︽ᠠᠯᠲᠠᠨ ᠢᠷᠦᠬᠡᠯ︾ ᠤᠷᠠᠨ ᠰᠠᠶᠢᠬᠠᠨ ᠤ ᠲᠤᠭᠯᠠᠯᠳᠠ ᠪᠡᠭᠡᠵᠢᠩ ᠳᠤ ᠪᠤᠯᠪᠠ
ᠨᠡᠶᠢᠲᠡᠯᠡᠭᠰᠡᠨ ᠴᠠᠭ᠄
2019/12/6
   ᠲᠤᠮᠳᠠᠳᠣ ᠮᠤᠩᠭᠤᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤ 70 ᠵᠢᠯ ᠤᠨ ᠤᠢ ᠳᠤ ᠵᠤᠷᠢᠭᠤᠯᠤᠭᠰᠠᠨ ︽ᠠᠯᠲᠠᠨ ᠢᠷᠦᠬᠡᠯ︾ ᠤᠷᠠᠨ ᠰᠠᠶᠢᠬᠠᠨ ᠤ ᠲᠤᠭᠯᠠᠯᠳᠠ 12 ᠰᠠᠷ᠎ᠠ ᠶᠢᠨ 3 ᠳᠤ ᠪᠡᠭᠡᠵᠢᠩ ᠤᠨ ᠤᠯᠤᠰ ᠤᠨ ᠶᠡᠭᠡ ᠲᠢᠶᠠᠲᠷ ᠲᠤ ᠪᠤᠯᠪᠠ᠃    ᠡᠨᠡᠬᠦ ᠲᠤᠭᠯᠠᠯᠳᠠ ᠶᠢ ᠲᠤᠮᠳᠠᠳᠣ ᠣᠯᠣᠰ ᠤᠨ ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠲᠦᠪ᠂ ᠲᠤᠮᠳᠠᠳᠣ ᠣᠯᠣᠰ ᠤᠨ ᠭᠤᠸᠠᠩ ᠬᠤᠸᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠦᠩᠭᠦᠨ ᠤ ᠨᠡᠶᠢᠭᠡᠮᠯᠢᠭ᠂ ᠪᠠᠶᠠᠠᠨᠠᠭᠤᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠮᠤᠩᠭᠤᠯ ᠲᠤᠮᠳᠠᠳᠣ ᠬᠤᠶᠠᠷ ᠤᠯᠤᠰ ᠤᠨ ᠠᠶᠠᠯᠠᠯ ᠵᠢᠭᠤᠯᠴᠢᠯᠠᠯ ᠪᠠ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠨᠡᠶᠢᠭᠡᠮᠯᠢᠭ ᠠᠴᠠ ᠭᠤᠤᠯᠯᠠᠨ ᠡᠷᠬᠢᠯᠡᠵᠠᠢ᠃   ᠲᠤᠮᠳᠠᠳᠣ ᠮᠤᠩᠭᠤᠯ ᠬᠤᠶᠠᠷ ᠤᠯᠤᠰ ᠤᠨ ᠨᠠᠶᠢᠷᠠᠮᠳᠠᠯ᠂ ᠰᠤᠶᠤᠯ ᠤᠷᠠᠯᠢᠭ ᠤᠨ ᠰᠤᠯᠢᠯᠴᠠᠭᠠᠨ ᠤ ᠪᠡᠯᠭᠡᠳᠡᠯ ᠪᠤᠯᠤᠭᠰᠠᠨ ᠲᠤᠰ ᠲᠤᠭᠯᠠᠯᠳᠠ ᠳᠤ ᠮᠤᠩᠭᠤᠯ ᠤᠯᠤᠰ ᠤᠨ ᠦᠨᠳᠦᠰᠦᠳᠡᠨ ᠤ ᠶᠡᠭᠡ ᠲᠢᠶᠠᠲᠷ ᠤᠨ ᠦᠨᠳᠦᠰᠦᠳᠡᠨ ᠤ ᠨᠠᠶᠢᠷᠠᠯ ᠬᠦᠭᠵᠢᠮ ᠤᠨ ᠴᠢᠭᠤᠯᠭ᠎ᠠ᠂ ᠮᠤᠩᠭᠤᠯ ᠤᠯᠤᠰ ᠤᠨ ᠨᠡᠷᠡᠳᠣ ᠤᠳᠤᠷᠢᠳᠤᠭᠠᠴᠢ ᠪᠤᠶᠠᠨᠪᠠᠭᠠᠳᠤᠷ᠂ ᠭᠠᠪᠢᠶᠠᠳᠤ ᠲᠠᠭᠤᠴᠢᠨ ᠠᠩᠬᠠᠪᠠᠶᠠᠷ᠂ ᠲᠠᠭᠤᠴᠢᠨ ᠤᠳᠬᠤᠨᠵᠢᠷᠭᠠᠯ᠂ ᠲᠦᠮᠡᠨᠵᠢᠷᠭᠠᠯ ᠨᠠᠷ ᠤᠷᠠᠯᠢᠭ ᠤᠨ ᠰᠤᠷ ᠲᠡᠭᠡᠵᠢ ᠪᠤᠯᠤᠭᠰᠠᠨ ︽ᠤᠶᠠᠬᠠᠨ ᠽᠠᠮᠪᠤᠳᠢᠪ ᠤᠨ ᠨᠠᠷᠠᠨ︾᠂ ︽ ᠰᠡᠷᠢᠭᠰᠡᠨ ᠲᠠᠯ᠎ᠠ︾ ᠵᠡᠷᠭᠡ ᠤᠷᠠᠨ ᠪᠦᠳᠦᠬᠡᠯ ᠢᠶᠠᠨ᠂ ᠲᠤᠮᠳᠠᠳᠣ ᠤᠯᠤᠰ ᠤᠨ ᠵᠠᠯᠠᠭᠤ ᠲᠠᠭᠤᠴᠢᠨ ᠬᠦᠰᠡᠯᠡᠩ᠂ ᠤᠳᠬᠠᠨᠳᠤᠶᠠᠭ᠎ᠠ᠂ ᠤᠶᠠᠩᠭ᠎ᠠ ᠨᠠᠷ ︽ᠬᠤᠨ ᠭᠠᠯᠠᠭᠤ︾᠂ ︽ᠰᠠᠷᠠᠭᠤᠯ ᠲᠠᠯ᠎ᠠ︾ ᠵᠡᠷᠭᠡ ᠦᠪᠦᠷ ᠮᠤᠩᠭᠤᠯ ᠤᠨ ᠠᠷᠠᠳ ᠤᠨ ᠲᠠᠭᠤᠤ ᠶᠢ ᠦᠵᠡᠭᠴᠢ ᠤᠯᠠᠨ ᠳᠤ ᠪᠠᠨ ᠲᠤᠯᠢᠯᠠᠭᠤᠯᠤᠭᠰᠠᠨ ᠪᠠᠶᠢᠨ᠎ᠠ᠃ ᠬᠠᠮᠳᠤᠷᠠᠭᠰᠠᠨ ᠲᠤᠭᠯᠠᠯᠳᠠ ᠳᠤ ᠲᠤᠮᠳᠠᠳᠣ ᠤᠯᠤᠰ ᠤᠨ ᠲᠠᠭᠤᠴᠢᠨ ︽ᠤᠯᠠᠭᠠᠨᠪᠠᠭᠠᠲᠤᠷ ᠤᠨ ᠦᠳᠡᠰᠢ︾ ᠲᠠᠭᠤᠤ ᠶᠢ᠂ ᠮᠤᠩᠭᠤᠯ ᠤᠯᠤᠰ ᠤᠨ ᠲᠠᠭᠤᠴᠢᠨ ︽ᠬᠦᠬᠡᠨᠠᠭᠤᠷ ᠲᠦᠪᠡᠳ ᠤᠨ ᠦᠨᠳᠦᠷᠯᠢᠭ︾ ᠲᠠᠭᠤᠤ ᠶᠢ ᠬᠢᠳᠠᠳ ᠬᠡᠯᠡ ᠪᠠᠷ ᠲᠠᠭᠤᠯᠠᠭᠰᠠᠨ ᠢᠶᠠᠷ ᠢᠶᠠᠨ ᠤᠨᠴᠠᠯᠢᠭ ᠪᠤᠯᠤᠭᠰᠠᠨ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号