᠺᠲ᠋ᠤᠷ᠂ ᠮᠠᠭᠢᠰᠲᠷ ᠤᠨ ᠴᠤᠯᠠ ᠤᠯᠭᠤᠬᠤ ᠴᠢᠭ ᠨᠡᠮᠡᠬᠦ ᠢ ᠬᠢᠨᠠᠨ ᠵᠦᠪᠰᠢᠶᠡᠷᠡᠭᠰᠡᠨ ᠨᠡᠷᠡᠰ ᠤᠨ ᠵᠢᠬᠰᠠᠭᠠᠯᠳᠠ ᠶᠢᠨ ᠮᠡᠳᠡᠭᠳᠡᠯ︾ ᠢ ᠲᠠᠷᠤᠮᠠᠯᠯᠠᠨ ᠲᠠᠷᠬᠠᠭᠠᠵᠤ᠂ ᠳ᠋ᠤᠺᠲ᠋ᠤᠷ᠂ ᠮᠠᠭᠢᠰᠲᠷ ᠬᠦᠮᠦᠵᠢᠬᠦᠯᠬᠦ ᠡᠷᠬᠡ ᠤᠯᠭᠤᠬᠰᠠᠨ ᠰᠢᠨᠵᠢᠯᠡᠬᠦ ᠤᠬᠠᠭᠠᠨ ᠤ ᠰᠠᠯᠪᠤᠷᠢ ᠪᠤᠯᠤᠨ ᠮᠡᠷᠬᠡᠵᠢᠯ ᠤᠨ ᠴᠤᠯᠠ ᠶᠢᠨ ᠲᠦᠷᠦᠯ ᠤᠨ ᠨᠡᠷᠡᠰ ᠤᠨ ᠵᠢᠬᠰᠠᠭᠠᠯᠳᠠ ᠶᠢ ᠨᠡᠶᠢᠳᠡᠯᠡᠪᠡ᠃ ᠦᠪᠦᠷ ᠮᠤᠩᠬᠤᠯ ᠤᠨ ᠶᠡᠭᠡ ᠰᠤᠷᠭᠠᠭᠤᠯᠢ᠂ ᠦᠪᠦᠷ ᠮᠤᠩᠬᠤᠯ ᠤᠨ ᠬᠦᠳᠡᠭᠡ ᠠᠵᠤ ᠠᠬᠤᠢ ᠶᠢᠨ ᠶᠡᠭᠡ ᠰᠤᠷᠭᠠᠭᠤᠯᠢ ᠂ ᠦᠪᠦᠷ ᠮᠤᠩᠬᠤᠯ ᠤᠨ ᠪᠠᠭᠰᠢ ᠶᠢᠨ ᠶᠡᠭᠡ ᠰᠤᠷᠭᠠᠭᠤᠯᠢ ᠵᠡᠷᠬᠡ 7 ᠶᠡᠭᠡ ᠰᠤᠷᠭᠠᠭᠤᠯᠢ ᠶᠢᠨ ᠳ᠋ᠤᠺᠲ᠋ᠤᠷ᠂ ᠮᠠᠭᠢᠰᠲᠷ ᠤᠨ ᠴᠤᠯᠠ ᠤᠯᠭᠤᠬᠤ ᠴᠢᠭ ᠨᠡᠮᠡᠬᠦ ᠶᠢ ᠬᠢᠨᠠᠨ ᠵᠦᠪᠰᠢᠶᠠᠷᠡᠭᠰᠡᠨ ᠪᠠᠶᠢᠨ᠎ᠠ᠃
 
ᠢᠷᠡᠯᠲᠡ᠄ ᠰᠢᠨᠬᠤᠸᠠ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号