ᠰᠤᠷᠪᠤᠯᠵᠢᠯᠠᠭᠰᠠᠨ ᠴᠠᠭ ᠬᠤᠭᠤᠴᠠᠭ᠎ᠠ᠄ 2018 ᠤᠨ ᠤ 2 ᠰᠠᠷ᠎ᠠ ᠶᠢᠨ 26 ᠤ ᠡᠳᠦᠷ | ᠰᠤᠷᠪᠤᠯᠵᠢᠯᠠᠭᠰᠠᠨ ᠵᠤᠴᠢᠨ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ、 ᠵᠠᠰᠠᠭ ᠤᠨ ᠤᠷᠳᠤᠨ ᠤ | ᠬᠤᠰᠢᠭᠤᠨ ᠳᠠᠷᠤᠭ᠎ᠠ ᠯᠢ ᠵᠧᠨ ᠯᠢᠨ | ᠭᠤᠤᠯ ᠠᠩᠬᠠᠷᠤᠯᠲᠠ᠄ | 2018 ᠤᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠤᠤᠷᠠᠬᠢ ᠬᠡᠳᠦᠨ ᠲᠠᠯ᠎ᠠ ᠶᠢᠨ | ᠭᠤᠤᠯᠳᠠᠯᠭ᠎ᠠ ᠲᠠᠢ ᠠᠵᠢᠯ ᠢ ᠬᠢᠬᠦ ᠭᠡᠵᠤ ᠲᠦᠰᠦᠪᠯᠡᠵᠤ ᠪᠤᠢ᠄ ᠨᠢᠭᠡ ᠳᠤ᠂ ᠪᠦᠲᠦᠴᠡ ᠶᠢ ᠰᠢᠯᠢᠳᠡᠭᠵᠢᠭᠦᠯᠦᠨ | ᠰᠠᠶᠢᠵᠢᠷᠠᠭᠤᠯᠬᠤ 、ᠬᠦᠳᠡᠯᠭᠡᠭᠴᠢ ᠬᠦᠴᠦᠨ ᠢ ᠬᠦᠭᠵᠢᠭᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ ᠬᠤᠶᠠᠷ ᠳᠤ᠂ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠤᠯᠭᠠᠬᠤ 、ᠠᠵᠤ ᠦᠢᠯᠡᠰ ᠤᠨ ᠪᠤᠶᠢᠵᠢᠭᠤᠯᠤᠯᠲᠠ ᠶᠢ ᠪᠠᠷᠢᠮᠳᠠᠯᠠᠨ᠂ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠳᠠᠪᠠᠭᠤᠯᠢᠭ ᠢ ᠵᠤᠵᠠᠭᠠᠳᠬᠠᠨ᠎ᠠ᠃ ᠭᠤᠷᠪᠠ ᠳᠤ᠂ ᠲᠦᠯᠦᠪᠵᠢᠭᠦᠯᠭᠡ ᠪᠠᠷ ᠬᠦᠲᠦᠯᠦᠨ | ᠲᠠᠭᠠᠭᠤᠯᠬᠤ、 ᠠᠮᠢᠵᠢᠷᠠᠯ ᠤᠨ ᠬᠦᠴᠦᠨ ᠢ ᠬᠦᠭᠵᠢᠭᠡᠬᠦ ᠶᠢ ᠪᠠᠷᠢᠮᠳᠠᠯᠠᠨ᠂ ᠭᠤᠷᠪᠠᠳᠤᠭᠠᠷ ᠠᠵᠤ ᠦᠢᠯᠡᠰ ᠤᠨ | ᠰᠢᠨ᠎ᠡ ᠴᠢᠳᠠᠮᠵᠢ ᠢ ᠨᠢᠭᠲᠠᠷᠠᠭᠤᠯᠤᠨ᠎ᠠ᠃ ᠳᠦᠷᠪᠡ ᠳᠤ᠂ ᠨᠢᠭᠡᠲᠦᠯᠲᠡᠢ ᠤᠷᠤᠭᠰᠢᠯᠠᠨ、 ᠵᠤᠬᠢᠰᠲᠠᠢ | ᠲᠤᠬᠢᠷᠠᠭᠤᠯᠤᠯᠲᠠ ᠬᠢᠬᠦ ᠶᠢ ᠪᠠᠷᠢᠮᠳᠠᠯᠠᠨ᠂ ᠬᠤᠲᠠ ᠬᠦᠳᠡᠭᠡ ᠶᠢᠨ ᠬᠡᠬᠡᠨᠴᠢᠷ ᠰᠢᠨ᠎ᠡ ᠲᠦᠷᠢ ᠲᠦᠯᠦᠪ ᠢ | ᠢᠯᠡᠷᠡᠭᠦᠯᠦᠨ᠎ᠡ᠃ ᠲᠠᠪᠤ ᠳᠤ᠂ ᠭᠤᠤᠯᠳᠠᠯᠭ᠎ᠠ ᠪᠠᠨ ᠳᠤᠪᠤᠶᠢᠯᠭᠠᠨ、 ᠬᠠᠮᠲᠦ ᠪᠠᠷ ᠪᠠᠶᠢᠭᠤᠯᠤᠨ ᠬᠠᠮᠲᠤ ᠪᠠᠷ ᠡᠳᠡᠯᠬᠦ | ᠶᠢ ᠪᠠᠷᠢᠮᠳᠠᠯᠠᠨ᠂ ᠠᠷᠠᠳ ᠤᠨ ᠠᠮᠢᠳᠤᠷᠠᠯ ᠤᠨ ᠰᠢᠨ᠎ᠡ ᠬᠠᠭᠤᠳᠠᠰᠤ ᠶᠢ ᠨᠡᠭᠡᠭᠡᠨ᠎ᠡ᠃ ᠵᠢᠷᠭᠤᠳᠤᠭᠠᠷ ᠳᠤ᠂ | ᠦᠭᠡᠷᠠᠴᠢᠯᠡᠯᠲᠡ ᠶᠢ ᠬᠦᠨᠵᠡᠭᠡᠶᠢᠷᠡᠭᠦᠯᠦᠨ、 ᠨᠡᠭᠡᠭᠡᠯᠲᠡ ᠶᠢ ᠦᠷᠭᠡᠳᠭᠡᠬᠦ ᠶᠢ ᠪᠠᠷᠢᠮᠳᠠᠯᠠᠨ᠂ ᠳᠤᠲᠤᠭᠠᠲᠤ ᠶᠢᠨ | ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠭᠵᠢᠭᠡᠨ᠎ᠡ᠃ ᠳᠤᠯᠤᠳᠤᠭᠠᠷ ᠲᠤ᠂ ᠰᠤᠷᠬᠤ ᠨᠢ ᠬᠡᠷᠡᠭᠯᠡᠬᠦ | ᠶᠢᠨ ᠳᠦᠯᠦᠭᠡ ᠪᠤᠯᠤᠨ ᠠᠷᠠᠳ ᠤᠨ ᠲᠦᠯᠦᠭᠡ ᠵᠠᠰᠠᠭ ᠪᠠᠷᠢᠬᠤ ᠰᠤᠷᠲᠠᠯ ᠢ ᠪᠠᠷᠢᠮᠳᠠᠯᠠᠨ᠂ ᠵᠠᠰᠠᠭ ᠤᠨ ᠤᠷᠳᠤᠨ ᠤ | ᠦᠪᠡᠷ ᠤᠨ ᠪᠠᠶᠢᠭᠤᠯᠤᠯᠲᠠ ᠶᠢ ᠰᠢᠨ᠎ᠡ ᠲᠦᠪᠰᠢᠨ ᠳᠤ ᠬᠦᠷᠭᠡᠬᠦ ᠶᠢ ᠪᠡᠶᠡᠯᠡᠭᠦᠯᠦᠨ᠎ᠡ᠃ | ᠰᠤᠷᠪᠤᠯᠵᠢᠯᠠᠭᠰᠠᠨ ᠠᠭᠤᠯᠭ᠎ᠠ᠄ | ᠬᠦᠲᠦᠯᠦᠭᠴᠢ᠄ ᠰᠢᠨ᠎ᠡ ᠴᠠᠭ ᠦᠶ᠎ᠡ、 ᠰᠢᠨ᠎ᠡ ᠠᠭᠤᠷ ᠠᠮᠢᠰᠬᠤᠯ、 ᠰᠢᠨ᠎ᠡ ᠵᠢᠳᠭᠦᠯ᠃ ᠢᠷᠡᠭᠡᠳᠦᠢ ᠶᠢᠨ | ᠲᠠᠪᠤᠨ ᠵᠢᠯ ᠪᠤᠯ ᠪᠦᠬᠦ ᠬᠤᠰᠢᠭᠤᠨ ᠤ ᠬᠦᠳᠡᠯᠭᠡᠭᠴᠢ ᠬᠦᠴᠦᠨ ᠤ ᠰᠤᠯᠢᠯᠲᠠ ᠶᠢ ᠬᠦᠭᠵᠢᠭᠦᠯᠬᠦ ᠵᠠᠩᠭᠢᠯᠭ᠎ᠠ ᠶᠢᠨ | ᠬᠤᠭᠤᠴᠠᠭ᠎ᠠ ᠪᠤᠯᠤᠨ᠎ᠠ᠂ ᠦᠷᠬᠦᠯᠵᠢᠯᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠰᠢᠪᠲᠤᠯᠤᠯᠲᠠ ᠶᠢᠨ | ᠬᠤᠭᠤᠴᠠᠭ᠎ᠠ ᠪᠤᠯᠤᠨ᠎ᠠ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠰᠢᠢᠳᠪᠦᠷᠢᠲᠦ | ᠬᠤᠭᠤᠴᠠᠭ᠎ᠠ ᠪᠤᠯᠤᠨ᠎ᠠ᠃ ᠯᠢ ᠬᠤᠰᠢᠭᠤᠨ ᠳᠠᠷᠤᠭ᠎ᠠ ᠠᠴᠠ ᠠᠰᠠᠭᠤᠬᠤ ᠨᠢ᠂ ᠡᠨᠡᠬᠦ ᠲᠠᠪᠤᠨ ᠵᠢᠯ ᠤᠨ ᠬᠤᠭᠤᠴᠠᠭᠠᠨ | ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯ ᠤᠨ ᠶᠡᠷᠦᠩᠭᠡᠢ ᠱᠠᠭᠠᠷᠲᠠᠯᠭ᠎ᠠ ᠪᠤᠯᠤᠨ ᠲᠡᠮᠡᠴᠡᠬᠦ | ᠬᠠᠷᠠᠯᠲᠠ ᠨᠢ ᠶᠠᠭᠤ ᠪᠤᠢ︖ | ᠯᠢ ᠵᠧᠨ ᠯᠢᠨ᠄ ᠬᠤᠰᠢᠭᠤᠨ ᠤ ᠠᠷᠪᠠᠨ ᠳᠦᠷᠪᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ | ᠬᠤᠷᠠᠯ ᠠᠴᠠ ᠪᠦᠬᠦ ᠬᠤᠰᠢᠭᠤᠨ ᠤ ᠡᠬᠢ ᠪᠠᠶᠠᠯᠢᠭ ᠤᠨ ᠤᠭ ᠰᠤᠷᠪᠤᠯᠵᠢ、 ᠤᠷᠤᠨ ᠪᠠᠶᠢᠷᠢ ᠶᠢᠨ ᠨᠦᠭᠦᠴᠡᠯ、 | ᠮᠠᠬᠠᠪᠤᠳ ᠤᠨ ᠦᠪᠡᠷ ᠤᠨ ᠦᠷᠲᠡᠭ ᠵᠡᠷᠭᠡ ᠳᠠᠪᠠᠭᠤᠯᠢᠭ ᠲᠠᠯ᠎ᠠ ᠶᠢ ᠶᠡᠷᠦᠩᠭᠡᠶᠢᠯᠡᠨ ᠪᠤᠳᠤᠯᠬᠢᠯᠠᠵᠤ᠂ ᠡᠬᠦᠨ ᠠᠴᠠ | ᠰᠡᠬᠦᠯᠡᠷᠬᠢ ᠨᠢᠭᠡ ᠬᠡᠰᠡᠭ ᠬᠤᠭᠤᠴᠠᠭᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ、 ᠵᠢᠱᠢᠭᠰᠡᠨ ᠬᠠᠷᠠᠯᠲᠠ ᠪᠤᠯᠤᠨ ᠭᠤᠤᠯᠳᠠᠯᠭ᠎ᠠ ᠲᠠᠢ | ᠡᠭᠦᠷᠭᠡ ᠪᠠᠨ ᠲᠤᠭᠲᠠᠭᠠᠵᠠᠢ᠃ ᠡᠬᠦᠨ ᠤ ᠰᠠᠭᠤᠷᠢᠨ ᠳᠡᠭᠡᠷ᠎ᠠ᠂ ᠡᠬᠦᠨ ᠠᠴᠠ ᠰᠡᠬᠦᠯᠡᠷᠬᠢ ᠲᠠᠪᠤᠨ ᠵᠢᠯ ᠤᠨ | ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠢ ᠱᠠᠭᠠᠷᠲᠠᠯᠭ᠎ᠠ ᠪᠤᠯ᠄ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ ᠤᠭ ᠰᠠᠨᠠᠭ᠎ᠠ ᠪᠠᠨ ᠮᠠᠷᠲᠠᠬᠤ ᠦᠭᠡᠢ 、 ᠡᠭᠦᠷᠭᠡ ᠬᠠᠷᠢᠭᠤᠴᠠᠯᠭ᠎ᠠ ᠪᠠᠨ ᠪᠠᠲᠦ | ᠴᠡᠭᠡᠵᠢᠯᠡᠵᠤ᠂ ᠯᠠᠪᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠪᠤᠯᠤᠨ ᠰᠢᠨ᠎ᠡ ᠬᠦᠭᠵᠢᠯᠲᠡ | ᠶᠢᠨ ᠤᠨᠤᠯ ᠢ ᠪᠠᠷᠢᠮᠲᠠᠯᠠᠨ᠂《 ᠲᠠᠪᠤᠨ ᠲᠠᠯ᠎ᠠ ᠶᠢ ᠨᠢᠭᠡ ᠴᠤᠭᠴᠠᠯᠠᠬᠤ》 ᠶᠢᠨ ᠶᠡᠷᠦᠩᠭᠡᠢ ᠪᠠᠶᠢᠷᠢᠰᠢᠯᠠᠭᠤᠯᠤᠯᠲᠠ | ᠶᠢ ᠨᠢᠭᠡᠲᠦᠯᠲᠡᠢ ᠲᠦᠯᠬᠢᠨ ᠠᠬᠢᠭᠤᠯᠵᠤ᠂《 ᠲᠦᠷᠪᠡᠨ ᠪᠦᠬᠦ ᠲᠠᠯ᠎ᠠ ᠶᠢᠨ》ᠪᠠᠶᠢᠯᠳᠤᠬᠤ ᠪᠤᠳᠤᠯᠭ᠎ᠠ ᠶᠢᠨ | ᠲᠤᠬᠢᠷᠠᠭᠤᠯᠤᠯᠲᠠ ᠶᠢ ᠵᠤᠬᠢᠴᠠᠩᠭᠤᠢ ᠪᠠᠷ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ | ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ、ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠠᠷᠪᠠᠳᠤᠭᠠᠷ ᠬᠤᠭᠤᠴᠠᠭᠠᠨ ᠤ ᠳᠦᠷᠪᠡᠳᠦᠭᠡᠷ ᠪᠦᠭᠦᠳᠡ ᠬᠤᠷᠠᠯᠳᠤᠭᠠᠨ ᠪᠤᠯᠤᠨ ᠠᠶᠢᠮᠠᠭ ᠤᠨ ᠨᠠᠮ ᠤᠨ | ᠬᠤᠷᠢᠶᠠᠨ ᠤ ︵ᠦᠷᠭᠡᠳᠭᠡᠭᠰᠡᠨ︶ ᠬᠤᠷᠠᠯᠳᠤᠭᠠᠨ ᠤ ᠰᠢᠢᠳᠪᠦᠷᠢ ᠶᠢᠨ ᠲᠤᠭᠤᠷᠢᠨ ᠳᠤ ᠨᠠᠷᠢᠯᠢᠭ ᠲᠤᠤᠱᠯᠠᠭᠤᠯᠵᠤ᠂ | ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠢ ᠢᠳᠡᠪᠬᠢᠲᠡᠢ ᠪᠠᠷ ᠵᠤᠬᠢᠴᠠᠭᠤᠯᠤᠨ ᠳᠠᠭᠠᠭᠤᠯᠵᠤ᠂《 | ᠳᠤᠯᠤᠭᠠᠨ ᠵᠦᠢᠯ ᠤᠨ ᠰᠦᠯᠵᠢᠶ᠎ᠡ》 ᠶᠢ ᠬᠠᠮᠲᠦ ᠳᠤᠨᠢ ᠪᠠᠶᠢᠭᠤᠯᠤᠨ、《 ᠲᠤᠯᠤᠭᠠᠨ ᠵᠦᠢᠯ ᠤᠨ ᠠᠵᠤ | ᠦᠢᠯᠡᠰ》 ᠢ ᠬᠠᠮᠲᠦ ᠳᠤᠨᠢ ᠬᠦᠭᠵᠢᠭᠦᠯᠦᠨ᠎ᠡ᠂《 ᠲᠠᠪᠤᠨ ᠬᠢᠩᠭᠠᠨ》 ᠢ ᠪᠦᠲᠦᠭᠡᠨ ᠪᠠᠶᠢᠭᠤᠯᠬᠤ ᠠᠵᠢᠯ ᠤᠨ | ᠲᠤᠭᠤᠷᠢᠨ ᠳᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ | ᠪᠤᠯᠭᠠᠨ᠂《 ᠠᠷᠪᠠᠨ ᠢᠨᠵᠧᠨᠧᠷᠢᠩ》、《 ᠲᠠᠪᠤᠨ ᠬᠤᠲᠠ ᠬᠠᠮᠲᠦ ᠪᠠᠷ ᠴᠤᠭᠴᠠᠯᠠᠬᠤ》 ᠠᠵᠢᠯ ᠠᠴᠠ | ᠭᠠᠷᠳᠠᠨ᠂ ᠬᠦᠭᠵᠢᠯᠲᠡ、 ᠠᠮᠢ ᠠᠬᠤᠢ、 ᠠᠷᠠᠳ ᠤᠨ ᠠᠮᠢᠳᠦᠷᠠᠯ《 ᠭᠤᠷᠪᠠᠨ ᠵᠤᠷᠪᠤᠰ ᠱᠤᠭᠤᠮ》 ᠢ | ᠪᠠᠷᠢᠮᠲᠠᠯᠠᠨ᠂ ᠪᠤᠵᠠᠷᠲᠠᠯ ᠦᠭᠡᠢ ᠬᠦᠭᠵᠢᠯᠲᠡ、 ᠠᠵᠤ ᠦᠢᠯᠡᠰ ᠤᠨ ᠲᠡᠰ ᠳᠡᠪᠰᠢᠬᠦ、 ᠠᠷᠠᠳ ᠤᠨ ᠠᠮᠢᠳᠤᠷᠠᠯ | ᠤᠨ ᠦᠭᠡᠷᠡᠴᠢᠯᠡᠯᠲᠡ᠂ ᠦᠭᠡᠷᠡᠴᠢᠯᠡᠯᠲᠡ ᠬᠢᠵᠤ ᠴᠢᠯᠦᠭᠡᠲᠡᠢ ᠶᠠᠪᠤᠯᠴᠠᠬᠤ ᠶᠢ ᠶᠡᠭᠡ ᠬᠦᠴᠦᠨ ᠢᠶᠠᠷ ᠲᠦᠯᠬᠢᠨ | ᠠᠬᠢᠭᠤᠯᠵᠤ᠂ ᠪᠡᠯᠡ ᠤᠷᠤᠭᠤᠯᠤᠯᠲᠠ ᠶᠢ ᠲᠠᠲᠠᠬᠤ ᠪᠤᠯᠤᠨ ᠲᠦᠷᠦᠯ ᠵᠦᠢᠯ ᠢ ᠳᠠᠶᠢᠴᠢᠯᠠᠨ᠂ ᠠᠵᠤ ᠠᠬᠤᠢ | ᠬᠦᠭᠵᠢᠭᠰᠡᠨ ᠡᠮᠦᠨᠡᠲᠦ ᠬᠤᠰᠢᠭᠤ、 ᠠᠷᠠᠳ ᠤᠨ ᠠᠮᠢᠳᠤᠷᠠᠯ ᠪᠠᠶᠠᠨ ᠴᠢᠨᠡᠭᠡᠯᠢᠭ ᠡᠮᠦᠨᠡᠲᠦ ᠬᠤᠰᠢᠭᠤ、 ᠠᠮᠢ | ᠠᠬᠤᠢ ᠲᠡᠩᠴᠡᠭᠦᠷᠢᠰᠢᠭᠰᠡᠨ ᠡᠮᠦᠨᠡᠲᠦ ᠬᠤᠰᠢᠭᠤ、ᠡᠶ᠎ᠡ ᠨᠠᠶᠢᠷᠠᠮᠳᠠᠭᠤ ᠡᠮᠦᠨᠡᠲᠦ ᠬᠤᠰᠢᠭᠤ ᠶᠢ ᠪᠦᠲᠦᠭᠡᠨ | ᠪᠠᠶᠢᠭᠤᠯᠵᠤ᠂《 ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠬᠦᠰᠡᠯ ᠢ ᠳᠡᠷᠭᠡᠯᠰᠢᠭᠦᠯᠬᠦ》 ᠶᠢᠨ ᠲᠦᠯᠦᠭᠡ ᠨᠡᠩ ᠶᠡᠭᠡ ᠭᠠᠪᠢᠶ᠎ᠡ ᠵᠢᠳᠭᠦᠯ ᠦᠵᠡᠭᠦᠯᠦᠨ᠎ᠡ᠃ | ᠲᠤᠤᠷᠠᠬᠢ ᠬᠠᠷᠠᠯᠲᠠ ᠶᠢ ᠪᠡᠶᠡᠯᠡᠬᠦᠯᠬᠦ ᠪᠠᠷ ᠮᠡᠷᠡᠶᠢᠨ ᠴᠢᠷᠮᠠᠶᠢᠨ᠎ᠠ᠄ ᠶᠡᠷᠦᠩᠭᠡᠶᠢᠯᠡᠭᠰᠡᠨᠠᠵᠤ ᠠᠬᠤᠢ ᠶᠢᠨ | ᠪᠤᠳᠠᠳᠤ ᠬᠦᠴᠦᠨ ᠢ ᠰᠢᠨ᠎ᠡ ᠲᠦᠪᠰᠢᠨ ᠳᠤ ᠬᠦᠷᠭᠡᠨ᠎ᠡ᠃ ᠠᠵᠤ ᠦᠢᠯᠡᠰ ᠤᠨ ᠰᠢᠯᠢᠳᠡᠭᠵᠢᠭᠦᠯᠦᠯᠲᠡ ᠶᠢ ᠲᠦᠯᠬᠢᠨ | ᠠᠬᠢᠭᠤᠯᠤᠨ᠎ᠠ᠃ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ | ᠦᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠰᠢᠨ᠎ᠡ ᠠᠬᠢᠴᠠ ᠳᠤ ᠬᠦᠷᠭᠡᠨ᠎ᠡ᠃ ᠠᠷᠠᠳ ᠤᠨ ᠠᠮᠢᠳᠤᠷᠠᠯ | ᠤᠨ ᠲᠦᠪᠰᠢᠨ ᠢ ᠳᠡᠭᠡᠭᠰᠢᠯᠡᠭᠦᠯᠦᠭᠡᠳ ᠰᠢᠨ᠎ᠡ ᠲᠦᠪᠰᠢᠨ ᠳᠤ ᠲᠤᠯᠭᠠᠨ᠎ᠠ᠃ ᠨᠡᠶᠢᠭᠡᠮ ᠤᠨ ᠵᠠᠰᠠᠯᠲᠠ ᠶᠢᠨ | ᠪᠠᠶᠢᠷᠢᠰᠢᠯ ᠢ ᠰᠢᠨ᠎ᠡ ᠤᠷᠤᠭᠰᠢᠯᠡᠯᠲᠡ ᠳᠤ ᠬᠦᠷᠭᠡᠨ᠎ᠡ᠃ ᠵᠠᠰᠠᠭ ᠤᠨ ᠤᠷᠳᠤᠨ ᠤ ᠦᠪᠡᠷ ᠪᠡᠶ᠎ᠡ ᠶᠢᠨ ᠪᠠᠶᠢᠭᠤᠯᠤᠯᠲᠠ | ᠶᠢ ᠰᠢᠨ᠎ᠡ ᠦᠷ᠎ᠡ ᠪᠦᠲᠦᠮᠵᠢ ᠳᠤ ᠬᠦᠷᠭᠡᠬᠦ ᠪᠠᠷ ᠴᠢᠷᠮᠠᠶᠢᠨ᠎ᠠ᠃ | ᠬᠦᠲᠦᠯᠦᠭᠴᠢ᠄ ᠲᠡᠭᠡᠪᠡᠯ 2018 ᠤᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠯᠢ ᠠᠯᠢ ᠲᠠᠯ᠎ᠠ | ᠶᠢᠨ ᠠᠵᠢᠯ ᠤᠨ ᠲᠤᠬᠢᠷᠠᠭᠤᠯᠤᠯᠲᠠ ᠪᠠᠶᠢᠬᠤ ᠪᠤᠢ︖ | ᠯᠢ ᠵᠧᠨ ᠯᠢᠨ᠄ 2018 ᠤᠨ ᠪᠤᠯ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠶᠡᠭᠡ ᠬᠤᠷᠠᠯ ᠤᠨ ᠵᠤᠷᠢᠭ | ᠰᠠᠨᠠᠭ᠎ᠠ ᠶᠢ ᠲᠤᠤᠱᠯᠠᠭᠤᠯᠬᠤ ᠠᠩᠬᠠᠨ ᠤ ᠵᠢᠯ ᠪᠤᠯᠤᠨ᠎ᠠ᠂ ᠦᠭᠡᠷᠡᠴᠢᠯᠡᠯᠲᠡ ᠬᠢᠵᠤ ᠴᠢᠯᠦᠭᠡᠲᠡᠢ ᠶᠠᠪᠤᠯᠴᠠᠭᠰᠠᠨ 40 | ᠵᠢᠯ ᠤᠨ ᠤᠢ ᠪᠤᠯᠤᠨ᠎ᠠ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ、《 ᠠᠷᠪᠠᠨ | ᠭᠤᠷᠪᠠᠳᠤᠭᠠᠷ ᠲᠠᠪᠤᠨ ᠵᠢᠯ》 ᠤᠨ ᠲᠦᠯᠦᠪᠵᠢᠭᠦᠯᠦᠯᠭᠡ ᠶᠢ ᠨᠠᠶᠢᠳᠠᠪᠤᠷᠢᠵᠢᠭᠤᠯᠵᠤ ᠡᠮᠦᠨ᠎ᠡ ᠬᠤᠶᠢᠨ᠎ᠠ ᠶᠢ | ᠵᠤᠯᠭᠠᠭᠤᠯᠬᠤ ᠵᠠᠩᠭᠢᠯᠭ᠎ᠠ ᠶᠢᠨ ᠵᠢᠯ ᠪᠤᠯᠤᠨ᠎ᠠ᠃ ᠡᠨᠡ ᠵᠢᠯ ᠤᠨ ᠭᠤᠤᠯᠳᠠᠯᠭ᠎ᠠ ᠲᠠᠢ ᠪᠡᠶᠡᠯᠡᠬᠦᠯᠬᠦ ᠬᠠᠷᠠᠯᠲᠠ ᠪᠤᠯ᠄ | ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠢ ᠦᠷᠲᠡᠭ ᠢ ᠠᠳᠠᠯᠢ ᠲᠦᠪᠰᠢᠨ ᠳᠤ 7% ᠪᠠᠷ ᠨᠡᠮᠡᠭᠳᠡᠨ᠂ | 86.7 ᠳ᠋ᠤᠩᠰᠢᠭᠤᠷ ᠲᠦᠭᠦᠷᠢᠭ ᠲᠤ ᠲᠤᠯᠭᠠᠨ᠎ᠠ᠃ ᠬᠡᠪᠴᠢᠶᠠᠵᠢᠯ ᠠᠴᠠ ᠳᠡᠭᠡᠭᠡᠭᠰᠢ ᠠᠵᠤ ᠦᠢᠯᠡᠳᠪᠦᠷᠢ ᠶᠢᠨ | ᠶᠡᠷᠦᠩᠬᠢ ᠦᠷᠲᠡᠭ ᠨᠢ ᠠᠳᠠᠯᠢ ᠲᠦᠪᠰᠢᠨ ᠳᠤ 7.5% ᠪᠠᠷ ᠨᠡᠮᠡᠭᠳᠡᠭᠦᠯᠦᠨ᠂ 7.2 ᠳ᠋ᠤᠩᠰᠢᠭᠤᠷ ᠲᠦᠭᠦᠷᠢᠭ ᠲᠤ | ᠲᠤᠯᠭᠠᠨ᠎ᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠠᠳᠠᠯᠢ | ᠲᠦᠪᠰᠢᠨ ᠳᠤ 8% ᠪᠠᠷ ᠨᠡᠮᠡᠭᠳᠡᠭᠦᠯᠦᠨ᠂ 33.2 ᠳ᠋ᠤᠩᠰᠢᠭᠤᠷ ᠲᠦᠭᠦᠷᠢᠭ ᠲᠤ ᠲᠤᠯᠭᠠᠨ᠎ᠠ᠃ ᠬᠤᠲᠠ ᠬᠦᠳᠡᠭᠡ | ᠶᠢᠨ ᠪᠠᠶᠢᠩᠭᠤ ᠰᠠᠭᠤᠭᠠᠯᠢ ᠠᠷᠠᠳ ᠤᠨ ᠲᠡᠭᠰᠢᠳᠭᠡᠭᠰᠡᠨ ᠬᠦᠮᠦᠨ ᠨᠢᠭᠡᠪᠦᠷᠢ ᠶᠢᠨ ᠡᠵᠡᠮᠳᠡᠵᠤ ᠪᠤᠯᠬᠤ ᠲᠤᠮᠳᠠᠴᠢ | ᠤᠷᠤᠯᠭ᠎ᠠ ᠶᠢ ᠲᠤᠰᠪᠦᠷᠢ 7.5% ᠪᠤᠯᠭᠠᠨ ᠨᠡᠮᠡᠭᠳᠡᠭᠦᠯᠵᠤ᠂ 26471 ᠲᠦᠭᠦᠷᠢᠭ ᠪᠠ 9922 ᠲᠦᠭᠦᠷᠢᠭ ᠲᠤ | ᠲᠤᠯᠭᠠᠨ᠎ᠠ᠃ ᠲᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ ᠪᠢᠳᠡᠨ ᠲᠤᠤᠷᠠᠬᠢ ᠬᠡᠳᠦᠨ ᠲᠠᠯ᠎ᠠ ᠪᠠᠷ ᠬᠢᠬᠦ | ᠭᠡᠵᠤ ᠲᠦᠯᠦᠪᠯᠡᠵᠤ ᠪᠤᠢ᠃ | ᠨᠢᠭᠡ ᠳᠤ᠂ ᠪᠦᠲᠦᠴᠡ ᠶᠢ ᠰᠢᠯᠢᠳᠡᠭᠵᠢᠭᠦᠯᠦᠨ ᠰᠠᠶᠢᠵᠢᠷᠠᠭᠤᠯᠬᠤ 、ᠬᠦᠳᠡᠯᠭᠡᠭᠴᠢ ᠬᠦᠴᠦᠨ ᠢ ᠬᠦᠭᠵᠢᠭᠡᠬᠦ | ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠠᠭᠤᠳᠠᠰᠤ ᠶᠢ | ᠪᠢᠴᠢᠭᠯᠡᠨ᠎ᠡ᠃ | ᠬᠤᠶᠠᠷ ᠳᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ 、ᠠᠵᠤ ᠦᠢᠯᠡᠰ ᠤᠨ ᠪᠤᠶᠢᠵᠢᠭᠤᠯᠤᠯᠲᠠ | ᠶᠢ ᠪᠠᠷᠢᠮᠳᠠᠯᠠᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠳᠠᠪᠠᠭᠤᠯᠢᠭ ᠢ ᠵᠤᠵᠠᠭᠠᠳᠬᠠᠨ᠎ᠠ᠃ | ᠭᠤᠷᠪᠠ ᠳᠤ᠂ ᠲᠦᠯᠦᠪᠵᠢᠭᠦᠯᠭᠡ ᠪᠠᠷ ᠬᠦᠲᠦᠯᠦᠨ ᠲᠠᠭᠠᠭᠤᠯᠬᠤ、 ᠠᠮᠢᠵᠢᠷᠠᠯ ᠤᠨ ᠬᠦᠴᠦᠨ ᠢ ᠬᠦᠭᠵᠢᠭᠡᠬᠦ | ᠶᠢ ᠪᠠᠷᠢᠮᠳᠠᠯᠠᠨ᠂ ᠭᠤᠷᠪᠠᠳᠤᠭᠠᠷ ᠠᠵᠤ ᠦᠢᠯᠡᠰ ᠤᠨ ᠰᠢᠨ᠎ᠡ ᠴᠢᠳᠠᠮᠵᠢ ᠢ ᠨᠢᠭᠲᠠᠷᠠᠭᠤᠯᠤᠨ᠎ᠠ᠃ | ᠳᠦᠷᠪᠡ ᠳᠤ᠂ ᠨᠢᠭᠡᠲᠦᠯᠲᠡᠢ ᠤᠷᠤᠭᠰᠢᠯᠠᠨ、 ᠵᠤᠬᠢᠰᠲᠠᠢ ᠲᠤᠬᠢᠷᠠᠭᠤᠯᠤᠯᠲᠠ ᠬᠢᠬᠦ ᠶᠢ ᠪᠠᠷᠢᠮᠳᠠᠯᠠᠨ᠂ ᠬᠤᠲᠠ | ᠬᠦᠳᠡᠭᠡ ᠶᠢᠨ ᠬᠡᠬᠡᠨᠴᠢᠷ ᠰᠢᠨ᠎ᠡ ᠲᠦᠷᠢ ᠲᠦᠯᠦᠪ ᠢ ᠢᠯᠡᠷᠡᠭᠦᠯᠦᠨ᠎ᠡ᠃ | ᠲᠠᠪᠤ ᠳᠤ᠂ ᠭᠤᠤᠯᠳᠠᠯᠭ᠎ᠠ ᠪᠠᠨ ᠳᠤᠪᠤᠶᠢᠯᠭᠠᠨ、 ᠬᠠᠮᠲᠦ ᠪᠠᠷ ᠪᠠᠶᠢᠭᠤᠯᠤᠨ ᠬᠠᠮᠲᠤ ᠪᠠᠷ ᠡᠳᠡᠯᠬᠦ ᠶᠢ | ᠪᠠᠷᠢᠮᠳᠠᠯᠠᠨ᠂ ᠠᠷᠠᠳ ᠤᠨ ᠠᠮᠢᠳᠤᠷᠠᠯ ᠤᠨ ᠰᠢᠨ᠎ᠡ ᠬᠠᠭᠤᠳᠠᠰᠤ ᠶᠢ ᠨᠡᠭᠡᠭᠡᠨ᠎ᠡ᠃ | ᠵᠢᠷᠭᠤᠳᠤᠭᠠᠷ ᠳᠤ᠂ ᠦᠭᠡᠷᠠᠴᠢᠯᠡᠯᠲᠡ ᠶᠢ ᠬᠦᠨᠵᠡᠭᠡᠶᠢᠷᠡᠭᠦᠯᠦᠨ、 ᠨᠡᠭᠡᠭᠡᠯᠲᠡ ᠶᠢ ᠦᠷᠭᠡᠳᠭᠡᠬᠦ ᠶᠢ | ᠪᠠᠷᠢᠮᠳᠠᠯᠠᠨ᠂ ᠳᠤᠲᠤᠭᠠᠲᠤ ᠶᠢᠨ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠬᠦᠭᠵᠢᠭᠡᠨ᠎ᠡ᠃ | ᠳᠤᠯᠤᠳᠤᠭᠠᠷ ᠲᠤ᠂ ᠰᠤᠷᠬᠤ ᠨᠢ ᠬᠡᠷᠡᠭᠯᠡᠬᠦ ᠶᠢᠨ ᠳᠦᠯᠦᠭᠡ ᠪᠤᠯᠤᠨ ᠠᠷᠠᠳ ᠤᠨ ᠲᠦᠯᠦᠭᠡ ᠵᠠᠰᠠᠭ ᠪᠠᠷᠢᠬᠤ | ᠰᠤᠷᠲᠠᠯ ᠢ ᠪᠠᠷᠢᠮᠳᠠᠯᠠᠨ᠂ ᠵᠠᠰᠠᠭ ᠤᠨ ᠤᠷᠳᠤᠨ ᠤ ᠦᠪᠡᠷ ᠤᠨ ᠪᠠᠶᠢᠭᠤᠯᠤᠯᠲᠠ ᠶᠢ ᠰᠢᠨ᠎ᠡ ᠲᠦᠪᠰᠢᠨ ᠳᠤ ᠬᠦᠷᠭᠡᠬᠦ | ᠶᠢ ᠪᠡᠶᠡᠯᠡᠭᠦᠯᠦᠨ᠎ᠡ᠃ | |