5 ᠰᠠᠷ᠎ᠠ ᠶᠢᠨ 21 ᠤ ᠡᠳᠦᠷ᠂ ᠰᠤᠷᠪᠤᠯᠵᠢᠯᠠᠬᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠤ ᠬᠡᠪᠯᠡᠯ ᠮᠡᠳᠡᠭᠡᠯᠡᠯ ᠤᠨ ᠬᠤᠷᠠᠯ ᠠᠴᠠ ᠤᠶᠢᠯᠠᠭᠠᠬᠰᠠᠨ ᠢᠶᠠᠷ᠂ | ᠠᠷᠪᠠᠨ ᠲᠠᠪᠤᠳᠤᠭᠠᠷ ᠬᠤᠭᠤᠴᠠᠭᠠᠨ ᠤ ᠲᠤᠮᠳᠠᠳᠦ ᠤᠯᠤᠰ • ᠦᠪᠦᠷ ᠮᠤᠩᠭᠤᠯ ᠤᠨ ᠲᠠᠯ᠎ᠠ ᠨᠤᠳᠤᠭ ᠤᠨ | ᠰᠤᠶᠤᠯ ᠤᠨ ᠨᠠᠶᠢᠷ 8 ᠰᠠᠷ᠎ᠠ ᠶᠢᠨ 8 ᠤ ᠡᠳᠦᠷ ᠠᠴᠠ 18 ᠤ ᠡᠳᠦᠷ ᠪᠤᠯᠳᠠᠯ᠎ᠠ ᠶᠠᠪᠤᠬᠳᠠᠨ᠎ᠠ᠃ ᠲᠤᠰ | ᠬᠤᠭᠤᠴᠠᠭᠠᠨ ᠤ ᠲᠠᠯ᠎ᠠ ᠨᠤᠳᠤᠭ ᠤᠨ ᠰᠤᠶᠤᠯ ᠤᠨ ᠨᠠᠶᠢᠷ ᠨᠢ ᠨᠡᠬᠡᠬᠡᠯᠳᠡ ᠶᠢᠨ ᠶᠤᠰᠤᠯᠠᠯ᠂ ᠰᠢᠯᠢᠳᠡᠭ ᠵᠦᠴᠦᠬᠡ ᠶᠢᠨ | ᠦᠵᠡᠬᠦᠯᠦᠯᠬᠡ ᠶᠢᠨ ᠲᠤᠬᠯᠠᠯᠳᠠ᠂ ᠤᠯᠠᠭᠠᠨᠮᠦ᠋ᠴᠢᠷ ᠤᠨ ᠰᠢᠨ᠎ᠡ ᠪᠦᠳᠦᠬᠡᠯ ᠤᠨ ᠦᠵᠡᠬᠦᠯᠦᠯᠬᠡ ᠶᠢᠨ ᠲᠤᠬᠯᠠᠯᠳᠠ᠂ | ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠰᠠᠨ 40 ᠵᠢᠯ ᠤᠨ ᠤᠢ ᠶᠢ ᠲᠤᠷᠠᠰᠬᠠᠬᠤ ᠴᠤᠪᠤᠷᠠᠯ ᠠᠵᠢᠯᠯᠠᠭ᠎ᠠ᠂ | ᠭᠤᠤᠯ ᠰᠡᠳᠦᠪᠳᠦ ᠲᠠᠭᠤᠤ ᠬᠦᠭᠵᠢᠮ ᠤᠨ ᠨᠠᠶᠢᠷ᠂ ᠤᠯᠤᠰ ᠤᠨ ᠲᠤᠳᠤᠭᠠᠳᠦ ᠭᠠᠳᠠᠭᠠᠳᠦ ᠶᠢᠨ ᠰᠤᠶᠤᠯ ᠤᠨ | ᠰᠤᠯᠢᠯᠴᠠᠭ᠎ᠠ ᠶᠢᠨ ᠦᠵᠡᠬᠦᠯᠦᠯᠬᠡ᠂ ᠭᠤᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠰᠤᠶᠤᠯ ᠤᠨ ᠠᠵᠦ ᠦᠢᠯᠡᠰ ᠤᠨ ᠦᠵᠡᠰᠬᠦᠯᠡᠩ ᠵᠢᠴᠢ ᠠᠷᠠᠯᠵᠢᠶᠡᠨ ᠤ ᠴᠤᠬᠯᠠᠭᠠᠨ᠂ ᠲᠠᠯ᠎ᠠ ᠨᠤᠳᠤᠭ ᠤᠨ | ᠰᠤᠶᠤᠯ ᠤᠨ ᠹᠤᠷᠦ᠋ᠮ᠂ ᠪᠦᠬᠦ ᠤᠷᠤᠨ ᠤ ᠰᠢᠯᠢᠳᠡᠭ ᠵᠦᠴᠦᠬᠡ ᠶᠢᠨ ᠠᠷᠠᠳ ᠲᠤ ᠠᠰᠢᠭ ᠬᠦᠷᠳᠡᠬᠡᠬᠦ ᠲᠤᠬᠯᠠᠯᠳᠠ᠂ | ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠬᠠᠭᠠᠯᠳᠠ ᠶᠢᠨ ᠶᠤᠰᠤᠯᠠᠯ ᠵᠢᠴᠢ ᠱᠠᠩᠨᠠᠯ ᠤᠯᠭᠤᠬᠤ ᠶᠤᠰᠤᠯᠠᠯ ᠵᠡᠷᠬᠡ | 10 ᠪᠦᠯᠦᠭ ᠢᠶᠠᠷ ᠪᠦᠷᠢᠯᠳᠦᠨ᠎ᠡ᠃ ᠤᠶᠢᠯᠠᠭᠠᠬᠰᠠᠨ ᠢᠶᠠᠷ᠂ ᠳᠤᠮᠳᠠᠳᠤ ᠤᠯᠤᠰ • ᠦᠪᠦᠷ ᠮᠤᠩᠭᠤᠯ ᠤᠨ ᠳᠠᠯ᠎ᠠ | ᠨᠤᠳᠤᠭ ᠤᠨ ᠰᠤᠶᠤᠯ ᠤᠨ ᠨᠠᠶᠢᠷ 2004 ᠤᠨ ᠠᠴᠠ ᠡᠬᠢᠯᠡᠨ ᠨᠢᠭᠡᠨᠳᠡ 14 ᠬᠤᠭᠤᠴᠠᠭ᠎ᠠ ᠠᠮᠵᠢᠯᠳᠠ ᠲᠠᠢ | ᠵᠤᠬᠢᠶᠠᠨ ᠪᠠᠶᠢᠭᠤᠯᠤᠬᠳᠠᠵᠦ᠂ ᠤᠳᠤ ᠨᠢᠭᠡᠨᠳᠡ ᠤᠯᠤᠰ ᠤᠨ ᠳᠤᠳᠤᠭᠠᠳᠤ ᠶᠢᠨ ᠰᠤᠶᠤᠯ ᠤᠨ ᠠᠵᠢᠯᠯᠠᠭ᠎ᠠ ᠶᠢᠨ | ᠪᠷᠤᠨ᠋ᠳ᠋ ᠪᠤᠯᠵᠤ᠂ ᠳᠠᠯ᠎ᠠ ᠨᠤᠳᠤᠭ ᠤᠨ ᠰᠤᠶᠤᠯ ᠢ ᠤᠯᠠᠮᠵᠢᠯᠠᠨ ᠬᠦᠭᠵᠢᠭᠦᠯᠬᠦ᠂ ᠰᠤᠶᠤᠯ ᠤᠨ ᠰᠤᠳᠤᠨ ᠪᠦᠳᠦᠭᠡᠯ ᠢ | ᠳᠡᠯᠭᠡᠨ ᠦᠵᠡᠭᠦᠯᠬᠦ᠂ ᠰᠤᠶᠤᠯ ᠤᠨ ᠬᠦᠭᠵᠢᠯᠳᠡ ᠶᠢ ᠠᠬᠢᠭᠤᠯᠬᠤ ᠳᠠᠯ᠎ᠠ ᠪᠠᠷ ᠴᠢᠬᠤᠯᠠ ᠶᠡᠭᠡ ᠦᠢᠯᠡᠳᠦᠯ | ᠦᠵᠡᠭᠦᠯᠵᠠᠢ᠃ ᠢᠯᠠᠩᠭᠤᠶ᠎ᠠ ᠲᠤᠰ ᠬᠤᠭᠤᠴᠠᠭᠠᠨ ᠤ ᠰᠤᠶᠤᠯ ᠤᠨ ᠨᠠᠶᠢᠷ ᠨᠢ ᠰᠢ ᠶᠢᠨ ᠫᠢᠡᠭ ᠶᠡᠷᠦᠩᠬᠡᠢ | ᠱᠦᠵᠢ ᠶᠢᠨ ᠴᠤᠪᠤᠷᠠᠯ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠠᠪᠤᠷᠢᠭᠤᠯᠬᠤ ᠲᠠᠢ | ᠤᠶᠠᠯᠳᠤᠭᠤᠯᠬᠤ᠂ ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠰᠠᠨ 40 ᠵᠢᠯ ᠤᠨ ᠤᠢ ᠶᠢ ᠲᠤᠷᠠᠰᠬᠠᠬᠤ | ᠰᠤᠶᠤᠯ ᠤᠨ ᠤᠬᠠᠭᠤᠯᠭ᠎ᠠ᠂ ᠠᠷᠠᠳ ᠲᠦᠮᠡᠨ ᠢᠶᠠᠷ ᠭᠤᠤᠯ ᠪᠤᠯᠭᠠᠨ ᠠᠷᠠᠳ ᠲᠦᠮᠡᠨ ᠳᠤ ᠠᠰᠢᠭ ᠬᠦᠷᠳᠡᠬᠡᠬᠦ᠂ | ᠦᠵᠡᠬᠦᠯᠦᠯᠬᠡ ᠶᠢᠨ ᠲᠤᠬᠯᠠᠯᠳᠠ ᠶᠢᠨ ᠠᠭᠤᠯᠭ᠎ᠠ᠂ ᠨᠠᠶᠢᠷ ᠡᠷᠬᠢᠯᠡᠬᠦ ᠠᠷᠭ᠎ᠠ ᠬᠡᠯᠪᠡᠷᠢ ᠪᠤᠯᠤᠨ ᠠᠷᠠᠳ ᠲᠤ ᠠᠰᠢᠭ | ᠬᠦᠷᠳᠡᠬᠡᠬᠦ ᠠᠷᠭ᠎ᠠ ᠬᠡᠯᠪᠡᠷᠢ ᠳᠤ ᠰᠢᠨ᠎ᠡ ᠶᠢ ᠡᠬᠦᠳᠬᠦ ᠶᠢ ᠴᠢᠬᠤᠯᠠᠴᠢᠯᠠᠵᠦ ᠪᠠᠶᠢᠨ᠎ᠠ᠃ | |