ᠡᠮᠦᠨᠡᠲᠦ ᠭᠤᠷᠯᠤᠰ᠄ ᠪᠤᠭᠲᠠ ᠡᠵᠡᠨ ᠴᠢᠩᠬᠢᠰ ᠬᠠᠭᠠᠨ ᠤ ᠮᠡᠨᠲᠦᠯᠡᠭᠰᠡᠨ 856 ᠵᠢᠯ ᠤᠨ ᠤᠢ ᠶᠢ ᠲᠤᠷᠠᠰᠬᠠᠨ ᠲᠡᠮᠲᠡᠭᠯᠡᠪᠡ
ᠨᠡᠶᠢᠲᠡᠯᠡᠭᠰᠡᠨ ᠴᠠᠭ᠄
2018/6/5
     ᠰᠢᠨᠬᠤᠧᠠ  ᠮᠤᠩᠭᠤᠯ ᠨᠧᠲ ᠬᠦᠬᠡᠬᠤᠲᠠ ᠶᠢᠨ 6 ᠰᠠᠷ᠎ᠠ ᠶᠢᠨ 1 ᠤ ᠡᠲᠦᠷ ᠤᠨ ᠴᠠᠬᠢᠯᠭᠠᠨ ᠮᠡᠲᠡᠭᠡ ᠭᠤᠷᠯᠤᠰ  ᠮᠤᠩᠭᠤᠯᠴᠤᠳ 5 ᠰᠠᠷ᠎ᠠ ᠶᠢᠨ 31 ᠤ ᠡᠲᠦᠷ ᠭᠢᠷᠢᠨ ᠮᠤᠵᠢ ᠶᠢᠨ ᠡᠮᠦᠨᠡᠲᠦ ᠭᠤᠷᠯᠤᠰ ᠤᠨ  ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠳᠤ ᠪᠠᠶᠢᠷᠢᠯᠠᠬᠤ ᠴᠢᠩᠬᠢᠰ ᠬᠠᠭᠠᠨ ᠰᠤᠶᠤᠯ ᠤᠨ ᠬᠦᠷᠢᠶᠡᠯᠡᠩ ᠳᠤ ᠪᠤᠭᠲᠠ ᠡᠵᠡᠨ ᠴᠢᠩᠭᠢᠰ ᠬᠠᠭᠠᠨ ᠤ ᠮᠡᠨᠲᠦᠯᠡᠭᠰᠡᠨ 856 ᠵᠢᠯ ᠤᠨ ᠤᠢ ᠶᠢ ᠲᠤᠷᠠᠰᠬᠠᠨ ᠲᠡᠮᠲᠡᠭᠯᠡᠬᠦ ᠲᠠᠬᠢᠯᠭ᠋ ᠎ᠠ ᠬᠢᠵᠡᠢ᠃      ᠤᠶᠢᠯᠠᠭᠠᠭᠰᠠᠨ ᠢᠶᠠᠷ᠂ 2017 ᠤᠨ ᠤ ᠡᠪᠦᠯ ᠦᠪᠦᠷ  ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠲᠤᠰ ᠬᠤᠲᠠ ᠶᠢᠨ ᠡᠵᠡᠨ ᠬᠤᠷᠤᠭ᠎ᠠ ᠬᠤᠰᠢᠭᠤᠨ ᠳᠤ ᠪᠠᠶᠢᠷᠢᠯᠠᠬᠤ ᠴᠢᠩᠬᠢᠰ ᠬᠠᠭᠠᠨ ᠤ  ᠤᠩᠭᠤᠨ ᠠᠴᠠ ᠡᠵᠡᠨ ᠴᠢᠩᠬᠢᠰ ᠤᠨ ᠮᠦᠩᠬᠡ ᠵᠤᠯᠠ ᠶᠢᠨ ᠬᠦᠷᠦᠩᠭᠡ ᠶᠢ ᠭᠤᠷᠯᠤᠰ ᠨᠤᠲᠤᠭ ᠲᠤ ᠵᠠᠯᠠᠨ ᠭᠡᠷᠡᠯᠲᠦᠬᠦᠯᠵᠦ᠂ ᠴᠢᠩᠬᠢᠰ ᠬᠠᠭᠠᠨ ᠰᠤᠶᠤᠯ ᠤᠨ ᠬᠦᠷᠢᠶᠡᠯᠡᠩ ᠤᠨ ᠨᠢᠭᠤᠴᠠ ᠤᠷᠲᠤᠨ ᠳᠤ ᠬᠦᠨᠳᠦᠳᠭᠡᠨ ᠲᠠᠬᠢᠵᠤ᠂ ᠪᠤᠭᠲᠠ ᠡᠵᠡᠨ ᠤ ᠮᠡᠨᠲᠦᠯᠡᠭᠰᠡᠨ ᠤᠢ ᠶᠢ ᠲᠤᠷᠠᠰᠬᠠᠨ ᠲᠡᠮᠲᠡᠭᠯᠡᠬᠦ ᠶᠡᠭᠡ ᠲᠠᠬᠢᠯᠭ᠎ᠠ᠂ ᠭᠠᠯ ᠤᠨ ᠬᠤᠷᠢᠨ ᠭᠤᠷᠪᠠᠨ ᠤ ᠲᠠᠬᠢᠯᠭ᠎ᠠ ᠵᠡᠷᠭᠡ ᠠᠵᠢᠯᠯᠠᠭᠠᠨ ᠤ ᠦᠶ᠎ᠠ ᠪᠠᠷ ᠵᠤᠯᠠ ᠶᠢᠨ ᠬᠦᠷᠦᠩᠭᠡ ᠠᠴᠠ ᠭᠠᠯ ᠵᠠᠯᠠᠳᠠᠬ ᠪᠠᠶᠢᠨ᠎ᠠ᠃      2010 ᠤᠨ ᠳᠤ ᠡᠮᠦᠨᠡᠲᠦ ᠭᠤᠷᠯᠤᠰ ᠤᠨ ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ︽ᠴᠢᠩᠬᠢᠰ ᠬᠠᠭᠠᠨ ᠤ ᠲᠠᠬᠢᠯᠭ᠎ᠠ︾ ᠶᠢ ᠭᠢᠷᠢᠨ ᠮᠤᠵᠢ ᠶᠢᠨ ᠵᠠᠰᠠᠭ ᠤᠨ ᠤᠷᠲᠤᠨ ᠠᠴᠠ ᠮᠤᠵᠢ ᠶᠢᠨ ᠵᠡᠷᠭᠡᠯᠡᠯ ᠤᠨ ᠪᠠᠶᠠᠲᠦ ᠪᠤᠰᠤ ᠰᠤᠶᠤᠯ ᠤᠨ ᠦᠪ ᠢᠶᠠᠷ ᠪᠦᠷᠢᠳᠭᠡᠪᠡ᠃ ︵ᠨᠡᠶᠢᠳᠡᠯᠡᠯ ᠢ ᠡᠮᠦᠨᠡᠲᠦ ᠭᠤᠷᠯᠤᠰ ᠤᠨ ᠮᠤᠩᠬᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠤ ᠷᠠᠳᠢᠣ᠋ ᠲᠧᠯᠧᠶ᠋ᠰ ᠬᠤᠷᠢᠶ᠎ᠠ ᠶᠢᠨ ᠹᠦ᠋ ᠱᠠᠨ᠂ ᠵᠢᠷᠤᠭ ᠢ ᠰᠦᠩᠶᠤᠧᠠᠨ ᠬᠤᠲᠠ ᠶᠢᠨ  ᠮᠤᠩᠭᠤᠯ ᠦᠨᠳᠦᠰᠦᠲᠡᠨ ᠤ ᠦᠪ ᠰᠤᠶᠤᠯ ᠤᠨ ᠬᠠᠮᠠᠭᠠᠯᠠᠯᠲᠠ ᠶᠢᠨ ᠨᠡᠶᠢᠭᠡᠮᠯᠢᠭ ᠤᠨ ᠤᠶᠤᠨ᠂ ᠵᠧᠦ ᠴᠢᠨ  ᠬᠠᠩᠭᠠᠪᠠ︶
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号