ᠵᠧᠵᠢᠶᠠᠩ ᠮᠤᠵᠢ ᠶᠢᠨ ᠠᠷᠪᠠᠨ ᠬᠤᠶᠠᠳᠤᠭᠠᠷ ᠤᠳᠠᠭᠠᠨ ᠤ ᠮᠤᠩᠭᠤᠯ ᠰᠤᠶᠤᠯ ᠤᠷᠠᠯᠢᠭ ᠤᠨ ᠴᠤᠭᠯᠠᠭᠠᠨ ᠨᠢᠵᠢᠬᠡᠷ ᠰᠠᠶᠢᠬᠠᠨ ᠪᠤᠯᠤᠯ᠎ᠠ
ᠨᠡᠶᠢᠲᠡᠯᠡᠭᠰᠡᠨ ᠴᠠᠭ᠄
2018/6/5
    ᠵᠧᠵᠢᠶᠠᠩ ᠮᠤᠵᠢ ᠶᠢᠨ ᠠᠷᠪᠠᠨ ᠬᠤᠶᠠᠳᠤᠭᠠᠷ ᠤᠳᠠᠭᠠᠨ ᠤ ᠮᠤᠩᠭᠤᠯ ᠰᠤᠶᠤᠯ ᠤᠷᠠᠯᠢᠭ ᠤᠨ ᠴᠤᠭᠯᠠᠭᠠᠨ ᠲᠠᠪᠤᠳᠤᠭᠠᠷ ᠰᠠᠷ᠎ᠠ ᠶᠢᠨ ᠠᠷᠪᠠᠨ ᠬᠤᠶᠠᠷ ᠤᠨ ᠡᠳᠤᠷ ᠬᠠᠩᠵᠸᠤ ᠬᠤᠳᠠ ᠳᠤ ᠠᠮᠵᠢᠯᠳᠠ ᠲᠠᠢ ᠪᠤᠯᠵᠤ ᠦᠨᠳᠤᠷᠯᠡᠵᠠᠢ ᠃ ᠵᠧᠵᠢᠶᠠᠩ ᠮᠤᠵᠢ ᠶᠢᠨ ᠮᠤᠩᠭᠤᠯ ᠰᠤᠶᠤᠯ ᠤᠷᠠᠯᠢᠭ ᠤᠨ ᠴᠤᠭᠯᠠᠭᠠᠨ ᠢ ᠦᠩᠬᠡᠷᠡᠭᠰᠡᠨ ᠳᠤ 11 ᠤᠳᠠᠭ᠎ᠠ ᠡᠷᠬᠢᠯᠡᠵᠦ ᠪᠠᠶᠢᠭᠰᠠᠨ ᠪᠦᠭᠡᠳ ᠲᠤᠰ ᠤᠳᠠᠭᠠᠨ ᠤ ᠴᠤᠭᠯᠠᠭᠠᠨ ᠢ ᠵᠧᠵᠢᠶᠠᠩ ᠮᠤᠵᠢ ᠳᠤ ᠠᠵᠢᠯᠯᠠᠵᠦ ᠠᠮᠢᠳᠤᠷᠠᠵᠦ ᠪᠠᠶᠢᠭ᠎ᠠ ᠤᠯᠠᠭᠠᠨᠬᠠᠳᠠ ᠨᠤᠳᠤᠭ ᠲᠠᠢ ᠮᠤᠩᠭᠤᠯᠴᠤᠳ ᠭᠤᠤᠯᠯᠠᠨ ᠵᠤᠬᠢᠶᠠᠨ ᠪᠠᠶᠢᠭᠤᠯᠵᠦ ᠡᠷᠬᠢᠯᠡᠭᠰᠡᠨ ᠪᠠᠶᠢᠨ᠎ᠠ᠃ ᠲᠤᠰ ᠤᠳᠠᠭᠠᠨ ᠤ ᠴᠤᠭᠯᠠᠭᠠᠨ ᠨᠢ ᠪᠦᠭᠡ ᠪᠠᠷᠢᠯᠳᠤᠬᠤ᠂ ᠰᠤᠷ ᠬᠠᠷᠪᠤᠬᠤ᠂ ᠰᠢᠳᠠᠷ᠎ᠠ ᠲᠤᠭᠯᠠᠬᠤ ᠵᠡᠷᠭᠡ ᠤᠯᠠᠨ ᠰᠠᠶᠢᠬᠠᠨ ᠠᠭᠤᠯᠭ᠎ᠠ ᠪᠠᠷ ᠶᠠᠪᠤᠭᠳᠠᠵᠦ᠂ ᠨᠠᠭᠠᠳᠤᠮ ᠳᠤ ᠬᠠᠩᠵᠸᠤ ᠬᠤᠳᠠ᠂ ᠤᠶᠢᠷ᠎ᠠ ᠬᠠᠪᠢ ᠶᠢᠨ ᠱᠠᠩᠬᠠᠢ᠂ ᠰᠦᠵᠸᠤ ᠬᠤᠳᠠ ᠶᠢᠨ ᠮᠤᠩᠭᠤᠯᠴᠤᠳ᠂ ᠲᠡᠭᠡᠪᠡᠯ ᠬᠠᠩᠵᠸᠤ ᠬᠤᠳᠠ ᠳᠤ ᠰᠤᠷᠤᠯᠴᠠᠵᠦ ᠪᠠᠶᠢᠭ᠎ᠠ ᠮᠤᠩᠭᠤᠯ ᠤᠯᠤᠰ ᠤᠨ ᠤᠶᠤᠳᠠᠳ ᠴᠦ ᠤᠷᠤᠯᠴᠠᠨ᠂ ᠬᠤᠷ᠎ᠠ ᠲᠠᠢ᠂ ᠬᠤᠪᠢ ᠲᠠᠢ ᠰᠠᠶᠢᠬᠠᠨ ᠨᠠᠭᠠᠳᠤᠮ ᠴᠤᠭᠯᠠᠭᠠᠨ ᠪᠤᠯᠤᠭᠰᠠᠨ ᠪᠠᠶᠢᠨ᠎ᠠ᠃ ᠨᠡᠩ ᠴᠦ ᠪᠠᠭᠠᠷᠢᠨ ᠨᠤᠳᠤᠭ ᠤᠨ ᠠᠪᠤᠷᠭᠤ ᠪᠦᠭᠡ ᠭᠡᠭᠡᠷᠡᠬᠦ᠂ ᠴᠢᠩᠵᠤᠷᠢᠭ᠂ ᠵᠢᠷᠤᠮᠳᠤ᠂ ᠮᠡᠷᠬᠡᠨᠪᠤᠯᠠᠭ ᠨᠠᠷ ᠬᠦᠷᠤᠯᠴᠡᠨ ᠢᠷᠡᠵᠦ᠂ ᠮᠤᠩᠭᠤᠯ ᠪᠦᠭᠡ ᠶᠢᠨ ᠰᠦᠷ ᠵᠢᠪᠬᠤᠭ᠎ᠠ ᠶᠢ ᠨᠠᠭᠠᠳᠤᠮᠴᠢᠨ ᠤᠯᠠᠨ ᠳᠠᠭᠠᠨ ᠭᠠᠶᠢᠬᠠᠭᠤᠯᠵᠦ᠂ ᠪᠠᠭᠠᠷᠢᠨ ᠨᠤᠳᠤᠭ ᠤᠨ ᠲᠠᠭᠤᠴᠢᠨ ᠤᠷᠠᠯᠢᠭᠴᠢᠨ᠂ ᠬᠦᠳᠦᠯᠦᠭᠴᠢ ᠴᠦ ᠠᠯᠤᠰ ᠬᠤᠯᠠ ᠭᠡᠵᠦ ᠪᠤᠳᠤᠯ ᠦᠬᠡᠢ ᠴᠤᠭᠯᠠᠭᠠᠨ ᠳᠤ ᠬᠦᠷᠦᠯᠴᠡᠨ ᠢᠷᠡᠵᠦ᠂ ᠠᠶ᠎ᠠ ᠲᠠᠭᠤᠤ ᠪᠠᠨ ᠡᠷᠬᠦᠨ ᠨᠠᠭᠠᠳᠤᠮᠴᠢᠨ ᠤᠯᠠᠨ ᠢᠶᠠᠨ ᠪᠠᠶᠠᠰᠬᠠᠵᠠᠢ᠃ ᠴᠤᠭᠯᠠᠭᠠᠨ ᠳᠤ 32 ᠪᠦᠭᠡ ᠪᠠᠷᠢᠯᠳᠤᠭᠤᠯᠵᠦ᠂ ᠵᠢᠷᠤᠮᠳᠤ ᠲᠡᠷᠢᠬᠦᠯᠡᠨ᠂ ᠭᠡᠭᠡᠷᠡᠬᠦ ᠲᠡᠳ᠋ᠯᠡᠵᠦ᠂ ᠴᠢᠩᠵᠤᠷᠢᠭ᠂ ᠮᠡᠷᠬᠡᠨᠪᠤᠯᠠᠭ ᠲᠡᠭᠡᠳᠤ ᠲᠦᠷᠪᠡ ᠳᠤ ᠲᠤᠳᠤᠷᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号