ᠮᠤᠩᠭᠤᠯ ᠡᠯᠧᠮᠧᠨ᠋ᠲ ᠮᠦᠩᠬᠡ ᠶᠢᠨ ᠦᠪ - ︽ᠮᠤᠩᠭᠤᠯ ᠡᠯᠧᠮᠧᠨ᠋ᠲ︾ ᠬᠤᠪᠴᠠᠰᠤ ᠵᠠᠰᠠᠯ ᠳᠦᠷᠦ ᠶᠢᠨ ᠳᠠᠶᠢᠰᠠ ᠶᠢ ᠴᠢᠮᠡᠯ᠎ᠡ
ᠨᠡᠶᠢᠲᠡᠯᠡᠭᠰᠡᠨ ᠴᠠᠭ᠄
2019/10/30
   ᠰᠢᠨᠬᠤᠧᠠ ᠮᠤᠩᠭᠤᠯ ᠨᠧᠲ ᠬᠦᠬᠡᠬᠤᠲᠠ ᠶᠢᠨ 10 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ︵ᠬ᠊ • ᠦᠵᠡᠰᠭᠦᠯᠡᠩ︶ ᠤᠢᠷ᠎ᠠ ᠳᠤ ᠨᠡᠢᠰᠯᠡᠯ ᠬᠤᠲᠠ ᠪᠡᠭᠡᠵᠢᠩ ᠳᠤ 2019 ᠤᠨ ᠤ ᠲᠤᠮᠲᠠᠲᠤ ᠤᠯᠤᠰ ᠤᠨ ᠤᠯᠠᠨ ᠤᠯᠤᠰ ᠤᠨ ᠬᠤᠪᠴᠠᠰᠤᠨ ᠤ ᠵᠠᠭᠪᠤᠷ ᠤᠨ ᠤᠯᠠᠨ ᠤᠯᠤᠰ ᠤᠨ ᠭᠠᠷᠠᠭ ᠤᠨ ᠠᠵᠢᠯᠯᠠᠭ᠎ᠠ ᠨᠡᠬᠡᠬᠡᠯᠲᠡ ᠪᠠᠨ ᠬᠢᠵᠡᠢ᠃ 10 ᠰᠠᠷ᠎ᠠ ᠶᠢᠨ 25 ᠤ ᠤᠷᠤᠢ ︽ᠮᠤᠩᠭᠤᠯ ᠡᠯᠧᠮᠧᠨ᠋ᠲ︾ ᠪᠠᠭ ᠤᠨ ᠬᠠᠮᠲᠤ ᠤᠯᠠᠨ ᠪᠤᠯᠤᠨ ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠡᠮᠡᠭᠲᠡᠢᠴᠤᠳ ᠤᠨ ᠬᠤᠯᠪᠤᠭᠠᠲᠤ ᠬᠤᠷᠠᠯ ᠤᠨ ᠬᠠᠮᠲᠤᠷᠠᠭᠰᠠᠨ ︽ᠪᠦᠰᠡᠬᠦᠢ & ᠮᠤᠩᠭᠤᠯ ᠡᠯᠧᠮᠧᠨ᠋ᠲ︾ ᠭᠤᠤᠯ ᠰᠡᠲᠦᠪᠲᠤ ᠠᠵᠢᠯᠯᠠᠭ᠎ᠠ ᠨᠢ ᠮᠤᠩᠭᠤᠯ ᠬᠤᠪᠴᠠᠰᠤ ᠵᠠᠰᠠᠯ ᠤᠨ ᠦᠪ ᠤᠯᠠᠮᠵᠢᠯᠠᠯ ᠤᠨ ᠦᠯᠢᠭᠡᠷ ᠢ ᠤᠴᠢᠷᠯᠠᠭᠰᠠᠨ ᠲᠡᠲᠦᠢ ᠦᠭᠡᠢ ᠦᠪᠦᠷ ᠮᠤᠩᠭᠤᠯ ᠤᠨ ᠦᠨᠳᠦᠰᠦᠲᠡᠨ ᠤ ᠬᠤᠪᠴᠠᠰᠤ ᠵᠠᠰᠠᠯ ᠠᠩᠬ᠎ᠠ ᠤᠳᠠᠭ᠎ᠠ ᠦᠪᠡᠷ ᠤᠨ ᠭᠡᠰᠡᠨ ᠨᠡᠷᠡᠲᠦ ᠲᠡᠮᠲᠡᠭᠲᠦ᠂ ᠵᠠᠭᠪᠤᠷ ᠲᠦᠰᠦᠪᠯᠡᠭᠴᠢ ᠪᠠᠷ ᠲᠤᠮᠲᠠᠲᠤ ᠤᠯᠤᠰ ᠤᠨ ᠬᠤᠪᠴᠠᠰᠤ ᠵᠠᠰᠠᠯ ᠤᠨ ᠦᠵᠡᠬᠦᠯᠦᠯᠭᠡ ᠶᠢᠨ ᠬᠠᠮᠤᠭ ᠤᠨ ᠦᠨᠳᠦᠷ ᠲᠠᠪᠴᠠᠩ ᠳᠤ ᠭᠠᠷᠴᠤ ᠪᠠᠢᠬᠤ ᠪᠠᠷ ᠢᠶᠠᠨ ᠤᠨᠴᠠᠯᠠᠭᠲᠠᠬᠤ ᠶᠤᠮ᠃   ᠲᠤᠬᠠᠢ ᠶᠢᠨ ᠤᠷᠤᠢ ᠪᠤᠯᠤᠭᠰᠠᠨ ᠬᠤᠪᠴᠠᠰᠤ ᠵᠠᠰᠠᠯ ᠤᠨ ᠦᠵᠡᠬᠦᠯᠦᠯᠭᠡ ᠪᠠᠷ ᠮᠤᠩᠭᠤᠯ ᠦᠨᠳᠦᠰᠦᠲᠡᠨ ᠤ ᠪᠡᠶᠡᠲᠦ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ᠂ ᠮᠤᠲ᠋ᠧᠯ ᠪᠤᠯᠤᠨ ᠬᠦᠲᠡᠭᠡ ᠤᠷᠤᠨ ᠨᠤᠲᠤᠭ ᠤᠨ ᠮᠠᠯᠴᠢᠳ ᠠᠴᠠ 120 ᠭᠠᠷᠤᠢ ᠵᠠᠬ᠎ᠠ ᠮᠤᠩᠭᠤᠯ ᠬᠤᠪᠴᠠᠰᠤ ᠶᠢ ᠦᠵᠡᠭᠴᠢᠳ ᠲᠤ ᠰᠤᠨᠢᠷᠬᠠᠭᠤᠯᠤᠨ ᠦᠵᠡᠬᠦᠯᠵᠦ ᠮᠤᠩᠭᠤᠯ ᠬᠤᠪᠴᠠᠰᠤ ᠵᠠᠰᠠᠯ ᠤᠨ ᠰᠠᠢᠬᠠᠨ᠂ ᠵᠠᠭᠪᠤᠷ ᠲᠦᠰᠦᠪᠯᠡᠭᠴᠢ ᠤᠶᠤᠲᠠᠯᠴᠢᠨ ᠤ ᠤᠶᠤᠨ ᠤᠬᠠᠭᠠᠨ᠂ ᠭᠠᠷ ᠤᠨ ᠤᠷᠠᠨ ᠢ ᠦᠵᠡᠬᠦᠯᠪᠡ᠃   ︽ᠮᠤᠩᠭᠤᠯ ᠡᠯᠧᠮᠧᠨ᠋ᠲ︾ ᠢ ᠡᠭᠦᠰᠭᠡᠨ ᠪᠠᠢᠭᠤᠯᠤᠭᠴᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮᠡᠭᠲᠡᠢᠴᠤᠳ ᠤᠨ ᠬᠤᠯᠪᠤᠭᠠᠲᠤ ᠬᠤᠷᠠᠯ ᠤᠨ ᠲᠤᠰᠬᠠᠢ ᠲᠤᠰᠢᠶᠠᠯᠲᠤ ᠲᠡᠳ᠋ ᠲᠡᠷᠢᠬᠦᠯᠡᠭᠴᠢ ᠨᠠᠷᠠᠨᠬᠤᠧᠠᠷ᠂ ᠮᠤᠩᠭᠤᠯ ᠬᠤᠪᠴᠠᠰᠤ ᠵᠠᠰᠠᠯ ᠤᠨ ᠵᠠᠭᠪᠤᠷ ᠲᠦᠰᠦᠪᠯᠡᠯ᠂ ᠤᠶᠤᠲᠠᠯ ᠬᠠᠳᠬᠤᠮᠠᠯ ᠪᠦᠷᠢ ᠳᠤ ᠰᠤᠶᠤᠯ ᠤᠨ ᠤᠳᠬ᠎ᠠ ᠠᠭᠤᠯᠭ᠎ᠠ ᠲᠠᠢ᠂ ᠪᠢᠲᠡ ᠬᠤᠪᠴᠠᠰᠤ ᠵᠠᠰᠠᠯ ᠢᠶᠠᠷ ᠢᠶᠠᠨ ᠡᠪᠦᠭᠡ ᠲᠡᠭᠡᠳᠦᠰ ᠠᠴᠠ ᠤᠯᠠᠮᠵᠢᠯᠠᠭᠰᠠᠨ ᠰᠤᠶᠤᠯ ᠢᠶᠠᠨ ᠦᠨᠦ ᠪᠤᠯᠲᠠᠯ᠎ᠠ ᠵᠠᠯᠭᠠᠮᠵᠢᠯᠠᠭᠰᠠᠨ᠃ ᠦᠨᠦᠲᠦᠷ ᠤᠨ ᠡᠨᠡ ᠬᠦ ᠬᠤᠪᠴᠠᠰᠤᠨ ᠤ ᠦᠵᠡᠬᠦᠯᠦᠯᠭᠡ ᠪᠤᠯ ᠲᠠᠷᠤᠢ ᠦᠪ ᠤᠯᠠᠮᠵᠢᠯᠠᠯ ᠤᠨ ᠦᠯᠢᠭᠡᠷ ᠲᠡᠦᠬᠡ ᠶᠢᠨ ᠤᠴᠢᠷᠯᠠᠯ ᠪᠤᠯᠬᠤ ᠶᠤᠮ ᠭᠡᠵᠡᠢ᠃   ᠨᠠᠷᠠᠨᠬᠤᠧᠠᠷ ᠮᠤᠩᠭᠤᠯ ᠬᠤᠪᠴᠠᠰᠤ ᠵᠠᠰᠠᠯ ᠤᠨ ᠪᠦᠲᠦᠴᠡ ᠶᠢᠨ ᠲᠤᠬᠠᠢ ᠰᠤᠲᠤᠯᠭᠠᠨ ᠢ 18 ᠵᠢᠯ ᠬᠢᠵᠦ ᠢᠷᠡᠵᠡᠢ ᠃ ᠲᠡᠷᠡ ᠪᠠᠷ 18 ᠵᠢᠯ ᠤᠨ ᠲᠤᠷᠰᠢᠳᠠ ᠤᠯᠠᠨ ᠭᠠᠵᠠᠷ ᠢᠶᠠᠷ ᠶᠠᠪᠤᠵᠤ ᠰᠤᠷᠪᠤᠯᠵᠢᠯᠠᠨ᠂ ᠤᠯᠠᠮᠵᠢᠯᠠᠯᠲᠤ ᠰᠤᠶᠤᠯ ᠢᠶᠠᠨ ᠤᠯᠠᠮᠵᠢᠯᠠᠬᠤ ᠪᠠᠷ ᠨᠠᠰᠤ ᠪᠠᠷ ᠢᠶᠠᠨ ᠤᠢᠭ᠎ᠠ ᠦᠭᠡᠢ ᠵᠢᠳᠭᠦᠵᠦ ᠶᠠᠪᠤᠭ᠎ᠠ ᠨᠠᠰᠤᠲᠠᠨ ᠪᠤᠭᠤᠷᠤᠯ ᠤᠳ ᠲᠠᠢ ᠠᠭᠤᠯᠵᠠᠨ ᠵᠤᠯᠭᠠᠵᠤ᠂ ᠲᠡᠲᠡᠨᠦᠰ ᠤᠨ ᠦᠢᠯᠡ ᠠᠵᠢᠯᠯᠠᠭ᠎ᠠ ᠰᠡᠳᠬᠢᠯ ᠢ ᠨᠢ ᠬᠦᠲᠡᠯᠬᠡᠭᠰᠡᠨ ᠪᠠᠶᠢᠵᠠᠢ᠃ ︽ᠤᠷᠠᠨ ᠲᠠᠷᠬᠠᠨ ᠤ ᠵᠤᠷᠢᠭ ᠰᠠᠨᠠᠭ᠎ᠠ ᠭᠡᠭᠴᠢ ᠡᠨᠡ ᠯᠡ ᠪᠠᠢᠬᠤ ᠡ᠂ ᠪᠢᠲᠠᠨ ᠴᠤ ᠡᠨᠡ ᠯᠡ ᠶᠠᠩᠵᠤ ᠪᠠᠷ ᠲᠡᠲᠡᠨᠦᠰ ᠤᠨ ᠵᠤᠷᠢᠭ ᠰᠠᠨᠠᠭ᠎ᠠ᠂ ᠦᠪ ᠤᠯᠠᠮᠵᠢᠯᠠᠯ ᠢ ᠵᠠᠯᠭᠠᠮᠵᠢᠯᠠᠬᠤ ᠪᠤᠯᠤᠨ᠎ᠠ︾ ᠭᠡᠵᠦ ᠨᠠᠷᠠᠨᠬᠤᠧᠠᠷ ᠶᠠᠷᠢᠨ᠎ᠠ᠃   ᠦᠪᠦᠷ ᠮᠤᠩᠭᠤᠯ ᠤᠨ ᠡᠮᠡᠭᠲᠡᠢᠴᠤᠳ ᠤᠨ ᠬᠤᠯᠪᠤᠭᠠᠲᠤ ᠬᠤᠷᠠᠯ ᠦᠨᠳᠦᠰᠦᠲᠡᠨ ᠤ ᠬᠤᠪᠴᠠᠰᠤ ᠵᠠᠰᠠᠯ ᠤᠨ ᠲᠤᠬᠠᠢᠯᠠᠭᠰᠠᠨ ᠠᠵᠢᠯ ᠳᠤ ᠡᠮᠡᠭᠲᠡᠢᠴᠤᠳ ᠤᠯᠠᠨ ᠪᠠᠢᠬᠤ ᠪᠠᠢᠲᠠᠯ ᠳᠤ ᠬᠠᠨᠲᠤᠭᠤᠯᠤᠨ ᠲᠠᠭᠠᠭᠤᠯᠤᠭᠴᠢ ᠶᠢᠨ ᠲᠤᠭᠤᠷᠢᠨ ᠳᠤ ᠦᠨᠳᠦᠰᠦᠲᠡᠨ ᠤ ᠬᠤᠪᠴᠠᠰᠤ ᠵᠠᠰᠠᠯ ᠢ ᠡᠯᠧᠮᠧᠨ᠋ᠲᠵᠢᠭᠦᠯᠦᠨ᠂ ᠴᠠᠭ ᠦᠶᠠᠴᠢ᠂ ᠠᠮᠢᠲᠤᠷᠠᠯ ᠳᠤ ᠤᠢᠷᠠᠲᠤᠭᠰᠠᠨ᠂ ᠠᠵᠤ ᠦᠢᠯᠡᠰᠵᠢᠭᠰᠡᠨ ᠬᠦᠭᠵᠢᠯᠲᠠ ᠶᠢᠨ ᠬᠡᠯᠪᠡᠷᠢ ᠪᠠᠷ ᠲᠡᠲᠡᠨᠦᠰ ᠲᠤ ᠬᠠᠮᠲᠤᠷᠠᠯᠴᠠᠭ᠎ᠠ ᠰᠤᠯᠢᠯᠴᠠᠭ᠎ᠠ ᠪᠤᠯᠤᠨ ᠲᠡᠯᠭᠡᠨ ᠦᠵᠡᠬᠦᠯᠵᠦ ᠪᠤᠷᠤᠯᠠᠭᠤᠯᠬᠤ ᠲᠠᠪᠴᠠᠩ ᠬᠠᠩᠭᠠᠨ ᠨᠡᠩ ᠤᠯᠠᠨ ᠡᠮᠡᠭᠲᠡᠢᠴᠤᠳ ᠤᠨ ᠠᠵᠢᠯ ᠤᠯᠭᠤᠯᠲᠠ᠂ ᠶᠠᠲᠠᠭᠤᠷᠠᠯ ᠠᠴᠠ ᠠᠩᠭᠢᠵᠢᠷᠠᠬᠤ ᠳᠤ ᠲᠤᠰᠠ ᠦᠵᠡᠬᠦᠯᠬᠦ ᠪᠠᠷ 2018 ᠤᠨ ᠠᠴᠠ ᠡᠬᠢᠯᠡᠨ ︽ᠪᠦᠰᠡᠬᠦᠢ ᠠᠵᠢᠯᠯᠠᠭᠠᠨ ᠤ ᠬᠦᠲᠦᠯᠪᠦᠷᠢ︾ ᠶᠢ ᠡᠬᠢᠯᠡᠨ ᠬᠡᠷᠡᠭᠵᠢᠬᠦᠯᠪᠡ᠃ ᠨᠠᠷᠠᠨᠬᠤᠧᠠᠷ ᠢ ᠪᠠᠭᠲᠠᠭᠠᠭᠰᠠᠨ ᠦᠨᠳᠦᠰᠦᠲᠡᠨ ᠤ ᠬᠤᠪᠴᠠᠰᠤ ᠵᠠᠰᠠᠯ ᠤᠨ ᠠᠵᠤ ᠠᠬᠤᠢᠯᠠᠯ ᠤᠨ ᠳᠤᠯᠤᠭᠠᠶᠢᠯᠠᠭᠴᠢᠳ ᠠᠴᠠ ︽ᠪᠦᠰᠡᠬᠦᠢ ᠠᠵᠢᠯᠯᠠᠭᠠᠨ ᠤ ᠬᠦᠲᠦᠯᠪᠦᠷᠢ︾ ᠶᠢ ᠢᠲᠡᠪᠬᠢᠲᠡᠢ ᠤᠷᠢᠶᠠᠯᠠᠨ ᠲᠠᠭᠠᠵᠤ ᠦᠪᠡᠷ ᠤᠨ ᠭᠡᠰᠡᠨ ᠨᠡᠷᠡᠲᠦ ᠲᠡᠮᠲᠡᠭᠲᠦ ᠪᠠᠨ ᠪᠤᠢ ᠪᠤᠯᠭᠠᠬᠤ ᠪᠠᠷ ᠴᠢᠷᠮᠠᠢᠨ ᠠᠵᠢᠯᠯᠠᠭᠰᠠᠭᠠᠷ ᠢᠷᠡᠭᠰᠡᠨ ᠤ ᠬᠠᠮᠲᠤ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠢ ᠨᠡᠩ ᠲᠤᠮᠤ ᠲᠠᠢᠰᠠᠨ ᠳᠤ ᠭᠠᠷᠭᠠᠬᠤ ᠪᠠᠷ ᠲᠠᠰᠤᠷᠠᠯᠲᠠ ᠦᠭᠡᠢ ᠴᠢᠷᠮᠠᠢᠵᠤ ᠪᠠᠢᠨ᠎ᠠ᠃   ︽ᠰᠢᠯᠢᠲᠡᠭ ᠦᠪ ᠤᠯᠠᠮᠵᠢᠯᠠᠯ ᠢᠶᠠᠨ ᠵᠦᠪᠬᠡᠨ ᠮᠦᠽᠧᠢ ᠳᠤ ᠪᠢᠰᠢ᠂ ᠬᠠᠷᠢᠨ ᠠᠮᠢᠲᠤᠷᠠᠯ ᠤᠨ ᠪᠤᠲᠠᠲᠠᠢ ᠬᠡᠷᠡᠭᠯᠡᠭᠡᠨ ᠳᠤ ᠤᠷᠤᠭᠤᠯᠬᠤ ᠴᠢᠬᠤᠯᠠ ᠲᠠᠢ᠃ ᠢᠩᠭᠢᠪᠡᠯ ᠰᠠᠶ᠋᠊ ᠢ ᠬᠠᠲᠠᠭᠠᠯᠠᠭᠲᠠᠵᠤ ᠤᠯᠠᠮᠵᠢᠯᠠᠭᠲᠠᠨ ᠬᠦᠭᠵᠢᠬᠦᠯᠦᠭᠲᠡᠵᠦ ᠴᠢᠲᠠᠬᠤ ᠶᠤᠮ︾ ᠭᠡᠵᠦ ᠨᠠᠷᠠᠨᠬᠤᠧᠠᠷ ᠶᠠᠷᠢᠨ᠎ᠠ᠃ ᠡᠨᠡ ᠨᠢ ᠮᠦᠨ ᠴᠤ ᠲᠡᠬᠦᠨ ᠤ ᠲᠤᠬᠠᠢ ᠶᠢᠨ ᠦᠶ᠎ᠠ ᠳᠤ ︽ᠮᠤᠩᠭᠤᠯ ᠡᠯᠧᠮᠧᠨ᠋ᠲ︾ ᠢ ᠡᠭᠦᠰᠭᠡᠨ ᠪᠠᠢᠭᠤᠯᠤᠭᠰᠠᠨ ᠤ ᠵᠤᠷᠢᠯᠲᠠ ᠶᠢᠨ ᠬᠢᠨᠢ ᠨᠢᠭᠡ ᠪᠤᠯᠬᠤ ᠶᠤᠮ᠃   2012 ᠤᠨ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠠᠴᠠ ︽ᠮᠤᠩᠭᠤᠯ ᠦᠨᠳᠦᠰᠦᠲᠡᠨ ᠤ ᠠᠢᠮᠠᠭ ᠤᠭᠰᠠᠭᠠᠨ ᠤ ᠬᠤᠪᠴᠠᠰᠤ ᠵᠠᠰᠠᠯ︾ ᠤᠨ ᠤᠷᠤᠨ ᠨᠤᠲᠤᠭ ᠤᠨ ᠪᠠᠷᠢᠮᠵᠢᠶ᠎ᠠ ᠶᠢ ᠲᠤᠭᠲᠠᠭᠠᠵᠤ᠂ ᠮᠤᠩᠭᠤᠯ ᠬᠤᠪᠴᠠᠰᠤ ᠵᠠᠰᠠᠯ ᠢ ᠵᠢᠷᠤᠵᠤ ᠲᠦᠯᠦᠪᠯᠡᠬᠦ᠂ ᠤᠶᠤᠬᠤ ᠵᠡᠷᠭᠡ ᠳᠤ ᠦᠨᠳᠦᠰᠦᠯᠡᠯ ᠬᠠᠩᠭᠠᠪᠠ᠃ ︽ᠰᠢᠨᠡᠴᠢᠯᠡᠬᠦ ᠭᠡᠲᠡᠭ ᠪᠤᠯ ᠲᠤᠷᠠᠪᠡᠷ ᠵᠤᠬᠢᠶᠠᠨ ᠲᠦᠰᠦᠪᠯᠡᠬᠦ ᠪᠢᠰᠢ᠂ ᠬᠠᠷᠢᠨ ᠮᠠᠰᠢ ᠤᠯᠠᠨ ᠲᠤᠲᠤᠷᠬᠠᠢ ᠤᠨᠤᠪᠴᠢᠲᠠᠢ ᠤᠤᠯ ᠲᠤᠭ᠎ᠠ ᠪᠠᠷᠢᠮᠲᠠ ᠳᠤ ᠰᠠᠭᠤᠷᠢᠯᠠᠭᠰᠠᠨ ᠪᠠᠶᠢᠬᠤ ᠬᠡᠷᠡᠭᠳᠡᠢ᠃ ᠦᠨᠳᠦᠰᠦᠲᠡᠨ ᠤ ᠰᠤᠶᠤᠯ ᠢᠶᠠᠨ ᠤᠯᠠᠮᠵᠢᠯᠠᠬᠤ ᠳᠤ ᠭᠠᠭᠴᠠ ᠮᠦᠷᠦ ᠶᠢᠨ ᠬᠦᠴᠦᠨ ᠳᠤ ᠲᠦᠰᠢᠭᠯᠡᠬᠦ ᠪᠢᠰᠢ᠂ ᠬᠠᠷᠢᠨ ᠤᠯᠠᠨ ᠲᠠᠯ᠎ᠠ ᠶᠢᠨ ᠬᠠᠮᠵᠢᠯᠴᠠᠭ᠎ᠠ ᠲᠤᠰᠠᠯᠠᠮᠵᠢ ᠬᠡᠷᠡᠭᠲᠠᠢ︾ ᠭᠡᠵᠦ ᠨᠠᠷᠠᠨᠬᠤᠧᠠᠷ ᠶᠠᠷᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号