11 ᠰᠠᠷ᠎ᠠ ᠶᠢᠨ 20 ᠤ ᠡᠳᠤᠷ᠂ ᠪᠦᠬᠦ ᠠᠶᠢᠮᠠᠭ ᠤᠨ ︽ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ | ᠪᠠᠳᠠᠷᠠᠭᠤᠯᠵᠤ ᠠᠷᠠᠳ ᠲᠦᠮᠡᠨ ᠤ ᠲᠤᠮᠳᠠ ᠬᠦᠨᠵᠡᠭᠡᠶᠢᠷᠡᠨᠠ︾ ᠦᠨᠳᠤᠰᠤᠨ ᠱᠠᠳᠤᠨ ᠤ ᠶᠡᠷᠤᠩᠬᠡᠶᠢᠯᠡᠭᠰᠡᠨ ᠰᠠᠶᠢᠨ | ᠲᠤᠷᠠᠴᠤᠥᠯ ᠤᠨ ᠦᠢᠯᠡᠴᠢᠯᠡᠭᠡ ᠶᠢᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠡᠳᠤᠭᠡᠷ | ᠪᠠᠯᠭᠠᠰᠤᠨ ᠤ ᠴᠢ ᠰᠢᠨ ᠲᠤᠰᠬᠤᠨ ᠳᠤ ᠶᠠᠪᠤᠭᠳᠠᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠢᠩᠭᠠᠨ | ᠤᠯᠠᠭᠠᠨᠮᠦ᠋ᠴᠢᠷ ᠠᠴᠠ ᠲᠤᠰᠬᠤᠨ ᠤ ᠠᠷᠠᠳ ᠲᠤ ᠦᠨᠳᠤᠰᠤᠳᠡᠨ ᠤ ᠤᠨᠴᠠᠯᠢᠭ ᠲᠠᠢ ᠰᠤᠶᠤᠯ ᠤᠷᠠᠯᠢᠭ ᠤᠨ | ᠲᠤᠭᠯᠠᠯᠳᠠ ᠭᠠᠷᠭᠠᠵᠠᠢ᠃ ᠲᠤᠭᠯᠠᠯᠳᠠ ᠶᠢᠨ ᠶᠠᠪᠤᠴᠠ ᠲᠤᠮᠳᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠳᠡᠰ᠂ ᠠᠶᠢᠮᠠᠬ ᠤᠨ ᠶᠠᠳᠠᠭᠤ ᠶᠢ ᠲᠡᠳᠬᠦᠬᠦ ᠠᠯᠪᠠᠨ ᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ | ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ᠂ ᠬᠠᠥᠯᠢ ᠴᠠᠭᠠᠵᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠵᠡᠷᠭᠡ ᠠᠶᠢᠮᠠᠭ ᠤᠨ ᠰᠢᠭᠤᠳ ᠬᠠᠷᠢᠶ᠎ᠠ | ᠪᠠᠶᠢᠭᠤᠯᠤᠯᠭ᠎ᠠ ᠶᠢᠨ ᠰᠠᠶᠢᠨ ᠲᠤᠷᠠᠴᠤᠳ ᠠᠴᠠ ᠶᠠᠷᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ | ᠦᠨᠳᠤᠰᠤᠳᠡᠨ ᠤ ᠪᠦᠯᠬᠦᠮᠳᠡᠯ᠂ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠠᠴᠠ ᠶᠡᠷᠤᠩᠬᠡᠶᠢᠯᠡᠭᠰᠡᠨ | ᠴᠢᠨᠠᠷᠳᠠᠢ ᠦᠢᠯᠡᠴᠢᠯᠡᠭᠡ ᠦᠷᠨᠢᠬᠦᠯᠵᠠᠢ᠃ | ᠲᠤᠰ ᠤᠳᠠᠭᠠᠨ ᠤ ᠠᠵᠢᠯᠯᠠᠭ᠎ᠠ ᠶᠢ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠪᠤᠯᠪᠠᠰᠤᠨ ᠤ | ᠠᠯᠪᠠᠨ ᠭᠡᠷ᠂ ᠰᠤᠶᠤᠯ ᠵᠤᠭᠠᠴᠠᠯ ᠪᠡᠶ᠎ᠠ ᠲᠠᠮᠢᠷ ᠤᠨ ᠲᠤᠪᠴᠢᠶ᠎ᠠ ᠵᠡᠷᠭᠡ ᠪᠠᠶᠢᠭᠤᠯᠤᠯᠭ᠎ᠠ ᠨᠢᠭᠡᠴᠠ ᠠᠴᠠ ᠵᠤᠬᠢᠶᠠᠨ | ᠪᠠᠶᠢᠭᠤᠯᠵᠤ᠂ ︽ᠤᠯᠠᠭᠠᠨᠮᠦ᠋ᠴᠢᠷ +︾ ᠬᠡᠯᠪᠡᠷᠢ ᠪᠠᠷ᠂ ︽ᠲᠠᠯ᠎ᠠ ᠨᠤᠳᠤᠭ ᠤᠨ ᠶᠡᠷᠤᠩᠬᠡᠶᠢᠯᠡᠭᠰᠡᠨ | ᠦᠢᠯᠡᠴᠢᠯᠡᠭᠡ ᠶᠢᠨ ᠬᠦᠩᠭᠡᠨ ᠮᠤᠷᠢᠳᠤ ᠴᠡᠷᠢᠭ︾ ᠤᠨ 2 ᠪᠠᠭ᠎ᠠ ᠠᠩᠬᠢ ᠶᠢ ᠵᠤᠬᠢᠶᠠᠨ ᠪᠠᠶᠢᠭᠤᠯᠵᠤ᠂ ᠪᠦᠬᠦ | ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ 40 ᠦᠢᠯᠡᠴᠢᠯᠡᠭᠡ ᠶᠢᠨ ᠴᠡᠭ ᠲᠤ ᠬᠦᠷᠴᠤ ᠦᠢᠯᠡᠴᠢᠯᠡᠭᠡ | ᠬᠠᠩᠭᠠᠨ᠂ ᠡᠯ᠎ᠠ ᠬᠤᠰᠢᠭᠤ ᠰᠢᠶᠠᠨ ᠬᠤᠳᠠ ᠪᠠᠰᠠ ᠲᠤᠰᠪᠤᠷᠢ ︽ᠲᠠᠯ᠎ᠠ ᠨᠤᠳᠤᠭ ᠤᠨ ᠶᠡᠷᠤᠨᠬᠡᠶᠢᠯᠡᠭᠰᠡᠨ | ᠦᠢᠯᠡᠴᠢᠯᠡᠭᠡ ᠬᠦᠩᠬᠡᠨ ᠮᠤᠷᠢᠳᠤ ᠴᠡᠷᠢᠭ︾ ᠤᠨ ᠠᠩᠬᠢ ᠶᠢ ᠪᠠᠶᠢᠭᠤᠯᠵᠠᠢ᠃ | | ᠵᠢᠷᠤᠭ ᠪᠤᠯ᠂ ᠲᠤᠭᠯᠠᠯᠳᠠ ᠶᠢᠨ ᠠᠬᠤᠢ ᠲᠠᠯᠠᠪᠠᠢ᠃ ︵ᠸᠠᠩ ᠶᠦᠩ ᠱᠧᠩ ᠰᠡᠬᠦᠳᠡᠷᠯᠡᠨ ᠮᠡᠳᠡᠭᠡᠯᠡᠪᠡ︶ |