ᠬᠤᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠤᠨ ᠤᠨ ᠪᠠᠶᠢᠴᠠᠭᠠᠬᠤ ᠬᠤᠷᠢᠶ᠎ᠠ ᠶᠢᠨ ᠠᠵᠢᠯ  ᠤᠨ ᠮᠡᠲᠡᠬᠦᠯᠤᠯᠲᠠ
ᠨᠡᠶᠢᠲᠡᠯᠡᠭᠰᠡᠨ ᠴᠠᠭ᠄
2019/3/27
 ——   2019 ᠤᠨ ᠤ 3 ᠰᠠᠷ᠎ᠠ ᠶᠢᠨ 8 ᠤ ᠡᠲᠦᠷ ᠤᠨ ᠬᠤᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ  ᠠᠷᠠᠤᠨ   ᠤᠨ  ᠲᠥᠯᠤᠬᠡᠯᠡᠭᠴᠢᠤᠨ ᠤᠨ  ᠶᠡᠭᠡ  ᠬᠤᠷᠠᠯ  ᠤᠨ  ᠬᠤᠶᠠᠲᠤᠭᠠᠷ ᠤᠲᠠᠭᠠᠨ ᠤ ᠬᠤᠷᠠᠯᠲᠤᠭᠠᠨ ᠲᠡᠬᠡᠷ᠎ᠡ                     ᠬᠤᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠤᠨ ᠤᠨ ᠪᠠᠶᠢᠴᠠᠭᠠᠬᠤ ᠬᠤᠷᠢᠶ᠎ᠠ  ᠶᠢᠨ ᠪᠠᠶᠢᠴᠠᠭᠠᠬᠤ ᠲᠠᠷᠤᠭ᠎ᠠ    ᠵᠤᠤ ᠶᠢᠨ  ᠰᠦᠩ                                                ᠤᠲᠤ ᠪᠢ ᠬᠤᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠠᠤᠨ ᠤᠨ ᠪᠠᠶᠢᠴᠠᠭᠠᠬᠤ ᠬᠤᠷᠢᠶ᠎ᠠ ᠶᠢ ᠲᠥᠯᠤᠬᠡᠯᠡᠵᠤ ᠶᠡᠭᠡ ᠬᠤᠷᠠᠯ ᠳᠤ ᠠᠵᠢᠯ ᠤᠨ ᠮᠡᠲᠡᠬᠦᠯᠤᠯᠲᠡ ᠬᠢᠶ᠎ᠡ᠂ ᠬᠢᠨᠠᠨ ᠵᠥᠪᠯᠡᠬᠦ ᠪᠤᠯᠪᠠᠤ᠂ ᠮᠥᠨ ᠤᠯᠤᠰ ᠲᠥᠷᠤ ᠶᠢᠨ ᠵᠦᠪᠯᠡᠯᠬᠡᠨ ᠤ ᠬᠡᠰᠢᠬᠦᠤᠨ ᠪᠤᠯᠤᠨ ᠬᠤᠷᠠᠯ ᠳᠤ ᠰᠤᠯᠨ  ᠤᠷᠤᠯᠴᠠᠭᠰᠠᠳ ᠰᠠᠨᠠᠯ ᠢᠶᠠᠨ ᠲᠤᠷᠠᠳᠬᠤ ᠶᠢ ᠬᠥᠰᠡᠵᠤ  ᠪᠠᠶᠢᠨ᠎ᠠ᠃    2018 ᠤᠨ ᠤ ᠠᠵᠢᠯ ᠤᠨ ᠡᠷᠬᠢᠴᠡᠬᠦᠯᠤᠯ    2018 ᠤᠨ ᠪᠤᠯ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠬᠡᠷᠡᠴᠢᠯᠡᠯᠲᠡ ᠶᠢ ᠬᠥᠡᠵᠡᠬᠡᠶᠢᠷᠡᠬᠦᠯᠵᠤ᠂ ᠪᠠᠶᠢᠴᠠᠭᠠᠬᠤ ᠠᠵᠢᠯ ᠤᠨ ᠬᠡᠯᠪᠡᠷᠢ ᠶᠢ  ᠬᠤᠪᠢᠷᠠᠭᠤᠯᠵᠤ ᠬᠥᠭᠵᠢᠬᠦᠯᠬᠦ ᠶᠢᠨ ᠠᠩᠬᠠᠨ ᠤ ᠤᠨ ᠪᠤᠯᠬᠤ ᠪᠥᠬᠡᠤᠨ ᠪᠠᠶᠢᠴᠠᠭᠠᠬᠤ ᠪᠠᠶᠢᠭᠤᠯᠭ᠎ᠠ ᠶᠢ ᠰᠡᠷᠬᠦᠬᠡᠵᠤ ᠲᠠᠬᠢᠨ ᠪᠠᠶᠢᠭᠤᠯᠤᠭᠰᠠᠨ 40 ᠵᠢᠯ ᠤᠨ ᠤᠢ ᠪᠤᠯᠤᠨ᠎ᠠ᠃ ᠡᠮᠤᠨᠡᠲᠤ ᠬᠤᠰᠢᠭᠤᠨ ᠤ ᠪᠠᠶᠢᠴᠠᠭᠠᠬᠤ ᠬᠤᠷᠢᠶ᠎ᠠ ᠬᠤᠰᠢᠭᠤᠨ ᠤ ᠨᠠᠮ ᠤᠨ ᠬᠤᠷᠢᠶ᠎ᠠ ᠪᠤᠯᠤᠨ ᠬᠢᠨᠭ᠍ᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠵᠥᠪ ᠤᠨᠤᠪᠴᠢᠲᠠᠢ ᠤᠲᠤᠷᠢᠲᠤᠯᠭ᠎ᠠ ᠲᠤᠤᠷ᠎ᠠ᠂ ᠬᠤᠰᠢᠭᠤᠨ ᠤ ᠠᠷᠠᠤᠨ  ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠥᠴᠤᠲᠠᠢ ᠬᠢᠨᠠᠯᠲᠠ ᠲᠤᠤᠷ᠎ᠠ᠂ ᠬᠤᠰᠢᠭᠤᠨ ᠤ ᠵᠠᠰᠠᠭ ᠤᠨ ᠤᠷᠲᠤᠨ᠂ ᠤᠯᠤᠰ ᠲᠥᠷᠤ ᠶᠢᠨ ᠵᠥᠪᠯᠡᠯᠬᠡᠨ ᠪᠤᠯᠤᠨ ᠨᠡᠶᠢᠬᠡᠮ ᠤᠨ ᠡᠯ᠎ᠡ ᠡᠲᠡᠬᠡᠤᠨ ᠤᠨ ᠬᠠᠯᠠᠮᠵᠢ ᠲᠡᠮᠵᠢᠯᠬᠡ ᠲᠤᠤᠷ᠎ᠠ᠂ ᠰᠢ ᠶᠢᠨ ᠫᠢᠡᠭ ᠤᠨ ᠰᠢᠨ᠎ᠡ ᠡᠷᠢᠨ ᠤ ᠲᠤᠮᠲᠠᠲᠤ ᠤᠯᠤᠰ ᠤᠨ ᠤᠡᠴᠠᠯᠢᠭ ᠪᠥᠬᠦ ᠨᠡᠶᠢᠬᠡᠮ ᠵᠢᠷᠤᠮ ᠤᠨ ᠥᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠨᠡᠡᠴᠢ ᠰᠢᠲᠤᠷᠭᠤ ᠪᠠᠷ ᠥᠡᠲᠤᠰᠤᠨ ᠬᠠᠤᠯᠢ ᠪᠤᠯᠤᠨ ᠬᠠᠤᠯᠢ ᠴᠠᠭᠠᠵᠨ ᠠᠴᠠ ᠤᠯᠭᠤᠭᠰᠠᠨ ᠡᠬᠦᠷᠬᠡ ᠬᠠᠷᠢᠭᠤᠴᠠᠯᠭ᠎ᠠ ᠪᠠᠨ ᠬᠥᠢᠴᠡᠳᠬᠡᠵᠤ᠂ ᠬᠠᠤᠯᠢ ᠴᠠᠭᠠᠵᠨ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠨ᠂ ᠵᠠᠷᠭᠤᠯᠲᠤᠭᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠨᠡᠶᠢᠲᠡ ᠶᠢᠨ ᠠᠰᠢᠭᠲᠤ ᠵᠠᠷᠭᠤᠯᠲᠤᠭᠠᠨ ᠢ ᠴᠢᠩᠭᠠᠳᠬᠠᠵᠤ᠂ ᠶᠡᠭᠡ ᠪᠠᠶᠢᠲᠠᠯ ᠳᠤ ᠤᠶᠢᠯᠡᠴᠢᠯᠡᠨ᠂ ᠲᠤᠭᠲᠠᠴᠠ ᠶᠢ ᠰᠢᠨᠡᠴᠢᠯᠡᠵᠤ᠂ ᠴᠢᠲᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠬᠦᠯᠤᠨ᠂ ᠡᠯ᠎ᠡ ᠵᠤᠶᠢᠯ ᠤᠨ ᠪᠠᠶᠢᠴᠠᠭᠠᠬᠤ ᠠᠵᠢᠯ ᠤᠨ ᠡᠬᠦᠷᠬᠡ ᠪᠠᠨ ᠪᠥᠬᠦ ᠲᠠᠯ᠎ᠠ ᠪᠠᠷ ᠪᠡᠶᠡᠯᠡᠬᠦᠯᠵᠡᠢ᠃     ᠨᠢᠬᠡ᠂ ᠡᠩᠬᠡ ᠲᠥᠪᠰᠢᠨ ᠡᠮᠤᠨᠡᠲᠤ ᠬᠤᠰᠢᠭᠤ ᠶᠢ ᠪᠥᠲᠤᠬᠡᠨ ᠪᠠᠶᠢᠭᠤᠯᠬᠤ ᠶᠢ ᠬᠥᠡᠵᠡᠬᠡᠢ ᠠᠬᠢᠭᠤᠯᠵᠤ᠂ ᠨᠡᠶᠢᠬᠡᠮ ᠤᠨ ᠵᠤᠬᠢᠴᠠᠩᠭᠤᠢ ᠲᠤᠭᠲᠠᠭᠤᠨ ᠢ ᠬᠥᠴᠤᠲᠠᠢ  ᠬᠠᠮᠠᠭᠠᠯᠠᠵᠠᠢ     ᠠᠷᠠᠤᠨ ᠤᠯᠠᠨ ᠤ ᠠᠮᠤᠷ ᠲᠥᠪᠰᠢᠨ ᠠᠵᠤ ᠲᠥᠷᠤᠬᠦ ᠶᠢ ᠪᠠᠲᠤᠯᠠᠵᠠᠢ᠃ ᠬᠠᠤᠯᠢ ᠶᠤᠰᠤᠭᠠᠷ ᠡᠯ᠎ᠡ ᠲᠥᠷᠤᠯ  ᠤᠨ ᠡᠷᠡᠬᠦᠤ ᠶᠢᠨ ᠶᠠᠯᠠᠲᠤ ᠬᠡᠷᠡᠭ ᠲᠤ ᠬᠥᠡᠲᠤ ᠴᠤᠬᠢᠯᠲᠠ ᠥᠭᠴᠤ᠂ ᠪᠥᠬᠦ ᠵᠢᠯ ᠳᠤ ᠨᠡᠶᠢᠲᠡ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠷᠢᠪᠴᠢᠯᠠᠬᠤ ᠶᠢ ᠵᠥᠪᠰᠢᠶᠡᠷᠡᠬᠦᠯᠬᠦ ᠪᠠᠷ ᠲᠡᠪᠰᠢᠬᠦᠯᠥᠭᠰᠡᠨ 123 ᠬᠡᠷᠡᠭ ᠤᠨ 178 ᠬᠥᠮᠤᠨ ᠢ ᠬᠥᠯᠢᠶᠡᠨ ᠰᠢᠢᠳᠪᠤᠷᠢᠯᠡᠵᠤ᠂ 103 ᠬᠡᠷᠡᠭ ᠤᠨ 146 ᠬᠥᠮᠤᠨ ᠢ ᠪᠠᠷᠢᠪᠴᠢᠯᠠᠬᠤ ᠶᠢ ᠵᠥᠪᠰᠢᠶᠡᠷᠡᠵᠤ ᠠᠲᠠᠯᠢ ᠬᠤᠭᠤᠴᠠᠭᠠᠨ ᠤ ᠬᠢ ᠠᠴᠠ 27.8% ᠪᠤᠯᠤᠨ49% ᠪᠠᠷ ᠨᠡᠮᠡᠭᠲᠡᠵᠡᠢ︔ ᠨᠡᠶᠢᠲᠡ ᠲᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠯᠵᠢᠬᠦᠯᠥᠭᠰᠡᠨ ᠵᠠᠭᠠᠯᠲᠤᠬᠤ ᠶᠢ ᠬᠢᠨᠠᠨ ᠪᠠᠶᠢᠴᠠᠭᠠᠬᠤ 352 ᠬᠡᠷᠡᠭ ᠤᠨ 456 ᠬᠥᠮᠤᠨ ᠢ ᠬᠥᠯᠢᠶᠡᠨ ᠰᠢᠢᠳᠪᠤᠷᠢᠯᠡᠵᠤ᠂ 326 ᠬᠡᠷᠡᠭ ᠤᠨ 415 ᠬᠥᠮᠤᠨ ᠢ ᠠᠯᠪᠠᠨ ᠵᠠᠭᠠᠯᠲᠤᠯᠭ᠎ᠠ ᠭᠠᠷᠭᠠᠵᠤ᠂ ᠠᠲᠠᠯᠢ ᠬᠤᠭᠤᠴᠠᠭ᠎ᠠ ᠠᠴᠠ 33.1% ᠪᠤᠯᠤᠨ 53.7% ᠪᠠᠷ ᠨᠡᠮᠡᠭᠲᠡᠵᠡᠢ᠃ ᠠᠭᠤᠴᠢᠯᠠᠨ ᠰᠢᠳᠬᠡᠬᠦ ᠪᠡ ᠴᠢᠩᠭ᠎ᠠ ᠪᠠᠷ ᠰᠢᠳᠬᠡᠬᠦ ᠡᠷᠡᠬᠦᠤ ᠶᠢᠨ ᠬᠡᠷᠡᠭ ᠤᠨ ᠲᠥᠷᠤ ᠶᠢᠨ ᠪᠤᠲᠤᠯᠭ᠎ᠠ ᠶᠢ ᠲᠤᠤᠱᠯᠠᠭᠤᠯᠵᠤ᠂ ᠬᠥᠮᠤᠨ ᠤ ᠡᠷᠬᠡ ᠶᠢ ᠪᠠᠲᠤᠯᠠᠬᠤ ᠶᠢ ᠲᠤᠪᠤᠶᠢᠯᠭᠠᠨ᠂ 33 ᠬᠥᠮᠤᠨ ᠢ ᠪᠠᠷᠢᠪᠴᠢᠯᠠᠬᠤ ᠶᠢ ᠥᠯᠥ ᠵᠥᠪᠰᠢᠶᠡᠷᠡᠬᠦ᠂ 21 ᠬᠥᠮᠤᠨ ᠢ ᠥᠯᠤ ᠵᠠᠭᠠᠯᠲᠤᠬᠤ ᠪᠠᠷ ᠲᠤᠭᠲᠠᠭᠠᠵᠠᠢ᠃ ᠨᠡᠶᠢᠲᠡ ᠶᠢᠨ ᠠᠰᠢᠭᠲᠤ ᠵᠠᠭᠠᠯᠲᠤᠯᠭ᠎ᠠ  ᠶᠢ ᠯᠠᠪᠲᠠᠭᠤᠨ ᠢᠶᠠᠷ ᠠᠬᠢᠭᠤᠯᠵᠤ᠂ ︽ᠮᠢᠩᠭ᠎ᠠ ᠲᠥᠮᠡᠨ ᠠᠶᠢᠯ ᠡᠷᠤᠬᠡ ᠶᠢᠨ ᠢᠲᠡᠬᠡᠨ ᠤ ᠠᠮᠤᠷ ᠲᠥᠪᠰᠢᠨ ᠢ ᠪᠠᠲᠤᠯᠠᠬᠤ︾ ᠨᠡᠶᠢᠲᠡ ᠶᠢᠨ ᠠᠰᠢᠭᠲᠤ ᠵᠠᠭᠠᠯᠲᠤᠯᠭ᠎ᠠ ᠶᠢᠨ ᠲᠤᠰᠬᠠᠢ ᠲᠥᠷᠤᠯ ᠤᠨ ᠬᠢᠨᠠᠯᠲᠠ ᠲᠠᠯᠪᠢᠬᠤ ᠠᠵᠢᠯᠯᠠᠭ᠎ᠠ  ᠶᠢ ᠥᠷᠨᠢᠬᠦᠯᠵᠤ᠂ ︽ᠠᠹᠷᠢᠺᠠ ᠲᠢᠪ ᠤᠨ ᠭᠠᠭ᠋ᠠᠢ ᠶᠢᠨ ᠬᠢᠵᠢᠭ︾ ᠤᠨ ᠠᠷᠠᠤᠨ ᠤᠯᠠᠨ ᠤ ᠢᠲᠡᠬᠡᠨ ᠤᠮᠲᠠᠭᠠᠨ ᠤ ᠠᠮᠤᠷ ᠲᠥᠪᠰᠢᠨ ᠳᠤ ᠠᠪᠴᠢᠷᠠᠭᠰᠠᠨ ᠰᠥᠷᠲᠡᠬᠦᠯᠬᠡ ᠳᠤ ᠴᠢᠭᠯᠡᠬᠦᠯᠤᠨ᠂ ᠢᠲᠡᠬᠡᠨ ᠡᠮ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠤᠯᠪᠤᠭᠠᠯᠠᠨ ᠬᠢᠨᠠᠯᠲᠠ ᠪᠠᠶᠢᠴᠠᠭᠠᠯᠲᠠ ᠶᠢ ᠥᠷᠨᠢᠬᠦᠯᠵᠤ᠂ ᠮᠠᠨ ᠤ ᠬᠤᠰᠢᠭᠤᠨ ᠤ ᠠᠷᠠᠤᠨ ᠤᠯᠠᠨ ᠤ ︽ᠬᠡᠮ ᠦᠭᠡᠢ ᠮᠢᠬ᠎ᠠ︾ ᠤᠯᠵᠤ ᠢᠲᠡᠬᠦ ᠶᠢ ᠪᠠᠲᠤᠯᠠᠵᠠᠢ᠃ ᠨᠡᠶᠢᠲᠡ ᠶᠢᠨ ᠠᠰᠢᠭᠲᠤ ᠵᠠᠷᠭᠤᠯᠲᠤᠭᠠᠨ   ᠢ ᠤᠬᠠᠭᠤᠯᠬᠤ ᠠᠷᠭ᠎ᠠ ᠵᠠᠮ ᠢ ᠥᠷᠬᠡᠳᠬᠡᠵᠤ᠂ ᠨᠡᠶᠢᠲᠡ ᠶᠢᠨ ᠠᠰᠢᠭᠲᠤ ᠵᠠᠷᠭᠤᠯᠲᠤᠭᠠᠨ ᠤ ᠤᠬᠠᠭᠤᠯᠬᠤ ᠬᠡᠪᠴᠢᠶ᠎ᠡ ᠶᠢ ᠥᠷᠬᠡᠵᠢᠬᠦᠯᠤᠨ᠂ ᠪᠥᠬᠦ ᠵᠢᠯ ᠳᠤ ᠨᠡᠶᠢᠲᠡ 14 ᠭᠠᠴᠠᠭ᠎ᠠ ᠪᠠᠯᠭᠠᠰᠤ ᠪᠤᠯᠤᠨ ᠬᠠᠮᠢᠶ᠎ᠠ ᠪᠥᠬᠦᠢ ᠪᠠᠶᠢᠭᠤᠯᠭ᠎ᠠ ᠳᠤ ᠬᠥᠡᠵᠡᠬᠡᠶᠢᠷᠡᠨ᠂ ᠨᠡᠶᠢᠲᠡ ᠶᠢᠨ ᠠᠰᠢᠭᠲᠤ ᠵᠠᠷᠭᠤᠯᠲᠤᠭᠠᠨ ᠢ ᠤᠬᠠᠭᠤᠯᠬᠤ ᠬᠠᠭᠤᠲᠠᠰᠤ ᠶᠢ ᠬᠤᠶᠠᠷ ᠮᠢᠩᠭ᠎ᠠ ᠭᠠᠷᠤᠢ ᠬᠤᠪᠢ ᠲᠠᠷᠬᠠᠭᠠᠵᠤ᠂ ᠤᠯᠠᠨ ᠲᠥᠮᠡᠨ ᠳᠤ ᠬᠠᠮᠢᠶ᠎ᠠ ᠪᠥᠬᠦᠢ ᠠᠰᠠᠭᠤᠯᠲᠠ ᠶᠢ 170 ᠭᠠᠷᠤᠢ ᠬᠥᠮᠤᠨ ᠤᠲᠠᠭ᠎ᠠ ᠲᠠᠶᠢᠯᠪᠤᠷᠢᠯᠠᠵᠤ ᠥᠭᠴᠡᠢ᠃ ᠨᠠᠰᠤᠨ ᠳᠤ ᠥᠯᠤ ᠬᠥᠷᠥᠭᠰᠡᠤᠨ ᠢ ᠬᠠᠤᠯᠢ ᠴᠠᠭᠠᠵᠨ ᠪᠠᠷ ᠬᠠᠮᠠᠭᠠᠯᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠥᠷᠢᠶᠡᠨ ᠤ ᠲᠤᠷᠤᠮᠰᠢᠶᠠᠯ ᠢ ᠰᠡᠷᠬᠡᠶᠢᠯᠡᠨ ᠵᠠᠰᠠᠵᠤ᠂ ᠨᠠᠰᠤᠨ ᠳᠤ ᠥᠯᠥ ᠬᠥᠷᠥᠭᠰᠡᠤᠨ ᠤᠨ ᠡᠷᠬᠡ ᠠᠰᠢᠭ ᠲᠤ ᠬᠠᠯᠲᠠᠭᠰᠠᠨ 7 ᠬᠡᠷᠡᠭ ᠤᠨ 7 ᠬᠥᠮᠤᠨ ᠢ ᠵᠠᠭᠠᠯᠲᠤᠵᠤ᠂ ︽ᠡᠬᠡ ᠤᠯᠤᠰ  ᠤᠨ ᠢᠷᠡᠬᠡᠲᠤᠢ ᠶᠢ ᠬᠠᠯᠠᠮᠵᠢᠯᠠᠨ᠂ ᠨᠠᠰᠤᠨ ᠳᠤ ᠥᠯᠥ ᠬᠥᠷᠥᠭᠰᠡᠤᠨ ᠤᠨ ᠬᠡᠷᠡᠭ ᠢ ᠪᠠᠶᠢᠴᠠᠭᠠᠬᠤ ᠨᠡᠷᠡᠲᠤ ᠲᠡᠮᠲᠡᠭ ᠢ ᠡᠬᠦᠳᠬᠦ︾ ᠪᠠᠷ ᠭᠤᠤᠯ ᠰᠡᠲᠤᠪ ᠪᠤᠯᠭᠠᠭᠰᠠᠨ ᠪᠠᠶᠢᠴᠠᠭᠠᠬᠤ ᠨᠡᠬᠡᠬᠡᠯᠲᠡ ᠲᠠᠢ ᠡᠲᠦᠷᠯᠢᠭ᠂ ︽ᠪᠠᠶᠢᠴᠠᠭᠠᠬᠤ ᠲᠠᠷᠤᠭ᠎ᠠ ᠰᠤᠷᠭᠠᠭᠤᠯᠢ ᠶᠢᠨ ᠬᠥᠷᠢᠶᠡᠨ᠎ᠡ ᠤᠴᠢᠵᠤ ᠬᠠᠤᠯᠢ ᠤᠬᠠᠭᠠᠤᠯᠬᠤ︾ ᠵᠡᠷᠬᠡ ᠠᠵᠢᠯᠯᠠᠭ᠎ᠠ ᠶᠢ ᠥᠷᠨᠢᠬᠦᠯᠵᠤ᠂ ᠨᠠᠰᠤᠨ  ᠳᠤ ᠥᠯᠤ ᠬᠥᠷᠥᠭᠰᠡᠤᠨ ᠲᠤ ᠪᠥᠬᠦ ᠤᠷᠤᠨ ᠵᠠᠢ ᠶᠢᠨ ᠬᠠᠤᠯᠢ ᠴᠠᠭᠠᠵᠨ ᠶᠢᠨ ᠬᠠᠮᠠᠭᠠᠯᠠᠯᠲᠠ ᠪᠠᠨ ᠥᠷᠬᠦᠯᠵᠢᠯᠡᠨ ᠴᠢᠩᠭᠠᠳᠬᠠᠵᠠᠢ᠃     ᠪᠤᠷᠤᠩᠬᠤᠢ ᠶᠢ ᠴᠤᠬᠢᠵᠤ ᠬᠠᠷᠬᠢᠰ ᠢ ᠠᠷᠢᠯᠭᠠᠬᠤ ᠲᠤᠰᠬᠠᠢ ᠲᠡᠮᠡᠴᠡᠯ ᠳᠤ ᠢᠲᠡᠪᠬᠢᠲᠡᠢ ᠤᠷᠤᠯᠴᠠᠵᠠᠢ᠃ ᠪᠤᠷᠤᠩᠬᠤᠢ ᠶᠢ ᠱᠥᠬᠦᠷᠲᠡᠨ ᠬᠠᠷᠬᠢᠰ ᠢ ᠠᠷᠢᠯᠭᠠᠬᠤ ᠶᠢ ᠥᠨᠡᠩᠬᠦ ᠬᠥᠡᠲᠤ ᠶᠡᠭᠡ ᠤᠯᠤᠰ ᠲᠥᠷᠤ ᠶᠢᠨ ᠡᠬᠦᠷᠬᠡ ᠪᠠᠷ ᠥᠵᠡᠨ᠂ ᠵᠤᠬᠢᠶᠠᠨ ᠪᠠᠶᠢᠭᠤᠯᠬᠤ ᠤᠲᠤᠷᠢᠲᠤᠯᠭ᠎ᠠ ᠪᠠᠨ ᠴᠢᠩᠭᠠᠳᠬᠠᠵᠤ᠂ ᠴᠤᠬᠢᠯᠲᠠ ᠥᠭᠬᠦ ᠭᠤᠤᠯᠲᠠᠯᠭ᠎ᠠ ᠪᠠᠨ ᠲᠤᠪᠤᠶᠢᠯᠭᠠᠨ᠂ ᠤᠯᠠᠨ ᠤᠲᠠᠭ᠎ᠠ ᠠᠵᠢᠯ ᠠᠬᠢᠭᠤᠯᠬᠤ ᠬᠤᠷᠠᠯ ᠨᠡᠬᠡᠬᠡᠵᠤ᠂ ᠤᠯᠤᠰ ᠲᠥᠷᠤ ᠶᠢᠨ ᠤᠬᠠᠮᠰᠠᠷ ᠥᠡᠲᠤᠷ ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠺᠠᠳ᠋ᠷ ᠪᠠᠷ ᠪᠥᠷᠢᠯᠲᠥᠭᠰᠡᠨ ᠬᠡᠷᠡᠭ ᠰᠢᠢᠳᠪᠤᠷᠢᠯᠡᠬᠦ ᠲᠤᠭᠤᠶᠢᠯᠠᠩ ᠭᠠᠷᠭᠠᠵᠤ ᠲᠥᠪᠯᠡᠷᠡᠬᠦᠯᠤᠨ ᠬᠡᠷᠡᠭ ᠰᠢᠢᠳᠪᠤᠷᠢᠯᠡᠨ᠂ ᠪᠠᠷᠢᠪᠴᠢᠯᠠᠬᠤ ᠶᠢ ᠵᠥᠪᠰᠢᠶᠡᠷᠡᠨ ᠵᠠᠭᠠᠯᠲᠤᠬᠤ ᠡᠷᠬᠡ ᠴᠢᠲᠠᠪᠤᠷᠢ  ᠪᠠᠨ ᠬᠥᠢᠴᠡᠤᠨ ᠪᠠᠲᠠᠷᠠᠭᠤᠯᠵᠤ᠂ ᠤᠯᠤᠰ ᠲᠥᠷᠤ ᠶᠢᠨ ᠠᠮᠤᠷ ᠲᠥᠪᠰᠢᠨ ᠢ ᠰᠥᠷᠲᠡᠬᠦᠯᠬᠦ᠂ ᠥᠡᠲᠤᠰᠤᠨ ᠱᠠᠲᠤᠨ  ᠤ ᠵᠠᠰᠠᠭ ᠤᠨ ᠡᠷᠬᠡ ᠶᠢ ᠪᠠᠷᠢᠬᠤ᠂ ᠤᠭᠰᠠᠭ᠎ᠠ ᠲᠥᠷᠤᠯ ᠤᠨ ᠬᠥᠴᠤᠨ ᠢᠶᠠᠨ ᠠᠰᠢᠭᠯᠠᠨ ᠠᠶᠢᠯ ᠲᠤᠰᠬᠤᠨ ᠢᠶᠠᠷ ᠬᠥᠡᠲᠡᠯᠡᠨ ᠭᠤᠯᠲᠤ ᠪᠠᠷ ᠠᠭᠠᠰᠢᠯᠠᠬᠤ᠂ ᠠᠵᠢᠯ ᠨᠢᠬᠡᠲᠡᠨ ᠢᠶᠠᠨ ᠲᠠᠷᠤᠯᠠᠵᠤ ᠵᠠᠬ᠎ᠠ ᠲᠡᠯᠬᠡᠬᠦᠷ ᠢ ᠡᠵᠡᠷᠬᠡᠬᠦ᠂ ᠱᠠᠯᠢᠭ ᠵᠠᠪᠠᠭ᠋ᠠᠢ ᠬᠤᠤᠷ ᠡᠳ᠋ᠯᠡᠬᠦ ᠵᠡᠷᠬᠡ ᠶᠢ ᠡᠵᠡᠩᠨᠡᠨ᠂ ᠬᠠᠤᠯᠢ ᠪᠤᠰᠤ ᠪᠠᠷ ᠮᠥᠷᠤᠢ ᠲᠠᠢ ᠨᠠᠭᠠᠳᠬᠤ ᠥᠡᠲᠤᠷ ᠬᠥᠤ ᠲᠠᠢ ᠵᠢᠬᠡᠯᠡᠯᠬᠡ ᠲᠠᠯᠪᠢᠬᠤ ᠵᠡᠷᠬᠡ ᠪᠤᠷᠤᠩᠬᠤᠢ ᠬᠠᠷᠬᠢᠰ ᠬᠥᠴᠤᠨ ᠤ ᠶᠠᠯᠠᠲᠤ ᠠᠵᠢᠯᠯᠠᠭ᠎ᠠ ᠳᠤ ᠴᠤᠬᠢᠯᠲᠠ ᠥᠭᠴᠤ᠂ ᠬᠠᠤᠯᠢ ᠶᠤᠰᠤᠭᠠᠷ ᠤᠯᠠᠨ ᠵᠢᠯ ᠤᠨ ᠲᠤᠷᠰᠢ ᠠᠶᠢᠯ ᠠᠶᠢᠮᠠᠭ ᠲᠠᠭᠠᠨ ᠬᠥᠡᠲᠡᠯᠡᠨ ᠭᠤᠯᠲᠤ ᠠᠭᠠᠰᠢᠯᠠᠨ᠂ ᠬᠠᠷᠬᠢᠰ ᠬᠡᠷᠴᠡᠬᠡᠢ ᠶᠠᠪᠤᠭᠰᠠᠨ ᠬᠥᠸᠧ×× ᠳᠤ ᠠᠯᠪᠠᠨ ᠵᠠᠭᠠᠯᠲᠤᠯᠭ᠎ᠠ ᠬᠢᠵᠤ᠂ ᠲᠡᠬᠦᠨ ᠤ ᠬᠢᠭᠰᠡᠨ ᠬᠢᠬᠠᠵᠤ ᠮᠥᠯᠵᠢᠭᠰᠡᠨ᠂ ᠬᠡᠷᠡᠭ ᠥᠲᠤᠬᠡᠵᠤ ᠤᠶᠢᠮᠡᠬᠦᠯᠥᠭᠰᠡᠨ᠂ ᠬᠠᠤᠯᠢ ᠪᠤᠰᠤ ᠪᠠᠷ ᠫᠤᠤ ᠪᠠᠷᠢᠭᠰᠨᠨ ᠵᠡᠷᠬᠡ ᠤᠯᠠᠨ ᠵᠤᠶᠢᠯ ᠤᠨ ᠶᠠᠯ᠎ᠠ ᠶᠢᠨ ᠨᠡᠷ᠎ᠡ ᠪᠥᠬᠦᠢ ᠪᠤᠷᠤᠩᠬᠤᠢ ᠬᠠᠷᠬᠢᠰ ᠶᠠᠯ᠎ᠠ ᠶᠢ ᠲᠤᠲᠤᠯᠠᠭᠰᠠᠨ ᠪᠠᠶᠢᠨ᠎ᠠ᠃ ᠪᠤᠷᠤᠩᠬᠤᠢ ᠶᠢ ᠱᠥᠬᠦᠷᠲᠡᠵᠤ ᠬᠠᠷᠬᠢᠰ ᠬᠥᠴᠤᠨ ᠢ ᠠᠷᠢᠯᠭᠠᠬᠤ ᠲᠤᠰᠬᠠᠢ ᠲᠡᠮᠡᠴᠡᠯ ᠢ ᠥᠷᠨᠢᠬᠦᠯᠬᠦ ᠤᠬᠠᠭᠤᠯᠬᠤ ᠠᠵᠢᠯ ᠢ ᠥᠷᠬᠡᠨ ᠬᠥᠡᠵᠡᠬᠡᠢ ᠥᠷᠨᠢᠬᠦᠯᠵᠤ ᠂ ᠬᠠᠤᠯᠢ ᠲᠥᠬᠡᠮᠡᠯᠵᠢᠬᠦᠯᠬᠦ ᠶᠢ ᠰᠤᠷᠭᠠᠭᠤᠯᠢ ᠶᠢᠨ ᠬᠥᠷᠢᠶᠡᠨ ᠳᠤ ᠤᠷᠤᠭᠤᠯᠵᠤ᠂ ᠨᠡᠶᠢᠬᠡᠮ ᠲᠤᠭᠤᠷᠢᠭ ᠲᠤ ᠤᠷᠤᠭᠤᠯᠬᠤ᠂ ᠬᠥᠲᠡᠭᠡ ᠲᠤᠰᠬᠤᠨ ᠳᠤ ᠤᠷᠤᠭᠤᠯᠬᠤ ᠪᠡ ᠲᠤᠤᠷ ᠰᠥᠯᠵᠢᠶ᠎ᠡ ᠪᠠᠷ ᠤᠬᠠᠭᠤᠯᠬᠤ ᠵᠡᠷᠬᠡ ᠬᠡᠯᠪᠡᠷᠢ  ᠪᠠᠷ ᠲᠠᠮᠵᠢᠨ᠂ ᠤᠯᠠᠨ ᠲᠥᠮᠡᠨ ᠤ ᠤᠶᠢᠯᠠᠭᠠᠨ ᠮᠡᠲᠡᠬᠦ ᠨᠤᠷᠮ᠎ᠠ ᠪᠤᠯᠤᠨ ᠤᠷᠤᠯᠴᠠᠵᠤ ᠨᠤᠷᠮ᠎ᠠ ᠶᠢ ᠲᠡᠬᠡᠭᠰᠢᠯᠡᠬᠦᠯᠵᠡᠢ᠃ ᠥᠪᠡᠷᠲᠡᠬᠡᠨ ᠵᠠᠰᠠᠬᠤ ᠤᠷᠤᠨ ᠤ ᠪᠤᠷᠤᠩᠬᠤᠢ ᠪᠥᠯᠥᠭᠲᠡᠨ ᠢ ᠱᠥᠬᠦᠷᠲᠡᠨ ᠬᠠᠷᠬᠢᠰ ᠬᠥᠴᠤᠨ ᠢ ᠠᠷᠢᠯᠭᠠᠬᠤ ᠲᠤᠰᠬᠠᠢ ᠬᠢᠨᠠᠨ ᠵᠢᠯᠤᠭᠤᠲᠤᠯᠭ᠎ᠠ ᠲᠠᠢ ᠢᠲᠡᠪᠬᠢᠲᠠᠢ ᠵᠤᠬᠢᠯᠲᠤᠨ᠂ ᠪᠠᠶᠢᠴᠠᠭᠠᠬᠤ ᠭᠤᠭᠴᠤᠭᠠᠨ   ᠳᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ  ᠨᠠᠶᠢᠲᠠᠪᠤᠷᠢᠵᠢᠭᠤᠯᠵᠤ᠂ ᠲᠤᠰᠬᠠᠢ ᠲᠡᠮᠡᠴᠡᠯ ᠢ ᠬᠥᠡᠵᠡᠬᠡᠶᠢᠷᠡᠬᠦᠯᠤᠨ ᠠᠬᠢᠭᠤᠯᠵᠠᠢ᠃     ᠨᠡᠶᠢᠬᠡᠮ ᠢ ᠶᠡᠷᠤᠩᠬᠡᠶᠢᠯᠡᠨ ᠵᠠᠰᠠᠬᠤ ᠳᠤ ᠢᠲᠡᠪᠬᠢᠲᠠᠢ ᠤᠷᠤᠯᠴᠠᠵᠠᠢ᠃ ᠰᠢᠨ᠎ᠡ ᠬᠡᠪᠰᠢᠯ ᠲᠤᠤᠷ᠎ᠠ ᠪᠠᠶᠢᠴᠠᠭᠠᠬᠤ ᠭᠤᠭᠴᠤᠭ᠎ᠠ ᠶᠢᠨ ᠨᠡᠶᠢᠬᠡᠮ ᠤᠨ ᠵᠥᠷᠢᠴᠡᠯ ᠢ ᠨᠠᠮᠲᠠᠭᠤᠯᠬᠤ ᠡᠷᠴᠢᠮ ᠢᠶᠠᠨ ᠴᠢᠩᠭᠠᠳᠬᠠᠵᠤ᠂ ᠴᠢᠬᠤᠯᠨ ᠶᠡᠭᠡ ᠪᠠᠶᠠᠷ ᠲᠤᠷᠠᠰᠬᠠᠯ ᠤᠨ ᠡᠲᠤᠷ ᠤᠨ ᠲᠤᠭᠲᠠᠭᠤᠨ ᠢ ᠬᠠᠮᠠᠭᠠᠯᠠᠬᠤ ᠠᠵᠢᠯ ᠢ ᠥᠨᠡᠩᠬᠦ ᠰᠠᠶᠢᠲᠤᠷ ᠬᠢᠵᠤ᠂ ᠬᠠᠤᠯᠢᠴᠢ ᠶᠢ ᠬᠠᠤᠯᠢ ᠳᠤ ᠬᠤᠯᠪᠤᠭᠲᠠᠵᠤ ᠵᠠᠷᠭᠤ ᠳᠤ ᠬᠤᠯᠪᠤᠭᠲᠠᠭᠰᠠᠨ ᠵᠠᠬᠢᠲᠠᠯ ᠰᠤᠷᠪᠤᠯᠵᠢᠯᠠᠭ᠎ᠠ ᠬᠥᠯᠢᠶᠡᠨ ᠠᠪᠬᠤ ᠳᠤ ᠤᠷᠤᠯᠴᠠᠭᠤᠯᠬᠤ ᠠᠵᠢᠯ ᠢ ᠠᠬᠢᠭᠤᠯᠵᠠᠢ᠃ ᠪᠠᠶᠢᠴᠠᠭᠠᠬᠤ ᠲᠠᠷᠤᠭ᠎ᠠ ᠶᠢᠨ ᠬᠥᠯᠢᠶᠡᠨ ᠠᠪᠬᠤ ᠡᠲᠤᠷ ᠤᠨ ᠲᠥᠷᠢᠮ ᠢ ᠪᠠᠷᠢᠮᠲᠠᠯᠠᠵᠤ᠂ ᠤᠯᠠᠨ ᠲᠥᠮᠡᠨ ᠤ ᠠᠰᠢᠭ ᠲᠤᠰᠠ ᠶᠢᠨ ᠵᠠᠭᠠᠯᠲᠤᠯᠭ᠎ᠠ ᠭᠤᠶᠤᠴᠢᠯᠠᠯ ᠤᠨ ᠠᠰᠠᠭᠤᠲᠠᠯ ᠢ ᠨᠠᠷᠢᠨ ᠬᠢᠨᠠᠮᠠᠭᠠᠢ ᠰᠢᠢᠳᠪᠤᠷᠢᠯᠡᠵᠤ᠂ ︽ᠹᠸᠡᠭ ᠴᠢᠶᠤᠤ ᠶᠢᠨ ᠲᠤᠷᠰᠢᠯᠭ᠎ᠠ︾ ᠶᠢᠨ ᠪᠠᠶᠢᠴᠠᠭᠠᠬᠤ ᠬᠤᠷᠢᠶᠠᠨ ᠤ ᠬᠡᠪ ᠢ ᠴᠢᠷᠮᠠᠶᠢᠨ ᠪᠥᠲᠤᠬᠡᠵᠡᠢ᠃ ᠪᠥᠬᠦ ᠵᠢᠯ ᠳᠤ ᠨᠡᠶᠢᠲᠡ 270 ᠭᠠᠷᠤᠢ ᠬᠥᠮᠤᠨ ᠤᠲᠠᠭ᠎ᠠ ᠶᠢᠨ ᠰᠤᠷᠪᠤᠯᠵᠢᠯᠠᠭ᠎ᠠ ᠶᠢ ᠬᠥᠯᠢᠶᠡᠨ ᠠᠪᠴᠤ᠂ ᠡᠬᠦᠨ ᠤ ᠲᠤᠲᠤᠷ᠎ᠠ ᠮᠤᠩᠭᠤᠯ ᠬᠡᠯᠨ ᠪᠠᠷ ᠰᠤᠷᠪᠤᠯᠵᠢᠯᠠᠭ᠎ᠠ ᠬᠥᠯᠢᠶᠡᠭᠰᠡᠨ ᠨᠤᠷᠮ᠎ᠠ 70% ᠳᠤ ᠬᠥᠷᠴᠤ᠂ 26 ᠪᠠᠶᠢᠴᠠᠭᠠᠬᠤ ᠵᠠᠬᠢᠲᠠᠯ ᠰᠤᠷᠪᠤᠯᠵᠢᠯᠠᠭ᠎ᠠ ᠶᠢᠨ ᠬᠡᠷᠡᠭ᠂ 3 ᠬᠠᠤᠯᠢ ᠴᠠᠭᠠᠵᠨ ᠶᠢᠨ ᠠᠪᠤᠷᠠᠨ ᠲᠤᠰᠠᠯᠠᠬᠤ ᠬᠡᠷᠡᠭ ᠢ ᠰᠢᠢᠳᠪᠤᠷᠢᠯᠡᠵᠤ᠂ 16 ᠲᠥᠮᠡᠨ ᠲᠥᠬᠦᠷᠢᠭ ᠤᠨ ᠠᠪᠤᠷᠠᠨ ᠲᠤᠰᠠᠯᠠᠬᠤ ᠮᠥᠡᠭᠬᠦ ᠶᠢ ᠪᠠᠭᠤᠯᠭᠠᠵᠠᠢ᠃ ᠡᠯ᠎ᠡ ᠲᠥᠷᠤᠯ ᠤᠨ ᠨᠡᠶᠢᠬᠡᠮ ᠤᠨ ᠵᠥᠷᠢᠴᠡᠯ ᠢ ᠵᠤᠬᠢᠰᠲᠠᠢ ᠨᠠᠮᠲᠠᠭᠤᠯᠵᠤ᠂ ᠬᠡᠷᠡᠭ ᠤᠨ ᠰᠤᠷᠠᠭ ᠵᠠᠩᠬᠢ ᠶᠢ 30 ᠭᠠᠷᠤᠢ ᠬᠤᠪᠢ ᠤᠲᠠᠭ᠎ᠠ ᠪᠠᠶᠢᠴᠠᠭᠠᠨ ᠯᠠᠪᠯᠠᠵᠤ᠂ ᠬᠠᠤᠯᠢ ᠴᠠᠭᠠᠵᠨ ᠶᠢᠨ ᠯᠠᠪᠯᠠᠯᠲᠠ ᠶᠢ 500 ᠭᠠᠷᠤᠢ ᠤᠲᠠᠭ᠎ᠠ ᠬᠠᠷᠢᠭᠤᠯᠤᠨ᠂ 20 ᠭᠠᠷᠤᠢ ᠤᠲᠠᠭ᠎ᠠ ᠵᠠᠷᠭᠤ ᠶᠢᠨ ᠤᠴᠢᠷ ᠲᠤ ᠰᠤᠷᠪᠤᠯᠵᠢᠯᠠᠬᠤ ᠪᠠᠷ ᠪᠠᠭᠤᠨ᠂ ᠤᠯᠤᠰ ᠤᠨ ᠲᠡᠰ ᠤᠨ ᠨᠡᠯᠢᠶᠡᠤᠨ ᠶᠠᠲᠠᠭᠤ ᠬᠥᠴᠢᠷᠲᠠᠯᠲᠠᠢ ᠲᠤᠰᠬᠤᠨ ᠳᠤ ᠬᠥᠡᠵᠡᠬᠡᠶᠢᠷᠡᠨ 10 ᠤᠲᠠᠭ᠎ᠠ ᠬᠠᠤᠯᠢ ᠴᠠᠭᠠᠵᠨ ᠶᠢᠨ ᠤᠬᠠᠭᠤᠯᠭ᠎ᠠ ᠬᠢᠵᠤ᠂ ᠬᠠᠤᠯᠢᠴᠢ ᠪᠤᠯᠤᠨ ᠰᠡᠳᠬᠢᠴᠡ ᠶᠢᠨ ᠯᠠᠪᠯᠠᠭᠴᠢ ᠪᠠᠭᠰᠢ ᠶᠢ ᠵᠤᠬᠢᠴᠠᠭᠤᠯᠤᠨ 5 ᠤᠲᠠᠭᠠᠨ ᠤ ᠬᠠᠤᠯᠢ ᠴᠠᠭᠠᠵᠨ ᠶᠢᠨ ᠤᠶᠢᠯᠡᠴᠢᠯᠡᠭᠡ ᠬᠢᠭᠰᠡᠨ ᠪᠠᠶᠢᠨ᠎ᠠ᠃ ᠬᠥᠯᠤᠰᠤᠨ ᠲᠠᠷᠢᠶᠠᠴᠢᠨ ᠤ ᠴᠠᠯᠢᠩ ᠬᠥᠯᠤᠰᠤ ᠪᠠᠨ ᠤᠯᠬᠤ ᠠᠰᠠᠭᠤᠲᠠᠯ ᠤᠨ ᠲᠤᠰᠬᠠᠢ ᠠᠵᠢᠯᠯᠠᠭ᠎ᠠ ᠳᠤ ᠤᠷᠤᠯᠴᠠᠨ ᠰᠢᠢᠳᠪᠤᠷᠢᠯᠡᠵᠤ᠂ ᠵᠠᠰᠠᠭ ᠤᠨ ᠤᠷᠲᠤᠨ ᠢ ᠬᠠᠮᠵᠢᠨ ᠬᠥᠲᠡᠯᠮᠤᠷᠢ ᠶᠢᠨ ᠬᠠᠷᠠᠮᠵᠢ 4500 ᠭᠠᠷᠤᠢ ᠲᠥᠮᠡᠨ ᠲᠥᠬᠦᠷᠢᠭ ᠢ ᠨᠡᠬᠡᠨ ᠠᠪᠴᠢᠷᠠᠵᠠᠢ᠃    ᠬᠤᠶᠠᠷ᠂ ᠰᠢᠨ᠎ᠡ ᠬᠥᠭᠵᠢᠯᠲᠠ ᠶᠢᠨ ᠰᠡᠳᠬᠢᠴᠡ ᠶᠢ ᠢᠲᠡᠪᠬᠢᠲᠠᠢ ᠲᠤᠤᠱᠯᠠᠭᠤᠯᠵᠤ᠂ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ︾ ᠳᠤ ᠤᠶᠢᠯᠡᠴᠢᠯᠡᠭᠡ ᠪᠠᠲᠤᠯᠠᠵᠠᠢ    ᠬᠥᠡᠲᠤ ᠶᠡᠭᠡ ᠮᠥᠡᠭᠬᠦᠨ ᠬᠥᠢᠯᠬᠡᠬᠡᠨ ᠤ ᠲᠥᠭᠰᠢᠬᠦᠷᠢ ᠶᠢ ᠬᠥᠴᠥᠯᠡᠨ ᠰᠡᠷᠬᠡᠶᠢᠯᠡᠵᠤ ᠨᠠᠮᠲᠠᠭᠤᠯᠵᠠᠢ᠃ ᠠᠵᠤ ᠠᠬᠤᠢ ᠶᠢᠨ ᠰᠢᠨ᠎ᠡ ᠬᠡᠪᠰᠢᠯ ᠲᠤᠤᠷ᠎ᠠ ᠡᠯ᠎ᠡ ᠬᠥᠷᠢᠶᠡᠨ ᠳᠤ ᠲᠠᠯᠲᠠ ᠪᠠᠷ ᠤᠷᠤᠰᠢᠵᠤ ᠪᠠᠶᠢᠭ᠎ᠠ ᠲᠥᠭᠰᠢᠬᠦᠷᠢ ᠶᠢ ᠢᠲᠡᠪᠬᠢᠲᠡᠢ ᠪᠠᠷ ᠰᠡᠷᠬᠡᠶᠢᠯᠡᠵᠤ᠂ ᠬᠠᠤᠯᠢ ᠴᠠᠭᠠᠵᠨ ᠪᠤᠯᠤᠨ ᠲᠥᠷᠤ ᠶᠢᠨ ᠪᠤᠲᠤᠯᠭ᠎ᠠ ᠶᠢᠨ ᠵᠠᠭᠠᠭ ᠱᠤᠭᠤᠮ ᠢ ᠤᠨᠤᠪᠴᠢᠲᠠᠢ ᠡᠵᠡᠮᠰᠢᠵᠤ᠂ ᠬᠠᠮᠢᠶ᠎ᠠ ᠪᠥᠬᠦᠢ ᠬᠡᠷᠡᠭ ᠢ ᠡᠷᠡᠰ ᠴᠢᠩᠭ᠎ᠠ ᠪᠠᠷ ᠤᠨᠤᠪᠴᠢᠲᠠᠢ ᠡᠷᠬᠢᠯᠡᠵᠤ ᠰᠠᠶᠢᠲᠤᠷ ᠡᠷᠬᠢᠯᠡᠨ᠂ ᠠᠵᠤ ᠠᠬᠤᠢ ᠶᠢᠨ ᠡᠷᠡᠬᠦᠯ ᠲᠤᠭᠲᠠᠭᠤᠨ ᠡᠷᠬᠢᠯᠲᠠ ᠶᠢᠨ ᠱᠠᠭᠠᠷᠲᠠᠯᠭ᠎ᠠ ᠶᠢ ᠨᠠᠷᠢᠨ ᠬᠢᠨᠠᠮᠠᠭᠠᠢ ᠵᠠᠲᠠᠯᠤᠨ᠂ ᠬᠠᠤᠯᠢ ᠶᠤᠰᠤᠭᠠᠷ ᠵᠠᠬ᠎ᠠ ᠲᠡᠯᠬᠡᠬᠦᠷ ᠤᠨ ᠡᠮᠬᠢ ᠲᠢᠭᠯᠡᠮ ᠢ ᠬᠥᠡᠲᠤ ᠨᠤᠴᠢᠲᠠᠢ ᠡᠪᠲᠡᠭᠰᠡᠨ ᠶᠠᠯᠠᠲᠤ ᠠᠵᠢᠯᠯᠠᠭ᠎ᠠ ᠳᠤ ᠴᠤᠬᠢᠯᠲᠠ ᠥᠭᠴᠤ᠂ ᠬᠠᠤᠯᠢ ᠪᠤᠰᠤ ᠶᠢᠨ ᠪᠡᠯᠨ ᠴᠤᠭᠯᠠᠭᠤᠯᠭ᠎ᠠ᠂ ᠮᠥᠡᠭᠬᠦᠨ ᠬᠥᠢᠯᠬᠡᠬᠡᠨ ᠤ ᠬᠢᠬᠠᠨ ᠮᠡᠬᠡᠯᠡᠯ ᠵᠡᠷᠬᠡ ᠤᠯᠠᠨ ᠲᠥᠮᠡᠨ ᠳᠤ ᠬᠤᠯᠪᠤᠭᠲᠠᠭᠰᠠᠨ ᠬᠡᠯᠪᠡᠷᠢ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠪᠠᠶᠢᠴᠠᠭᠠᠨ ᠰᠢᠳᠬᠡᠵᠡᠢ᠃ ᠵᠠᠬ᠎ᠠ ᠲᠡᠯᠬᠡᠬᠦᠷ ᠤᠨ ᠠᠵᠤ ᠠᠬᠤᠢ ᠶᠢᠨ ᠡᠮᠬᠢ ᠲᠢᠭᠯᠡᠮ ᠢ ᠴᠡᠭᠴᠡᠯᠡᠨ ᠵᠠᠰᠠᠬᠤ ᠪᠡ ᠲᠥᠷᠢᠮᠵᠢᠬᠦᠯᠬᠦ  ᠳᠤ ᠢᠲᠡᠪᠬᠢᠲᠡᠢ ᠤᠷᠤᠯᠴᠠᠨ᠂ ᠬᠡᠷ᠎ᠡ ᠪᠠᠷ ᠬᠢᠬᠠᠨ ᠮᠡᠬᠡᠯᠡᠬᠦ᠂ ᠪᠡᠯᠨ ᠴᠤᠭᠯᠠᠭᠤᠯᠬᠤ ᠬᠢᠬᠠᠨ ᠮᠡᠬᠡᠯᠡᠯ ᠵᠡᠷᠬᠡ ᠵᠠᠬ᠎ᠠ ᠲᠡᠯᠬᠡᠬᠦᠷ ᠤᠨ ᠡᠮᠬᠢ ᠲᠢᠭᠯᠡᠮ ᠢ ᠰᠠᠮᠠᠭᠤᠷᠠᠭᠤᠯᠤᠭᠰᠠᠨ ᠶᠠᠯᠠᠲᠤ ᠠᠵᠢᠯᠯᠠᠭ᠎ᠠ ᠳᠤ ᠬᠤᠯᠪᠤᠭᠲᠠᠭᠰᠠᠨ ᠨᠡᠶᠢᠲᠡ 5 ᠬᠡᠷᠡᠭ ᠤᠨ 9 ᠬᠥᠮᠤᠨ ᠢ ᠪᠠᠷᠢᠪᠴᠢᠯᠠᠬᠤ ᠶᠢ ᠵᠥᠪᠰᠢᠶᠡᠷᠡᠵᠤ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠠ ᠳᠤ ᠬᠥᠴᠤᠲᠠᠢ ᠪᠠᠲᠤᠯᠠᠭ᠎ᠠ ᠶᠢ ᠬᠠᠨᠭ᠍ᠭᠠᠭᠰᠠᠨ ᠪᠠᠶᠢᠨ᠎ᠠ᠃ ᠠᠷᠠᠤᠨ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠠ ᠳᠤ ᠤᠶᠢᠯᠡᠴᠢᠯᠡᠨ ᠪᠠᠲᠤᠯᠠᠵᠤ᠂ ᠪᠠᠶᠢᠴᠭᠠᠬᠤ ᠬᠤᠷᠢᠶ᠎ᠠ ᠪᠤᠯᠤᠨ ᠠᠵᠤ ᠠᠬᠤᠶᠢᠯᠠᠯ ᠤᠨ ᠬᠤᠯᠪᠤᠭᠠᠯᠠᠯ ᠢ ᠴᠢᠩᠭᠠᠳᠬᠠᠨ᠂ ᠬᠠᠤᠯᠢ ᠴᠠᠭᠠᠵᠨ ᠶᠢᠨ ᠤᠶᠢᠯᠡᠴᠢᠯᠡᠭᠡ ᠬᠠᠨᠭ᠍ᠭᠠᠨ᠂ ᠬᠠᠤᠯᠢ ᠶᠤᠰᠤᠭᠠᠷ ᠡᠷᠬᠡ ᠪᠠᠨ ᠬᠠᠮᠠᠭᠠᠯᠠᠬᠤ ᠶᠢ ᠲᠡᠮᠵᠢᠭᠰᠡᠨ ᠪᠠᠶᠢᠨ᠎ᠠ᠃     ᠪᠤᠬᠢᠷᠲᠤᠯ ᠢ ᠰᠡᠷᠬᠡᠶᠢᠯᠡᠨ ᠵᠠᠰᠠᠬᠤ ᠳᠤ ᠤᠶᠢᠯᠡᠴᠢᠯᠡᠵᠡᠢ᠃ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠨ᠂ ᠬᠠᠤᠯᠢ ᠪᠠᠷ ᠵᠠᠰᠠᠬᠤ ᠠᠷᠭ᠎ᠠ ᠬᠡᠯᠪᠡᠷᠢ ᠶᠢ ᠠᠰᠢᠭᠯᠠᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠬᠠᠮᠠᠭᠠᠯᠠᠯᠲᠠ ᠪᠡ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠵᠠᠢ᠃ ᠬᠠᠤᠯᠢ ᠶᠤᠰᠤᠭᠠᠷ ᠠᠮᠢ ᠠᠬᠤᠢ ᠤᠷᠴᠢᠨ ᠲᠤᠭᠤᠷᠢᠨ ᠪᠡ ᠡᠬᠢ ᠪᠠᠶᠠᠯᠢᠭ ᠢ ᠡᠪᠲᠡᠭᠰᠡᠨ ᠶᠠᠯᠠᠲᠤ ᠠᠵᠢᠯᠯᠠᠭ᠎ᠠ ᠶᠢ ᠶᠠᠯᠠᠯᠠᠨ ᠰᠢᠳᠬᠡᠵᠤ᠂ 2 ᠬᠡᠷᠡᠭ ᠤᠨ 4 ᠬᠥᠮᠤᠨ ᠢ ᠪᠠᠷᠢᠪᠴᠢᠯᠠᠬᠤ ᠶᠢ ᠵᠥᠪᠰᠢᠶᠡᠷᠡᠵᠤ᠂ 35 ᠬᠡᠷᠡᠭ ᠤᠨ 43 ᠬᠥᠮᠤᠨ ᠢ ᠵᠠᠭᠠᠯᠲᠤᠵᠤ᠂ 5 ᠬᠡᠷᠡᠭ ᠢ ᠲᠠᠩᠰᠠᠯᠠᠨ ᠬᠢᠨᠠᠯᠲᠠ ᠲᠠᠯᠪᠢᠵᠠᠢ᠃ ᠨᠡᠶᠢᠲᠡ ᠶᠢᠨ ᠠᠰᠢᠭᠲᠤ ᠵᠠᠷᠭᠤᠯᠲᠤᠭᠠᠨ ᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢ ᠪᠠᠶᠢᠴᠠᠭᠠᠬᠤ ᠥᠯᠢᠬᠡᠷ ᠬᠡᠪ ᠢ ᠲᠠᠰᠤᠷᠠᠯᠲᠠ ᠦᠭᠡᠢ ᠪᠠᠷ ᠤᠶᠢᠯᠡᠲᠤᠯᠬᠡᠵᠢᠬᠦᠯᠤᠨ ᠲᠡᠬᠦᠯᠲᠡᠷᠵᠢᠬᠦᠯᠵᠤ᠂ ᠶᠡᠭᠡ ᠬᠥᠬᠡ ᠠᠭᠤᠯᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯᠤᠨ ᠤᠯᠠᠩ ᠭᠤᠤᠯ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠬᠥᠡᠵᠡᠬᠡᠶᠢᠷᠡᠨ ᠨᠡᠶᠢᠲᠡ ᠶᠢᠨ ᠠᠰᠢᠭᠲᠤ ᠵᠠᠷᠭᠤᠯᠲᠤᠭᠠᠨ ᠤ ᠬᠡᠷᠡᠭ ᠤᠨ ᠰᠥᠪᠡᠭᠴᠢ ᠪᠠᠶᠢᠲᠠᠯ ᠢ ᠤᠶᠢᠯᠠᠭᠠᠬᠤ ᠠᠵᠢᠯ ᠢ ᠥᠷᠨᠢᠬᠦᠯᠵᠤ᠂ ᠵᠠᠭᠠᠯᠲᠤᠬᠤ ᠠᠴᠠ ᠡᠮᠤᠨᠡᠬᠢ ᠪᠠᠶᠢᠴᠠᠭᠠᠬᠤ ᠰᠠᠨᠠᠭᠤᠯᠭ᠎ᠠ ᠶᠢ 12 ᠬᠤᠪᠢ ᠭᠠᠷᠭᠠᠵᠤ᠂ 636 ᠮᠤ᠋ ᠨᠤᠲᠤᠭ ᠪᠡᠯᠴᠢᠬᠡᠷ ᠤᠨ ᠬᠥᠷᠤᠰᠤ ᠶᠢ ᠰᠡᠷᠬᠦᠬᠡᠵᠤ᠂ ᠲᠤᠭᠲᠠᠭᠠᠯ ᠢ ᠵᠥᠷᠢᠴᠡᠨ ᠤᠪᠤᠭᠠᠯᠠᠭᠰᠠᠨ 90 ᠭᠠᠷᠤᠢ ᠲᠤᠨ ᠬᠥᠡᠭᠬᠡᠨ ᠴᠠᠭᠠᠨ ᠤ ᠥᠨᠡᠰᠤ ᠶᠢ  ᠴᠡᠪᠡᠷᠯᠡᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢ ᠰᠢᠪᠠᠲᠠᠨ 2 ᠬᠡᠷᠡᠭ ᠢ ᠵᠠᠭᠠᠯᠲᠤᠵᠠᠢ᠃     ᠤᠨᠤᠨ ᠲᠡᠬᠡᠷ᠎ᠡ ᠨᠢ ᠶᠠᠲᠠᠭᠤ ᠠᠴᠠ ᠠᠩᠬᠢᠵᠢᠷᠠᠭᠤᠯᠬᠤ ᠳᠤ ᠬᠥᠴᠤ ᠨᠡᠮᠡᠷᠢᠯᠡᠵᠡᠢ᠃ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠶᠡᠷᠤᠩᠬᠡᠢ ᠬᠠᠷᠠᠯᠲᠠ ᠶᠢᠨ ᠲᠤᠭᠤᠷᠢᠨ ᠳᠤ᠂ ᠪᠠᠶᠢᠴᠠᠭᠠᠬᠤ ᠲᠤᠰᠢᠶᠠᠯ ᠴᠢᠲᠠᠪᠤᠷᠢ ᠳᠤ ᠪᠠᠨ ᠰᠠᠭᠤᠷᠢᠯᠠᠵᠤ᠂ ︽ᠪᠥᠬᠦ ᠬᠤᠰᠢᠭᠤᠨ ᠤ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠲᠤᠭᠠᠨ ᠳᠤ ᠤᠶᠢᠯᠡᠴᠢᠯᠡᠨ ᠪᠠᠲᠤᠯᠠᠬᠤ ᠬᠡᠷᠡᠭᠵᠢᠬᠦᠯᠬᠦ ᠰᠠᠨᠠᠯ︾ ᠢ ᠲᠤᠭᠲᠠᠭᠠᠬᠤ᠂ ᠶᠠᠲᠠᠭᠤ ᠶᠢ ᠲᠡᠳᠬᠦᠬᠦ ᠬᠥᠷᠢᠶᠡᠨ ᠤ ᠡᠯ᠎ᠡ ᠲᠥᠷᠤᠯ ᠤᠨ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠵᠠᠯᠬᠠᠭᠠᠨ ᠵᠠᠰᠠᠵᠤ᠂ ᠬᠠᠤᠯᠢ ᠴᠠᠭᠠᠵᠨ  ᠶᠢᠨ ᠠᠪᠤᠷᠠᠨ ᠲᠤᠰᠠᠯᠠᠬᠤ ᠬᠢᠬᠡᠤᠨ ᠤᠨᠤᠨ ᠲᠡᠬᠡᠷ᠎ᠡ ᠨᠢ ᠶᠠᠲᠠᠭᠤ ᠶᠢ ᠲᠡᠳᠬᠦᠬᠦ ᠲᠠᠢ ᠵᠠᠯᠭᠠᠭᠤᠯᠬᠤ ᠶᠢ ᠲᠥᠯᠬᠢᠨ ᠠᠬᠢᠭᠤᠯᠵᠤ᠂ ᠶᠠᠲᠠᠭᠤ ᠬᠥᠴᠢᠷᠲᠠᠢ ᠡᠷᠤᠬᠡ ᠶᠢᠨ ᠰᠠᠨᠠᠯ ᠪᠤᠯᠤᠨ ᠰᠠᠨᠠᠭ᠎ᠠ ᠪᠤᠲᠤᠯ ᠢ ᠬᠥᠡᠵᠡᠬᠡᠢ ᠤᠶᠢᠯᠠᠭᠠᠵᠤ᠂ ᠬᠠᠮᠢᠶ᠎ᠠ ᠪᠥᠬᠦᠢ ᠲᠥᠷᠤ ᠶᠢᠨ ᠪᠤᠲᠤᠯᠭ᠎ᠠ ᠶᠢ ᠢᠲᠡᠪᠬᠢᠲᠠᠢ ᠤᠬᠠᠭᠤᠯᠵᠤ᠂ ᠶᠠᠲᠠᠭᠤ ᠬᠥᠴᠢᠷᠲᠠᠢ ᠡᠷᠤᠬᠡ ᠶᠢᠨ ᠬᠠᠮᠤᠭ  ᠠᠴᠠ ᠠᠩᠬᠠᠷᠴᠤ ᠪᠠᠶᠢᠭ᠎ᠠ᠂ ᠬᠠᠮᠤᠭ ᠠᠴᠠ ᠰᠢᠭᠤᠤᠨ ᠪᠤᠲᠠᠲᠠᠢ ᠠᠰᠠᠭᠤᠲᠠᠯ ᠢ ᠰᠢᠢᠳᠪᠤᠷᠢᠯᠡᠬᠦ ᠠᠴᠠ ᠡᠬᠢᠯᠡᠵᠤ᠂ ᠶᠠᠲᠠᠭᠤ ᠬᠥᠴᠢᠷᠲᠠᠢ ᠡᠷᠤᠬᠡ ᠳᠤ ᠵᠢᠩᠬᠢᠨᠢ ᠬᠠᠷᠠᠭᠠᠯᠵᠠᠯ ᠬᠥᠷᠲᠡᠬᠡᠵᠡᠢ᠃ ᠶᠠᠲᠠᠭᠤ ᠶᠢ ᠲᠡᠳᠬᠦᠬᠦ ᠳ᠋ᠤᠶᠢᠰᠢᠶᠠᠩ ᠤᠨ ᠪᠤᠲᠠᠲᠠᠢ ᠲᠠᠢ ᠤᠶᠠᠯᠲᠤᠭᠤᠯᠵᠤ᠂ ᠠᠵᠤ ᠤᠶᠢᠯᠡᠰ ᠢᠶᠠᠷ ᠲᠡᠳᠬᠦᠬᠦ ᠶᠢ ᠢᠲᠡᠪᠬᠢᠲᠠᠢ ᠠᠬᠢᠭᠤᠯᠵᠤ᠂ 144 ᠶᠠᠲᠠᠭᠤ ᠬᠥᠴᠢᠷᠲᠠᠯ ᠲᠠᠢ ᠡᠷᠤᠬᠡ ᠳᠤ 356 ᠲᠤᠯᠤᠭᠠᠢ ᠠᠯᠠᠰᠢᠨ ᠥᠬᠡᠷ ᠬᠤᠲᠠᠯᠲᠤᠨ ᠠᠪᠴᠤ ᠥᠭᠬᠦᠭᠰᠡᠨ ᠪᠥᠬᠡᠤᠨ ᠰᠡᠬᠦᠯᠡᠷᠬᠢ ᠮᠥᠷᠲᠡᠨ ᠤᠶᠢᠯᠡᠴᠢᠯᠡᠬᠦ ᠶᠢ ᠥᠷᠬᠦᠯᠵᠢᠯᠡᠨ ᠰᠠᠶᠢᠲᠤᠷ ᠬᠢᠵᠠᠢ᠃ ᠡᠯ᠎ᠡ ᠲᠥᠷᠤᠯ ᠤᠨ ᠶᠠᠲᠠᠭᠤ ᠶᠢ ᠲᠡᠮᠵᠢᠨ ᠲᠡᠳᠬᠦᠬᠦ ᠪᠡᠯᠨ ᠮᠥᠡᠭᠬᠦ 320 ᠲᠥᠮᠡᠨ ᠲᠥᠬᠦᠷᠢᠭ ᠢ ᠬᠠᠮᠵᠢᠵᠤ᠂ 5 ᠲᠥᠮᠡᠨ ᠲᠡᠭᠰᠢ ᠲᠥᠷᠪᠡᠯᠵᠢᠨ ᠮᠧᠲᠷ ᠠᠯᠠᠰᠢᠨ ᠥᠬᠡᠷ ᠲᠡᠵᠢᠬᠡᠬᠦ ᠬᠤᠷᠰᠢᠶ᠎ᠠ ᠶᠢ ᠪᠠᠶᠢᠭᠤᠯᠵᠤ ᠥᠭᠴᠡᠢ᠃ 2018 ᠤᠨ ᠤ ᠰᠡᠬᠦᠯᠴᠢ ᠪᠤᠯᠲᠠᠯ᠎ᠠ ᠬᠤᠤᠰᠯᠠᠯ ᠪᠠᠶᠢᠭᠤᠯᠤᠭᠰᠠᠨ ᠶᠠᠲᠠᠭᠤ ᠶᠢ ᠲᠡᠮᠵᠢᠨ ᠲᠡᠳᠬᠦᠬᠦ 235 ᠡᠷᠤᠬᠡ 650 ᠬᠥᠮᠤᠨ ᠠᠮᠨ ᠶᠢᠨ ᠲᠤᠲᠤᠷ᠎ᠠ  ᠠᠴᠠ 122 ᠡᠷᠤᠬᠡ 354 ᠬᠥᠮᠤᠨ ᠠᠮᠨ ᠶᠠᠲᠠᠭᠤ ᠠᠴᠠ ᠠᠩᠬᠢᠵᠢᠷᠠᠬᠤ ᠶᠢ ᠪᠠᠶᠡᠯᠡᠬᠦᠯᠵᠡᠢ᠃     ᠭᠤᠷᠪᠠ᠂ ᠬᠠᠤᠯᠢ ᠴᠠᠭᠠᠵᠨ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠨ᠂ ᠨᠡᠶᠢᠬᠡᠮ ᠤᠨ ᠡᠷᠬᠡ ᠲᠡᠭᠰᠢ ᠲᠥᠪ ᠭᠤᠤᠯᠴᠢ ᠶᠢ ᠴᠢᠷᠮᠠᠶᠢᠨ ᠬᠠᠮᠠᠭᠠᠯᠠᠵᠠᠢ     ᠡᠷᠡᠬᠦᠤ ᠶᠢᠨ ᠬᠡᠷᠡᠭ ᠢ ᠬᠡᠷᠡᠭ ᠲᠠᠩᠰᠠᠯᠠᠬᠤ ᠳᠤ ᠬᠢᠨᠠᠯᠲᠠ ᠲᠠᠯᠪᠢᠬᠤ ᠪᠤᠯᠤᠨ ᠲᠡᠩᠨᠠᠨ ᠪᠠᠶᠢᠴᠠᠭᠠᠬᠤ ᠳᠤ ᠬᠢᠨᠠᠯᠲᠠ ᠲᠠᠯᠪᠢᠬᠤ ᠶᠢ ᠬᠥᠴᠤᠯᠡᠨ ᠴᠢᠩᠭᠠᠳᠬᠠᠵᠠᠢ᠃ ᠲᠠᠩᠨᠠᠨ ᠪᠠᠶᠢᠴᠠᠭᠠᠭᠴᠢ ᠲᠢᠩᠬᠢᠮ ᠤᠨ ᠰᠢᠬᠦᠯᠲᠠ ᠶᠢ ᠬᠠᠵᠠᠭᠤ ᠠᠴᠠ ᠰᠤᠨᠤᠰᠬᠤ ᠲᠥᠷᠢᠮ ᠢ ᠰᠥᠪᠡᠭᠴᠢᠯᠡᠵᠤ᠂ ᠲᠠᠩᠨᠠᠨ ᠪᠠᠶᠢᠴᠠᠭᠠᠭᠴᠢ ᠬᠡᠷᠡᠴᠢ ᠴᠤᠭᠯᠠᠭᠤᠯᠬᠤ᠂ ᠬᠡᠷᠡᠴᠢ  ᠶᠢ ᠲᠤᠭᠲᠠᠭᠠᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠵᠡᠢ᠃ ᠬᠥᠡᠲᠤ ᠶᠡᠭᠡ ᠲᠥᠪᠡᠭ ᠲᠠᠢ ᠬᠡᠷᠡᠭ ᠢ ᠪᠠᠶᠢᠴᠠᠭᠠᠬᠤ ᠪᠠᠶᠢᠭᠤᠯᠭ᠎ᠠ ᠶᠢᠨ ᠰᠠᠨᠠᠯ ᠢ ᠰᠤᠨᠤᠰᠬᠤ ᠲᠥᠷᠢᠮ ᠢ ᠲᠤᠭᠲᠠᠭᠠᠵᠤ᠂  ᠬᠥᠡᠲᠤ ᠶᠡᠭᠡ ᠲᠥᠪᠡᠭᠲᠡᠢ ᠬᠡᠷᠡᠭ ᠢ ᠲᠠᠩᠨᠠᠨ ᠪᠠᠶᠢᠴᠠᠭᠠᠬᠤ ᠳᠤ ᠤᠷᠢᠳᠴᠢᠯᠠᠨ ᠤᠷᠤᠯᠴᠠᠵᠠᠢ᠃ ᠬᠠᠤᠯᠢ ᠶᠤᠰᠤᠭᠠᠷ ᠲᠠᠩᠨᠠᠨ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠨ 3 ᠬᠡᠷᠡᠭ ᠤᠨ 3 ᠬᠥᠮᠤᠨ ᠢ ᠬᠡᠷᠡᠭ ᠲᠠᠩᠰᠠᠯᠠᠭᠤᠯᠵᠤ᠂ ᠲᠠᠩᠨᠠᠨ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠵᠤ ᠪᠠᠶᠢᠭᠠᠤᠨ 3 ᠬᠡᠷᠡᠭ ᠤᠨ 3 ᠬᠥᠮᠤᠨ ᠬᠡᠷᠡᠭ ᠢ  ᠪᠤᠴᠠᠭᠠᠵᠠᠢ︔ ᠪᠠᠷᠢᠪᠴᠢᠯᠠᠬᠤ ᠨᠥᠬᠦᠴᠡᠯ ᠳᠤ ᠨᠡᠶᠢᠴᠡᠬᠦ ᠦᠭᠡᠢ ᠶᠢ ᠬᠠᠤᠯᠢ ᠶᠤᠰᠤᠭᠠᠷ 20 ᠬᠡᠷᠡᠭ ᠤᠨ 33 ᠬᠥᠮᠤᠨ ᠢ ᠬᠠᠤᠯᠢ ᠶᠤᠰᠤᠭᠠᠷ ᠪᠠᠷᠢᠪᠴᠢᠯᠠᠬᠤ ᠶᠢ ᠵᠥᠪᠰᠢᠶᠡᠷᠡᠭᠰᠡᠨ ᠦᠭᠡᠢ᠂  ᠴᠢᠬᠤᠯᠨ ᠴᠢᠨᠠᠷ ᠢ ᠬᠢᠨᠠᠨ ᠪᠠᠶᠢᠴᠠᠭᠠᠬᠤ ᠶᠢ ᠬᠢᠨᠠᠮᠠᠭᠠᠢ ᠥᠷᠨᠢᠬᠦᠯᠵᠤ᠂ ᠬᠠᠤᠯᠢ ᠶᠤᠰᠤᠭᠠᠷ ᠬᠡᠷᠡᠭ ᠡᠷᠬᠢᠯᠡᠬᠦ ᠪᠠᠶᠢᠭᠤᠯᠭ᠎ᠠ ᠳᠤ ᠠᠯᠪᠠᠲᠠᠬᠤ ᠠᠷᠭ᠎ᠠ ᠬᠡᠮᠵᠢᠶ᠎ᠡ ᠪᠠᠨ ᠬᠤᠪᠢᠷᠠᠭᠤᠯᠬᠤ ᠰᠠᠨᠠᠭᠤᠯᠭ᠎ᠠ ᠶᠢᠨ ᠪᠢᠴᠢᠭ ᠢ18 ᠬᠤᠪᠢ ᠭᠠᠷᠭᠠᠵᠤ ᠪᠥᠬᠦᠨ ᠢᠶᠠᠷ ᠢᠶᠠᠨ ᠬᠡᠷᠡᠭᠯᠡᠭᠲᠡᠵᠡᠢ᠃     ᠡᠷᠡᠬᠦᠤ ᠶᠢᠨ ᠬᠡᠷᠡᠭ ᠤᠨ ᠰᠢᠬᠦᠨ ᠲᠠᠰᠤᠯᠤᠯᠲᠠ ᠳᠤ ᠬᠢᠨᠠᠯᠲᠠ ᠲᠠᠯᠪᠢᠬᠤ ᠪᠤᠯᠤᠨ ᠡᠷᠡᠬᠦᠤ ᠶᠢᠨ ᠬᠡᠷᠡᠭ ᠢ ᠬᠥᠢᠴᠡᠳᠬᠡᠬᠦ ᠳᠤ ᠬᠢᠨᠠᠯᠲᠠ ᠲᠠᠯᠪᠢᠬᠤ ᠶᠢ ᠬᠥᠴᠤᠲᠠᠢ ᠴᠢᠩᠭᠠᠳᠬᠠᠵᠠᠢ᠃ ᠡᠷᠡᠬᠦᠤ ᠶᠢᠨ ᠬᠡᠷᠡᠭ ᠢ ᠰᠢᠬᠦᠨ ᠲᠠᠰᠤᠯᠬᠤ  ᠳᠤ ᠬᠢᠨᠠᠯᠲᠠ ᠲᠠᠯᠪᠢᠬᠤ ᠲᠤᠭᠲᠠᠴᠠ ᠶᠢ ᠲᠡᠬᠦᠯᠲᠡᠷᠵᠢᠬᠦᠯᠤᠨ ᠰᠢᠨᠡᠴᠢᠯᠡᠵᠤ᠂ ᠡᠯ᠎ᠡ ᠰᠠᠯᠠᠭ᠎ᠠ ᠮᠥᠴᠢᠷ ᠤᠨ ᠬᠤᠭᠤᠷᠤᠡᠲᠤᠬᠢ ᠬᠠᠮᠵᠢᠯᠴᠠᠭ᠎ᠠ ᠶᠢ ᠠᠯᠬᠤᠮ ᠠᠯᠬᠤᠮ ᠢᠶᠠᠷ ᠪᠡᠶᠡᠯᠡᠬᠦᠯᠵᠤ᠂ ᠬᠢᠨᠠᠯᠲᠠ ᠲᠠᠯᠪᠢᠬᠤ ᠬᠠᠮᠲᠤ ᠶᠢᠨ ᠬᠥᠴᠤᠨ ᠢ ᠪᠥᠷᠢᠯᠲᠤᠬᠦᠯᠵᠡᠢ᠃ ᠡᠰᠡᠷᠬᠦᠴᠡᠨ ᠵᠠᠭᠠᠯᠲᠤᠬᠤ   ᠶᠢ ᠬᠢᠨᠠᠯᠲᠠ ᠲᠠᠯᠪᠢᠬᠤ ᠶᠢ ᠴᠢᠩᠭᠠᠳᠬᠠᠬᠤ ᠴᠢᠬᠤᠯᠨ ᠠᠷᠭ᠎ᠠ ᠪᠠᠷᠢᠯ ᠪᠤᠯᠭᠠᠬᠤ ᠶᠢ ᠪᠠᠷᠢᠮᠲᠠᠯᠠᠨ᠂ ᠡᠰᠡᠷᠬᠦᠴᠡᠨ ᠵᠠᠭᠠᠯᠲᠤᠬᠤ ᠬᠥᠴᠤᠨ ᠦᠭᠡᠢ ᠠᠰᠠᠭᠤᠲᠠᠯ ᠢ ᠴᠢᠷᠮᠠᠶᠢᠨ ᠰᠢᠢᠳᠪᠤᠷᠢᠯᠡᠵᠡᠢ᠃ ᠰᠢᠬᠦᠬᠦ ᠬᠤᠷᠢᠶ᠎ᠠ ᠲᠠᠢ ᠬᠠᠷᠢᠯᠴᠠᠨ ᠨᠡᠪᠲᠡᠷᠡᠯᠴᠡᠵᠤ ᠬᠠᠮᠵᠢᠯᠴᠠᠬᠤ ᠪᠠᠨ ᠲᠠᠰᠤᠷᠠᠯᠲᠠ ᠦᠭᠡᠢ ᠴᠢᠩᠭᠠᠳᠬᠠᠨ᠂ ᠪᠠᠶᠢᠴᠠᠭᠠᠭᠴᠢ ᠲᠠᠷᠤᠭ᠎ᠠ ᠰᠢᠬᠦᠨ ᠲᠠᠰᠤᠯᠬᠤ ᠵᠥᠪᠯᠡᠯ ᠤᠨ ᠬᠤᠷᠠᠯ ᠳᠤ ᠰᠤᠯᠨ ᠤᠷᠤᠯᠴᠠᠬᠤ ᠲᠥᠷᠢᠮ ᠢ ᠠᠬᠢᠭᠤᠯᠤᠨ ᠨᠠᠶᠢᠲᠠᠪᠤᠷᠢᠵᠢᠭᠤᠯᠵᠤ᠂ ᠰᠢᠨ᠎ᠡ ᠡᠷᠡᠬᠦᠤ ᠵᠠᠭᠠᠯᠲᠤᠯᠭ᠎ᠠ ᠶᠢᠨ ᠬᠠᠤᠯᠢ ᠶᠢᠨ ᠲᠤᠪᠴᠢ ᠡᠮᠬᠢ ᠲᠠᠷᠠᠭᠠᠯᠠᠯ ᠢᠶᠠᠷ ᠲᠢᠩᠬᠢᠮ ᠳᠤ ᠭᠠᠷᠬᠤ ᠠᠵᠢᠯ ᠢ ᠠᠬᠢᠭᠤᠯᠵᠤ᠂ ᠬᠤᠤᠰ ᠢᠯᠠᠬᠤ ᠤᠯᠠᠨ ᠢᠯᠠᠬᠤ ᠬᠠᠮᠲᠤ ᠪᠠᠷ ᠢᠯᠠᠬᠤ ᠶᠢ ᠪᠡᠶᠡᠯᠡᠬᠦᠯᠵᠡᠢ᠃ ᠪᠥᠬᠦ ᠵᠢᠯ ᠳᠤ ᠨᠡᠶᠢᠲᠡ ᠡᠷᠡᠬᠦᠤ ᠶᠢᠨ ᠬᠡᠷᠡᠭ ᠤᠨ ᠡᠰᠡᠷᠬᠦᠴᠡᠨ ᠵᠠᠭᠠᠯᠲᠤᠭᠰᠠᠨ ᠬᠡᠷᠡᠭ 3 ᠬᠡᠷᠡᠭ 8 ᠬᠥᠮᠤᠨ ᠤ ᠬᠡᠷᠡᠭ ᠢ ᠡᠷᠬᠢᠯᠡᠵᠤ᠂ ᠪᠠᠶᠢᠴᠠᠭᠠᠭᠴᠢ ᠲᠠᠷᠤᠭ᠎ᠠ ᠰᠢᠬᠦᠨ ᠲᠠᠰᠤᠯᠬᠤ ᠵᠥᠪᠯᠡᠯ ᠳᠤ 1 ᠤᠲᠠᠭ᠎ᠠ ᠰᠤᠯᠨ ᠤᠷᠤᠯᠴᠠᠵᠤ᠂ ᠡᠷᠡᠬᠦᠤ ᠰᠢᠳᠬᠡᠯ ᠳᠤ ᠤᠨᠤᠭᠲᠠᠭᠤᠯᠬᠤ ᠰᠠᠨᠠᠭᠤᠯᠭ᠎ᠠ ᠶᠢ 326 ᠤᠲᠠᠭ᠎ᠠ ᠲᠤᠷᠠᠳᠴᠠᠢ᠃ ᠡᠷᠡᠬᠦᠤ ᠲᠤᠷᠭᠠᠭᠤᠯᠢ ᠶᠢ ᠬᠡᠷᠡᠭᠵᠢᠬᠦᠯᠬᠦ ᠪᠤᠯᠤᠨ ᠬᠢᠨᠠᠨ ᠵᠠᠬᠢᠷᠬᠤ ᠲᠠᠯᠠᠪᠤᠷ ᠲᠤ ᠬᠢᠨᠠᠯᠲᠠ ᠲᠠᠯᠪᠢᠬᠤ  ᠪᠠᠨ ᠴᠢᠩᠭᠠᠳᠬᠠᠵᠤ᠂ ᠶᠠᠯᠠᠲᠤ ᠬᠡᠷᠡᠭ ᠤᠨ ᠰᠡᠵᠢᠭᠲᠡᠨ ᠢ ᠬᠤᠷᠢᠬᠤ ᠴᠢᠬᠤᠯᠨ ᠴᠢᠨᠠᠷ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠲᠥᠷ ᠬᠤᠷᠢᠬᠤ ᠭᠠᠵᠠᠷ ᠤᠨ ᠬᠠᠤᠯᠢ ᠬᠡᠷᠡᠭᠵᠢᠬᠦᠯᠬᠦ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠳᠬᠠᠵᠠᠢ᠃ ᠬᠢᠨᠠᠨ ᠵᠠᠬᠢᠷᠬᠤ ᠠᠵᠢᠯᠯᠠᠭ᠎ᠠ ᠶᠢᠨ ᠬᠠᠤᠯᠢ ᠶᠢ ᠵᠥᠷᠢᠴᠡᠭᠰᠡᠨ ᠪᠠᠶᠢᠲᠠᠯ ᠳᠤ ︽ᠬᠠᠤᠯᠢ ᠵᠥᠷᠢᠴᠡᠭᠰᠡᠨ ᠢ ᠵᠠᠯᠠᠷᠠᠭᠤᠯᠬᠤ ᠮᠡᠲᠡᠭᠲᠡᠯ ᠤᠨ ᠪᠢᠴᠢᠭ︾ 15 ᠬᠤᠪᠢ ᠲᠠᠷᠬᠠᠭᠠᠵᠠᠢ᠃ ᠨᠡᠶᠢᠬᠡᠮ ᠲᠤᠭᠤᠷᠢᠭ ᠲᠤ ᠨᠢ ᠵᠠᠰᠠᠬᠤ ᠪᠠᠶᠢᠴᠠᠭᠠᠬᠤ ᠬᠡᠷ ᠭᠠᠷᠭᠠᠵᠤ᠂ ᠨᠡᠶᠢᠬᠡᠮ ᠲᠤᠭᠤᠷᠢᠭ ᠲᠤ ᠨᠢ ᠵᠠᠰᠠᠵᠤ ᠵᠠᠯᠠᠷᠠᠭᠤᠯᠬᠤ ᠶᠢ ᠪᠠᠶᠢᠠᠭᠠᠬᠤ ᠠᠵᠢᠯ ᠢ ᠬᠡᠪᠰᠢᠬᠦᠯᠬᠦ ᠬᠥᠭᠵᠢᠯᠲᠠ ᠶᠢ ᠠᠬᠢᠭᠤᠯᠵᠠᠢ᠃     ᠢᠷᠬᠡᠨ ᠤ ᠪᠡ ᠵᠠᠰᠠᠭ ᠵᠠᠬᠢᠷᠭᠠᠨ ᠤ ᠬᠡᠷᠡᠭ ᠲᠤ ᠪᠠᠶᠢᠴᠠᠭᠠᠬᠤ ᠬᠢᠨᠠᠯᠲᠠ ᠶᠢ ᠶᠡᠬᠡᠪᠡᠷ ᠴᠢᠩᠭᠠᠳᠬᠠᠵᠠᠢ᠃ ᠪᠠᠶᠢᠴᠠᠭᠠᠬᠤ ᠲᠤᠰᠢᠶᠠᠯ ᠴᠢᠲᠠᠪᠤᠷᠢ ᠶᠢ ᠬᠤᠪᠢᠷᠠᠭᠤᠯᠬᠤ ᠠᠰᠢᠭᠲᠠᠢ ᠴᠠᠭ ᠲᠤᠬᠢᠶᠠᠯ ᠳᠤ ᠰᠠᠭᠤᠷᠢᠯᠠᠵᠤ᠂ ᠨᠡᠶᠢᠲᠡ  ᠶᠢᠨ ᠠᠰᠢᠭᠲᠤ ᠵᠠᠷᠭᠤ ᠶᠢᠨ ᠠᠵᠢᠯ ᠤᠨ ᠰᠢᠨ᠎ᠡ ᠪᠠᠶᠢᠷᠢᠯᠠᠭᠤᠯᠤᠯᠲᠠ ᠶᠢ ᠪᠥᠬᠦ ᠬᠥᠴᠤᠨ ᠢᠶᠠᠷ ᠪᠠᠶᠢᠭᠤᠯᠵᠠᠢ᠃ 2018 ᠤᠨ ᠳᠤ ᠨᠡᠶᠢᠲᠡ ᠶᠢᠨ ᠠᠰᠢᠭᠲᠤ ᠵᠠᠷᠭᠤ ᠶᠢᠨ ᠰᠥᠪᠡᠭᠴᠢ 33 ᠶᠢ ᠮᠡᠲᠡᠵᠤ᠂ ᠬᠡᠷᠡᠭ 19 ᠶᠢ ᠲᠠᠩᠰᠠᠯᠠᠬᠤ ᠶᠢᠨ ᠬᠠᠮᠲᠤ ᠡᠷᠬᠢᠯᠡᠭᠰᠡᠨ ᠪᠠᠶᠢᠨ᠎ᠠ᠃ ᠢᠷᠬᠡᠨ ᠤ ᠪᠡ ᠵᠠᠰᠠᠭ ᠵᠠᠬᠢᠷᠭᠠᠨ ᠤ ᠬᠡᠷᠡᠭ ᠢ ᠬᠥᠢᠴᠡᠳᠬᠡᠬᠦ ᠳᠤ ᠬᠢᠨᠠᠯᠲᠠ ᠲᠠᠯᠪᠢᠬᠤ ᠶᠢ ᠯᠠᠪᠲᠠᠭᠤᠨ ᠥᠷᠨᠢᠬᠦᠯᠵᠤ᠂ ᠢᠷᠬᠡᠨ ᠤ ᠬᠤᠲᠠᠯ ᠬᠠᠭᠤᠷᠮᠠᠭ ᠵᠢᠭᠤᠷᠠᠯᠲᠤᠭᠠᠨ ᠳᠤ ᠲᠤᠰᠬᠠᠢ ᠬᠢᠨᠠᠯᠲᠠ ᠲᠠᠯᠪᠢᠬᠤ ᠶᠢ ᠥᠷᠬᠦᠯᠵᠢᠯᠡᠨ ᠬᠡᠷᠡᠭᠵᠢᠬᠦᠯᠵᠤ᠂ ᠡᠯ᠎ᠡ ᠲᠥᠷᠤᠯ ᠤᠨ ᠨᠡᠶᠢᠬᠡᠮ ᠤᠨ ᠵᠥᠷᠢᠴᠡᠯ ᠢ ᠴᠢᠷᠮᠠᠶᠢᠨ ᠨᠠᠮᠬᠠᠳᠬᠠᠵᠤ᠂ ᠨᠡᠶᠢᠬᠡᠮ ᠤᠨ ᠵᠤᠬᠢᠴᠠᠩᠭᠤᠢ ᠲᠤᠭᠲᠠᠭᠤᠨ ᠢ ᠬᠠᠮᠠᠭᠠᠯᠠᠵᠠᠢ᠃ ᠪᠥᠬᠦ ᠵᠢᠯ ᠳᠤ ᠢᠷᠬᠡᠨ ᠤ ᠪᠡ ᠵᠠᠰᠠᠭ ᠵᠠᠬᠢᠷᠭᠠᠨ ᠤ ᠬᠡᠷᠡᠭ ᠤᠨ ᠥᠯᠤ ᠵᠠᠷᠭᠤᠯᠲᠤᠬᠤ ᠶᠢ ᠬᠥᠢᠴᠡᠳᠬᠡᠬᠦ ᠳᠤ ᠬᠢᠨᠠᠯᠲᠠ ᠲᠠᠯᠪᠢᠭᠰᠠᠨ 48 ᠬᠡᠷᠡᠭ᠂ ᠢᠷᠬᠡᠨ  ᠤ ᠬᠡᠷᠡᠭ ᠤᠨ  ᠬᠥᠢᠴᠡᠳᠬᠡᠬᠦ ᠳᠤ ᠬᠢᠨᠠᠯᠲᠠ ᠲᠠᠯᠪᠢᠭᠰᠠᠨ 60 ᠬᠡᠷᠡᠭ  ᠂ ᠰᠢᠬᠦᠨ ᠲᠠᠰᠤᠯᠤᠯᠲᠠ ᠶᠢᠨ ᠡᠮᠬᠢ ᠲᠠᠷᠠᠭᠠᠯᠠᠯ ᠨᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠳᠤ ᠬᠢᠨᠠᠯᠲᠠ ᠲᠠᠯᠪᠢᠭᠰᠠᠨ1 ᠬᠡᠷᠡᠭ ᠢ ᠡᠷᠬᠢᠯᠡᠵᠤ᠂ ᠪᠠᠶᠢᠴᠠᠭᠠᠬᠤ ᠰᠠᠨᠠᠭᠤᠯᠭ᠎ᠠ ᠶᠢᠨ ᠪᠢᠴᠢᠭ 98 ᠬᠤᠪᠢ ᠲᠠᠷᠬᠠᠭᠠᠵᠠᠢ᠃     ᠲᠥᠷᠪᠡ᠂ ᠬᠠᠤᠯᠢ ᠴᠠᠭᠠᠵᠨ ᠶᠢᠨ ᠥᠬᠡᠷᠡᠴᠢᠯᠡᠯᠲᠡ ᠶᠢ ᠬᠥᠡᠵᠡᠬᠡᠶᠢᠷᠡᠬᠦᠯᠵᠤ᠂ ᠪᠠᠶᠢᠴᠠᠭᠠᠬᠤ ᠡᠷᠬᠡ ᠶᠢ ᠬᠠᠤᠯᠢ ᠶᠤᠰᠤᠭᠠᠷ ᠲᠥᠪ ᠭᠤᠤᠯᠴᠢ ᠥᠡᠲᠤᠷ ᠥᠷ᠎ᠡ ᠠᠰᠢᠭᠲᠠᠢ ᠬᠡᠷᠡᠭᠯᠡᠬᠦ ᠶᠢ ᠥᠨᠡᠩᠬᠦ ᠪᠠᠲᠤᠯᠠᠵᠠᠢ ᠬᠠᠤᠯᠢ ᠴᠠᠭᠠᠵᠨ ᠶᠢᠨ ᠬᠠᠷᠢᠭᠤᠴᠠᠯᠭ᠎ᠠ ᠶᠢᠨ ᠲᠥᠷᠢᠮ ᠤᠨ ᠥᠬᠡᠷᠡᠴᠢᠯᠡᠯᠲᠡ ᠶᠢ ᠬᠥᠡᠵᠡᠬᠡᠶᠢᠷᠡᠬᠦᠯᠵᠡᠢ᠃ ᠠᠵᠢᠯᠲᠠᠨ  ᠢ ᠲᠥᠷᠤᠯ ᠬᠤᠪᠢᠶᠠᠨ ᠬᠠᠮᠢᠶᠠᠷᠬᠤ ᠶᠢ ᠪᠥᠬᠦ ᠲᠠᠯ᠎ᠠ ᠪᠠᠷ ᠬᠡᠷᠡᠭᠵᠢᠬᠦᠯᠵᠤ᠂ ᠲᠤᠰᠬᠠᠶᠢᠵᠢᠭᠰᠠᠨ ᠬᠡᠷᠡᠭ ᠡᠷᠬᠢᠯᠡᠬᠦ ᠵᠤᠬᠢᠶᠠᠨ ᠪᠠᠶᠢᠭᠤᠯᠤᠯᠲᠠ ᠶᠢ ᠪᠠᠶᠢᠭᠤᠯᠵᠤ᠂ 80% ᠠᠴᠠ ᠲᠡᠬᠡᠭᠰᠢ ᠬᠥᠮᠤᠨ ᠤ ᠬᠥᠴᠤᠨ ᠤ ᠡᠬᠢ ᠪᠠᠶᠠᠯᠢᠭ ᠢ ᠬᠡᠷᠡᠭ ᠡᠷᠬᠢᠯᠡᠬᠦ ᠰᠠᠯᠠᠭ᠎ᠠ ᠮᠥᠴᠢᠷ ᠲᠤ ᠲᠤᠬᠢᠷᠠᠭᠤᠯᠵᠠᠢ᠃ ᠤᠷᠤᠨ ᠲᠤᠭᠠᠨ ᠳᠤ ᠤᠷᠤᠬᠤ ᠪᠠᠷᠢᠮᠵᠢᠶ᠎ᠠ ᠪᠤᠯᠤᠨ ᠨᠥᠬᠦᠴᠡᠯ ᠢ ᠴᠢᠩᠭ᠎ᠠ ᠡᠵᠡᠮᠰᠢᠨ᠂ ᠬᠤᠶᠠᠲᠤᠭᠠᠷ ᠪᠥᠯᠥᠭ ᠤᠷᠤᠨ ᠲᠤᠭᠠᠨ ᠤ ᠪᠠᠶᠢᠴᠠᠭᠠᠭᠴᠢ ᠶᠢ ᠰᠢᠯᠢᠨ ᠰᠤᠩᠭᠤᠬᠤ ᠶᠢ ᠲᠡᠬᠦᠰ ᠠᠮᠵᠢᠯᠲᠠ ᠲᠠᠢ ᠪᠡᠶᠡᠯᠡᠬᠦᠯᠵᠤ᠂ ᠥᠨᠡᠩᠬᠦ ᠬᠡᠷᠡᠭ ᠡᠷᠬᠢᠯᠡᠬᠦ ᠲᠤᠷᠠᠲᠠᠢ ᠪᠥᠬᠡᠤᠨ ᠬᠡᠷᠡᠭ ᠡᠷᠬᠢᠯᠡᠵᠤ ᠲᠡᠶᠢᠯᠬᠦ ᠪᠠᠶᠢᠴᠠᠭᠠᠭᠴᠢ ᠶᠢ ᠤᠷᠤᠨ ᠲᠤᠭ᠎ᠠ ᠳᠤ ᠤᠷᠤᠭᠤᠯᠵᠠᠢ᠃ ︽ᠬᠡᠷᠡᠭ ᠢᠶᠠᠷ ᠤᠷᠤᠨ ᠲᠤᠭ᠎ᠠ ᠲᠤᠭᠲᠠᠭᠠᠬᠤ︾ ᠪᠤᠯᠤᠨ ︽ᠲᠤᠰᠢᠶᠠᠯ ᠴᠢᠲᠠᠪᠤᠷᠢ ᠪᠠᠷ ᠤᠷᠤᠨ ᠲᠤᠭ᠎ᠠ ᠲᠤᠭᠲᠠᠭᠠᠬᠤ︾ ᠶᠢ ᠤᠶᠠᠯᠲᠤᠭᠤᠯᠬᠤ ᠶᠢ ᠪᠠᠷᠢᠮᠲᠠᠯᠠᠵᠤ᠂ ᠤᠷᠤᠨ ᠲᠤᠭ᠎ᠠ ᠶᠢᠨ ᠪᠠᠶᠢᠴᠠᠭᠠᠭᠴᠢ ᠲᠤᠰᠢᠶᠠᠯ ᠤᠨ ᠡᠷᠬᠡ ᠶᠢᠨ ᠬᠥᠷᠢᠶᠡᠨ ᠲᠤᠲᠤᠷ᠎ᠠ ᠪᠡᠶ᠎ᠡ ᠪᠠᠨ ᠲᠠᠭᠠᠭᠠᠵᠤ ᠬᠡᠷᠡᠭ ᠲᠤ ᠲᠤᠭᠲᠠᠭᠠᠯ ᠭᠠᠷᠭᠠᠬᠤ ᠡᠷᠬᠡ ᠶᠢ ᠤᠯᠭᠤᠵᠤ᠂ ᠤᠷᠤᠨ ᠲᠤᠭ᠎ᠠ ᠶᠢᠨ ᠪᠠᠶᠢᠴᠠᠭᠠᠭᠴᠢ ᠪᠡᠶ᠎ᠡ  ᠪᠠᠨ ᠲᠠᠭᠠᠭᠠᠵᠤ ᠬᠡᠷᠡᠭ ᠢ ᠲᠤᠭᠲᠠᠭᠠᠭᠰᠠᠨ ᠬᠠᠷᠢᠴᠠᠯ ᠨᠢ 85% ᠠᠴᠠ ᠲᠡᠬᠡᠭᠰᠢ ᠶᠢ ᠡᠵᠡᠯᠡᠵᠤ᠂ ᠤᠷᠤᠨ ᠲᠤᠭ᠎ᠠ  ᠳᠤ ᠤᠷᠤᠭᠰᠠᠨ ᠬᠤᠷᠢᠶᠠᠨ ᠤ ᠤᠲᠤᠷᠢᠲᠤᠯᠭ᠎ᠠ 121 ᠬᠡᠷᠡᠭ ᠢ ᠰᠢᠭᠤᠤᠨ ᠡᠷᠬᠢᠯᠡᠵᠤ᠂  ᠬᠠᠷᠢᠴᠠᠯ ᠨᠢ 17% ᠳᠤ ᠲᠤᠯᠵᠠᠢ᠃    ᠬᠢᠨᠠᠯᠲᠠ ᠲᠠᠯᠪᠢᠬᠤ ᠵᠥᠪᠯᠡᠯ ᠤᠨ ᠠᠵᠢᠯ ᠢ ᠵᠤᠯᠭᠠᠭᠤᠯᠬᠤ ᠲᠤᠭᠲᠠᠴᠠ ᠶᠢ ᠲᠡᠬᠦᠯᠲᠡᠷᠵᠢᠬᠦᠯᠤᠨ ᠪᠠᠶᠢᠭᠤᠯᠵᠠᠢ᠃ ᠴᠠᠭ ᠢᠮᠠᠭᠲᠠ ︽ᠲᠥᠷᠪᠡᠨ ᠤᠬᠠᠮᠰᠠᠷ︾ ᠢ ᠪᠠᠲᠤ ᠪᠠᠬᠢ ᠪᠤᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠪᠤᠯᠤᠨ ᠥᠡᠲᠤᠷ ᠵᠡᠷᠬᠡ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠠᠵᠢᠯ ᠤᠨ ᠶᠡᠷᠤᠩᠬᠡᠢ ᠱᠠᠭᠠᠷᠲᠠᠯᠭ᠎ᠠ ᠶᠢᠨ ᠶᠤᠰᠤᠭᠠᠷ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠬᠡᠷᠡᠴᠢᠯᠡᠯᠲᠡ ᠳᠤ ᠲᠤᠬᠢᠷᠠᠯᠴᠠᠨ ᠪᠠᠶᠢᠴᠠᠭᠠᠬᠤ ᠪᠠᠶᠢᠭᠤᠯᠭ᠎ᠠ ᠶᠢᠨ ᠢᠯᠵᠠᠷᠠᠯ ᠤᠨ ᠶᠠᠯᠠᠲᠤ ᠬᠡᠷᠡᠭ ᠢ ᠰᠢᠳᠬᠡᠨ ᠵᠠᠰᠠᠬᠤ ᠲᠤᠮᠲᠠᠬᠢ ᠴᠢᠬᠤᠯᠨ ᠡᠬᠦᠷᠬᠡ ᠴᠢᠲᠠᠪᠤᠷᠢ ᠶᠢᠨ ᠤᠶᠢᠯᠡᠲᠤᠯ ᠢ ᠥᠷᠬᠦᠯᠵᠢᠯᠡᠨ ᠰᠠᠶᠢᠲᠤᠷ ᠪᠠᠲᠠᠷᠠᠭᠤᠯᠵᠠᠢ᠃ ᠬᠠᠷᠢᠶ᠎ᠠ ᠶᠢ ᠬᠤᠪᠢᠷᠠᠭᠤᠯᠬᠤ ᠠᠵᠢᠯ ᠢ ᠤᠷᠤᠭᠰᠢᠲᠠᠢ ᠪᠡᠶᠡᠯᠡᠬᠦᠯᠥᠭᠰᠡᠨ ᠤ ᠲᠠᠷᠠᠭ᠎ᠠ ᠬᠠᠮᠢᠶ᠎ᠠ ᠪᠥᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠯ ᠤᠨ ᠶᠠᠯᠠᠲᠤ ᠬᠡᠷᠡᠭ ᠢ ᠪᠠᠶᠢᠴᠠᠭᠠᠬᠤ ᠠᠵᠢᠯ ᠤᠨ ᠲᠤᠭᠲᠠᠴᠠ ᠶᠢ ᠤᠯᠠᠮ ᠨᠢᠬᠡ ᠠᠯᠬᠤᠮ ᠰᠠᠶᠢᠵᠢᠷᠠᠭᠤᠯᠵᠤ᠂ ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠤᠯᠬᠤ ᠪᠠᠶᠢᠭᠤᠯᠭ᠎ᠠ ᠯᠤᠭ᠎ᠠ ᠬᠠᠷᠢᠯᠴᠠᠨ ᠬᠠᠮᠵᠢᠯᠴᠠᠨ᠂ ᠬᠠᠷᠢᠯᠴᠠᠨ ᠬᠢᠵᠠᠭᠠᠷᠯᠠᠵᠤ᠂ ᠬᠠᠤᠯᠢ  ᠶᠤᠰᠤᠭᠠᠷ ᠵᠥᠪ ᠤᠨᠤᠪᠴᠢᠲᠠᠢ ᠴᠠᠭ ᠲᠤᠬᠠᠢ ᠳᠤᠨᠢ ᠲᠤᠰᠢᠶᠠᠯ  ᠤᠨ ᠶᠠᠯᠠᠲᠤ ᠬᠡᠷᠡᠭ ᠲᠤ ᠴᠤᠬᠢᠯᠲᠠ ᠥᠭᠴᠡᠢ᠃ ᠬᠢᠨᠠᠨ ᠪᠠᠶᠢᠴᠠᠭᠠᠬᠤ ᠬᠤᠷᠢᠶ᠎ᠠ ᠶᠢᠨ ᠰᠢᠬᠦᠨ ᠪᠠᠶᠢᠴᠠᠭᠠᠨ ᠪᠠᠷᠢᠪᠴᠢᠯᠠᠬᠤ ᠶᠢ ᠵᠥᠪᠰᠢᠶᠡᠷᠡᠭᠰᠡᠨ 1 ᠬᠡᠷᠡᠭ ᠤᠨ 1 ᠬᠥᠮᠤᠨ ᠢ ᠬᠥᠯᠢᠶᠡᠨ ᠰᠢᠢᠳᠪᠤᠷᠢᠯᠡᠵᠤ᠂ ᠬᠠᠤᠯᠢ ᠶᠤᠰᠤᠭᠠᠷ ᠬᠢᠨᠠᠨ ᠪᠠᠶᠢᠴᠠᠭᠠᠭᠰᠠᠨ ᠤ ᠲᠠᠷᠠᠭ᠎ᠠ ᠪᠠᠷᠢᠪᠴᠢᠯᠠᠬᠤ ᠶᠢ  ᠰᠢᠢᠳᠪᠤᠷᠢ ᠭᠠᠷᠭᠠᠵᠠᠢ᠃ ᠬᠢᠨᠠᠨ ᠪᠠᠶᠢᠴᠠᠭᠠᠬᠤ ᠬᠤᠷᠢᠶ᠎ᠠ  ᠠᠴᠠ ᠰᠢᠯᠵᠢᠬᠦᠯᠥᠭᠰᠡᠨ ᠬᠢᠨᠠᠨ ᠪᠠᠶᠢᠴᠠᠭᠠᠵᠤ ᠵᠠᠭᠠᠯᠲᠤᠭᠰᠠᠨ 3 ᠬᠡᠷᠡᠭ ᠤᠨ 4 ᠬᠥᠮᠤᠨ ᠢ ᠬᠥᠯᠢᠶᠡᠨ ᠰᠢᠢᠳᠪᠤᠷᠢᠯᠡᠵᠤ᠂ ᠪᠥᠬᠦᠨ ᠢ ᠰᠢᠬᠦᠬᠦ ᠬᠤᠷᠢᠶᠠᠨ ᠳᠤ ᠠᠯᠪᠠᠨ ᠵᠠᠭᠠᠯᠲᠤᠯᠭ᠎ᠠ ᠬᠢᠭᠰᠡᠨ ᠪᠠᠶᠢᠨ᠎ᠠ᠃    ᠲᠠᠪᠤ᠂ ᠪᠠᠶᠢᠴᠠᠭᠠᠬᠤ ᠶᠢ ᠪᠥᠬᠦ ᠲᠠᠯ᠎ᠠ ᠪᠠᠷ ᠴᠢᠩᠭ᠎ᠠ ᠵᠠᠰᠠᠵᠤ᠂ ᠡᠷᠡᠰ ᠴᠢᠲᠠᠮᠠᠭᠠᠢ ᠪᠠᠶᠢᠴᠠᠭᠠᠬᠤ ᠡᠩᠨᠡᠭᠡ ᠶᠢ ᠪᠠᠶᠢᠭᠤᠯᠵᠠᠢ    ᠥᠵᠡᠯ ᠰᠠᠨᠠᠭ᠎ᠠ ᠤᠯᠤᠰ ᠲᠥᠷᠤ ᠶᠢᠨ ᠪᠠᠶᠢᠭᠤᠯᠤᠯᠲᠠ ᠶᠢ ᠴᠢᠩᠭᠠᠳᠬᠠᠵᠠᠢ᠃ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠪᠤᠯᠤᠨ ᠠᠷᠪᠠ ᠶᠢᠰᠤᠲᠤᠬᠡᠷ ᠬᠤᠭᠤᠴᠠᠭᠠᠨ ᠤ ᠬᠤᠶᠠᠲᠤᠭᠠᠷ᠂ ᠭᠤᠷᠪᠠᠲᠤᠭᠠᠷ ᠪᠥᠬᠦᠲᠡ ᠬᠤᠷᠠᠯ ᠤᠨ ᠵᠤᠷᠢᠭ ᠰᠠᠨᠠᠭ᠎ᠠ ᠶᠢ ᠬᠥᠡᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠤᠭ ᠰᠠᠨᠠᠭ᠎ᠠ ᠪᠠᠨ ᠥᠯᠤ ᠤᠮᠠᠷᠲᠠᠨ᠂ ᠡᠬᠦᠷᠬᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠲᠤᠪ ᠤᠨ ᠬᠥᠮᠤᠵᠢᠯ ᠢ ᠥᠨᠡᠩᠬᠦ ᠥᠷᠨᠢᠬᠦᠯᠵᠤ᠂ ᠰᠢ  ᠶᠢᠨ ᠫᠢᠡᠭ ᠤᠨ ᠰᠢᠨ᠎ᠡ ᠴᠠᠭ ᠥᠶ᠎ᠡ ᠶᠢᠨ ᠲᠤᠮᠲᠠᠲᠤ ᠶᠢᠨ ᠤᠡᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ  ᠪᠠᠷ ᠪᠥᠬᠦ ᠪᠠᠶᠢᠴᠠᠭᠠᠬᠤ ᠠᠵᠢᠯᠲᠠᠨ ᠤ ᠲᠠᠷᠢᠬᠢ ᠲᠤᠯᠤᠭᠠᠢ ᠶᠢ ᠵᠡᠪᠰᠡᠭᠯᠡᠬᠦ ᠶᠢ ᠪᠠᠷᠢᠮᠲᠠᠯᠠᠵᠠᠢ᠃ ᠪᠠᠶᠢᠴᠠᠭᠠᠬᠤ ᠺᠠᠳ᠋ᠷ ᠴᠠᠭᠲᠠᠭ᠎ᠠ ᠶᠢᠨ ᠨᠠᠮᠴᠢ ᠴᠢᠨᠠᠷ ᠤᠨ ᠪᠤᠯᠪᠠᠰᠤᠷᠠᠯ ᠢ ᠴᠢᠩᠭᠠᠳᠬᠠᠨ᠂ ᠤᠯᠤᠰ ᠲᠥᠷᠤ ᠶᠢᠨ ᠰᠠᠬᠢᠯᠭ᠎ᠠ ᠪᠠᠲᠤ ᠪᠤᠯᠤᠨ ᠤᠯᠤᠰ ᠲᠥᠷᠤ ᠶᠢᠨ ᠶᠤᠰᠤ ᠲᠥᠷᠢᠮ ᠢ ᠴᠢᠩᠭ᠎ᠠ ᠰᠠᠬᠢᠵᠤ᠂ ᠨᠠᠮ ᠤᠨ ᠲᠤᠭᠤᠶᠢᠯᠠᠩ ᠤᠨ ᠰᠤᠷᠤᠯᠴᠠᠯᠭ᠎ᠠ ᠶᠢᠨ ᠲᠥᠷᠢᠮ᠂ ᠤᠯᠤᠰ ᠲᠥᠷᠤ ᠶᠢᠨ ᠰᠤᠷᠤᠯᠴᠠᠯᠭ᠎ᠠ ᠶᠢᠨ ᠡᠲᠤᠷ ᠤᠨ ᠲᠥᠷᠢᠮ ᠪᠤᠯᠤᠨ ︽ᠭᠤᠷᠪᠠᠨ ᠬᠤᠷᠠᠯ ᠨᠢᠬᠡ ᠬᠢᠴᠢᠶᠡᠯ︾ ᠤᠨ ᠲᠥᠷᠢᠮ ᠢ ᠪᠠᠷᠢᠮᠲᠠᠯᠠᠵᠤ᠂ ᠲᠡᠮᠲᠡᠭᠯᠡᠯ ᠬᠢᠬᠦ᠂ ᠲᠥᠷᠥᠭᠲᠡᠯ ᠪᠢᠴᠢᠬᠦ᠂ ᠶᠠᠷᠢᠶᠠᠨ ᠤ ᠤᠷᠤᠯᠲᠤᠭᠠᠨ᠂ ᠸᠢᠴᠠᠲ ᠢᠶᠠᠷ ᠠᠰᠠᠭᠤᠯᠲᠠ ᠬᠠᠷᠢᠭᠤᠯᠬᠤ ᠵᠡᠷᠬᠡ ᠬᠡᠯᠪᠡᠷᠢ ᠶᠢ ᠠᠪᠴᠤ᠂ ᠰᠤᠷᠤᠯᠴᠠᠯᠭ᠎ᠠ ᠶᠢᠨ ᠪᠤᠲᠠᠲᠠᠢ ᠥᠷ᠎ᠡ ᠠᠰᠢᠭ ᠢ ᠥᠨᠡᠩᠬᠦ ᠪᠠᠲᠤᠯᠠᠵᠠᠢ᠃ ᠪᠥᠯᠬᠦᠮᠲᠠᠨ ᠰᠡᠳᠬᠢᠯ ᠨᠢᠬᠡᠳᠬᠦ ᠶᠢ  ᠴᠢᠬᠤᠯᠠᠴᠢᠯᠠᠨ᠂ ᠨᠠᠮ ᠤᠨ ᠲᠤᠭᠤᠶᠢᠯᠠᠩ ᠪᠠᠭ ᠤᠨ ᠪᠠᠶᠢᠭᠤᠯᠤᠯᠲᠠ ᠶᠢ ᠰᠠᠶᠢᠲᠤᠷ ᠠᠳᠬᠤᠨ᠂ ᠵᠢᠱᠢᠶ᠎ᠡ ᠥᠵᠡᠬᠦᠯᠵᠤ ᠲᠠᠭᠠᠭᠤᠯᠬᠤ ᠤᠶᠢᠯᠡᠲᠤᠯ ᠢ ᠬᠥᠢᠴᠡᠤᠨ ᠪᠠᠲᠠᠷᠠᠭᠤᠯᠵᠠᠢ᠃ ᠬᠡᠪ ᠴᠢᠨᠠᠷ ᠴᠢᠲᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠠᠢ᠃ ᠪᠠᠶᠢᠴᠠᠭᠠᠬᠤ ᠠᠵᠢᠯ ᠤᠨ ᠪᠤᠲᠠᠲᠠᠢ ᠬᠡᠷᠡᠭᠴᠡᠭᠡ   ᠳᠤ ᠠᠩᠬᠠᠷᠤᠯ ᠢᠶᠠᠨ ᠲᠥᠪᠯᠡᠷᠡᠬᠦᠯᠤᠨ᠂  ᠵᠢᠭᠠᠬᠤ᠂ ᠰᠤᠷᠤᠯᠴᠠᠬᠤ᠂ ᠪᠤᠯᠪᠠᠰᠤᠷᠠᠬᠤ᠂ ᠪᠠᠶᠢᠯᠲᠤᠬᠤ ᠨᠢᠬᠡ ᠴᠤᠭᠴᠠᠯᠠᠭᠰᠠᠨ ᠬᠥᠮᠤᠵᠢᠬᠦᠯᠵᠤ ᠪᠤᠯᠪᠠᠰᠤᠷᠠᠭᠤᠯᠬᠤ ᠲᠤᠭᠲᠠᠴᠠ ᠶᠢ ᠲᠡᠬᠦᠯᠲᠡᠷᠵᠢᠬᠦᠯᠵᠤ᠂ ︽ᠶᠠᠭᠤ ᠲᠤᠲᠠᠪᠠᠯ ᠶᠠᠭᠤ  ᠶᠢ ᠨᠥᠬᠦᠪᠤᠷᠢᠯᠡᠬᠦ᠂ ᠶᠠᠮᠠᠷ ᠴᠢᠲᠠᠪᠤᠷᠢ ᠲᠤᠷᠤᠢ ᠪᠤᠯ ᠭᠤᠤᠯᠲᠠᠯᠭ᠎ᠠ ᠲᠠᠢ ᠴᠢᠩᠭᠠᠳᠬᠠᠬᠤ︾ ᠵᠠᠷᠴᠢᠮ ᠶᠤᠰᠤᠭᠠᠷ ᠪᠥᠬᠦ ᠺᠠᠳ᠋ᠷ ᠴᠠᠭᠲᠠᠭ᠎ᠠ ᠶᠢ ᠵᠤᠬᠢᠶᠠᠨ ᠪᠠᠶᠢᠭᠤᠯᠤᠨ᠂ ᠬᠤᠪᠢᠰᠬᠠᠯᠲᠤ ᠬᠥᠮᠤᠵᠢᠯ ᠤᠨ ᠰᠠᠭᠤᠷᠢᠨ ᠭᠠᠵᠡᠷ ᠲᠤᠭᠤᠷᠢᠨ ᠥᠵᠡᠵᠤ ᠰᠤᠷᠤᠯᠴᠠᠭᠰᠠᠨ ᠪᠥᠬᠡᠤᠨ ᠲᠡᠷᠢᠬᠦᠨ ᠤ ᠪᠠᠶᠢᠴᠠᠭᠠᠬᠤ ᠬᠤᠷᠢᠶᠠᠨ ᠳᠤ ᠬᠥᠷᠴᠤ ᠪᠠᠶᠢᠴᠠᠭᠠᠨ ᠥᠵᠡᠵᠤ᠂  ᠲᠤᠷᠰᠢᠯᠭ᠎ᠠ ᠰᠤᠯᠢᠯᠴᠠᠬᠤ ᠪᠠᠷ ᠲᠠᠮᠵᠢᠨ ᠥᠡᠲᠤᠷ ᠲᠡᠰ ᠤᠨ ᠬᠠᠮ ᠬᠡᠯᠪᠡᠷᠢ ᠶᠢᠨ ᠪᠠᠶᠢᠴᠠᠭᠠᠬᠤ ᠴᠢᠲᠠᠪᠤᠷᠢᠲᠠᠨ ᠤ ᠪᠤᠶᠢᠵᠢᠯᠲᠠ ᠶᠢᠨ ᠠᠯᠬᠤᠴᠠ ᠶᠢ ᠲᠥᠷᠬᠡᠳᠬᠡᠨ᠂ ᠪᠠᠶᠢᠴᠠᠭᠠᠬᠤ ᠺᠠᠳ᠋ᠷ ᠴᠠᠭᠲᠠᠭ᠎ᠠ ᠶᠢᠨ ᠴᠠᠭ ᠥᠶ᠎ᠡ ᠶᠢᠨ ᠠᠶᠢᠵᠠᠮ ᠢ ᠲᠠᠭᠠᠵᠤ ᠠᠮᠵᠢᠨ᠂ ᠴᠠᠭ ᠥᠶ᠎ᠡ ᠶᠢᠨ ᠬᠥᠡᠲᠤ ᠬᠠᠷᠢᠭᠤᠴᠠᠯᠭ᠎ᠠ ᠶᠢ ᠡᠬᠦᠷᠬᠡᠯᠡᠵᠤ ᠲᠠᠶᠢᠯᠬᠦ ᠶᠢ ᠪᠠᠲᠤᠯᠠᠵᠠᠢ᠃ ᠪᠠᠶᠢᠴᠠᠭᠠᠬᠤ ᠬᠥᠮᠤᠵᠢᠯ ᠪᠤᠯᠪᠠᠰᠤᠷᠠᠯ ᠪᠤᠯᠤᠨ ᠲᠤᠬᠠᠶᠢᠯᠠᠭᠰᠠᠨ ᠠᠵᠢᠯ ᠤᠨ ᠤᠷᠤᠯᠲᠤᠭᠠᠨ ᠢ ᠨᠠᠷᠢᠯᠢᠭᠵᠢᠭᠤᠯᠬᠤ ᠶᠢ ᠠᠬᠢᠭᠤᠯᠵᠤ᠂ ᠪᠠᠶᠢᠴᠠᠭᠠᠬᠤ ᠠᠵᠢᠯᠲᠠᠨ ᠢ ᠲᠥᠷᠤᠯ ᠬᠤᠪᠢᠶᠠᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠢᠬᠦ ᠶᠢ ᠴᠢᠩᠭᠠᠳᠬᠠᠵᠠᠢ᠃ ᠡᠯ᠎ᠡ ᠵᠤᠶᠢᠯ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠤᠷᠤᠯᠲᠤᠭᠠᠨ ᠳᠤ ᠢᠲᠡᠪᠬᠢᠲᠠᠢ ᠤᠷᠤᠯᠴᠠᠵᠤ᠂ ᠡᠬᠦᠨ ᠳᠤ ᠬᠤᠶᠠᠷ ᠨᠡᠷᠡᠰ ᠺᠠᠳ᠋ᠷ ᠴᠠᠭᠲᠠᠭ᠎ᠠ ᠪᠥᠬᠦ ᠠᠶᠢᠮᠠᠭ ᠤᠨ ᠪᠠᠶᠢᠴᠠᠭᠠᠬᠤ ᠪᠠᠶᠢᠭᠤᠯᠭ᠎ᠠ ᠶᠢᠨ ︽ᠠᠯᠪᠠᠨ ᠵᠠᠭᠠᠯᠲᠤᠯᠭ᠎ᠠ ᠶᠢᠨ ᠲᠤᠬᠠᠶᠢᠯᠠᠭᠰᠠᠨ ᠠᠵᠢᠯ ᠤᠨ ᠵᠢᠱᠢᠶᠡᠴᠢ︾ ᠪᠤᠯᠤᠨ ︽ᠪᠠᠶᠢᠴᠠᠭᠠᠬᠤ ᠲᠤᠬᠠᠶᠢᠯᠠᠭᠰᠠᠨ ᠠᠵᠢᠯ ᠤᠨ ᠵᠢᠱᠢᠶᠡᠴᠢ︾ ᠶᠢᠨ ᠢᠷᠠᠭᠤ ᠠᠯᠲᠠᠷ ᠢ ᠲᠤᠰᠴᠤ᠂ ᠪᠠᠶᠢᠴᠠᠭᠠᠬᠤ ᠠᠵᠢᠯ ᠤᠨ ᠥᠷᠬᠦᠯᠵᠢᠯᠡᠨ ᠲᠠᠪᠰᠢᠬᠤ  ᠳᠤ ᠴᠢᠲᠠᠪᠤᠷᠢᠲᠠᠨ ᠤ ᠪᠠᠲᠤᠯᠠᠭ᠎ᠠ ᠶᠢ ᠬᠠᠨᠭ᠍ᠭᠠᠵᠠᠢ᠃     ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠠᠢ᠃ ᠴᠢᠬᠡᠴᠢ ᠵᠠᠰᠠᠭ ᠤᠨ ᠪᠠᠶᠢᠭᠤᠯᠤᠯᠲᠠ  ᠶᠢᠨ ᠬᠠᠮᠢᠶ᠎ᠠ ᠪᠥᠬᠦᠢ ᠲᠤᠭᠲᠠᠭᠠᠯ ᠢ ᠴᠢᠩᠭ᠎ᠠ ᠬᠡᠷᠡᠭᠵᠢᠬᠦᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠥᠷᠢᠮ ᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠢᠯᠵᠠᠷᠠᠯ ᠢ ᠰᠡᠷᠬᠡᠶᠢᠯᠡᠬᠦ ᠰᠢᠰᠲ᠋ᠧᠮ ᠢ ᠲᠡᠬᠦᠯᠲᠡᠷᠵᠢᠬᠦᠯᠬᠦ ᠪᠠᠷ ᠭᠤᠤᠯᠲᠠᠯᠭ᠎ᠠ ᠪᠤᠯᠭᠠᠨ᠂ ᠺᠠᠳ᠋ᠷ ᠴᠠᠭᠲᠠᠭ᠎ᠠ ᠶᠢᠨ ᠬᠡᠷᠡᠭ ᠡᠷᠬᠢᠯᠡᠬᠦ ᠰᠠᠬᠢᠯᠭ᠎ᠠ ᠪᠠᠲᠤ ᠶᠢ ᠵᠢᠷᠤᠮᠯᠠᠬᠤ᠂ ᠠᠷᠢᠭᠤᠨ ᠴᠢᠬᠡᠴᠢ ᠰᠠᠬᠢᠯᠭ᠎ᠠ ᠪᠠᠲᠤ ᠶᠢᠨ ᠪᠠᠶᠢᠲᠠᠯ ᠳᠤ ᠬᠢᠨᠠᠯᠲᠠ ᠲᠠᠯᠪᠢᠬᠤ ᠪᠠᠶᠢᠴᠠᠭᠠᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠤᠲᠤᠷᠢᠳᠬᠤ ᠺᠠᠳ᠋ᠷ ᠤᠨ ᠬᠠᠤᠯᠢ ᠶᠢ ᠵᠥᠷᠢᠴᠡᠨ ᠲᠤᠰᠢᠶᠠᠯ  ᠤᠨ ᠡᠷᠬᠡ ᠪᠠᠨ ᠬᠡᠷᠡᠭᠯᠡᠭᠰᠡᠨ ᠢ ᠲᠡᠮᠲᠡᠭᠯᠡᠬᠦ᠂ ᠨᠡᠪᠲᠡᠷᠡᠬᠦᠯᠬᠦ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠲᠥᠷᠢᠮ ᠵᠢᠴᠢ ᠬᠠᠤᠯᠢ ᠴᠠᠭᠠᠵᠨ ᠶᠢᠨ ᠪᠠᠶᠢᠭᠤᠯᠭ᠎ᠠ ᠶᠢᠨ ᠲᠤᠲᠤᠷᠠᠬᠢ ᠬᠥᠮᠤᠰ ᠤᠨ ᠬᠡᠷᠡᠭ ᠢ ᠠᠰᠠᠭᠤᠬᠤ ᠲᠡᠮᠲᠡᠭᠯᠡᠯ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠲᠤᠭᠲᠠᠭᠠᠯ ᠢ ᠴᠢᠩᠭ᠎ᠠ ᠨᠠᠶᠢᠲᠠᠪᠤᠷᠢᠵᠢᠭᠤᠯᠵᠤ᠂ ᠬᠠᠤᠯᠢ ᠬᠡᠷᠡᠭᠵᠢᠬᠦᠯᠥᠭᠰᠡᠨ ᠨᠢ ᠴᠢᠩᠭ᠎ᠠ ᠦᠭᠡᠢ᠂ ᠠᠷᠢᠭᠤᠨ ᠴᠢᠬᠡᠴᠢ ᠪᠢᠰᠢ᠂ ᠲᠥᠷᠢᠮᠵᠢᠯ ᠦᠭᠡᠢ ᠠᠰᠠᠭᠤᠲᠠᠯ ᠢ ᠡᠷᠡᠰ ᠵᠠᠯᠠᠷᠠᠭᠤᠯᠵᠠᠢ᠃ ᠠᠷᠠᠤᠨ  ᠤᠨ ᠶᠡᠭᠡ ᠬᠤᠷᠠᠯ᠂ ᠤᠯᠤᠰ ᠲᠥᠷᠤ ᠶᠢᠨ ᠵᠥᠪᠯᠡᠯᠬᠡᠨ ᠪᠤᠯᠤᠨ ᠨᠡᠶᠢᠬᠡᠮ ᠤᠨ ᠡᠯ᠎ᠡ ᠡᠲᠡᠬᠡᠤᠨ ᠤᠨ ᠬᠢᠨᠨᠠᠯᠲᠠ ᠶᠢ ᠤᠬᠠᠮᠰᠠᠷ ᠠᠴᠠ ᠪᠠᠨ ᠬᠥᠯᠢᠶᠡᠨ᠂ ᠠᠷᠠᠤᠨ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ ᠲᠤᠭᠲᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠠᠷᠠᠤᠨ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ ᠳᠤ ᠠᠵᠢᠯ ᠢᠶᠠᠨ ᠢᠲᠡᠪᠬᠢᠲᠡᠢ ᠮᠡᠲᠡᠬᠦᠯᠵᠤ᠂ ᠲᠤᠰᠬᠠᠢ ᠰᠡᠲᠤᠪ ᠤᠨ ᠪᠠᠶᠢᠴᠠᠭᠠᠨ ᠰᠤᠲᠤᠯᠤᠯᠲᠠ ᠪᠤᠯᠤᠨ ᠬᠠᠤᠯᠢ ᠬᠡᠷᠡᠭᠵᠢᠬᠦᠯᠬᠦ ᠪᠠᠶᠢᠴᠠᠭᠠᠯᠲᠠ ᠶᠢ ᠬᠠᠮᠵᠢᠨ ᠥᠷᠨᠢᠬᠦᠯᠵᠤ᠂ ᠠᠷᠠᠤᠨ ᠤᠨ ᠶᠡᠭᠡ ᠬᠤᠷᠠᠯ ᠤᠨ ᠲᠥᠯᠤᠬᠡᠯᠡᠭᠴᠢ᠂ ᠤᠯᠤᠰ ᠲᠥᠷᠤ ᠶᠢᠨ ᠵᠥᠪᠯᠡᠯᠬᠡᠨ ᠤ ᠬᠡᠰᠢᠬᠦᠨ ᠲᠠᠢ ᠥᠷᠬᠦᠯᠵᠢ ᠶᠢᠨ ᠴᠢᠨᠠᠷᠲᠠᠢ ᠬᠤᠯᠪᠤᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠪᠠᠶᠢᠴᠠᠭᠠᠬᠤ ᠤᠬᠠᠭᠤᠯᠭ᠎ᠠ ᠶᠢᠨ ᠡᠷᠴᠢᠮ ᠢ ᠴᠢᠩᠭᠠᠳᠬᠠᠨ᠂ ᠪᠠᠶᠢᠴᠠᠭᠠᠬᠤ ᠶᠠᠪᠤᠲᠠᠯ ᠢ ᠢᠯᠨ ᠪᠠᠶᠢᠬᠤ ᠶᠢ ᠬᠥᠡᠵᠡᠬᠡᠶᠢᠷᠡᠬᠦᠯᠵᠡᠢ᠃ 2018 ᠤᠨ ᠳᠤ᠂ ᠬᠡᠷᠡᠭ ᠤᠨ ᠡᠮᠬᠢ ᠲᠠᠷᠠᠭᠠᠴᠢ ᠴᠢᠨᠠᠷ ᠤᠨ ᠰᠤᠷᠠᠭ ᠴᠢᠮᠡᠭᠡ  ᠶᠢ 474 ᠵᠤᠷᠪᠤᠰ᠂ ᠡᠯ᠎ᠡ ᠲᠥᠷᠤᠯ ᠤᠨ ᠬᠠᠤᠯᠢ ᠴᠠᠭᠠᠵᠨ ᠶᠢᠨ ᠪᠢᠴᠢᠭ 345 ᠬᠤᠪᠢ᠂  ᠵᠤᠷᠪᠤᠰ ᠢ ᠰᠥᠯᠵᠢᠶᠡᠨ ᠪᠥᠷᠬᠡ ᠲᠡᠬᠡᠷ᠎ᠡ ᠨᠡᠶᠢᠲᠡᠯᠡᠵᠤ᠂ 200 ᠢᠯᠡᠬᠦᠤ᠂ 70 ᠢᠯᠡᠬᠦᠤ ᠬᠤᠭᠤᠴᠠᠭ᠎ᠠ ᠴᠠᠬᠢᠮ ᠮᠡᠲᠡᠭᠡ ᠶᠢ ᠶᠢ ᠬᠠᠤᠯᠢ ᠶᠤᠰᠤᠭᠠᠷ ᠢᠯᠨ ᠪᠠᠷ ᠨᠡᠶᠢᠲᠡᠯᠡᠵᠡᠢ᠃    ᠰᠤᠷᠠᠭ ᠵᠠᠩᠬᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠠᠢ᠃ ᠰᠤᠷᠠᠭ ᠵᠡᠩᠬᠢᠵᠢᠯᠲᠠ ᠤᠶᠤᠡᠵᠢᠯᠲᠠ ᠪᠤᠯᠤᠨ ᠲᠡᠬᠡᠲᠤ ᠰᠢᠡᠵᠢᠯᠡᠭᠡ ᠮᠡᠷᠬᠡᠵᠢᠯ ᠢ ᠨᠢᠬᠡ ᠴᠤᠭᠴᠠ ᠪᠤᠯᠭᠠᠭᠰᠠᠨ ︽ᠬᠢᠨᠭ᠍ᠭᠠᠨ ᠤ ᠬᠠᠪᠤᠷ︾ ᠪᠠᠶᠢᠴᠭᠠᠬᠤ ᠠᠵᠢᠯ ᠤᠨ ᠬᠡᠷ ᠢ ᠪᠠᠶᠢᠭᠤᠯᠵᠤ᠂ 12309 ᠪᠠᠶᠢᠴᠠᠭᠠᠬᠤ ᠤᠶᠢᠯᠡᠴᠢᠯᠡᠬᠡᠨ ᠤ ᠲᠥᠪ᠂ ᠠᠷᠠᠤᠨ ᠤᠨ ᠲᠥᠯᠤᠬᠡ ᠶᠡᠷᠤᠩᠬᠡᠶᠢᠯᠡᠭᠰᠡᠨ ᠤᠶᠢᠯᠡᠴᠢᠯᠡᠬᠡᠨ ᠤ ᠰᠥᠯᠵᠢᠶ᠎ᠡ ᠶᠢᠨ ᠲᠠᠪᠴᠠᠩ ᠤᠨ ᠴᠢᠲᠠᠪᠬᠢ ᠶᠢ ᠪᠠᠶᠢᠭᠤᠯᠬᠤ ᠶᠢ ᠪᠡᠶᠡᠯᠡᠬᠦᠯᠵᠡᠢ᠃ ︽ᠬᠢᠨᠭ᠍ᠭᠠᠨ ᠤ ᠬᠠᠪᠤᠷ︾ ᠠᠵᠢᠯᠯᠠᠬᠤ ᠬᠡᠷ ᠤᠨ ᠪᠠᠶᠢᠴᠠᠭᠠᠬᠤ ᠳᠤ ᠤᠶᠢᠯᠡᠴᠢᠯᠡᠬᠡᠨ ᠤ ᠤᠨᠤᠯ ᠪᠤᠯᠤᠨ ᠤᠶᠢᠯᠡᠴᠢᠯᠡᠬᠡᠨ ᠤ ᠥᠯᠢᠬᠡᠷ ᠬᠡᠪ ᠢ ᠢᠲᠡᠪᠬᠢᠲᠠᠢ ᠲᠡᠯᠬᠡᠷᠡᠬᠦᠯᠵᠤ᠂ ᠰᠢᠶᠠᠩ ᠪᠠᠯᠭᠠᠰᠤᠨ ᠤ ︽ᠬᠢᠨᠭ᠍ᠭᠠᠨ ᠤ ᠬᠠᠪᠤᠷ︾ ᠪᠠᠶᠢᠴᠠᠭᠠᠬᠤ ᠠᠵᠢᠯ ᠤᠨ ᠬᠡᠷ ᠢ ᠭᠠᠷᠲᠠᠨ ᠪᠠᠶᠢᠭᠤᠯᠵᠤ᠂ ᠴᠢᠲᠠᠪᠬᠢ ᠶᠢ ᠤᠷᠤᠨ ᠪᠠᠶᠢᠷᠢ ᠤᠨᠤᠪᠴᠢᠲᠠᠢ᠂ ᠲᠤᠰᠢᠶᠠᠯ ᠬᠠᠷᠢᠭᠤᠴᠠᠯᠭ᠎ᠠ ᠲᠤᠲᠤᠷᠬᠠᠢ᠂ ᠪᠠᠷᠢᠮᠵᠢᠶ᠎ᠠ ᠨᠢᠬᠡᠲᠤᠯᠲᠠᠢ ᠲᠤᠮᠢᠯᠠᠭᠰᠠᠨ ᠪᠠᠶᠢᠴᠠᠭᠠᠬᠤ ᠬᠡᠷ ᠢ ᠪᠠᠶᠢᠭᠤᠯᠵᠤ᠂ ᠭᠠᠵᠡᠷ ᠤᠷᠤᠨ ᠳᠤᠨᠢ ᠲᠤᠬᠢᠷᠠᠭᠰᠠᠨ ︽ᠪᠠᠶᠢᠴᠭᠠᠬᠤ ᠬᠡᠷ + ᠬᠡᠷᠡᠭ ᠡᠷᠬᠢᠯᠡᠬᠦ ᠴᠡᠭ + ᠪᠠᠶᠢᠴᠠᠭᠠᠬᠤ ᠰᠢᠭᠤᠤᠨ ᠨᠡᠪᠲᠡᠷᠡᠬᠦ ᠲᠡᠷᠬᠡ + ᠪᠠᠶᠢᠴᠠᠭᠠᠬᠤ ᠬᠤᠯᠪᠤᠭᠠᠯᠠᠭᠴᠢ︾ ᠪᠠᠷ ᠪᠥᠷᠢᠯᠲᠥᠭᠰᠡᠨ ︽ᠲᠥᠷᠪᠡ ᠶᠢ ᠨᠢᠬᠡ ᠴᠤᠭᠴᠠᠯᠠᠭᠰᠠᠨ︾ ᠰᠥᠯᠵᠢᠶ᠎ᠡ ᠶᠢᠨ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠪᠠᠶᠢᠴᠠᠭᠠᠬᠤ ᠬᠤᠷᠢᠶ᠎ᠠ ᠬᠥᠲᠡᠭᠡ ᠪᠠᠭᠤᠬᠤ᠂ ᠲᠤᠭᠤᠷᠢᠨ ᠪᠠᠶᠢᠴᠠᠭᠠᠬᠤ ᠵᠡᠷᠬᠡ ᠠᠵᠢᠯ ᠢ ᠪᠥᠬᠦ ᠲᠠᠯ᠎ᠠ ᠪᠠᠷ ᠥᠷᠨᠢᠬᠦᠯᠵᠤ᠂ ᠤᠯᠠᠨ ᠲᠥᠮᠡᠨ ᠤ ᠵᠠᠷᠭᠤ  ᠶᠢᠨ ᠭᠤᠶᠤᠴᠢᠯᠠᠯ ᠳᠤ ᠲᠥᠬᠦᠮ ᠥᠵᠡᠬᠦᠯᠬᠦ ᠬᠢᠨᠠᠯᠲᠠ ᠲᠠᠯᠪᠢᠬᠤ ᠰᠥᠪᠡᠭᠴᠢ ᠶᠢ ᠴᠠᠭ ᠲᠤᠬᠠᠢ ᠳᠤᠨᠢ ᠤᠶᠢᠯᠠᠭᠠᠨ ᠮᠡᠲᠡᠵᠤ᠂ ᠨᠡᠶᠢᠬᠡᠮ ᠤᠨ ᠵᠥᠷᠢᠴᠡᠯ ᠢ ᠪᠥᠲᠤᠮᠵᠢᠲᠠᠢ ᠨᠠᠮᠬᠠᠳᠬᠠᠬᠤ ᠳᠤ ᠡᠬᠦᠷᠬᠡ ᠴᠢᠲᠠᠪᠤᠷᠢ ᠶᠢᠨ ᠤᠶᠢᠯᠡᠲᠤᠯ ᠢᠶᠠᠨ ᠬᠥᠢᠴᠡᠤᠨ ᠪᠠᠲᠠᠷᠠᠭᠤᠯᠵᠤ᠂ ᠪᠠᠶᠢᠴᠠᠭᠠᠬᠤ ᠪᠠᠶᠢᠭᠤᠯᠭ᠎ᠠ ᠬᠢᠬᠡᠤᠨ ᠥᠡᠲᠤᠰᠤᠨ ᠱᠠᠲᠤᠨ ᠤ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ᠬᠤᠭᠤᠷᠤᠡᠲᠤᠬᠢ ᠤᠯᠠᠨ  ᠡᠰᠢᠵᠢᠭᠰᠡᠨ ᠪᠡᠶᠡᠲᠤ᠂ ᠬᠡᠯᠪᠡᠷᠢ ᠶᠢᠨ ᠬᠤᠯᠪᠤᠭᠠᠯᠠᠨ ᠬᠥᠲᠡᠯᠤᠯᠴᠡᠵᠤ ᠨᠡᠪᠲᠡᠷᠡᠯᠴᠡᠬᠦ ᠬᠠᠷᠢᠯᠴᠠᠭ᠎ᠠ ᠲᠠᠢ ᠪᠠᠶᠢᠴᠠᠭᠠᠬᠤ ᠤᠯᠠᠨ ᠨᠡᠶᠢᠲᠡ ᠶᠢᠨ ᠬᠠᠷᠢᠴᠠᠭ᠎ᠠ ᠶᠢ ᠢᠲᠡᠪᠬᠢᠲᠠᠢ ᠪᠠᠶᠢᠭᠤᠯᠵᠠᠢ᠃     ᠲᠥᠯᠤᠬᠡᠯᠡᠭᠴᠢᠤᠨ ᠡ᠂ 2018 ᠤᠨ ᠪᠤᠯ ᠡᠮᠤᠨᠡᠲᠤ ᠬᠤᠰᠢᠭᠤᠨ ᠤ ᠪᠠᠶᠢᠴᠠᠭᠠᠬᠤ ᠠᠵᠢᠯ ᠰᠢᠡᠵᠢᠯᠡᠬᠦ ᠤᠬᠠᠭᠠᠡᠴᠢ ᠪᠠᠷ ᠬᠥᠭᠵᠢᠨ ᠥᠷᠬᠦᠯᠵᠢᠯᠡᠨ ᠲᠡᠬᠡᠭᠰᠢᠯᠡᠭᠰᠡᠨ ᠨᠢᠬᠡ ᠵᠢᠯ ᠮᠥᠨ᠃ ᠤᠷᠢᠤᠨ ᠬᠤᠵᠢᠤᠨ 8 ᠬᠠᠮᠲᠤ ᠨᠡᠶᠢᠲᠡ ᠪᠤᠯᠤᠨ 17 ᠬᠤᠪᠢ ᠬᠥᠮᠤᠨ ᠠᠶᠢᠮᠠᠭ ᠤᠨ ᠱᠠᠲᠤᠨ ᠠᠴᠠ ᠲᠡᠬᠡᠭᠰᠢ ᠰᠠᠶᠢᠰᠢᠶᠠᠯ ᠬᠥᠬᠢᠬᠦᠯᠤᠯ ᠬᠥᠷᠲᠡᠵᠤ᠂ ᠮᠠᠨ ᠤ ᠬᠤᠷᠢᠶᠠᠨ ᠤ ᠭᠤᠮᠤᠲᠠᠯ ᠵᠠᠭᠠᠯᠲᠤᠯᠭ᠎ᠠ ᠶᠢᠨ ᠰᠠᠯᠠᠭ᠎ᠠ ᠶᠢᠨ ᠲᠠᠷᠤᠭ᠎ᠠ ᠴᠥᠨ ᠬᠤᠸ᠋ᠨ ᠨᠥᠬᠦᠷ ᠢᠷᠠᠭᠤ ᠠᠯᠲᠠᠷᠲᠠᠢ ᠪᠠᠷ ︽ᠪᠥᠬᠦ ᠤᠯᠤᠰ ᠤᠨ ᠵᠢᠱᠢᠶᠡᠴᠢ ᠪᠠᠶᠢᠴᠠᠭᠠᠭᠴᠢ︾ ᠶᠢᠨ ᠴᠤᠯᠨ ᠬᠥᠷᠲᠡᠵᠤ᠂ ᠥᠪᠤᠷ ᠮᠤᠩᠭᠤᠯ  ᠤᠨ ᠥᠪᠡᠷᠲᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ᠂ ᠬᠢᠨᠭ᠍ᠭᠠᠨ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠤᠲᠤᠷᠢᠲᠤᠯᠭ᠎ᠠ ᠤᠯᠠᠨ ᠤᠲᠠᠭ᠎ᠠ ᠮᠠᠨ ᠤ ᠬᠤᠷᠢᠶᠠᠨ ᠳᠤ ᠢᠷᠡᠵᠤ ᠪᠠᠶᠢᠴᠠᠭᠠᠬᠤ ᠠᠵᠢᠯ ᠢ ᠵᠢᠯᠤᠭᠤᠳᠬᠤ ᠶᠢᠨ ᠬᠠᠮᠲᠤ ᠥᠡᠲᠤᠷ ᠬᠡᠮᠵᠢᠶ᠎ᠡ ᠪᠠᠷ ᠥᠨᠡᠯᠡᠵᠡᠢ᠃ ᠡᠲᠡᠬᠡᠷ ᠬᠢᠷᠢ ᠪᠥᠲᠤᠮᠵᠢ ᠶᠢ ᠤᠯᠤᠭᠰᠠᠨ ᠨᠢ ᠬᠤᠰᠢᠭᠤᠨ ᠤ ᠨᠠᠮ ᠤᠨ ᠬᠤᠷᠢᠶ᠎ᠠ ᠶᠢᠨ ᠵᠥᠪ ᠤᠨᠤᠪᠴᠢᠲᠠᠢ ᠤᠲᠤᠷᠢᠲᠤᠯᠭ᠎ᠠ᠂ ᠠᠷᠠᠤᠨ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠲᠠ ᠲᠠᠯᠪᠢᠭᠰᠠᠨ᠂ ᠵᠠᠰᠠᠭ ᠤᠨ ᠤᠷᠲᠤᠨ ᠤ  ᠬᠥᠴᠤᠲᠠᠢ ᠲᠡᠮᠵᠢᠯᠬᠡ᠂ ᠤᠯᠤᠰ ᠲᠥᠷᠤ ᠶᠢᠨ ᠵᠥᠪᠯᠡᠯᠬᠡᠨ ᠪᠤᠯᠤᠨ ᠨᠡᠶᠢᠬᠡᠮ ᠤᠨ ᠡᠯ᠎ᠡ ᠡᠲᠡᠬᠡᠤᠨ ᠤᠨ ᠬᠠᠯᠠᠮᠵᠢᠯᠠᠨ ᠬᠠᠪᠰᠤᠷᠤᠭᠰᠨᠨ ᠤ ᠥᠷ᠎ᠡ ᠳ᠋ᠥᠡᠭ ᠪᠤᠯᠤᠨ᠎ᠠ᠃ ᠡᠨᠡᠬᠦ ᠲᠤᠭᠢᠶᠠᠯ ᠢᠶᠠᠷ ᠪᠢ ᠪᠥᠬᠦ ᠪᠠᠶᠢᠴᠠᠭᠠᠬᠤ ᠺᠠᠳ᠋ᠷ ᠴᠠᠭᠲᠠᠭ᠎ᠠ ᠪᠠᠨ ᠲᠥᠯᠤᠬᠡᠯᠡᠵᠤ᠂ ᠲᠠᠨᠠᠷ ᠲᠤ ᠴᠢᠩ ᠰᠡᠳᠬᠢᠯ  ᠤᠨ ᠪᠠᠶᠠᠷ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ᠃     ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠲᠠ ᠡᠮᠤᠨᠡᠲᠤ ᠬᠤᠰᠢᠭᠤᠨ ᠤ ᠪᠠᠶᠢᠴᠠᠭᠠᠬᠤ ᠠᠵᠢᠯ ᠳᠤ ᠪᠠᠰᠠ ᠵᠠᠷᠢᠮ ᠠᠰᠠᠭᠤᠲᠠᠯ ᠪᠤᠯᠤᠨ ᠪᠠᠭᠤᠷᠠᠢ ᠲᠠᠯ᠎ᠠ ᠤᠷᠤᠰᠢᠵᠤ  ᠪᠠᠶᠢᠬᠤ ᠶᠢ ᠬᠤᠷᠴᠠ ᠰᠡᠷᠬᠡᠭ ᠢᠶᠠᠷ ᠲᠠᠨᠢᠵᠤ ᠤᠯᠤᠭᠰᠠᠨ ᠪᠠᠶᠢᠨ᠎ᠠ᠃ ᠨᠢᠬᠡ ᠳᠤ᠂ ᠡᠮᠤᠨᠡᠲᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠠ ᠳᠤ ᠰᠢᠨ᠎ᠡ ᠪᠠᠶᠢᠲᠠᠯ ᠰᠢᠨ᠎ᠡ ᠠᠰᠠᠭᠤᠲᠠᠯ ᠢ ᠰᠤᠲᠤᠯᠤᠭᠰᠠᠨ ᠢᠶᠠᠷ ᠬᠥᠢᠴᠡᠤᠨ ᠦᠭᠡᠢ᠂ ᠤᠡᠴᠠᠭᠠᠶᠢᠯᠠᠨ ᠠᠷᠪᠠ ᠶᠢᠰᠤᠲᠤᠬᠡᠷ ᠶᠡᠭᠡ ᠬᠤᠷᠠᠯ  ᠤᠨ ᠲᠠᠷᠠᠭ᠎ᠠ ᠰᠢᠨ᠎ᠡ ᠴᠠᠭ ᠡᠷᠢᠨ ᠤ ᠬᠥᠭᠵᠢᠯᠲᠠ ᠳᠤ ᠬᠡᠷᠬᠢᠨ ᠤᠶᠢᠯᠡᠴᠢᠯᠡᠬᠦ ᠲᠤᠬᠠᠢ ᠰᠡᠳᠬᠢᠭᠰᠡᠨ ᠢᠶᠠᠷ ᠬᠥᠡᠵᠡᠬᠡᠢ ᠪᠤᠰᠤ︔ ᠬᠤᠶᠠᠷ ᠲᠤ᠂ ᠤᠲᠤᠬᠠᠨ ᠤ ᠬᠠᠤᠯᠢ ᠴᠠᠭᠠᠵᠨ ᠪᠠᠷ ᠬᠢᠨᠠᠯᠲᠠ ᠲᠠᠯᠪᠢᠬᠤ ᠠᠵᠢᠯ ᠬᠢᠬᠡᠤᠨ ᠠᠷᠠᠤᠨ ᠤᠯᠠᠨ  ᠤ ᠬᠥᠰᠡᠯ ᠰᠠᠨᠠᠭ᠎ᠠ ᠲᠠᠢ ᠪᠠᠰᠠ ᠲᠤᠭᠲᠠᠭᠰᠠᠨ ᠬᠡᠮᠵᠢᠶᠡᠨ ᠤ ᠵᠥᠷᠢᠶ᠎ᠡ ᠲᠠᠢ᠂ ᠬᠢᠨᠠᠯᠲᠠ ᠲᠠᠯᠪᠢᠬᠤ ᠠᠵᠢᠯ ᠤᠨ ᠬᠢᠷᠢ ᠬᠡᠮᠵᠢᠶ᠎ᠡ ᠪᠤᠯᠤᠨ ᠴᠢᠲᠠᠪᠤᠷᠢ ᠪᠠᠨ ᠴᠥᠮ ᠲᠡᠬᠡᠭᠰᠢᠯᠡᠬᠦᠯᠬᠦ ᠴᠢᠬᠤᠯᠨ ᠲᠠᠢ︔ ᠭᠤᠷᠪᠠ ᠳᠤ᠂ ᠬᠠᠤᠯᠢ ᠴᠠᠭᠠᠵᠨ ᠶᠢᠨ ᠥᠬᠡᠷᠡᠴᠢᠯᠡᠯᠲᠡ ᠶᠢᠨ ᠬᠥᠡᠵᠡᠬᠡᠶᠢᠷᠡᠨ ᠬᠡᠷᠡᠭᠵᠢᠬᠦᠯᠬᠦ ᠶᠢ ᠲᠠᠭᠠᠯᠲᠤᠨ᠂ ᠬᠡᠰᠡᠭ ᠺᠠᠳ᠋ᠷ ᠴᠠᠭᠲᠠᠭ᠎ᠠ ᠶᠢᠨ ᠬᠠᠤᠯᠢ ᠴᠠᠭᠠᠵᠨ ᠶᠢᠨ ᠤᠨᠤᠯᠵᠢᠬᠤᠨ ᠪᠤᠯᠤᠨ ᠴᠢᠲᠠᠪᠤᠷᠢ ᠪᠠᠰᠠ ᠢᠯᠨ ᠲᠤᠲᠤ ᠨᠡᠪᠲᠡᠷᠡᠴᠡ ᠲᠠᠢ ᠰᠤᠷᠠᠭ ᠵᠡᠩᠬᠢᠴᠢᠯᠠᠭᠰᠠᠨ ᠬᠠᠤᠯᠢ ᠬᠡᠷᠡᠭᠵᠢᠬᠦᠯᠬᠦ ᠤᠷᠴᠢᠨ ᠲᠤᠭᠤᠷᠢᠨ ᠤ ᠬᠡᠷᠡᠭᠴᠡᠭᠡ ᠶᠢ ᠪᠥᠷᠢᠮᠤᠰᠤᠨ ᠬᠠᠨᠭ᠍ᠭᠠᠵᠤ ᠲᠡᠶᠢᠯᠬᠦ ᠦᠭᠡᠢ᠂ ᠤᠯᠠᠮ ᠴᠢᠨᠠᠭᠰᠢᠲᠠ ᠲᠡᠬᠡᠭᠰᠢᠯᠡᠬᠦᠯᠬᠦ ᠴᠢᠬᠤᠯᠨ ᠲᠠᠢ︔ ᠲᠥᠷᠪᠡ ᠳᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠡᠷᠴᠢᠮ ᠰᠤᠯᠨ᠂ ᠪᠠᠶᠢᠭᠤᠯᠭ᠎ᠠ ᠶᠢᠨ ᠬᠡᠪ ᠰᠤᠷᠲᠠᠯ ᠪᠤᠯᠤᠨ ᠬᠠᠤᠯᠢ ᠬᠡᠷᠡᠭᠵᠢᠬᠦᠯᠬᠦ ᠬᠡᠪ ᠰᠤᠷᠲᠠᠯ ᠢ ᠪᠠᠰᠠ ᠨᠢᠬᠡ ᠠᠯᠬᠤᠮ ᠰᠠᠶᠢᠵᠢᠷᠠᠭᠤᠯᠬᠤ ᠴᠢᠬᠤᠯᠨ ᠲᠠᠢ᠃ ᠡᠲᠡᠬᠡᠷ ᠠᠰᠠᠭᠤᠲᠠᠯ ᠢ ᠪᠢᠲᠠ ᠬᠥᠴᠤᠲᠠᠢ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ ᠰᠢᠢᠳᠪᠤᠷᠢᠯᠡᠨ᠎ᠡ᠃ ᠲᠥᠯᠤᠬᠡᠯᠡᠭᠴᠢᠤᠨ ᠮᠠᠨ ᠤ ᠠᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ ᠬᠢᠷᠢ ᠬᠡᠮᠵᠢᠶ᠎ᠡ ᠪᠠᠨ ᠲᠡᠬᠡᠭᠰᠢᠯᠡᠬᠦᠯᠬᠦ ᠶᠢ ᠬᠢᠨᠠᠬᠤ ᠶᠢᠨ ᠬᠠᠮᠲᠤ ᠬᠠᠪᠰᠤᠷᠤᠯᠭ᠎ᠠ ᠥᠵᠡᠬᠦᠯᠬᠦ ᠶᠢ ᠬᠥᠰᠡᠵᠤ ᠪᠠᠶᠢᠨ᠎ᠠ᠃    2019 ᠤᠨ ᠤ ᠠᠵᠢᠯ ᠤᠨ ᠲᠤᠬᠢᠷᠠᠭᠤᠯᠤᠯᠲᠠ    2019 ᠤᠨ ᠳᠤ᠂ ᠡᠮᠤᠨᠡᠲᠤ ᠬᠤᠰᠢᠭᠤᠨ ᠤ ᠪᠠᠶᠢᠴᠠᠭᠠᠬᠤ ᠬᠤᠷᠢᠶ᠎ᠠ ᠰᠢ ᠶᠢᠨ ᠫᠢᠡᠭ ᠤᠨ ᠰᠢᠨ᠎ᠡ ᠴᠠᠭ ᠥᠶ᠎ᠡ  ᠶᠢᠨ ᠲᠤᠮᠲᠠᠲᠤ ᠶᠢᠨ ᠤᠡᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ ᠶᠢ ᠬᠥᠡᠵᠡᠬᠡᠢ ᠰᠤᠷᠤᠯᠴᠠᠨ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠠᠴᠠ ᠲᠤᠷᠠᠲᠤᠨ ᠭᠠᠷᠭᠠᠭᠰᠠᠨ ︽ᠪᠤᠬᠢᠷᠲᠤᠯ ᠦᠭᠡᠢ ᠬᠥᠭᠵᠢᠨ᠂ ᠠᠵᠤ ᠤᠶᠢᠯᠡᠰ ᠤᠨ ᠲᠡᠰ ᠢ ᠲᠡᠪᠰᠢᠬᠦᠯᠤᠨ᠂ ᠠᠷᠠᠤᠨ ᠤᠨ ᠠᠮᠢᠲᠤᠷᠠᠯ ᠢ ᠰᠠᠶᠢᠵᠢᠷᠠᠭᠤᠯᠬᠤ︾ ᠶᠢᠨ ᠰᠡᠳᠬᠢᠴᠡ ᠶᠢ ᠵᠢᠷᠤᠮᠯᠠᠨ ᠪᠠᠶᠢᠴᠠᠭᠠᠬᠤ ᠠᠵᠢᠯ ᠤᠨ ᠵᠥᠪ ᠤᠨᠤᠪᠴᠢᠲᠠᠢ ᠤᠯᠤᠰ ᠲᠥᠷᠤ ᠶᠢᠨ ᠴᠢᠭᠯᠡᠯ ᠢ ᠪᠠᠲᠤᠳᠬᠠᠨ᠂ ᠠᠷᠠᠤᠨ ᠲᠥᠮᠡᠨ ᠢᠶᠠᠷ ᠭᠤᠤᠯ ᠪᠤᠯᠭᠠᠬᠤ ᠥᠡᠲᠤᠰᠤᠨ ᠵᠤᠭᠰᠤᠯᠲᠠ ᠶᠢ ᠪᠠᠷᠢᠮᠲᠠᠯᠠᠨ᠂ ︽ᠤᠯᠤᠰ ᠲᠥᠷᠤ ᠶᠢ ᠡᠷᠬᠢᠮᠯᠡᠨ᠂  ᠪᠥᠬᠦ ᠲᠠᠯ᠎ᠠ ᠶᠢ ᠬᠠᠷᠠᠭᠠᠯᠵᠠᠨ ᠬᠥᠭᠵᠢᠯᠲᠠ ᠶᠢ ᠰᠥᠪᠡᠭᠴᠢᠯᠡᠵᠤ᠂ ᠥᠪᠡᠷ ᠢ ᠪᠠᠨ ᠬᠥᠴᠤᠷᠬᠡᠭᠵᠢᠬᠦᠯᠬᠦ ᠶᠢ ᠴᠢᠬᠤᠯᠠᠴᠢᠯᠠᠬᠤ︾ ᠶᠡᠷᠤᠩᠬᠡᠢ ᠱᠠᠭᠠᠷᠲᠠᠯᠭ᠎ᠠ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠬᠠᠤᠯᠢ ᠴᠠᠭᠠᠵᠨ ᠪᠠᠷ ᠬᠡᠷᠡᠭ ᠡᠷᠬᠢᠯᠡᠬᠦ ᠪᠠᠷ ᠲᠥᠪ ᠪᠤᠯᠭᠠᠨ᠂ ᠥᠬᠡᠷᠡᠴᠢᠯᠡᠡ ᠰᠢᠨ᠎ᠡ ᠶᠢ ᠡᠬᠦᠳᠬᠦ ᠪᠠᠷ ᠬᠥᠲᠡᠯᠬᠡᠬᠦ ᠬᠥᠴᠤᠨ ᠪᠤᠯᠭᠠᠨ᠂ ᠨᠡᠶᠢᠬᠡᠮ ᠤᠨ  ᠪᠥᠬᠦ ᠲᠠᠯ᠎ᠠ ᠶᠢᠨ ᠲᠤᠭᠲᠠᠭᠤᠨ ᠢ ᠬᠥᠴᠤᠲᠠᠢ ᠬᠠᠮᠠᠭᠠᠯᠠᠨ᠂ ᠨᠡᠶᠢᠬᠡᠮ ᠤᠨ ᠲᠥᠪ ᠭᠤᠤᠯᠴᠢ ᠶᠢ ᠠᠬᠢᠭᠤᠯᠵᠤ᠂ ᠠᠷᠠᠤᠨ ᠲᠥᠮᠡᠨ ᠤ ᠠᠮᠤᠷ ᠰᠠᠶᠢᠨ ᠠᠵᠤ ᠲᠥᠷᠤᠬᠦ ᠶᠢ ᠪᠠᠲᠤᠯᠠᠨ᠂ ᠡᠮᠤᠨᠡᠲᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠠ ᠳᠤ ᠰᠢᠯᠢᠲᠡᠭ ᠰᠠᠶᠢᠨ ᠬᠠᠤᠯᠢ ᠪᠠᠷ ᠵᠠᠰᠠᠬᠤ ᠤᠶᠢᠯᠡᠴᠢᠯᠡᠬᠡᠨ ᠪᠤᠯᠤᠨ ᠬᠠᠤᠯᠢ ᠪᠠᠷ ᠵᠠᠰᠠᠬᠤ ᠪᠠᠲᠤᠯᠠᠭ᠎ᠠ ᠶᠢ ᠬᠠᠨᠭ᠍ᠭᠠᠨ᠎ᠠ᠃    ︵ᠨᠢᠬᠡ︶ ᠲᠤᠭ ᠲᠡᠮᠲᠡᠭ ᠲᠤᠲᠤᠷᠬᠠᠢ ᠪᠠᠷ ᠤᠯᠤᠰ ᠲᠥᠷᠤ ᠶᠢ ᠡᠷᠬᠢᠮᠯᠡᠨ᠂ ᠢᠮᠠᠭᠲᠠᠨ ᠪᠠᠶᠢᠴᠠᠭᠠᠬᠤ ᠠᠵᠢᠯ  ᠤᠨ ᠵᠥᠪ ᠤᠨᠤᠪᠴᠢᠲᠠᠢ ᠴᠢᠭᠯᠡᠯ ᠢ ᠪᠠᠲᠤᠯᠠᠨ᠎ᠠ᠃ ᠨᠠᠮ ᠤᠨ ᠪᠠᠶᠢᠴᠠᠭᠠᠬᠤ ᠠᠵᠢᠯ ᠳᠠᠬᠢ ᠬᠠᠷᠢᠴᠠᠯᠠᠰᠢ ᠦᠭᠡᠢ ᠤᠲᠤᠷᠢᠲᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ︽ᠲᠥᠷᠪᠡᠨ ᠤᠬᠠᠮᠰᠠᠷ︾ ᠢᠶᠠᠨ ᠥᠨᠡᠩᠬᠦ ᠴᠢᠩᠭᠠᠳᠬᠠᠵᠤ᠂ ︽ᠲᠥᠷᠪᠡᠨ ᠢᠲᠡᠬᠡᠯ︾ ᠢᠶᠠᠨ ᠪᠠᠲᠤ ᠪᠤᠯᠭᠠᠵᠤ᠂ ︽ᠬᠤᠶᠠᠷ ᠢ ᠡᠷᠡᠰ ᠬᠠᠮᠠᠭᠠᠯᠠᠬᠤ︾ ᠶᠢ ᠨᠠᠷᠢᠨ ᠬᠢᠨᠠᠮᠠᠭᠠᠢ ᠤᠶᠢᠯᠡᠲᠤᠯᠬᠡᠵᠢᠬᠦᠯᠵᠤ᠂ ᠬᠥᠲᠡᠯᠤᠩᠬᠦᠢ ᠴᠢᠨᠠᠷ ᠢ ᠪᠠᠲᠠᠷᠠᠭᠤᠯᠤᠨ᠂ ᠪᠥᠲᠤᠬᠡᠯᠴᠢ ᠴᠢᠨᠠᠷ ᠢ ᠴᠢᠩᠭᠠᠳᠬᠠᠵᠤ᠂ ᠪᠤᠲᠠᠲᠤ ᠥᠷ᠎ᠡ ᠠᠰᠢᠭ ᠢ ᠭᠤᠤᠯᠴᠢᠯᠠᠨ᠂ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠤ ᠶᠢᠨ ᠬᠠᠤᠯᠢ ᠴᠠᠭᠠᠵᠨ ᠶᠢᠨ ᠠᠵᠢᠯ ᠤᠨ ᠲᠥᠷᠢᠮ︾ ᠢ ᠢᠲᠡᠪᠬᠢᠲᠡᠢ ᠰᠤᠷᠤᠯᠴᠠᠨ ᠲᠤᠤᠱᠯᠠᠭᠤᠯᠤᠨ᠎ᠠ᠃ ᠠᠷᠪᠠ ᠶᠢᠰᠤᠲᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠤᠡᠴᠠᠭᠠᠶᠢᠯᠠᠨ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠲᠤᠮᠲᠠᠲᠤ ᠶᠢᠨ ᠤᠡᠴᠠᠯᠢᠭ ᠲᠠᠢ ᠨᠡᠶᠢᠬᠡᠮ ᠵᠢᠷᠤᠮ ᠤᠨ ᠥᠵᠡᠯ ᠰᠠᠨᠠᠭ᠎ᠠ ᠶᠢᠨ ᠪᠠᠶᠠᠯᠢᠭ ᠠᠭᠤᠯᠤᠭᠲᠠᠴᠠ ᠶᠢ ᠬᠥᠡᠵᠡᠬᠡᠢ ᠰᠤᠷᠤᠯᠴᠠᠨ᠂ ︽ᠤᠭ ᠰᠠᠨᠠᠭ᠎ᠠ ᠪᠠᠨ ᠥᠯᠤ ᠤᠮᠠᠷᠲᠠᠨ᠂ ᠡᠬᠦᠷᠬᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠲᠤᠪᠲᠤ ᠬᠥᠮᠤᠵᠢᠯ ᠢ ᠥᠨᠡᠩᠬᠦ ᠥᠷᠨᠢᠬᠦᠯᠵᠤ᠂ ᠺᠠᠳ᠋ᠷ ᠴᠠᠭᠲᠠᠭ᠎ᠠ ᠶᠢᠨ ᠢᠲᠡᠬᠡᠯ ᠪᠢᠰᠢᠷᠡᠯ  ᠪᠠᠲᠤ ᠥᠨᠡᠡᠴᠢ ᠰᠢᠲᠤᠷᠭᠤ ᠤᠯᠤᠰ ᠲᠥᠷᠤ ᠶᠢᠨ ᠬᠡᠪ ᠰᠤᠷᠲᠠᠯ ᠢ ᠪᠤᠢ ᠪᠤᠯᠭᠠᠨ᠂ ᠬᠠᠤᠯᠢ ᠴᠠᠭᠠᠵᠨ ᠶᠢᠨ ᠨᠡᠷ᠎ᠡ ᠬᠥᠡᠲᠤ ᠪᠤᠯᠤᠨ ᠰᠥᠷ ᠬᠥᠴᠤᠨ ᠢ ᠥᠨᠡᠩᠬᠦ ᠬᠠᠮᠠᠭᠠᠯᠠᠨ᠎ᠠ᠃    ︵ᠬᠤᠶᠠᠷ︶ ᠥᠨᠡᠨ ᠠᠴᠠ ᠵᠥᠪ ᠢ ᠡᠷᠢᠨ᠂ ᠪᠥᠬᠦ ᠲᠠᠯ᠎ᠠ ᠶᠢ  ᠬᠠᠷᠠᠭᠠᠯᠵᠠᠵᠤ᠂ ᠠᠵᠤ ᠠᠬᠤᠢ ᠶᠢᠨ ᠥᠡᠲᠤᠷ ᠶᠠᠰᠤ ᠴᠢᠨᠠᠷ ᠲᠠᠢ ᠬᠥᠭᠵᠢᠯᠲᠠ ᠶᠢ ᠤᠨᠤᠪᠴᠢᠲᠠᠢ ᠪᠠᠷ ᠬᠠᠮᠠᠭᠠᠯᠠᠨ᠎ᠠ᠃ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ︾ ᠳᠤ ᠥᠷᠬᠦᠯᠵᠢᠯᠡᠨ ᠰᠠᠶᠢᠲᠤᠷ ᠤᠶᠢᠯᠡᠴᠢᠯᠡᠵᠤ᠂ ᠮᠥᠡᠭᠬᠦᠨ ᠬᠥᠢᠯᠬᠡᠬᠡᠨ ᠤ ᠲᠥᠭᠰᠢᠬᠦᠷᠢ ᠶᠢ ᠰᠡᠷᠬᠡᠶᠢᠯᠡᠨ ᠨᠠᠮᠬᠠᠳᠬᠠᠬᠤ ᠶᠢ ᠪᠠᠶᠢᠴᠠᠭᠠᠬᠤ ᠠᠵᠢᠯ ᠤᠨ ᠪᠥᠬᠦ ᠲᠠᠯ᠎ᠠ ᠳᠤ ᠤᠶᠢᠯᠡᠴᠢᠯᠡᠬᠦ ᠶᠢᠨ ᠭᠤᠤᠯ ᠠᠭᠤᠯᠭ᠎ᠠ ᠪᠤᠯᠭᠠᠨ᠎ᠠ᠃ ᠬᠠᠤᠯᠢ ᠶᠤᠰᠤᠭᠠᠷ ᠠᠵᠤ ᠠᠬᠤᠢ ᠶᠢᠨ ᠡᠮᠬᠢ ᠲᠢᠭᠯᠡᠮ ᠪᠡ ᠮᠡᠲᠡᠯᠬᠡ ᠶᠢᠨ ᠪᠥᠲᠤᠬᠡᠭᠲᠡᠬᠦᠨ ᠤ ᠡᠷᠬᠡ ᠳᠤ ᠬᠠᠯᠲᠠᠭᠰᠠᠨ ᠡᠯ᠎ᠡ ᠵᠤᠶᠢᠯ ᠤᠨ ᠶᠠᠯᠠᠲᠤ ᠠᠵᠢᠯᠯᠠᠭ᠎ᠠ ᠳᠤ ᠴᠤᠬᠢᠯᠲᠠ ᠥᠭᠴᠤ ᠶᠠᠲᠠᠭᠤ ᠶᠢ ᠲᠡᠳᠬᠦᠬᠦ ᠪᠡᠯᠨ ᠮᠥᠡᠭᠬᠦ  ᠳᠤ ᠬᠤᠯᠪᠤᠲᠠᠭᠰᠠᠨ ᠲᠤᠰᠢᠶᠠᠯ ᠤᠨ ᠶᠠᠯᠠᠲᠤ ᠠᠵᠢᠯᠯᠠᠭ᠎ᠠ ᠪᠡ ᠪᠤᠰᠤᠤᠨ ᠡᠯ᠎ᠡ ᠵᠤᠶᠢᠯ ᠤᠨ ᠶᠠᠯᠠᠲᠤ ᠠᠵᠢᠯᠯᠠᠭ᠎ᠠ ᠳᠤ ᠬᠥᠡᠲᠤ ᠴᠤᠬᠢᠯᠲᠠ ᠥᠭᠴᠤ ᠶᠠᠲᠠᠭᠤ ᠶᠢ ᠲᠡᠳᠬᠦᠬᠦ ᠪᠡᠯᠨ ᠮᠥᠡᠭᠬᠦ ᠳᠠᠬᠢ ᠬᠢᠨᠠᠯᠲᠠ ᠬᠠᠮᠢᠶᠠᠷᠤᠯᠲᠠ ᠪᠠᠨ ᠱᠠᠭᠠᠷᠲᠠᠨ ᠠᠬᠢᠭᠤᠯᠵᠤ᠂ ᠶᠠᠲᠠᠭᠤ ᠶᠢ ᠲᠡᠳᠬᠦᠬᠦ ᠪᠡᠯᠨ ᠮᠥᠡᠭᠬᠦ ᠶᠢᠨ ᠬᠠᠮᠢᠶᠠᠷᠤᠯᠲᠠ ᠪᠡ ᠬᠡᠷᠡᠭᠯᠡᠯᠲᠡ ᠶᠢᠨ ᠲᠤᠩᠭᠠᠯᠠᠭᠴᠠ ᠶᠢ ᠲᠡᠬᠡᠭᠰᠢᠯᠡᠬᠦᠯᠤᠨ ᠠᠬᠢᠭᠤᠯᠤᠨ᠎ᠠ᠃ ᠠᠮᠢ ᠠᠬᠤᠢ ᠤᠷᠴᠢᠨ ᠲᠤᠭᠤᠷᠢᠨ ᠳᠠᠬᠢ ᠬᠠᠤᠯᠢ ᠴᠠᠭᠠᠵᠨ ᠶᠢᠨ ᠬᠠᠮᠠᠭᠠᠯᠠᠯᠲᠠ  ᠪᠠᠨ ᠴᠢᠩᠭᠠᠳᠬᠠᠵᠤ᠂ ᠠᠮᠢ ᠠᠬᠤᠢ ᠶᠢᠨ ᠲᠥᠷᠢᠮ ᠤᠨ ᠰᠢᠰᠲ᠋ᠧᠮ ᠢ ᠪᠥᠷᠢᠨ ᠲᠡᠬᠦᠯᠲᠡᠷᠵᠢᠬᠦᠯᠵᠤ᠂ ᠨᠡᠶᠢᠲᠡ ᠶᠢᠨ ᠠᠰᠢᠭᠲᠤ ᠵᠢᠭᠤᠷᠠᠯᠲᠤᠭᠠᠨ ᠤ ᠥᠪᠡᠷᠮᠢᠴᠡ ᠤᠶᠢᠯᠡᠲᠤᠯ ᠢ ᠬᠥᠢᠴᠡᠤᠨ ᠪᠠᠲᠠᠷᠠᠭᠤᠯᠵᠤ᠂ ᠠᠷᠠᠤᠨ ᠤᠯᠠᠨ ᠤ ᠠᠮᠢ ᠠᠬᠤᠢ ᠤᠷᠴᠢᠨ ᠲᠤᠭᠤᠷᠢᠨ ᠤ ᠬᠥᠷᠲᠡᠬᠡᠮᠵᠢᠲᠤ ᠰᠡᠳᠬᠢᠯᠬᠡ ᠵᠤᠯ ᠵᠢᠷᠭᠠᠯᠲᠤ ᠰᠡᠳᠬᠢᠯᠬᠡ ᠪᠡ ᠠᠮᠤᠷ ᠲᠥᠪᠰᠢᠨ ᠰᠡᠳᠬᠢᠯᠬᠡ ᠶᠢ ᠲᠠᠰᠤᠷᠠᠯᠲᠠ ᠦᠭᠡᠢ ᠨᠡᠮᠡᠭᠲᠡᠬᠦᠯᠤᠨ᠎ᠡ᠃    ︵ᠭᠤᠷᠪᠠ︶  ᠡᠬᠦᠷᠬᠡ ᠬᠠᠷᠢᠭᠤᠴᠠᠯᠭ᠎ᠠ ᠪᠠᠨ ᠬᠥᠢᠴᠡᠳᠬᠡᠨ ᠠᠷᠠᠤᠨ ᠤᠨ ᠠᠮᠢᠲᠤᠷᠠᠯ ᠢ  ᠬᠠᠮᠠᠭᠠᠯᠠᠵᠤ᠂ ᠠᠷᠠᠤᠨ ᠤᠯᠠᠨ ᠤ ᠰᠢᠨ᠎ᠡ ᠬᠥᠰᠡᠯ ᠰᠠᠨᠠᠭ᠎ᠠ ᠶᠢ ᠲᠠᠰᠤᠷᠠᠯᠲᠠ ᠦᠭᠡᠢ ᠬᠠᠨᠭ᠍ᠭᠠᠨ᠎ᠠ᠃ ᠤᠯᠤᠰ ᠲᠥᠷᠤ ᠶᠢᠨ ᠵᠤᠭᠰᠤᠯᠲᠠ ᠪᠠᠨ ᠲᠡᠬᠡᠭᠰᠢᠯᠡᠬᠦᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠠᠵᠢᠯ ᠤᠨ ᠲᠤᠭᠤᠷᠢᠨ ᠳᠤ ᠠᠷᠠᠤᠨ ᠤᠯᠠᠨ ᠤ ᠰᠠᠶᠢᠨ ᠰᠠᠶᠢᠬᠠᠨ ᠠᠮᠢᠲᠤᠷᠠᠯ ᠤᠨ ᠬᠥᠰᠡᠯ ᠡᠷᠡᠮᠡᠯᠵᠡᠯ ᠢᠶᠠᠷ ᠪᠠᠶᠢᠴᠠᠭᠠᠬᠤ ᠠᠵᠢᠯ ᠤᠨ ᠲᠡᠮᠡᠴᠡᠬᠦ ᠬᠠᠷᠠᠯᠲᠠ ᠪᠤᠯᠭᠠᠬᠤ ᠶᠢ ᠪᠠᠷᠢᠮᠲᠠᠯᠠᠨ᠂ ᠡᠩᠬᠡ ᠲᠥᠪᠰᠢᠨ ᠡᠮᠤᠨᠡᠲᠤ ᠬᠤᠰᠢᠭᠤᠨ ᠤ ᠪᠥᠲᠤᠬᠡᠨ ᠪᠠᠶᠢᠭᠤᠯᠤᠯᠲᠠ ᠶᠢ ᠠᠬᠢᠭᠤᠯᠵᠤ᠂ ᠨᠡᠩ ᠴᠢᠩᠭ᠎ᠠ ᠨᠡᠩ ᠲᠥᠷᠬᠡᠨ ᠢᠶᠠᠷ ᠡᠯ᠎ᠡ ᠵᠤᠶᠢᠯ ᠤᠨ ᠡᠷᠡᠬᠦᠤ ᠶᠢᠨ ᠶᠠᠯᠠᠲᠤ ᠬᠡᠷᠡᠭ ᠲᠤ ᠴᠤᠬᠢᠯᠲᠠ  ᠥᠭᠬᠦᠨ᠎ᠡ᠃ ᠠᠷᠠᠤᠨ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠤᠨ ᠤᠨ ᠠᠮᠢᠲᠤᠷᠠᠯ ᠤᠨ ᠬᠥᠷᠢᠶ᠎ᠡ ᠲᠠᠢ ᠬᠤᠯᠪᠤᠭᠲᠠᠭᠰᠠᠨ ᠶᠠᠯᠠᠲᠤ ᠬᠡᠷᠡᠭ ᠢ ᠴᠢᠩᠭ᠎ᠠ ᠵᠠᠯᠬᠠᠭᠠᠨ᠂ ᠠᠷᠠᠤᠨ ᠤᠯᠠᠨ ᠤ ᠬᠠᠤᠯᠢ ᠴᠠᠭᠠᠵᠨ ᠶᠢᠨ ᠲᠥᠪ ᠭᠤᠤᠯᠴᠢ ᠶᠢᠨ ᠰᠢᠨ᠎ᠡ ᠬᠥᠰᠡᠯ ᠰᠠᠨᠠᠭ᠎ᠠ ᠶᠢ ᠥᠨᠡᠩᠬᠦ ᠬᠠᠨᠭ᠍ᠭᠠᠨ᠎ᠠ᠃ ᠪᠤᠷᠤᠩᠬᠤᠢ ᠶᠢ ᠱᠥᠬᠦᠷᠲᠡᠨ ᠬᠠᠷᠬᠢᠰ ᠢ ᠠᠷᠢᠯᠭᠠᠬᠤ ᠲᠤᠰᠬᠠᠢ ᠲᠡᠮᠡᠴᠡᠯ ᠢ ᠬᠥᠴᠤᠲᠠᠢ ᠶᠠᠪᠤᠭᠲᠠᠭᠤᠯᠵᠤ᠂ ᠤᠷᠢᠳᠴᠢᠯᠠᠨ ᠤᠷᠤᠯᠴᠠᠵᠤ ᠲᠠᠩᠨᠠᠨ ᠪᠠᠶᠢᠴᠠᠭᠠᠯᠲᠠ  ᠶᠢ ᠵᠢᠯᠤᠭᠤᠳᠬᠤ ᠪᠠᠨ ᠴᠢᠩᠭᠠᠳᠬᠠᠵᠤ᠂ ︽ᠪᠠᠷᠢᠪᠴᠢᠯᠠᠬᠤ ᠵᠠᠷᠭᠤᠯᠲᠤᠬᠤ ᠶᠢ ᠨᠢᠬᠡ ᠴᠤᠭᠴᠠᠵᠢᠯᠠᠬᠤ︾ ᠬᠡᠷᠡᠭ ᠡᠷᠬᠢᠯᠡᠬᠦ ᠲᠤᠭᠲᠠᠴᠠ ᠶᠢ ᠬᠡᠷᠡᠭᠵᠢᠬᠦᠯᠤᠨ᠂ ᠲᠤᠲᠤᠭᠠᠲᠤ ᠶᠢ ᠬᠠᠮᠠᠭᠠᠯᠠᠬᠤ᠂ ᠰᠢᠬᠦᠬᠦ ᠬᠤᠷᠢᠶ᠎ᠠ᠂ ᠪᠠᠶᠢᠴᠠᠭᠠᠬᠤ ᠵᠥᠪᠯᠡᠯ ᠵᠡᠷᠬᠡ ᠬᠠᠮᠢᠶ᠎ᠠ ᠪᠥᠬᠦᠢ ᠰᠠᠯᠠᠭ᠎ᠠ ᠮᠥᠴᠢᠷ ᠯᠤᠭ᠎ᠠ ᠶᠢᠨ ᠨᠡᠪᠲᠡᠷᠡᠯᠴᠡᠨ ᠬᠠᠮᠵᠢᠯᠴᠠᠬᠤ ᠲᠤᠭᠲᠠᠴᠠ ᠶᠢ ᠬᠡᠷᠡᠭᠵᠢᠬᠦᠯᠵᠤ᠂ ᠥᠨᠡᠩᠬᠦ ᠰᠥᠷ ᠬᠥᠴᠤᠨ ᠪᠡ ᠥᠷ᠎ᠡ ᠨᠥᠯᠤᠬᠡ ᠭᠠᠷᠭᠠᠨ᠎ᠠ᠃    ︵ᠲᠥᠷᠪᠡ︶ ᠭᠤᠤᠯ ᠠᠵᠢᠯ ᠳᠤ ᠠᠩᠬᠠᠷᠤᠯ   ᠢᠶᠠᠨ ᠲᠥᠪᠯᠡᠷᠡᠬᠦᠯᠤᠨ ᠬᠢᠨᠠᠯᠲᠠ ᠪᠠᠨ ᠴᠢᠩᠭᠠᠳᠬᠠᠨ᠂ ᠨᠡᠶᠢᠬᠡᠮ  ᠤᠨ ᠲᠥᠪ ᠭᠤᠤᠯᠴᠢ ᠶᠢ ᠥᠨᠡᠩᠬᠦ ᠬᠠᠮᠠᠭᠠᠯᠠᠨ᠎ᠠ᠃ ᠪᠠᠶᠢᠴᠠᠭᠠᠬᠤ ᠡᠬᠦᠷᠬᠡ ᠴᠢᠲᠠᠪᠤᠷᠢ ᠳᠤ ᠯᠤᠲᠤ ᠶᠡᠭᠡ ᠲᠤᠬᠢᠷᠠᠭᠤᠯᠤᠯᠲᠠ ᠬᠢᠭᠰᠡᠨ ᠤ ᠲᠠᠷᠠᠭᠠᠬᠢ ᠰᠢᠨ᠎ᠡ ᠡᠬᠦᠷᠬᠡ ᠰᠢᠨ᠎ᠡ ᠱᠠᠭᠠᠷᠲᠠᠯᠭ᠎ᠠ ᠳᠤ ᠬᠥᠲᠡᠯᠤᠩᠬᠦᠢ ᠪᠠᠷ  ᠲᠤᠬᠢᠷᠠᠯᠴᠠᠵᠤ᠂ ᠥᠡᠲᠤᠰᠤᠨ ᠬᠠᠤᠯᠢ ᠶᠢᠨ ᠪᠠᠶᠢᠷᠢ ᠶᠢ ᠪᠠᠲᠤ ᠡᠵᠡᠮᠰᠢᠨ᠂ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠶᠤᠰᠤᠭᠠᠷ ᠤᠯᠤᠰ ᠢᠶᠠᠨ ᠵᠠᠰᠠᠬᠤ ᠶᠠᠪᠤᠴᠠ ᠲᠤᠮᠲᠠᠬᠢ ᠤᠷᠤᠯᠠᠵᠤ ᠪᠤᠯᠤᠰᠢ ᠦᠭᠡᠢ ᠡᠬᠦᠷᠬᠡ ᠴᠢᠲᠠᠪᠬᠢ ᠶᠢᠨ ᠤᠶᠢᠯᠡᠲᠤᠯ ᠢ ᠬᠥᠢᠴᠡᠤᠨ ᠪᠠᠲᠠᠷᠠᠭᠤᠯᠵᠤ᠂ ᠡᠷᠡᠬᠦᠤ ᠶᠢᠨ ᠬᠡᠷᠡᠭ ᠤᠨ ᠡᠰᠡᠷᠬᠦᠴᠡᠨ ᠵᠠᠭᠠᠯᠲᠤᠬᠤ᠂ ᠡᠳ᠋ ᠬᠥᠷᠤᠩᠬᠡ  ᠶᠢᠨ  ᠡᠷᠡᠬᠦᠤ ᠶᠢ ᠬᠥᠢᠴᠡᠳᠬᠡᠬᠦ ᠪᠠᠶᠢᠴᠠᠭᠠᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠳᠤ ᠬᠢᠨᠠᠯᠲᠠ ᠲᠠᠯᠪᠢᠬᠤ᠂ ᠨᠡᠶᠢᠲᠡ ᠶᠢᠨ ᠠᠰᠢᠭᠲᠤ ᠵᠠᠷᠭᠤ ᠵᠡᠷᠬᠡ ᠲᠠᠯ᠎ᠠ ᠳᠤ ᠬᠥᠴᠢᠷ ᠰᠡᠲᠤᠪ ᠢ ᠰᠢᠢᠳᠪᠤᠷᠢᠯᠡᠨ᠂ ᠠᠷᠭ᠎ᠠ ᠵᠠᠮ ᠢ ᠰᠢᠯᠤᠭᠤᠳᠬᠠᠨ᠂ ᠲᠤᠲᠠᠮᠠᠭ ᠢ ᠨᠥᠬᠦᠪᠤᠷᠢᠯᠡᠵᠤ᠂ ᠬᠠᠤᠯᠢ ᠴᠠᠭᠠᠵᠨ ᠶᠢᠨ ᠬᠢᠨᠠᠯᠲᠠ ᠶᠢᠨ ᠡᠯ᠎ᠡ ᠵᠤᠶᠢᠯ ᠤᠨ ᠲᠤᠭᠲᠠᠴᠠ ᠶᠢ ᠴᠢᠷᠮᠠᠶᠢᠨ  ᠲᠡᠬᠦᠯᠲᠡᠷᠵᠢᠬᠦᠯᠵᠤ᠂ ᠴᠢᠩᠭ᠎ᠠ ᠪᠠᠷ ᠬᠠᠤᠯᠢ ᠬᠡᠷᠡᠭᠵᠢᠬᠦᠯᠬᠦ᠂ ᠲᠥᠪ ᠭᠤᠤᠯᠴᠢ ᠪᠠᠷ ᠬᠠᠤᠯᠢ ᠶᠠᠪᠤᠭᠤᠯᠬᠤ ᠶᠢ ᠠᠬᠢᠭᠤᠯᠤᠨ᠂ ᠤᠯᠠᠨ ᠲᠥᠮᠡᠨ ᠢ ᠬᠠᠤᠯᠢ ᠴᠠᠭᠠᠵᠨ ᠶᠢᠨ ᠬᠡᠷᠡᠭ ᠤᠨ ᠲᠤᠮᠲᠠ ᠠᠴᠠ ᠴᠥᠮ ᠡᠷᠬᠡ ᠲᠡᠭᠰᠢ ᠲᠥᠪ ᠭᠤᠤᠯᠴᠢ ᠶᠢ ᠮᠡᠲᠡᠷᠡᠬᠦᠯᠤᠨ᠎ᠡ᠃     ︵ᠲᠠᠪᠤ︶ ᠴᠥᠬᠦᠷᠡᠯ ᠦᠭᠡᠢ ᠪᠠᠷ ᠥᠬᠡᠷᠡᠴᠢᠯᠡᠯᠲᠡ ᠶᠢ ᠠᠳᠬᠤᠵᠤ᠂ ᠬᠠᠤᠯᠢ ᠴᠠᠭᠠᠵᠨ ᠪᠠᠷ ᠬᠡᠷᠡᠭ ᠡᠷᠬᠢᠯᠡᠬᠦ ᠶᠠᠰᠤ ᠴᠢᠨᠠᠷ ᠥᠷ᠎ᠡ ᠠᠰᠢᠭ ᠢ ᠴᠢᠷᠮᠠᠶᠢᠨ ᠲᠡᠬᠡᠭᠰᠢᠯᠡᠬᠦᠯᠤᠨ᠎ᠡ᠃ ᠨᠠᠮ ᠤᠨ ᠲᠥᠪ ᠬᠤᠷᠢᠶ᠎ᠠ ᠶᠢᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠬᠡᠷᠡᠴᠢᠯᠡᠯᠲᠡ ᠶᠢᠨ ᠲᠤᠬᠠᠢ ᠱᠠᠭᠠᠷᠲᠠᠯᠭ᠎ᠠ ᠶᠢ ᠡᠷᠡᠰ ᠲᠤᠤᠱᠯᠠᠭᠤᠯᠤᠨ᠂ ᠪᠠᠶᠢᠴᠠᠭᠠᠬᠤ ᠪᠠᠶᠢᠭᠤᠯᠭ᠎ᠠ ᠪᠤᠯᠤᠨ ᠬᠢᠨᠠᠨ ᠪᠠᠶᠢᠴᠠᠭᠠᠬᠤ ᠵᠥᠪᠯᠡᠯ ᠯᠦᠭᠡ ᠶᠢᠨ ᠪᠥᠲᠤᠮᠵᠢᠲᠠᠢ ᠵᠤᠯᠭᠠᠯᠲᠠ ᠶᠢ ᠰᠠᠶᠢᠲᠤᠷ ᠬᠢᠨ᠎ᠡ᠃ ᠬᠠᠤᠯᠢ ᠴᠠᠭᠠᠵᠨ ᠶᠢᠨ ᠬᠠᠷᠢᠭᠤᠴᠠᠯᠭ᠎ᠠ ᠶᠢᠨ ᠲᠥᠷᠢᠮ ᠢᠶᠠᠷ ᠭᠤᠤᠯ ᠪᠤᠯᠭᠠᠭᠰᠠᠨ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠥᠬᠡᠷᠡᠴᠢᠯᠡᠯᠲᠡ ᠶᠢ ᠬᠥᠡᠵᠡᠬᠡᠶᠢᠷᠡᠬᠦᠯᠵᠤ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ  ᠠᠰᠢᠭᠲᠤ ᠵᠠᠷᠭᠤᠯᠲᠤᠭ᠎ᠠ ᠶᠢᠨ ᠲᠥᠷᠢᠮ᠂ ᠡᠷᠡᠬᠦᠤ ᠶᠢᠨ ᠬᠡᠷᠡᠭ ᠤᠨ ᠶᠠᠯ᠎ᠠ ᠪᠠᠨ ᠮᠡᠲᠡᠷᠡᠬᠦ ᠲᠤᠷᠭᠤᠭᠠᠬᠤ ᠶᠢ ᠮᠡᠲᠡᠷᠡᠪᠡᠯ ᠠᠭᠤᠴᠢᠯᠠᠬᠤ ᠲᠥᠷᠢᠮ ᠵᠡᠷᠬᠡ ᠡᠯ᠎ᠡ ᠵᠤᠶᠢᠯ ᠤᠨ ᠥᠬᠡᠷᠡᠴᠢᠯᠡᠯᠲᠡ ᠶᠢᠨ ᠠᠵᠢᠯ ᠤᠨ ᠡᠬᠦᠷᠬᠡ ᠶᠢ ᠲᠤᠪᠤᠶᠢᠮ᠎ᠠ ᠰᠠᠶᠢᠲᠤᠷ ᠠᠳᠬᠤᠨ᠂ ᠲᠥᠷᠢᠮ ᠢ ᠲᠡᠬᠦᠯᠲᠡᠷᠵᠢᠬᠦᠯᠵᠤ᠂ ᠪᠤᠲᠠᠲᠤ ᠥᠷ᠎ᠡ ᠠᠰᠢᠭ ᠢ ᠨᠡᠮᠡᠭᠲᠡᠬᠦᠯᠬᠦ ᠲᠡᠬᠡᠷ᠎ᠡ ᠬᠥᠴᠤ ᠲᠠᠯᠪᠢᠨ᠂ ᠥᠬᠡᠷᠡᠴᠢᠯᠡᠯᠲᠡ ᠪᠠᠷ ᠪᠠᠶᠢᠴᠠᠭᠠᠬᠤ ᠠᠵᠢᠯ ᠤᠨ ᠬᠥᠡᠵᠡᠬᠡᠢ ᠡᠷᠡᠬᠦᠯ ᠬᠥᠭᠵᠢᠯᠲᠠ ᠶᠢ ᠠᠬᠢᠭᠤᠯᠤᠨ᠎ᠠ᠃     ︵ᠵᠢᠷᠭᠤᠭ᠎ᠠ︶ ᠪᠠᠶᠢᠴᠠᠭᠠᠬᠤ ᠶᠢ ᠴᠢᠩᠭ᠎ᠠ ᠪᠠᠷ ᠵᠠᠰᠠᠬᠤ ᠪᠠᠨ ᠥᠯᠥ ᠵᠤᠭᠰᠤᠨ᠂ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠲᠡᠮᠤᠷ ᠢ ᠲᠠᠪᠲᠠᠬᠤ ᠳᠤ ᠥᠪᠡᠷ ᠤᠨ ᠪᠡᠶ᠎ᠡ ᠨᠢ ᠬᠠᠲᠠᠭᠤ ᠪᠠᠶᠢᠬᠤ ᠶᠢ ᠪᠠᠲᠤ ᠴᠡᠬᠡᠵᠢᠯᠡᠨ᠂ ᠥᠨᠡᠡᠴᠢ ᠰᠢᠲᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ ᠰᠢᠨ᠎ᠡ ᠴᠠᠭ ᠥᠶ᠎ᠡ  ᠶᠢᠨ ᠪᠠᠶᠢᠴᠠᠭᠠᠬᠤ ᠡᠩᠨᠡᠭᠡ ᠶᠢ ᠲᠠᠰᠤᠷᠠᠯᠲᠠ ᠦᠭᠡᠢ ᠪᠠᠶᠢᠭᠤᠯᠤᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ ᠥᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠥᠴᠤᠲᠠᠢ ᠠᠳᠬᠤᠨ᠂ ᠬᠢᠨᠠᠯᠲᠠ ᠬᠢᠵᠠᠭᠠᠷᠯᠠᠯ ᠢ ᠴᠢᠩᠭᠠᠯᠠᠵᠤ᠂ ᠡᠩᠨᠡᠭᠡ ᠶᠢᠨ ᠰᠤᠷᠲᠠᠯ ᠴᠢᠬᠡᠴᠢ ᠤᠪᠤᠷ ᠲᠡᠭᠰᠢ ᠪᠠᠶᠢᠬᠤ ᠶᠢ ᠪᠠᠲᠤᠯᠠᠨ᠎ᠠ᠃ ᠲᠤᠰᠬᠠᠶᠢᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ᠬᠥᠮᠤᠵᠢᠯ ᠪᠤᠯᠪᠠᠰᠤᠷᠠᠯ ᠤᠨ ᠬᠡᠯᠪᠡᠷᠢ ᠳᠤ ᠰᠢᠨᠡᠴᠢᠯᠡᠨ᠂ ᠡᠬᠦᠷᠬᠡ ᠲᠤᠰᠢᠶᠠᠯ ᠢᠶᠠᠨ ᠬᠥᠢᠴᠡᠳᠬᠡᠬᠦ ᠴᠢᠲᠠᠪᠤᠷᠢ ᠶᠢ ᠪᠥᠬᠦ ᠲᠠᠯ᠎ᠠ ᠪᠠᠷ ᠲᠡᠬᠡᠭᠰᠢᠯᠡᠬᠦᠯᠤᠨ᠎ᠡ᠃ ᠢᠯᠨ ᠲᠤᠩᠭᠠᠯᠠᠭ ᠪᠠᠶᠢᠴᠠᠭᠠᠬᠤ ᠶᠢ ᠪᠠᠷᠢᠮᠲᠠᠯᠠᠨ᠂ ᠨᠡᠩ ᠤᠬᠠᠮᠰᠠᠷ ᠠᠴᠠ ᠪᠠᠨ ᠠᠷᠠᠤᠨ ᠤᠨ ᠶᠡᠭᠡ ᠬᠤᠷᠠᠯ ᠵᠢᠴᠢ ᠨᠡᠶᠢᠬᠡᠮ ᠤᠨ ᠡᠯ᠎ᠡ ᠡᠲᠡᠬᠡᠤᠨ ᠤᠨ ᠬᠢᠨᠠᠯᠲᠠ ᠶᠢ ᠬᠥᠯᠢᠶᠡᠨ᠂ ᠢᠯᠨ ᠲᠤᠲᠤᠷᠬᠠᠢ ᠪᠠᠷ ᠢᠲᠡᠬᠡᠯ ᠢ ᠠᠬᠢᠭᠤᠯᠤᠨ᠂ ᠡᠷᠬᠡ ᠲᠡᠭᠰᠢ ᠪᠠᠷ ᠬᠠᠨᠤᠮᠵᠢ ᠶᠢ ᠤᠯᠤᠨ᠎ᠠ᠃      ᠲᠥᠯᠤᠬᠡᠯᠡᠭᠴᠢᠤᠨ ᠡ᠂ ᠰᠢᠨ᠎ᠡ ᠥᠵᠡᠯ ᠰᠠᠨᠠᠭ᠎ᠠ ᠰᠢᠨ᠎ᠡ ᠬᠠᠷᠠᠯᠲᠠ ᠶᠢ ᠵᠢᠯᠤᠭᠤᠲᠤᠨ᠂ ᠰᠢᠨ᠎ᠡ ᠴᠠᠭ ᠥᠶ᠎ᠡ ᠰᠢᠨ᠎ᠡ ᠠᠵᠢᠯᠯᠠᠭ᠎ᠠ ᠶᠢ ᠱᠠᠭᠠᠷᠲᠠᠨ᠎ᠠ᠃ ᠪᠢᠲᠠ ᠵᠠᠪᠠᠯ ᠬᠤᠰᠢᠭᠤᠨ ᠤ ᠨᠠᠮ ᠤᠨ ᠬᠤᠷᠢᠶ᠎ᠠ ᠪᠤᠯᠤᠨ ᠲᠡᠬᠡᠷ᠎ᠡ ᠱᠠᠲᠤᠨ ᠤ ᠪᠠᠶᠢᠴᠠᠭᠠᠬᠤ ᠬᠤᠷᠢᠶ᠎ᠠ ᠶᠢᠨ ᠵᠥᠪ ᠤᠨᠤᠪᠴᠢᠲᠠᠢ ᠤᠲᠤᠷᠢᠲᠤᠯᠭ᠎ᠠ ᠲᠤᠤᠷ᠎ᠠ᠂ ᠰᠢ ᠶᠢᠨ ᠫᠢᠡᠭ ᠤᠨ ᠰᠢᠨ᠎ᠡ ᠴᠠᠭ ᠥᠶ᠎ᠡ ᠶᠢᠨ ᠲᠤᠮᠲᠠᠲᠤ ᠶᠢᠨ ᠤᠡᠴᠠᠯᠢᠭ ᠪᠥᠬᠦᠢ ᠨᠡᠶᠢᠬᠡᠮ ᠵᠢᠷᠤᠮ ᠤᠨ ᠥᠵᠡᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠡᠪᠰᠡᠭᠯᠡᠵᠤ᠂ ᠲᠤᠰ ᠤᠲᠠᠭᠠᠨ ᠤ ᠠᠷᠠᠤᠨ ᠤᠨ ᠲᠥᠯᠤᠬᠡᠯᠡᠭᠴᠢᠤᠨ ᠤᠨ ᠶᠡᠭᠡ ᠬᠤᠷᠠᠯ ᠤᠨ ᠰᠢᠢᠳᠪᠤᠷᠢ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠤᠭ ᠰᠠᠨᠠᠭ᠎ᠠ ᠪᠠᠨ ᠥᠯᠥ ᠤᠮᠠᠷᠲᠠᠨ᠂ ᠡᠬᠦᠷᠬᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠨ᠂ ᠥᠨᠡᠡᠴᠢ ᠰᠢᠲᠤᠷᠭᠤ ᠪᠠᠷ ᠡᠬᠦᠷᠬᠡ ᠬᠠᠷᠢᠭᠤᠴᠠᠯᠭ᠎ᠠ ᠪᠠᠨ ᠬᠥᠢᠴᠡᠳᠬᠡᠨ᠂ ᠵᠤᠷᠢᠭᠲᠠᠢ ᠠᠵᠢᠯᠯᠠᠨ᠂ ᠡᠮᠤᠨᠡᠲᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠠ ᠶᠢ ᠪᠠᠲᠤᠯᠠᠨ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠪᠠᠨ ᠥᠵᠡᠬᠦᠯᠰᠤᠬᠡᠢ︕
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号