—— 2019 ᠤᠨ ᠤ 3 ᠰᠠᠷ᠎ᠠ ᠶᠢᠨ 8 ᠤ ᠡᠳᠦᠷ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠪᠠᠨ ᠳᠤᠯᠦᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠠ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ | ᠰᠢᠬᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠵᠸᠤ ᠱᠤᠤ ᠺᠠᠢ | ᠲᠦᠯᠦᠭᠡᠯᠡᠭᠴᠢᠳ ᠡ᠄ | ᠤᠳᠤ ᠪᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢ | ᠳᠦᠯᠦᠭᠡᠯᠡᠵᠤ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠠᠤ᠂ ᠮᠥᠨ ᠤᠯᠤᠰ | ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠡᠪᠰᠢᠭᠦᠯᠬᠦ ᠶᠢ | ᠬᠦᠰᠡᠵᠦ ᠪᠠᠶᠢᠨ᠎ᠠ᠃ | 2018 ᠤᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ᠂ ᠵᠠᠰᠠᠭ ᠤᠨ ᠤᠷᠳᠤᠨ ᠤ ᠳᠡᠮᠵᠢᠯᠭᠡ᠂ ᠤᠯᠤᠰ ᠲᠦᠷᠦ ᠶᠢᠨ ᠵᠦᠪᠯᠡᠯᠭᠡᠨ ᠪᠤᠯᠤᠨ | ᠨᠡᠶᠢᠭᠡᠮ ᠤᠨ ᠡᠯ᠎ᠡ ᠡᠳᠡᠭᠡᠳ ᠤᠨ ᠬᠠᠯᠠᠮᠵᠢᠯᠠᠯ ᠵᠢᠴᠢ ᠳᠡᠭᠡᠲᠦ ᠱᠠᠲᠤᠨ ᠤ ᠰᠢᠬᠦᠬᠦ ᠬᠤᠷᠢᠶᠠᠨ ᠤ ᠵᠢᠭᠠᠨ | ᠵᠢᠯᠤᠭᠤᠳᠤᠯᠭ᠎ᠠ ᠳᠤᠤᠷ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠲᠦᠰᠦᠯ ᠪᠤᠯᠤᠨ ᠬᠤᠰᠢᠭᠤᠨ ᠤ | ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠲᠠᠢ ᠨᠢᠭᠲᠠ ᠤᠶᠠᠯᠳᠤᠭᠤᠯᠤᠨ᠂ ᠤᠬᠠᠮᠰᠠᠷ ᠠᠴᠠ ᠪᠠᠨ ᠤᠷᠤᠨ | ᠨᠤᠲᠤᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠪᠠᠶᠢᠳᠠᠯ ᠳᠤ ᠦᠢᠯᠡᠴᠢᠯᠡᠵᠤ᠂《 ᠠᠷᠠᠳ | ᠲᠦᠮᠡᠨ ᠢ ᠬᠠᠥᠯᠢ ᠴᠠᠭᠠᠵᠠ ᠶᠢᠨ ᠬᠡᠷᠡᠭ ᠵᠠᠷᠭᠤ ᠶᠢᠨ ᠳᠤᠮᠳᠠ ᠲᠦᠪ ᠭᠤᠤᠯᠴᠢ ᠰᠢᠳᠤᠷᠭᠤ ᠶᠤᠰᠤ ᠶᠢ | ᠬᠦᠷᠲᠡᠬᠡᠭᠦ》ᠬᠠᠷᠠᠯᠲᠠ ᠲᠠᠢ ᠨᠢᠭᠲᠠ ᠤᠶᠠᠯᠳᠤᠭᠤᠯᠤᠨ᠂ ᠰᠢᠬᠦᠨ ᠲᠠᠰᠤᠯᠬᠤ ᠴᠢᠳᠠᠮᠵᠢ ᠶᠢ ᠰᠠᠶᠢᠲᠤᠷ | ᠪᠠᠳᠠᠷᠠᠭᠤᠯᠤᠨ᠂ ᠠᠵᠢᠯ ᠤᠨ ᠠᠷᠭ᠎ᠠ ᠠᠪᠴᠢᠯ ᠢᠶᠠᠨ ᠲᠠᠰᠤᠷᠤᠯᠲᠠ ᠦᠭᠡᠢ ᠰᠢᠯᠢᠳᠡᠭᠵᠢᠭᠦᠯᠵᠤ᠂ ᠭᠠᠵᠠᠷ ᠤᠷᠤᠨ ᠤ | ᠠᠵᠤ ᠠᠬᠤᠢ ᠶᠢᠨ ᠬᠦᠭᠵᠢᠯᠲᠡ ᠪᠤᠯᠤᠨ ᠨᠡᠶᠢᠭᠡᠮ ᠤᠨ ᠡᠶ᠎ᠡ ᠵᠤᠬᠢᠴᠠᠩᠭᠤᠢ ᠠᠮᠤᠷ ᠲᠤᠭᠲᠠᠭᠤᠨ ᠦᠢᠯᠡᠰ ᠤᠨ | ᠲᠦᠯᠦᠭᠡ ᠪᠠᠶᠢᠪᠠᠰᠤ ᠵᠤᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠡᠢ᠃ | ᠤᠯᠤᠰ ᠲᠦᠷᠦ ᠶᠢᠨ ᠵᠤᠭᠰᠤᠯᠲᠠ ᠪᠠᠨ ᠳᠡᠭᠡᠭᠰᠢᠯᠡᠭᠦᠯᠵᠡᠢ᠃ ᠨᠠᠮ ᠤᠨ ᠠᠷᠠᠳ ᠤᠨ ᠰᠢᠬᠦᠬᠦ ᠬᠤᠷᠢᠶ᠎ᠠ ᠶᠢᠨ | ᠠᠵᠢᠯ ᠤᠨ ᠳᠠᠯ᠎ᠠ ᠪᠠᠷ ᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠡᠭᠦᠷᠢᠲᠡ ᠪᠠᠷᠢᠮᠲᠠᠯᠠᠵᠤ᠂ ᠤᠬᠠᠮᠰᠠᠷ ᠠᠴᠠ ᠪᠠᠨ | ᠰᠢᠬᠦᠬᠦ ᠬᠤᠷᠢᠶᠠᠨ ᠤ ᠠᠵᠢᠯ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠪᠠᠶᠢᠳᠠᠯ ᠳᠤ ᠰᠠᠭᠤᠷᠢᠯᠠᠭᠤᠯᠵᠤ | ᠂ ᠠᠷᠭ᠎ᠠ ᠰᠦᠪᠡᠭᠴᠢᠯᠡᠨ ᠤᠷᠤᠭᠰᠢᠯᠠᠭᠤᠯᠵᠠᠢ᠃ ᠲᠤᠭᠳᠠᠭᠰᠠᠨ ᠬᠤᠭᠤᠴᠠᠭ᠎ᠠ ᠲᠠᠢ ᠪᠠᠷ ᠬᠤᠰᠢᠭᠤᠨ ᠤ ᠨᠠᠮ ᠤᠨ | ᠬᠤᠷᠢᠶᠠᠨ ᠳᠤ ᠠᠵᠢᠯ ᠢᠶᠠᠨ ᠮᠡᠳᠡᠭᠦᠯᠬᠦ ᠳᠦᠷᠢᠮ ᠢ ᠪᠠᠷᠢᠮᠲᠠᠯᠠᠵᠤ᠂ ᠶᠡᠭᠡ ᠠᠵᠢᠯᠯᠠᠭ᠎ᠠ ᠶᠢ ᠲᠠᠭᠠᠨ᠂ ᠶᠡᠭᠡ ᠬᠡᠷᠡᠭ | ᠵᠠᠷᠭᠤ ᠢ ᠰᠢᠢᠳᠪᠦᠷᠢᠯᠡᠵᠡᠢ᠃ | ᠬᠠᠤᠯᠢ ᠶᠤᠰᠤᠭᠠᠷ ᠪᠠᠲᠤᠯᠠᠬᠤ ᠤᠬᠠᠮᠰᠠᠷ ᠢᠶᠠᠨ ᠳᠡᠭᠡᠭᠰᠢᠯᠡᠭᠦᠯᠵᠡᠢ᠃ ᠬᠠᠥᠯᠢ ᠪᠠᠷ ᠵᠠᠰᠠᠬᠤ ᠰᠡᠳᠬᠢᠬᠦᠢ᠂ | ᠬᠠᠥᠯᠢ ᠪᠠᠷ ᠵᠠᠰᠠᠬᠤ ᠠᠷᠭ᠎ᠠ ᠶᠢ ᠬᠡᠷᠡᠭᠯᠡᠬᠦ ᠶᠢ ᠪᠠᠷᠢᠮᠲᠠᠯᠠᠨ᠂ ᠬᠦᠭᠵᠢᠯᠲᠡ ᠶᠢᠨ ᠪᠠᠶᠢᠳᠠᠯ ᠳᠤ ᠦᠢᠯᠡᠴᠢᠯᠡᠬᠦ ᠳᠦᠷᠢᠮ | ᠠᠷᠭ᠎ᠠ ᠬᠡᠮᠵᠢᠶ᠎ᠡ ᠪᠠᠨ ᠳᠡᠭᠦᠯᠳᠡᠷᠵᠢᠭᠦᠯᠵᠤ᠂ ᠦᠢᠯᠡᠴᠢᠯᠡᠯᠭᠡᠨ ᠤ ᠪᠠᠲᠤᠯᠭ᠎ᠠ ᠶᠢᠨ ᠴᠢᠳᠠᠮᠵᠢ ᠪᠤᠯᠤᠨ ᠬᠢᠷᠢ ᠲᠦᠪᠰᠢᠨ | ᠢᠶᠠᠨ ᠳᠠᠰᠤᠷᠤᠯᠲᠠ ᠦᠭᠡᠢ ᠳᠡᠭᠡᠭᠰᠢᠯᠡᠭᠦᠯᠵᠡᠢ᠃ | ᠵᠢᠭᠤᠷᠠᠯᠳᠤᠭᠠᠨ ᠢ ᠰᠢᠢᠳᠪᠦᠷᠢᠯᠡᠬᠦ ᠬᠠᠮᠵᠢᠯᠴᠠᠨ ᠬᠦᠳᠡᠯᠦᠯᠴᠡᠬᠦ ᠲᠤᠭᠲᠠᠴᠠ ᠶᠢ ᠪᠠᠶᠢᠭᠤᠯᠬᠤ ᠪᠠᠷ ᠳᠠᠮᠵᠢᠨ᠂ | ᠬᠦᠨᠳᠦ ᠶᠡᠭᠡ ᠬᠡᠷᠡᠭ ᠢ ᠮᠡᠳᠡᠭᠦᠯᠬᠦ᠂ ᠠᠳᠠᠯᠢ ᠲᠦᠷᠦᠯ ᠤᠨ ᠬᠡᠷᠡᠭ ᠢ ᠨᠢᠭᠡᠲᠦᠯᠲᠡᠢ ᠲᠤᠬᠢᠷᠠᠭᠤᠯᠬᠤ᠂ ᠰᠢᠬᠦᠬᠦ ᠦᠷ᠎ᠠ | ᠪᠦᠲᠦᠮᠵᠢ ᠶᠢ ᠤᠷᠢᠳᠴᠢᠯᠠᠨ ᠬᠢᠨᠠᠯᠲᠠ ᠬᠢᠬᠦ᠂ ᠰᠢᠬᠦᠬᠦ ᠶᠢ ᠬᠢᠨᠠᠨ ᠵᠢᠯᠤᠭᠤᠳᠬᠤ᠂ ᠱᠠᠲᠦ ᠳᠡᠰ ᠢᠶᠠᠷ | ᠳᠠᠷᠠᠭᠠᠯᠠᠭᠤᠯᠤᠨ ᠡᠶᠡᠳᠡᠬᠦᠯᠬᠦ᠂ ᠬᠦᠨᠳᠦ ᠶᠡᠭᠡ ᠵᠠᠷᠭᠤ ᠳᠤ ᠬᠤᠯᠪᠤᠭᠳᠠᠭᠰᠠᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠵᠡᠷᠭᠡ ᠰᠢᠬᠦᠬᠦ ᠠᠵᠢᠯ ᠤᠨ ᠲᠤᠭᠲᠠᠴᠠ ᠪᠠᠷ ᠳᠠᠮᠵᠢᠨ᠂ ᠬᠡᠷᠡᠭ ᠡᠷᠬᠢᠯᠡᠬᠦ ᠤᠯᠤᠰ ᠲᠦᠷᠦ ᠶᠢᠨ | ᠦᠷ᠎ᠠ ᠠᠰᠢᠭ᠂ ᠬᠠᠥᠯᠢ ᠴᠠᠭᠠᠵᠠ ᠶᠢᠨ ᠦᠷ᠎ᠠ ᠠᠰᠢᠭ᠂ ᠨᠠᠶᠢᠭᠡᠮ ᠤᠨ ᠦᠷ᠎ᠠ ᠠᠰᠢᠭ ᠤᠨ ᠨᠢᠭᠡᠲᠦᠯ ᠢ | ᠪᠡᠶᠡᠯᠡᠭᠦᠯᠵᠡᠢ᠃ | ᠮᠠᠨ ᠤ ᠬᠤᠷᠢᠶ᠎ᠠ ᠤᠷᠢᠳ ᠬᠤᠵᠢᠳ ᠪᠦᠬᠦ ᠤᠷᠤᠨ ᠤ ᠰᠢᠬᠦᠬᠦ ᠬᠤᠷᠢᠶᠠᠨ ᠳᠤ ︽ᠵᠠᠷᠭᠤᠯᠳᠤᠭᠠᠨ ᠳᠤ | ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠲᠤᠭᠲᠠᠭᠤᠨ ᠢ ᠬᠠᠮᠠᠭᠠᠯᠠᠬᠤ ︾ ᠲᠡᠷᠢᠭᠦᠨ ᠤ ᠬᠠᠮᠲᠦ ᠨᠢᠭᠡᠴᠠ᠂ | ᠨᠠᠮ ᠤᠨ ᠶᠡᠷᠦᠩᠭᠡᠢ ᠡᠭᠦᠷ ︽ᠲᠡᠷᠢᠬᠦᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ︾᠂ | ᠠᠷᠠᠳ ᠤᠨ ᠳᠡᠭᠡᠲᠦ ᠰᠢᠬᠦᠬᠦ ᠬᠤᠷᠢᠶᠠᠨ ᠳᠤ ᠠᠩᠬᠠᠳᠤᠭᠠᠷ ᠬᠤᠭᠤᠴᠠᠭᠠᠨ ᠤ ︽ᠪᠦᠬᠦ ᠤᠯᠤᠰ ᠤᠨ ᠰᠢᠬᠦᠬᠦ | ᠬᠤᠷᠢᠶᠠᠨ ᠤ ᠰᠢᠬᠦᠨ ᠬᠠᠮᠢᠶᠠᠷᠬᠤ ᠰᠢᠯᠢᠳᠡᠭ ᠲᠤᠬᠠᠶᠢᠯᠠᠭᠰᠠᠨ ᠠᠵᠢᠯ ᠤᠨ ᠨᠢᠭᠡᠴᠠ ︵ᠪᠦᠬᠦ ᠤᠯᠤᠰ ᠲᠤ ᠨᠡᠶᠢᠲᠡ | 62 ᠨᠡᠷᠡᠰ ᠰᠤᠩᠭᠤᠵᠠᠢ︶︾ ᠪᠠᠷ ᠰᠤᠩᠭᠤᠭᠳᠠᠨ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠳᠤ | ︽ᠰᠢᠯᠢᠳᠡᠭ ᠤᠳᠤᠷᠢᠳᠬᠤ ᠪᠠᠭ︾ ᠢᠶᠠᠷ ᠰᠤᠩᠭᠤᠭᠳᠠᠵᠠᠢ᠃ | ᠨᠢᠭᠡ᠂ ᠦᠩᠭᠡᠷᠡᠭᠰᠡᠨ ᠨᠢᠭᠡ ᠵᠢᠯ ᠤᠨ ᠠᠵᠢᠯ ᠤᠨ ᠭᠤᠤᠯᠳᠠᠯᠭ᠎ᠠ | 2018 ᠤᠨ ᠤ 12 ᠰᠠᠷ᠎ᠠ ᠶᠢᠨ 31 ᠤ ᠡᠳᠦᠷ ᠪᠤᠯᠳᠠᠯ᠎ᠠ᠂ ᠨᠡᠶᠢᠲᠠ ᠡᠯ᠎ᠡ ᠲᠦᠷᠦᠯ ᠤᠨ ᠬᠡᠷᠡᠭ 9870 | ᠬᠤᠪᠢ ᠬᠦᠯᠢᠶᠠᠨ ᠠᠪᠴᠣ᠂ ᠡᠬᠦᠨ ᠤ ᠳᠤᠲᠤᠷ᠎ᠠ ᠰᠢᠨ᠎ᠠ ᠪᠠᠷ ᠬᠦᠯᠢᠶᠠᠨ ᠠᠪᠤᠭᠰᠠᠨ ᠨᠢ 9232 ᠬᠤᠪᠢ᠂ | ᠬᠠᠭᠤᠴᠢᠨ ᠦᠯᠡᠳᠡᠭᠳᠡᠯ ᠬᠡᠷᠡᠭ 638 ᠬᠤᠪᠢ ᠪᠠᠶᠢᠵᠤ᠂ 9063 ᠬᠤᠪᠢ ᠶᠢ ᠰᠢᠭᠦᠨ ᠳᠠᠭᠤᠰᠬᠠᠵᠤ᠂ ᠬᠡᠷᠡᠭ | ᠳᠠᠭᠤᠰᠬᠠᠭᠰᠠᠨ ᠨᠤᠷᠮ᠎ᠠ 91.82% ᠲᠤ ᠬᠦᠷᠴᠤ᠂ ᠡᠷᠡᠭᠦᠤ ᠶᠢᠨ ᠬᠡᠷᠡᠭ ᠢ 372 ᠬᠤᠪᠢ ᠬᠦᠯᠢᠶᠠᠨ ᠠᠪᠴᠤ | ᠂ 350 ᠬᠤᠪᠢ ᠶᠢ ᠰᠢᠭᠦᠨ ᠳᠠᠭᠤᠰᠬᠠᠵᠤ᠂ ᠬᠡᠷᠡᠭ ᠳᠠᠭᠤᠰᠬᠠᠭᠰᠠᠨ ᠨᠤᠷᠮ᠎ᠠ 94.09% ᠲᠤ ᠬᠦᠷᠴᠤ᠂ ᠢᠷᠭᠡᠨ | ᠤ ᠬᠤᠳᠠᠯᠳᠤᠭᠠᠨ ᠤ ᠶᠠᠪᠤᠳᠠᠯ ᠤᠨ ᠬᠡᠷᠡᠭ ᠢ 5981 ᠬᠤᠪᠢ ᠬᠦᠯᠢᠶᠠᠨ ᠠᠪᠴᠤ᠂ 5623 ᠬᠤᠪᠢ ᠶᠢ ᠰᠢᠭᠦᠨ | ᠳᠠᠭᠤᠰᠬᠠᠵᠤ᠂ ᠬᠡᠷᠡᠭ ᠳᠠᠭᠤᠰᠬᠠᠭᠰᠠᠨ ᠨᠤᠷᠮ᠎ᠠ 94.01% ᠲᠤ ᠬᠦᠷᠴᠤ᠂ ᠵᠠᠰᠠᠭ ᠵᠠᠬᠢᠷᠭᠠᠨ ᠤ ᠵᠠᠷᠭᠤᠯᠳᠤᠭᠠᠨ | ᠤ ᠬᠡᠷᠡᠭ(ᠵᠠᠷᠭᠤ ᠶᠢᠨ ᠪᠤᠰᠤ ᠬᠦᠢᠴᠡᠳᠭᠡᠬᠦ ᠬᠢᠨᠠᠨ ᠪᠠᠶᠢᠴᠠᠭᠠᠯᠲᠠ ᠶᠢ ᠪᠠᠭᠲᠠᠭᠠᠭᠰᠠᠨ)61 ᠬᠤᠪᠢ ᠬᠦᠯᠢᠶᠠᠨ | ᠠᠪᠴᠤ᠂ 57 ᠬᠤᠪᠢ ᠶᠢ ᠰᠢᠭᠦᠨ ᠳᠠᠭᠤᠰᠬᠠᠵᠤ᠂ ᠬᠡᠷᠡᠭ ᠳᠠᠭᠤᠰᠬᠠᠭᠰᠠᠨ ᠨᠤᠷᠮ᠎ᠠ 93.44% ᠲᠤ ᠬᠦᠷᠴᠤ᠂ | ᠬᠦᠢᠴᠡᠳᠭᠡᠬᠦ ᠬᠡᠷᠡᠭ ᠢ 3390 ᠬᠤᠪᠢ ᠬᠦᠯᠢᠶᠠᠨ ᠠᠪᠴᠤ᠂ 2972 ᠬᠤᠪᠢ ᠶᠢ ᠰᠢᠭᠦᠨ ᠳᠠᠭᠤᠰᠬᠠᠵᠤ᠂ | ᠬᠡᠷᠡᠭ ᠳᠠᠭᠤᠰᠬᠠᠭᠰᠠᠨ ᠨᠤᠷᠮ᠎ᠠ ᠨᠢ 87.67% ᠳᠤ ᠬᠦᠷᠦᠭᠰᠡᠨ ᠪᠠᠶᠢᠨ᠎ᠠ ᠃ | ︵ᠨᠢᠭᠡ︶ ᠡᠷᠡᠬᠦᠤ ᠶᠢᠨ ᠬᠡᠷᠡᠭ ᠤᠨ ᠰᠢᠬᠦᠨ ᠲᠠᠰᠤᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠤ᠂ | ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠵᠠᠢ᠃ | ᠶᠡᠭᠡ ᠪᠠᠶᠢᠳᠠᠯ ᠳᠤ ᠦᠢᠯᠡᠴᠢᠯᠡᠬᠦ ᠦᠵᠡᠯᠲᠡ ᠶᠢ ᠬᠢᠨᠠᠮᠠᠭᠠᠢ ᠲᠤᠤᠱᠯᠠᠭᠤᠯᠵᠤ᠂ ᠡᠩᠭᠡ ᠲᠦᠪᠰᠢᠨ ᠡᠮᠦᠨᠡᠲᠦ | ᠬᠤᠰᠢᠭᠤ ᠶᠢ ᠪᠦᠲᠦᠭᠡᠨ ᠪᠠᠶᠢᠭᠤᠯᠬᠤ ᠶᠢ ᠲᠦᠯᠬᠢᠨᠠᠬᠢᠭᠤᠯᠵᠠᠢ᠃ ᠬᠠᠥᠯᠢ ᠶᠤᠰᠤᠭᠠᠷ ᠡᠷᠡᠭᠦᠤ ᠶᠢᠨ ᠬᠡᠷᠡᠭ ᠢ | ᠶᠠᠯᠠᠯᠠᠨ ᠰᠢᠳᠭᠡᠵᠤ᠂ ᠨᠢᠭᠡᠳᠦᠭᠡᠷ ᠰᠢᠭᠦᠯᠲᠡ ᠶᠢᠨ ᠡᠷᠡᠭᠦᠤ ᠶᠢᠨ ᠬᠡᠷᠡᠭ ᠢ 369 ᠬᠤᠪᠢ ᠰᠢᠭᠦᠨ ᠳᠠᠭᠤᠰᠬᠠᠵᠤ᠂ | 421 ᠬᠦᠮᠦᠨ ᠢ ᠰᠢᠳᠭᠡᠨ᠂ ᠨᠡᠶᠢᠭᠡᠮ ᠤᠨ ᠠᠮᠤᠷ ᠲᠤᠭᠳᠠᠭᠤᠨ ᠡᠮᠬᠢ ᠲᠢᠭᠯᠢᠮ ᠪᠤᠯᠤᠨ ᠠᠷᠠᠳ ᠲᠦᠮᠡᠨ ᠤ ᠠᠵᠠ | ᠵᠢᠷᠭᠠᠯ ᠲᠠᠢ ᠠᠵᠤ ᠲᠦᠷᠦᠬᠦ ᠶᠢ ᠪᠠᠲᠤᠯᠠᠵᠠᠢ᠃ | ᠡᠷᠡᠬᠦᠤ ᠶᠢᠨ ᠬᠡᠷᠡᠭ ᠤᠨ ᠰᠢᠬᠦᠨ ᠲᠠᠰᠤᠯᠵᠤ ᠶᠠᠯᠠᠯᠠᠨ ᠰᠢᠳᠭᠡᠬᠦ ᠪᠤᠯᠤᠨ ᠰᠡᠷᠭᠡᠶᠢᠯᠡᠬᠦ ᠶᠢ ᠬᠠᠷᠢᠯᠴᠢᠨ | ᠤᠶᠠᠯᠳᠤᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠭᠡᠷᠴᠢ ᠪᠠᠷᠢᠮᠲᠠ ᠶᠢᠨ ᠱᠠᠭᠠᠷᠲᠠᠯᠭ᠎ᠠ ᠶᠢ ᠨᠢᠭᠡᠳᠭᠡᠬᠦ᠂ | ᠲᠠᠰᠤᠯᠠᠨ ᠲᠤᠭᠲᠠᠭᠠᠬᠤ ᠪᠠᠷᠢᠮᠵᠢᠶ᠎ᠠ ᠶᠢ ᠨᠢᠭᠡᠳᠭᠡᠬᠦ᠂ ᠵᠤᠬᠢᠴᠠᠭᠤᠯᠤᠨ ᠪᠠᠶᠢᠯᠳᠤᠬᠤ ᠪᠤᠯᠤᠨ ᠶᠡᠷᠦᠩᠭᠡᠶᠢᠯᠡᠨ ᠵᠠᠰᠠᠬᠤ | ᠶᠢ ᠨᠢᠭᠡᠳᠭᠡᠬᠦ ᠳᠡᠭᠡᠷ᠎ᠠ ᠬᠦᠴᠦᠨ ᠢᠶᠠᠨ ᠲᠦᠪᠯᠡᠷᠡᠭᠦᠯᠵᠤ᠂ ᠬᠦᠨᠲᠦ ᠴᠤᠬᠢᠯᠲᠠ ᠦᠭᠴᠡᠢ᠃ ᠪᠤᠷᠤᠩᠬᠤᠢ ᠬᠠᠷᠬᠢᠰ | ᠬᠦᠴᠦᠨ ᠳᠤ ᠬᠤᠯᠪᠤᠭᠳᠠᠭᠰᠠᠨ ᠬᠡᠷᠡᠭ ᠢ ᠰᠢᠭᠦᠨ ᠲᠠᠰᠤᠯᠬᠤ ᠶᠢ ᠴᠢᠬᠤᠯᠠᠴᠢᠯᠠᠨ᠂ ᠪᠤᠷᠤᠩᠬᠤᠢ ᠶᠢ ᠠᠷᠢᠯᠭᠠᠨ | ᠬᠠᠷᠬᠢᠰ ᠬᠦᠴᠦᠨ ᠳᠤ ᠴᠤᠬᠢᠯᠲᠡ ᠦᠭᠬᠦ ᠲᠤᠰᠬᠠᠢ ᠲᠡᠮᠡᠴᠡᠯ ᠤᠨ ᠤᠳᠤᠷᠢᠳᠬᠤ ᠪᠠᠭ ᠢ ᠪᠠᠶᠢᠭᠤᠯᠤᠨ᠂《 | ᠪᠤᠷᠤᠩᠬᠤᠢ ᠪᠦᠯᠦᠭᠲᠡᠨ ᠢ ᠠᠷᠢᠯᠭᠠᠨ ᠬᠠᠷᠬᠢᠰ ᠬᠦᠴᠦᠨ ᠳᠤ ᠴᠤᠬᠢᠯᠲᠡ ᠦᠭᠬᠦ ᠲᠤᠰᠬᠠᠢ ᠲᠡᠮᠡᠴᠡᠯ ᠢ ᠦᠷᠨᠢᠭᠦᠯᠬᠦ | ᠲᠦᠰᠦᠪ︾ ᠢ ᠲᠤᠭᠳᠠᠭᠠᠵᠤ᠂ ᠨᠡᠶᠢᠭᠡᠮ ᠲᠤᠭᠤᠷᠢᠭ᠂ ᠮᠠᠯᠵᠢᠬᠤ ᠲᠠᠷᠢᠶᠠᠯᠠᠬᠤ ᠤᠷᠤᠨ ᠢᠶᠠᠷ ᠤᠯᠠᠨᠲᠠ | ᠬᠦᠨᠵᠡᠭᠡᠶᠢᠷᠡᠵᠤ᠂ ᠪᠤᠷᠤᠩᠬᠤᠢ ᠪᠦᠯᠦᠭᠲᠡᠨ ᠢ ᠠᠷᠢᠯᠭᠠᠨ ᠬᠠᠷᠬᠢᠰ ᠬᠦᠴᠦᠨ ᠳᠤ ᠴᠤᠬᠢᠯᠲᠡ ᠦᠭᠬᠦ ᠲᠤᠰᠬᠠᠢ | ᠲᠡᠮᠡᠴᠡᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠤ᠂ ︽ᠪᠦᠬᠦ ᠬᠤᠰᠢᠭᠤᠨ ᠤ ᠦᠷᠭᠡᠨ ᠤᠯᠠᠨ ᠲᠦᠮᠡᠨ | ᠳᠤ ᠦᠭᠭᠦᠭᠰᠡᠨ ᠨᠢᠭᠡᠨ ᠬᠤᠪᠢ ᠵᠠᠬᠢᠳᠠᠯ︾ 2500 ᠭᠠᠷᠤᠢ ᠤᠬᠠᠭᠤᠯᠭ᠎ᠠ ᠶᠢᠨ ᠬᠠᠭᠤᠳᠠᠰᠤ ᠢ ᠲᠠᠷᠬᠠᠭᠠᠵᠤ᠂ | ᠲᠤᠬᠠᠢ ᠶᠢᠨ ᠲᠠᠯᠠᠪᠠᠢ ᠳᠤᠨᠢ ᠤᠯᠠᠨ ᠲᠦᠮᠡᠨ ᠤ ᠠᠩᠬᠠᠷᠤᠯ ᠳᠠᠯᠪᠢᠳᠠᠭ ᠪᠤᠷᠤᠩᠬᠤᠢ ᠪᠦᠯᠦᠭᠲᠡᠨ ᠢ ᠠᠷᠢᠯᠭᠠᠨ | ᠬᠠᠷᠬᠢᠰ ᠬᠦᠴᠦᠨ ᠳᠤ ᠴᠤᠬᠢᠯᠲᠡ ᠦᠭᠬᠦ ᠲᠤᠰᠬᠠᠢ ᠲᠡᠮᠡᠴᠡᠯ ᠤᠨ ᠬᠠᠮᠢᠶ᠎ᠠ ᠪᠦᠬᠦᠢ ᠬᠠᠥᠯᠢ ᠴᠠᠭᠠᠵᠠ ᠶᠢᠨ | ᠠᠰᠠᠭᠤᠳᠠᠯ ᠳᠤ ᠬᠠᠷᠢᠭᠤᠯᠲᠠ ᠦᠭᠴᠡᠢ᠃ ᠬᠦᠸᠧ ᠤᠪᠤᠭᠲᠠᠨ ᠢᠶᠠᠷ ᠲᠤᠯᠤᠭᠠᠶᠢᠯᠠᠭᠤᠯᠤᠭᠰᠠᠨ ᠬᠠᠷᠬᠢᠰ ᠬᠦᠴᠦᠨ ᠤ | ᠪᠦᠯᠦᠭ ᠤᠨ ᠶᠠᠯᠠᠲᠦ ᠠᠵᠢᠯᠯᠠᠭ᠎ᠠ ᠳᠤ ᠢᠯᠡ ᠰᠢᠭᠦᠯᠲᠡ ᠬᠢᠵᠤ᠂ ᠠᠷᠠᠳ ᠤᠨ ᠲᠦᠯᠦᠭᠡᠯᠡᠭᠴᠢ᠂ ᠤᠯᠤᠰ ᠲᠦᠷᠦ | ᠶᠢᠨ ᠵᠦᠪᠯᠡᠯᠭᠡᠨ ᠤ ᠭᠡᠰᠢᠬᠦᠨ᠂ ᠰᠤᠨᠢᠨ ᠮᠡᠳᠡᠭᠡᠨ ᠤ ᠵᠠᠭᠤᠴᠢᠯᠠᠭᠤᠷ ᠵᠡᠷᠭᠡ ᠨᠡᠶᠢᠭᠡᠮ ᠤᠨ ᠡᠯ᠎ᠡ ᠡᠳᠡᠭᠡᠳ ᠤᠨ | ᠬᠦᠮᠦᠰ ᠢ ᠤᠷᠤᠯᠴᠠᠭᠤᠯᠤᠭᠰᠠᠨ ᠲᠢᠩᠬᠢᠮ ᠤᠨ ᠰᠢᠭᠦᠯᠲᠡ ᠶᠢᠨ ᠪᠦᠬᠦ ᠶᠠᠪᠤᠴᠠ ᠶᠢᠨ ᠦᠵᠡᠭᠦᠯᠦᠯᠭᠡ ᠬᠢᠵᠤ᠂ ᠪᠦᠬᠦ | ᠨᠡᠶᠢᠭᠡᠮ ᠳᠤ ᠪᠤᠷᠤᠩᠬᠤᠢ ᠪᠦᠯᠦᠭᠲᠡᠨ ᠬᠠᠷᠬᠢᠰ ᠬᠦᠴᠦᠨ ᠳᠤ ᠴᠢᠩᠭ᠎ᠠ ᠰᠢᠳᠭᠡᠯ ᠦᠭᠬᠦ ᠢᠳᠡᠭᠡᠯ ᠵᠤᠷᠢᠭ ᠢᠶᠠᠨ | ᠢᠯᠡᠷᠡᠭᠦᠯᠵᠡᠢ᠃ 2018 ᠤᠨ ᠤ 12 ᠰᠠᠷ᠎ᠠ ᠶᠢᠨ 14 ᠤ ᠡᠳᠦᠷ ᠲᠤᠰ ᠬᠡᠷᠡᠭ ᠢ ᠰᠢᠭᠦᠨ ᠲᠠᠰᠤᠯᠵᠤ᠂ | ᠨᠢᠭᠡᠳᠦᠭᠡᠷ ᠰᠢᠭᠦᠯᠲᠡ ᠳᠤ ᠬᠦᠸᠧ ᠤᠪᠤᠭᠲᠠᠨ ᠵᠡᠷᠭᠡ 6 ᠬᠦᠮᠦᠨ ᠳᠤ 16 ᠵᠢᠯ — 1 ᠵᠢᠯ ᠤᠨ ᠠᠳᠠᠯᠢ ᠪᠤᠰᠤ | ᠬᠤᠭᠤᠴᠠᠭᠠᠲᠤ ᠡᠷᠡᠬᠦᠤ ᠶᠢᠨ ᠰᠢᠳᠭᠡᠯ ᠦᠭᠴᠤ᠂ ᠤᠷᠤᠨ ᠨᠤᠲᠤᠭ ᠤᠨ ᠲᠤᠭᠲᠠᠭᠤᠨ ᠪᠠᠶᠢᠳᠠᠯ ᠢ ᠪᠠᠲᠤᠲᠠᠢ | ᠬᠠᠮᠠᠭᠠᠯᠠᠵᠠᠢ᠃ ᠡᠬᠦᠨ ᠠᠴᠠ ᠭᠠᠳᠠᠨ᠎ᠠ᠂ ᠠᠷᠠᠳ ᠢᠷᠭᠡᠨ ᠤ ᠪᠡᠶ᠎ᠡ ᠶᠢᠨ ᠡᠷᠭᠡ ᠠᠰᠢᠭ᠂ ᠡᠳ᠋ ᠬᠦᠷᠦᠩᠭᠡ ᠶᠢᠨ | ᠡᠷᠭᠡ ᠠᠰᠢᠭ ᠲᠤ ᠬᠠᠯᠳᠠᠭᠰᠠᠨ ᠶᠠᠯᠠᠲᠦ ᠠᠵᠢᠯᠯᠠᠭ᠎ᠠ 74 ᠭᠡᠷᠡᠭ ᠢ ᠰᠢᠭᠦᠨ ᠳᠠᠭᠤᠰᠬᠠᠵᠤ᠂ 98 ᠬᠦᠮᠦᠨ ᠳᠤ | ᠰᠢᠳᠭᠡᠯ ᠦᠭᠴᠡᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠲᠢᠭᠯᠢᠮ ᠢ ᠡᠪᠳ᠋ᠭᠰᠡᠨ | 8 ᠭᠡᠷᠡᠭ ᠢ ᠰᠢᠭᠦᠨ ᠳᠠᠭᠤᠰᠬᠠᠵᠤ᠂ 12 ᠬᠦᠮᠦᠨ ᠳᠤ ᠰᠢᠳᠭᠡᠯ ᠦᠭᠴᠡᠢ᠃ ᠨᠡᠶᠢᠭᠡᠮ ᠤᠨ ᠠᠮᠤᠷ ᠲᠦᠪᠰᠢᠨ ᠳᠤ | ᠰᠦᠷᠳᠡᠭᠦᠯᠭᠡ ᠪᠤᠯᠤᠭᠰᠠᠨ 203 ᠭᠡᠷᠡᠭ ᠢ ᠰᠢᠭᠦᠨ ᠳᠠᠭᠤᠰᠬᠠᠵᠤ᠂ 210 ᠬᠦᠮᠦᠨ ᠳᠤ ᠰᠢᠳᠭᠡᠯ ᠦᠭᠴᠡᠢ᠃ | ᠤᠷᠴᠢᠨ ᠲᠤᠭᠤᠷᠢᠨ ᠢ ᠪᠤᠵᠠᠷᠳᠠᠭᠤᠯᠤᠭᠰᠠᠨ ᠬᠡᠷᠡᠭ ᠲᠤ ᠬᠦᠨᠳᠦ ᠴᠤᠬᠢᠯᠲᠠ ᠦᠭᠭᠦᠭᠰᠡᠨ ᠨᠢ 1 ᠬᠡᠷᠡᠭ᠂ 3 | ᠬᠦᠮᠦᠰ ᠢ ᠶᠠᠯᠠᠯᠠᠨ ᠰᠢᠳᠭᠡᠵᠡᠢ᠃ 12 ᠬᠡᠬᠡᠯᠢ ᠢᠳᠡᠵᠤ ᠬᠠᠭ᠋ᠤᠤᠯᠢ ᠲᠦᠯᠬᠢᠭᠰᠡᠨ ᠶᠠᠯᠠᠲᠦ ᠭᠡᠷᠡᠭ ᠢ ᠰᠢᠭᠦᠵᠤ᠂ | 22 ᠬᠦᠮᠦᠨ ᠢ ᠰᠢᠳᠭᠡᠵᠤ᠃ ᠬᠠᠥᠯᠢ ᠪᠤᠰᠤ ᠪᠠᠷ ᠬᠤᠤᠷᠲᠦ ᠡᠳ᠋ ᠡᠵᠡᠮᠰᠢᠭᠰᠡᠨ᠂ ᠳᠤᠷ᠎ᠠ ᠪᠠᠷ ᠤᠢ ᠮᠤᠲᠦ ᠶᠢ | ᠤᠭᠲᠤᠯᠤᠭᠰᠠᠨ᠂ ᠬᠠᠥᠯᠢ ᠪᠤᠰᠤ ᠪᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠵᠡᠷᠭᠡ ᠨᠠᠶᠢᠭᠡᠮ | ᠤᠨ ᠬᠠᠮᠢᠶᠠᠷᠤᠯᠲᠠ ᠶᠢᠨ ᠡᠮᠬᠢ ᠲᠢᠭᠯᠢᠮ ᠢ ᠬᠠᠷᠰᠢᠯᠠᠭᠰᠠᠨ 51 ᠭᠡᠷᠡᠭ ᠢ ᠰᠢᠭᠦᠨ ᠳᠠᠭᠤᠰᠬᠠᠵᠤ ᠂ 76 ᠬᠦᠮᠦᠨ | ᠳᠤ ᠰᠢᠳᠭᠡᠯ ᠦᠭᠴᠡᠢ᠃ | ︵ᠬᠤᠶᠠᠷ︶ ᠬᠠᠥᠯᠢ ᠴᠠᠭᠠᠵᠠ ᠶᠢᠨ ᠪᠠᠲᠤᠯᠭ᠎ᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠵᠤ᠂ | ᠬᠦᠭᠵᠢᠯᠲᠡ ᠶᠢ ᠬᠠᠮᠠᠭᠠᠯᠠᠵᠠᠢ᠃ | ᠠᠷᠠᠳ ᠲᠦᠮᠡᠨ ᠤ ᠬᠠᠥᠯᠢ ᠶᠤᠰᠤᠨ ᠤ ᠡᠷᠭᠡ ᠠᠰᠢᠭ ᠢ ᠪᠠᠲᠤᠲᠠᠢ ᠬᠠᠮᠠᠭᠠᠯᠠᠪᠠ᠃ ᠠᠷᠠᠳ ᠤᠨ ᠲᠦᠯᠦᠭᠡ | ᠬᠠᠥᠯᠢ ᠬᠡᠷᠡᠭᠵᠢᠭᠦᠯᠬᠦ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠠᠥᠯᠢ ᠴᠠᠭᠠᠵᠠ ᠶᠢᠨ | ᠤᠬᠠᠮᠰᠠᠷ ᠢ ᠦᠨᠢᠲᠡ ᠲᠤᠤᠱᠯᠠᠭᠤᠯᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠤ ᠪᠠᠶᠢᠭ᠎ᠠ ᠤᠯᠠᠨ ᠡᠰᠢᠲᠦ | ᠬᠠᠥᠯᠢ ᠴᠠᠭᠠᠵᠠ ᠶᠢᠨ ᠬᠡᠷᠡᠭᠴᠡᠭᠡ ᠶᠢ ᠬᠠᠩᠭᠠᠵᠤ᠂ ᠨᠡᠶᠢᠭᠡᠮ ᠤᠨ ᠭᠤᠤᠯ ᠵᠦᠷᠢᠴᠡᠯ ᠤᠨ ᠰᠢᠨ᠎ᠡ ᠬᠤᠪᠢᠷᠠᠯᠲᠠ ᠳᠤ | ᠢᠳᠡᠪᠬᠢᠲᠡᠢ ᠪᠠᠷ ᠵᠤᠬᠢᠴᠠᠭᠰᠠᠨ ᠪᠠᠶᠢᠨ᠎ᠠ᠃ | ᠤᠷᠢᠳᠴᠢᠯᠠᠭᠰᠠᠨ ᠴᠢᠨᠠᠷᠲᠠᠢ ᠪᠠᠶᠢᠴᠠᠭᠠᠨ ᠰᠤᠳᠤᠯᠤᠯᠲᠠ ᠶᠢ ᠬᠦᠨᠵᠡᠭᠡᠢ ᠦᠷᠨᠢᠭᠦᠯᠵᠡᠢ᠃ ᠤᠷᠤᠨ ᠨᠤᠲᠤᠭ | ᠤᠨ ᠨᠠᠮ ᠵᠠᠰᠠᠭ ᠲᠤ ᠲᠦᠰᠢᠭᠯᠡᠵᠤ᠂ ᠬᠠᠥᠯᠢ ᠴᠠᠭᠠᠵᠠ ᠪᠤᠯᠤᠨ ᠲᠦᠷᠦ ᠶᠢᠨ ᠪᠤᠳᠤᠯᠭ᠎ᠠ ᠢ ᠤᠨᠤᠪᠴᠢᠲᠠᠢ | ᠡᠵᠡᠮᠰᠢᠵᠤ᠂ ᠵᠠᠷᠭᠤᠯᠳᠤᠭᠠᠨ ᠤ ᠵᠢᠯᠤᠭᠤᠳᠤᠯᠭ᠎ᠠ ᠪᠠᠨ ᠴᠢᠩᠭᠠᠳᠬᠠᠨ᠂ ᠬᠠᠥᠯᠢ ᠴᠠᠭᠠᠵᠠ ᠶᠢᠨ ᠭᠤᠤᠯᠯᠠᠨ | ᠵᠢᠯᠤᠭᠤᠳᠬᠤ ᠦᠢᠯᠡᠳᠦᠯ ᠢ ᠪᠠᠳᠠᠷᠠᠭᠤᠯᠵᠠᠢ᠃ ᠪᠠᠷᠢᠯᠭ᠎ᠠ ᠶᠢᠨ ᠠᠵᠢᠯ ᠤᠨ ᠠᠵᠢᠯᠯᠠᠬᠤ ᠭᠡᠷ᠎ᠠ᠂ ᠭᠡᠷ ᠪᠠᠶᠢᠰᠢᠩ | ᠭᠠᠵᠠᠷ ᠬᠦᠷᠦᠩᠭᠡ ᠶᠢᠨ ᠵᠢᠭᠤᠷᠠᠯᠳᠤᠭᠠᠨ᠂ ᠬᠦᠳᠡᠯᠮᠦᠷᠢ ᠦᠢᠯᠡᠴᠢᠯᠡᠯᠭᠡᠨ ᠤ ᠵᠠᠷᠤᠳᠠᠯ ᠤᠨ ᠵᠢᠭᠤᠷᠠᠯᠳᠤᠭᠠᠨ ᠵᠡᠷᠭᠡ | ᠠᠷᠠᠳ ᠤᠨ ᠠᠮᠢᠳᠤᠷᠠᠯ ᠳᠤ ᠬᠤᠯᠪᠤᠭᠳᠠᠭᠰᠠᠨ ᠵᠠᠷᠭᠤ ᠶᠢ ᠴᠠᠭ ᠲᠤᠬᠠᠢ ᠳᠤᠨᠢ ᠰᠢᠭᠦᠨ ᠳᠠᠭᠤᠰᠬᠠᠵᠤ᠂ ᠨᠡᠶᠢᠭᠡᠮ ᠤᠨ | ᠵᠦᠷᠢᠴᠡᠯ ᠢ ᠨᠠᠮᠳᠠᠭᠤᠯᠵᠤ᠂ ᠨᠡᠶᠢᠭᠡᠮ ᠤᠨ ᠡᠶ᠎ᠡ ᠵᠤᠬᠢᠴᠠᠯ ᠢ ᠠᠬᠢᠭᠤᠯᠪᠠ᠃ 2018 ᠤᠨ ᠤ 12 ᠰᠠᠷ᠎ᠠ ᠶᠢᠨ | 31 ᠤ ᠡᠳᠦᠷ ᠪᠤᠯᠳᠠᠯ᠎ᠠ᠂ ᠡᠯ᠎ᠡ ᠲᠦᠷᠦᠯ ᠤᠨ ᠬᠦᠳᠡᠯᠮᠦᠷᠢ ᠦᠢᠯᠡᠴᠢᠯᠡᠯᠭᠡ ᠶᠢᠨ ᠬᠡᠷᠡᠭ ᠢ ᠨᠡᠶᠢᠲᠠ133 ᠬᠤᠪᠢ | ᠬᠦᠯᠢᠶᠠᠨ ᠠᠪᠴᠣ᠂ 128 ᠭᠡᠷᠡᠭ ᠢ ᠰᠢᠭᠦᠨ ᠳᠠᠭᠤᠰᠬᠠᠵᠤ᠂ ᠬᠠᠳᠠᠭᠰᠠᠨ ᠦᠨ᠎ᠡ 298.76 ᠲᠦᠮᠡᠨ ᠲᠦᠭᠦᠷᠢᠭ | ᠲᠤᠯᠵᠠᠢ᠃ ᠬᠤᠶᠢᠰᠢᠯᠠᠭᠤᠯᠤᠨ ᠲᠤᠰᠢᠶᠠᠬᠤ᠂ ᠬᠠᠰᠤᠭᠤᠯᠵᠤ ᠲᠤᠰᠢᠶᠠᠬᠤ ᠪᠤᠶᠤ ᠬᠡᠯᠲᠦᠷᠢᠭᠦᠯᠤᠭ᠍ᠰᠡᠨ ᠵᠠᠷᠭᠤ ᠶᠢᠨ | ᠵᠠᠷᠤᠳᠠᠯ ᠤᠨ ᠬᠡᠷᠡᠭ ᠨᠡᠶᠢᠲᠡ 21 ᠬᠡᠷᠡᠭ᠂ ᠨᠡᠶᠢᠲᠡ 23.425 ᠲᠦᠮᠡᠨ ᠲᠦᠭᠦᠷᠢᠭ ᠲᠤᠯᠵᠠᠢ᠃ ᠡᠬᠦᠨ ᠠᠴᠠ | ᠭᠠᠳᠠᠨ᠎ᠠ᠂ ᠤᠯᠠᠨ ᠡᠰᠢᠲᠦ ᠵᠠᠷᠭᠤᠯᠳᠤᠭᠠᠨ ᠢ ᠰᠢᠢᠳᠪᠦᠷᠢᠯᠡᠬᠦ ᠲᠤᠭᠲᠠᠴᠠ ᠶᠢ ᠪᠠᠶᠢᠭᠤᠯᠬᠤ ᠶᠢᠨ ᠲᠦᠯᠦᠭᠡ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠷᠭᠤ ᠳᠤ ᠬᠤᠯᠪᠤᠭᠳᠠᠭᠰᠠᠨ ᠵᠢᠭᠤᠷᠤᠯᠳᠤᠭᠠᠨ ᠢ ᠠᠷᠠᠳ | ᠠᠴᠠ ᠡᠶᠡᠳᠡᠭᠦᠯᠬᠦ ᠺᠤᠮᠢᠰ ᠢ ᠪᠠᠶᠢᠭᠤᠯᠵᠤ᠂ ᠶᠡᠭᠡ ᠬᠡᠮᠵᠢᠶᠡᠨ ᠤ ᠢᠷᠭᠡᠨ ᠤ ᠶᠠᠪᠤᠳᠠᠯ ᠤᠨ ᠵᠢᠭᠤᠷᠠᠯᠳᠤᠭᠠᠨ ᠢ | ᠵᠠᠭᠠᠯᠳᠤᠬᠤ ᠠᠴᠠ ᠡᠮᠦᠨ᠎ᠡ ᠵᠤᠬᠢᠰᠲᠠᠢ ᠨᠠᠮᠳᠠᠭᠤᠯᠵᠤ᠂ ᠤᠯᠠᠨ ᠲᠦᠮᠡᠨ ᠤ ᠬᠤᠭᠤᠷᠤᠨᠳᠦᠬᠢ ᠵᠢᠭᠤᠷᠤᠯᠳᠤᠭᠠᠨ ᠢ | ᠰᠢᠢᠳᠪᠦᠷᠢᠯᠡᠬᠦ ᠬᠡᠷᠡᠭᠴᠡᠭᠡ ᠳᠤ ᠳᠦᠭᠦᠮ ᠦᠵᠡᠭᠦᠯᠵᠡᠢ᠃ ᠰᠤᠷᠠᠭ ᠵᠠᠩᠬᠢᠴᠢᠯᠠᠭᠰᠠᠨ ᠵᠠᠷᠭᠤ ᠶᠢᠨ ᠦᠢᠯᠡᠴᠢᠯᠡᠯᠭᠡᠨ ᠤ | ᠶᠡᠭᠡ ᠲᠢᠩᠬᠢᠮ ᠪᠠᠶᠢᠭᠤᠯᠵᠤ᠂ ᠲᠤᠬᠠᠢ ᠶᠢᠨ ᠬᠦᠮᠦᠨ ᠳᠤ ᠳᠦᠭᠦᠮ ᠲᠦᠲᠡ ︽ᠨᠢᠭᠡᠨ ᠦᠷᠲᠡᠭᠡᠴᠢᠯᠡᠭᠰᠡᠨ ᠮᠠᠶ᠋ᠢᠭ︾ | ᠤᠨ ᠵᠠᠷᠭᠤ ᠶᠢᠨ ᠦᠢᠯᠡᠴᠢᠯᠡᠯᠭᠡᠨ ᠢ ᠬᠠᠩᠭᠠᠵᠤ ᠦᠭᠴᠡᠢ᠃ ᠤᠷᠢᠳ ᠬᠤᠵᠢᠳ ᠰᠢᠭᠦᠨ ᠲᠠᠰᠤᠯᠠᠭᠰᠠᠨ ᠤ | ᠳᠠᠷᠠᠭᠠᠬᠢ ᠮᠠᠳᠠᠭ ᠢ ᠠᠯᠳᠠᠷᠭᠠᠬᠤ ᠦᠪᠡᠰᠦᠪᠡᠨ ᠬᠠᠮᠵᠢᠵᠤ ᠰᠢᠢᠳᠪᠦᠷᠢᠯᠡᠬᠦ ᠮᠠᠰᠢᠨ ᠤᠭᠰᠠᠷᠠᠵᠤ᠂ ᠰᠢᠭᠦᠨ | ᠲᠠᠰᠤᠯᠠᠭᠰᠠᠨ ᠤ ᠳᠠᠷᠠᠭᠠᠬᠢ ᠮᠠᠳᠠᠭ ᠢ ᠠᠯᠳᠠᠷᠭᠠᠬᠤ ᠬᠡᠷᠡᠭ ᠵᠠᠷᠭᠤ ᠢ ᠦᠵᠡᠭᠳᠡᠮᠡᠯ ᠪᠤᠯᠭᠠᠵᠠᠢ᠃ ᠪᠤᠰᠤᠭ᠎ᠠ | ᠬᠡᠯᠪᠡᠷᠢᠲᠠᠢ ᠵᠠᠷ ᠮᠡᠳᠡᠭᠡᠯᠡᠬᠦ ᠮᠠᠰᠢᠨ 5 ᠰᠠᠥᠷᠢ ᠤᠭᠰᠠᠷᠠᠵᠤ᠂ ᠤᠬᠠᠭᠤᠯᠭ᠎ᠠ ᠶᠢ ᠴᠢᠩᠭᠠᠳᠬᠠᠵᠠᠢ᠃ ᠠᠷᠠᠳ ᠲᠤ | ᠳᠦᠭᠦᠮᠦᠪᠡᠰᠦᠪᠠᠨ ᠬᠠᠮᠵᠢᠨ ᠭᠡᠷᠡᠭ ᠤᠨ ᠳᠠᠩᠰᠠ ᠶᠢ ᠦᠵᠡᠬᠦ ᠦᠵᠦᠭᠦᠷ ᠤᠨ ᠮᠠᠰᠢᠨ ᠤᠭᠰᠠᠷᠠᠵᠤ᠂ ᠵᠠᠷᠭᠤ ᠶᠢᠨ | ᠲᠤᠬᠠᠢ ᠶᠢᠨ ᠬᠦᠮᠦᠨ ᠳᠤ ᠳᠦᠭᠦᠮ ᠳᠦᠳᠡ ᠭᠡᠷᠡᠭ ᠤᠨ ᠳᠠᠩᠰᠠ ᠶᠢ ᠡᠷᠢᠵᠤ ᠦᠵᠡᠬᠦ ᠰᠤᠷᠠᠭ ᠵᠠᠩᠭᠢ ᠶᠢᠨ | ᠦᠢᠯᠡᠴᠢᠯᠡᠯᠭᠡᠨ ᠢ ᠬᠠᠩᠭᠠᠨ ᠦᠭᠴᠡᠢ᠃ ᠡᠬᠦᠨ ᠤ ᠬᠠᠮᠲᠦ ᠪᠠᠰᠠ ᠰᠦᠯᠵᠢᠶᠠᠨ ᠳᠡᠭᠡᠷ᠎ᠠ ᠬᠡᠷᠡᠭ ᠪᠤᠯᠭᠠᠨ | ᠳᠠᠩᠰᠠᠯᠠᠬᠤ᠂ 12368 ᠵᠠᠷᠭᠤ ᠶᠢᠨ ᠦᠢᠯᠡᠴᠢᠯᠡᠯᠭᠡᠨ ᠤ ᠬᠠᠯᠠᠮᠰᠢᠯ ᠤᠳᠠᠰᠤ ᠨᠡᠭᠡᠭᠡᠵᠤ᠂ ᠤᠯᠠᠨ ᠲᠦᠮᠡᠨ ᠤ ᠵᠠᠮ | ᠬᠦᠭᠡᠭᠡᠬᠦ ᠵᠠᠷᠤᠳᠠᠯ ᠢ ᠠᠷᠪᠢᠯᠠᠵᠤ ᠦᠭᠴᠡᠢ᠃ | ᠵᠠᠷᠭᠤᠯᠳᠤᠭᠠᠨ ᠤ ᠦᠢᠯᠡᠴᠢᠯᠡᠯᠭᠡᠨ ᠤ ᠴᠤᠩᠬᠤ ᠶᠢᠨ ᠪᠠᠶᠢᠭᠤᠯᠤᠯᠲᠠ ᠶᠢ ᠴᠢᠩᠭᠠᠳᠬᠠᠵᠠᠢ᠃ ᠤᠬᠠᠭᠤᠯᠭ᠎ᠠ | ᠶᠢᠨ ᠫᠠᠶᠢᠰᠠ ᠡᠯᠬᠦᠬᠦ᠂ ᠵᠠᠷᠭᠤᠯᠳᠤᠬᠤ ᠵᠢᠯᠤᠭᠤᠳᠤᠮᠵᠢ ᠳᠠᠷᠤᠮᠠᠯᠠᠨ᠂ ᠲᠦᠭᠰᠢᠭᠦᠷᠢ ᠶᠢᠨ ᠰᠠᠨᠠᠭᠤᠯᠤᠮᠵᠢ ᠪᠤᠯᠤᠨ | ᠡᠷᠭᠡ ᠡᠭᠦᠷᠭᠡ ᠶᠢ ᠮᠡᠳᠡᠭᠳᠡᠬᠦ ᠪᠢᠴᠢᠭ᠂ ᠰᠢᠭᠦᠨ ᠲᠠᠰᠤᠯᠤᠯᠲᠠ ᠶᠢ ᠬᠢᠨᠠᠬᠤ ᠺᠠᠷᠲ ᠲᠠᠷᠤᠮᠠᠯᠠᠨ ᠳᠠᠷᠬᠠᠭᠠᠵᠤ᠂ | ᠵᠠᠷᠭᠤᠯᠳᠤᠭᠠ ᠶᠢ ᠵᠢᠯᠤᠭᠤᠳᠬᠤ ᠲᠠᠪᠴᠠᠩ᠂ ᠮᠤᠩᠭᠤᠯ ᠬᠡᠯᠡᠨ ᠤ ᠦᠢᠯᠡᠴᠢᠯᠡᠯᠭᠡ ᠶᠢᠨ ᠳᠠᠪᠴᠠᠩ ᠢ ᠪᠠᠶᠢᠭᠤᠯᠵᠤ᠂ | ᠵᠠᠷᠭᠤᠯᠳᠤᠭᠠ ᠶᠢ ᠵᠢᠯᠤᠭᠤᠳᠤᠭᠴᠢ ᠲᠤᠬᠢᠷᠠᠭᠤᠯᠬᠤ ᠵᠡᠷᠭᠡ ᠤᠯᠠᠨ ᠠᠷᠭ᠎ᠠ ᠵᠠᠮ ᠢᠶᠠᠷ ᠠᠷᠠᠳ ᠲᠦᠮᠡᠨ ᠤ | ᠵᠠᠷᠭᠤᠯᠳᠤᠭᠠ ᠳᠤ ᠤᠷᠤᠯᠴᠠᠬᠤ ᠠᠰᠢᠭᠲᠠᠢ ᠲᠤᠰᠠᠯᠠᠮᠵᠢ ᠬᠠᠩᠭᠠᠵᠠᠢ᠃ ᠬᠡᠷᠡᠭ ᠤᠨ ᠪᠦᠬᠦ ᠶᠠᠪᠤᠴᠠ ᠳᠤ ᠤᠷᠤᠮ | ᠦᠯᠡᠳᠡᠭᠡᠬᠦ᠂ ᠪᠦᠬᠦ ᠶᠠᠪᠤᠴᠠ ᠶᠢ ᠮᠦᠷᠳᠡᠬᠦ᠂ ᠪᠦᠬᠦ ᠶᠠᠪᠤᠴᠠ ᠶᠢ ᠭᠢᠨᠠᠬᠦ ᠪᠠᠷ ᠳᠠᠮᠵᠢᠨ᠂ ᠬᠡᠷᠡᠭ ᠡᠷᠬᠢᠯᠡᠬᠦ | ᠤᠶᠤᠨᠴᠢᠯᠠᠯᠲᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠡᠢ᠃ ᠲᠠᠰᠤᠯᠤᠨ ᠲᠤᠭᠲᠠᠭᠠᠯᠲᠠ ᠶᠢᠨ ᠭᠡᠮ ᠬᠡᠮᠵᠢᠶ᠎ᠠ ᠪᠠᠨ | ᠨᠢᠭᠡᠳᠭᠡᠵᠤ᠂ ᠠᠳᠠᠯᠢ ᠲᠦᠷᠦᠯ ᠤᠨ ᠬᠡᠷᠡᠭ ᠢ ᠠᠳᠠᠯᠢ ᠲᠠᠰᠤᠯᠤᠯᠲᠠ ᠦᠭᠬᠦ ᠶᠢ ᠪᠠᠲᠤᠯᠠᠵᠠᠢ᠃ | ︵ᠭᠤᠷᠪᠠ︶ ᠰᠢᠭᠦᠨ ᠲᠠᠰᠤᠯᠠᠬᠤ ᠠᠵᠢᠯ ᠤᠨ ᠦᠷ᠎ᠡ ᠪᠦᠲᠦᠭᠡᠯ ᠢ ᠠᠮᠢᠳᠤᠯᠢᠭ ᠠᠰᠢᠭᠯᠠᠨ᠂ ᠬᠠᠥᠯᠢ ᠪᠠᠷ | ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢ ᠬᠠᠮᠠᠭᠠᠯᠠᠵᠠᠢ᠃ | ᠨᠢᠭᠡ ᠵᠢᠯ ᠤᠨ ᠲᠤᠷᠰᠢ᠂ ᠵᠠᠰᠠᠭ ᠵᠠᠬᠢᠷᠭᠠᠨ ᠤ ᠰᠢᠭᠦᠨ ᠲᠠᠰᠤᠯᠬᠤ ᠴᠢᠳᠠᠮᠵᠢ ᠶᠢ ᠢᠳᠡᠪᠬᠢᠲᠡᠢ ᠪᠠᠷ | ᠤᠷᠳᠤᠳᠬᠠᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠭᠤᠤᠯᠳᠠᠯᠭ᠎ᠠ ᠲᠠᠢ ᠪᠠᠷᠢᠯᠭ᠎ᠠ ᠶᠢᠨ ᠲᠦᠷᠦᠯ | ᠵᠦᠢᠯ᠂ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ | ᠠᠵᠢᠯ ᠤᠨ ᠳᠤᠭᠤᠷᠢᠨ ᠳᠤ᠂ ᠬᠠᠥᠯᠢ ᠴᠠᠭᠠᠵᠠ ᠶᠢᠨ ᠰᠢᠭᠦᠨ ᠲᠠᠰᠤᠯᠤᠯᠲᠠ ᠪᠤᠯᠤᠨ ᠵᠠᠰᠠᠭ ᠵᠠᠬᠢᠷᠭᠠᠨ ᠤ ᠬᠠᠥᠯᠢ | ᠬᠡᠷᠡᠭᠵᠢᠭᠦᠯᠬᠦ ᠲᠠᠢ ᠵᠤᠬᠢᠴᠠᠭᠤᠯᠤᠨ ᠬᠠᠮᠵᠢᠯᠴᠠᠬᠤ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠵᠠᠰᠠᠭ | ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃ ᠵᠠᠰᠠᠭ | ᠵᠠᠬᠢᠷᠭᠠᠨ ᠤ ᠪᠠᠶᠢᠭᠤᠯᠭ᠎ᠠ ᠳᠤ ᠤᠷᠤᠰᠢᠵᠤ ᠪᠠᠶᠢᠭ᠎ᠠ ᠬᠠᠷᠢᠭᠤᠴᠠᠯᠭᠠᠲᠠᠳ ᠰᠢᠭᠦᠯᠲᠠ ᠳᠤ ᠤᠷᠤᠯᠴᠠᠨ ᠵᠠᠷᠭᠤ | ᠬᠦᠯᠢᠶᠡᠬᠦ ᠨᠤᠷᠮ᠎ᠠ ᠲᠤᠤᠷ᠎ᠠ ᠪᠠᠶᠢᠬᠤ᠂ ᠬᠠᠥᠯᠢ ᠪᠠᠷ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠭᠦᠯᠬᠦ | ᠨᠢ ᠬᠤᠶᠢᠷᠭᠤ ᠪᠠᠶᠢᠬᠤ᠂ ᠬᠠᠥᠯᠢ ᠬᠡᠷᠡᠭᠵᠢᠭᠦᠯᠬᠦ ᠳᠠᠷᠠᠭᠠᠯᠠᠯ ᠳᠤᠮᠳᠠ ᠡᠮᠬᠢ ᠵᠢᠷᠦᠮ ᠤᠨ ᠦᠷᠲᠡᠭ ᠢ ᠬᠦᠩᠭᠡᠪᠴᠢᠯᠡᠬᠦ | ᠦᠵᠡᠭᠳᠡᠯ᠂ ᠵᠠᠷᠭᠤ ᠬᠦᠯᠢᠶᠡᠬᠦ ᠴᠢᠳᠠᠪᠤᠷᠢ ᠲᠤᠷᠤᠢ᠂ ᠬᠠᠥᠯᠢ ᠶᠢ ᠬᠡᠷᠡᠭᠵᠢᠭᠦᠯᠦᠭᠰᠡᠨ ᠨᠢ ᠭᠤᠤᠯᠴᠢ ᠪᠤᠰᠤ᠂ | ᠪᠤᠷᠤᠭᠤ ᠪᠠᠨ ᠵᠠᠯᠠᠷᠠᠭᠤᠯᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠲᠠᠯ᠎ᠠ ᠶᠢᠨ ᠠᠰᠠᠭᠤᠳᠠᠯ ᠳᠤ ᠴᠠᠭ ᠲᠤᠬᠠᠢ ᠳᠤᠨᠢ | ᠰᠠᠨᠠᠯ ᠵᠦᠪᠯᠡᠯᠭᠡ ᠭᠠᠷᠭᠠᠵᠤ ᠦᠭᠴᠡᠢ᠃ ᠰᠢᠨ᠎ᠡ ︽ᠵᠠᠰᠠᠭ ᠵᠠᠬᠢᠷᠭᠠᠨ ᠤ ᠵᠠᠷᠭᠤ ᠶᠢᠨ ᠬᠠᠥᠯᠢ︾ ᠶᠢ ᠨᠠᠷᠢᠨ | ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠤ᠂ ᠵᠠᠰᠠᠭ ᠵᠠᠬᠢᠷᠭᠠᠨ ᠤ ᠬᠡᠷᠡᠭ ᠢ ᠬᠠᠤᠯᠢ ᠶᠤᠰᠤᠭᠠᠷ ᠬᠢᠨᠠᠨ ᠪᠠᠶᠢᠴᠠᠭᠠᠵᠤ | ᠂ ᠬᠦᠯᠢᠶᠠᠨ ᠠᠪᠴᠤ᠂ ᠬᠠᠥᠯᠢ ᠴᠠᠭᠠᠵᠠ ᠪᠤᠯᠤᠨ ᠲᠦᠷᠦ ᠶᠢᠨ ᠪᠤᠳᠤᠯᠭ᠎ᠠ ᠶᠢᠨ ᠵᠠᠭᠠᠭ ᠱᠤᠭᠤᠮ ᠢ ᠤᠨᠤᠪᠴᠢᠲᠠᠢ | ᠡᠵᠡᠮᠰᠢᠨ᠂ ᠵᠠᠰᠠᠭ ᠵᠠᠬᠢᠷᠭᠠᠨ ᠤ ᠵᠤᠬᠢᠴᠠᠭᠤᠯᠬᠤ ᠠᠵᠢᠯ ᠢ ᠴᠢᠩᠭᠠᠳᠬᠠᠨ᠂ ᠵᠠᠰᠠᠭ ᠵᠠᠬᠢᠷᠭᠠᠨ ᠤ ᠬᠡᠷᠡᠭ ᠢ | ᠵᠤᠬᠢᠰᠲᠠᠢ ᠰᠢᠢᠳᠪᠦᠷᠢᠯᠡᠵᠤ᠂ ᠵᠠᠰᠠᠭ ᠵᠠᠬᠢᠷᠭᠠᠨ ᠤ ᠨᠢᠭᠤᠷᠳᠠᠭᠴᠢ ᠬᠠᠷᠢᠴᠠᠩᠭᠤᠢ ᠬᠦᠮᠦᠨ ᠤ ᠬᠠᠥᠯᠢ ᠶᠤᠰᠤᠨ ᠤ | ᠡᠷᠭᠡ ᠠᠰᠢᠭ ᠢ ᠬᠠᠥᠯᠢ ᠶᠤᠰᠤᠭᠠᠷ ᠬᠠᠮᠠᠭᠠᠯᠠᠬᠤ ᠶᠢᠨ ᠬᠠᠮᠲᠦ᠂ ᠬᠠᠤᠯᠢ ᠶᠤᠰᠤᠭᠠᠷ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠨᠡᠶᠢᠭᠡᠮ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠵᠤ᠂ | ᠵᠠᠰᠠᠭ ᠵᠠᠬᠢᠷᠭᠠᠨ ᠤ ᠮᠠᠷᠭᠤᠯᠳᠤᠭᠠᠨ ᠢ ᠵᠤᠬᠢᠰᠲᠠᠢ ᠰᠢᠢᠳᠪᠦᠷᠢᠯᠡᠬᠦ ᠪᠠᠷ ᠳᠠᠮᠵᠢᠨ ᠨᠤᠶᠠᠨ ᠪᠤᠯᠤᠨᠠᠷᠠᠳ ᠤᠨ ᠡᠶ᠎ᠡ | ᠵᠤᠬᠢᠴᠠᠩᠭᠤᠢ ᠪᠠᠶᠢᠬᠤ ᠶᠢ ᠠᠬᠢᠭᠤᠯᠵᠠᠢ᠃ ᠮᠠᠨ ᠤ ᠬᠤᠷᠢᠶ᠎ᠠ ᠬᠤᠰᠢᠭᠤᠨ ᠤ ᠨᠠᠮ ᠤᠨ ᠬᠤᠷᠢᠶᠠᠨ ᠤ | ᠲᠤᠬᠢᠷᠠᠭᠤᠯᠤᠯᠲᠠ ᠪᠠᠷ᠂ ᠬᠢᠩᠭᠠᠨ ᠤ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠰᠢᠨ᠎ᠡ ᠤᠷᠤᠨ ᠰᠠᠭᠤᠴᠠ | ᠶᠢᠨ ᠭᠡᠷ ᠪᠠᠶᠢᠰᠢᠩ ᠲᠠᠳᠠᠪᠤᠷᠢᠯᠠᠬᠤ ᠠᠵᠢᠯ ᠳᠤ ᠢᠳᠡᠪᠬᠢᠯᠡᠨ ᠤᠷᠤᠯᠴᠠᠵᠤ᠂ ᠲᠤᠰᠬᠠᠶᠢᠯᠠᠨ ᠭᠡᠷ ᠪᠠᠶᠢᠰᠢᠩ | ᠲᠠᠳᠠᠪᠤᠷᠢᠯᠠᠬᠤ ᠠᠵᠢᠯ ᠤᠨᠤᠳᠤᠷᠢᠳᠬᠤ ᠪᠠᠭ ᠢ ᠪᠠᠶᠢᠭᠤᠯᠵᠠᠢ᠃ 8 ᠰᠠᠷ᠎ᠠ ᠶᠢᠨ 8 ᠤ ᠡᠳᠦᠷ᠂ ᠡᠮᠦᠨᠡᠲᠦ | ᠬᠤᠰᠢᠭᠤᠨ ᠤ ᠵᠠᠰᠠᠭ ᠤᠨ ᠤᠷᠳᠤᠨ ᠠᠴᠠ ᠰᠢᠭᠦᠬᠦ ᠬᠤᠷᠢᠶᠠᠨ ᠳᠤ ᠭᠤᠶᠤᠳᠠᠯ ᠭᠠᠷᠭᠠᠭᠰᠠᠨ 22 ᠬᠡᠷᠡᠭ ᠢ | ᠠᠯᠪᠠᠳᠠᠨ ᠭᠦᠢᠴᠡᠳᠭᠡᠵᠤ᠂ ᠡᠶᠢᠮᠦ ᠲᠦᠷᠦᠯ ᠤᠨ ᠬᠡᠷᠡᠭ ᠤᠨ ᠭᠡᠷᠡᠴᠢᠯᠡᠭᠡ ᠬᠢᠯᠭᠡᠬᠦ ᠬᠤᠷᠠᠯ ᠢ ᠬᠤᠶᠠᠷ ᠪᠦᠯᠦᠭ | ᠬᠤᠷᠠᠯᠳᠤᠭᠤᠯᠵᠤ᠂ ᠬᠠᠥᠯᠢ ᠶᠤᠰᠤᠭᠠᠷ ᠲᠤᠭᠲᠠᠭᠠᠯᠲᠠ ᠭᠠᠷᠭᠠᠨ᠂ ᠵᠠᠰᠠᠭ ᠤᠨ ᠤᠷᠳᠤᠨ ᠠᠴᠠ ᠭᠠᠷᠭᠠᠭᠰᠠᠨ ᠭᠡᠷ | ᠪᠠᠶᠢᠰᠢᠩ ᠢ ᠲᠠᠳᠠᠪᠤᠷᠢᠯᠠᠬᠤ ᠨᠦᠬᠦᠪᠦᠷᠢ ᠶᠢᠨ ᠲᠤᠬᠠᠢ ᠲᠤᠭᠳᠠᠭᠠᠯ ᠢ ᠠᠯᠪᠠᠳᠠᠨ ᠭᠦᠢᠴᠡᠳᠭᠡᠬᠦ ᠶᠢ ᠵᠦᠪᠰᠢᠶᠡᠷᠡᠬᠦ | ᠶᠢᠨ ᠬᠠᠮᠲᠦ᠂ ᠠᠯᠪᠠᠳᠠᠯᠭ᠎ᠠ ᠪᠠᠷ ᠨᠤᠷᠭᠠᠵᠤ ᠨᠡᠭᠦᠯᠭᠡᠬᠦ ᠲᠤᠬᠠᠢ ᠶᠢᠨ ᠲᠠᠯᠠᠪᠤᠷ ᠲᠤ ᠬᠦᠷᠴᠤ ᠬᠠᠮᠵᠢᠯᠴᠡᠨ | ᠭᠦᠢᠴᠡᠳᠭᠡᠵᠤ᠂ ᠦᠷ᠎ᠠ ᠠᠰᠢᠭ ᠪᠤᠯᠤᠨ ᠦᠷ᠎ᠡ ᠪᠦᠲᠦᠮᠵᠢ ᠶᠢᠨ ᠤᠷᠭᠠᠨᠢᠭ ᠨᠢᠭᠡᠲᠦᠯ ᠢ ᠢᠯᠡᠷᠡᠭᠦᠯᠵᠤ᠂ ᠵᠠᠰᠠᠭ | ᠵᠠᠬᠢᠷᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠮᠠᠰᠢ ᠴᠢᠬᠤᠯᠠ ᠦᠢᠯᠡᠳᠦᠯ ᠭᠠᠷᠭᠠᠵᠠᠢ᠃ | ︵ᠳᠦᠷᠪᠡ︶ ᠭᠦᠢᠴᠡᠳᠭᠡᠬᠦ ᠬᠠᠮᠢᠶᠠᠷᠤᠯᠲᠠ ᠶᠢ ᠰᠢᠨ᠎ᠡ ᠨᠢᠭᠡᠨ ᠲᠦᠪᠰᠢᠨ ᠳᠤ ᠳᠡᠭᠡᠭᠰᠢᠯᠡᠭᠦᠯᠵᠤ᠂ | ᠭᠦᠢᠴᠡᠳᠭᠡᠬᠦ ᠠᠵᠢᠯ ᠤᠨ ᠦᠨᠳᠦᠰᠦ ᠨᠠᠮᠠᠭ᠎ᠠ ᠶᠢ ᠪᠠᠳᠠᠷᠠᠭᠤᠯᠤᠨ ᠠᠬᠢᠭᠤᠯᠵᠠᠢ᠃ | ᠭᠦᠢᠴᠡᠳᠭᠡᠬᠦ ᠪᠤᠯ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠳᠤᠮᠳᠠᠬᠢ ᠨᠢᠭᠡᠨ ᠴᠢᠬᠤᠯᠠ ᠪᠦᠷᠢᠯᠳᠦᠭᠦᠨ | ᠭᠡᠰᠡᠭ ᠪᠤᠯᠤᠨ᠎ᠠ᠃ ᠮᠠᠨ ᠤ ᠬᠤᠷᠢᠶᠠᠨ ᠤ ︽ᠭᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠬᠦ︾ ᠠᠵᠢᠯ ᠴᠢᠬᠤᠯᠠ ᠶᠡᠭᠡ ᠠᠬᠢᠯᠲᠠ ᠲᠠᠢ ᠪᠤᠯᠵᠠᠢ᠃ ᠪᠤᠲᠠᠲᠠᠢ ᠠᠷᠭ᠎ᠠ ᠬᠡᠮᠵᠢᠶ᠎ᠡ ᠨᠢ᠄ ᠨᠢᠭᠡ ᠳᠤ | ᠲᠦᠷᠭᠡᠨ ᠪᠦᠭᠡᠳ ᠦᠨᠳᠦᠷ ᠦᠷ᠎ᠡ ᠪᠦᠲᠦᠮᠵᠢᠲᠦ ᠡᠳ᠋ ᠬᠦᠷᠦᠩᠭᠡ ᠶᠢ ᠰᠢᠢᠳᠪᠦᠷᠢᠯᠡᠬᠦ ᠲᠤᠭᠲᠠᠴᠠ ᠶᠢ | ᠲᠡᠭᠦᠯᠳᠡᠷᠵᠢᠭᠦᠯᠵᠡᠢ᠃ ᠬᠤᠶᠠᠷ ᠲᠤ ᠵᠢᠷᠦᠮᠵᠢᠭᠰᠡᠨ ᠪᠤᠯᠪᠠᠰᠤᠨ ᠭᠦᠢᠴᠡᠳᠭᠡᠬᠦ ᠠᠵᠢᠯᠯᠠᠭᠠᠨ ᠤ ᠲᠤᠭᠲᠠᠴᠠ ᠶᠢ | ᠲᠡᠭᠦᠯᠳᠡᠷᠵᠢᠭᠦᠯᠵᠡᠢ᠃ ᠭᠤᠷᠪᠠ ᠳᠤ ᠬᠠᠮᠲᠦ ᠪᠠᠷ ᠪᠠᠶᠢᠭᠤᠯᠵᠤ ᠬᠠᠮᠲᠦ ᠪᠠᠷ ᠡᠳ᠋ᠯᠡᠬᠦ ᠭᠦᠢᠴᠡᠳᠭᠡᠬᠦ ᠬᠠᠮᠳᠤᠷᠠᠯᠴᠠᠬᠤ | ᠲᠤᠭᠲᠠᠴᠠ ᠶᠢ ᠲᠡᠭᠦᠯᠳᠡᠷᠵᠢᠭᠦᠯᠵᠡᠢ᠃ ᠳᠦᠷᠪᠡ ᠳᠤ ᠤᠯᠠᠨ ᠲᠠᠯ᠎ᠠ ᠶᠢ ᠨᠢᠭᠡ ᠴᠤᠭᠴᠠᠵᠢᠭᠤᠯᠬᠤ ᠤᠬᠠᠭᠤᠯᠭ᠎ᠠ ᠶᠢᠨ | ᠠᠵᠢᠯ ᠤᠨ ᠲᠤᠭᠲᠠᠴᠠ ᠶᠢ ᠲᠡᠭᠦᠯᠳᠡᠷᠵᠢᠭᠦᠯᠵᠡᠢ᠃ | 2018 ᠤᠨ ᠪᠤᠯ ︽ᠭᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ︾ | ᠰᠢᠢᠳᠪᠦᠷᠢᠲᠦ ᠳᠠᠶᠢᠨ ᠤ ᠨᠢᠭᠡ ᠵᠢᠯ ᠪᠤᠯᠤᠨ᠎ᠠ᠂ ᠡᠶᠢᠮᠦ ᠠᠴᠠ ︽ᠭᠤᠷᠪᠠᠨ ᠶᠡᠭᠡ ᠰᠦᠨᠦᠭᠡᠬᠦ ᠳᠠᠶᠢᠨ︾ ︵ | ᠭᠦᠢᠴᠡᠳᠭᠡᠬᠦ ᠲᠠᠷᠤᠭᠳᠠᠮᠠᠯ ᠬᠡᠷᠡᠭ ᠢ ᠰᠦᠨᠦᠭᠡᠬᠦ ᠳᠠᠶᠢᠨ᠂ ᠲᠤᠬᠠᠢ ᠶᠢᠨ ᠤᠳᠠᠭᠠᠨ ᠤ ᠭᠦᠢᠴᠡᠳᠭᠡᠬᠦ ᠬᠡᠷᠡᠭ ᠢ | ᠳᠠᠭᠤᠰᠬᠠᠬᠤ ᠶᠢ ᠬᠢᠷᠢ ᠲᠡᠩᠴᠡᠭᠦᠯᠬᠦ ᠰᠦᠨᠦᠭᠡᠬᠦ ᠳᠠᠶᠢᠨ᠂ ᠮᠦᠩᠭᠦᠨ ᠭᠦᠢᠯᠭᠡᠭᠡ ᠶᠢᠨ ᠠᠷᠠᠳ ᠤᠨ ᠠᠮᠢᠳᠤᠷᠠᠯ ᠳᠤ | ᠬᠤᠯᠪᠤᠭᠳᠠᠭᠰᠠᠨ ᠬᠡᠷᠡᠭ ᠢ ᠰᠦᠨᠦᠭᠡᠬᠦ ᠳᠠᠶᠢᠨ︶ ᠢ ᠬᠢᠨᠠᠮᠠᠭᠠᠢ ᠦᠷᠨᠢᠭᠦᠯᠵᠡᠢ᠃ ᠭᠦᠢᠴᠡᠳᠭᠡᠬᠦ ᠲᠦᠷᠦᠯ 3390 | ᠬᠡᠷᠡᠭ ︵ᠬᠠᠭᠤᠴᠢᠨ ᠦᠯᠡᠳᠡᠭᠳᠡᠯ ᠬᠡᠷᠡᠭ 341 ᠲᠦᠷᠦᠯ ᠪᠠᠭᠲᠠᠨ᠎ᠠ︶ ᠢ ᠬᠦᠯᠢᠶᠡᠨ ᠠᠪᠴᠤ᠂ 2972 ᠬᠡᠷᠡᠭ ᠢ | ᠰᠢᠭᠦᠨ ᠳᠠᠭᠤᠰᠬᠠᠵᠤ᠂ ᠬᠡᠷᠡᠭ ᠳᠠᠭᠤᠰᠬᠠᠭᠰᠠᠨ ᠨᠤᠷᠮ᠎ᠠ 87.67% ᠲᠤᠯᠵᠤ᠂ ᠪᠤᠲᠠᠲᠠᠢ ᠬᠤᠷᠢᠶᠠᠨ ᠠᠪᠤᠭᠰᠠᠨ | ᠬᠠᠳᠠᠭᠰᠠᠨ ᠦᠨ᠎ᠡ 15889.62 ᠲᠦᠮᠡᠨ ᠲᠦᠭᠦᠷᠢᠭ ᠲᠤᠯᠵᠤ᠂ ᠰᠦᠯᠵᠢᠶᠠᠨ ᠳᠡᠭᠡᠷ᠎ᠠ ᠬᠠᠥᠯᠢ ᠴᠠᠭᠠᠵᠠ ᠶᠢᠨ | ᠦᠨ᠎ᠡ ᠬᠠᠶᠠᠯᠴᠠᠨ ᠬᠤᠳᠠᠯᠳᠤᠭᠰᠠᠨ ᠨᠤᠷᠮ᠎ᠠ 100% ᠲᠤᠯᠵᠤ᠂ ᠭᠤᠷᠪᠠᠨ ᠵᠢᠯ ᠤᠨ ᠭᠦᠢᠴᠡᠳᠭᠡᠬᠦ ᠬᠡᠷᠡᠭ | ᠳᠠᠭᠤᠰᠬᠠᠭᠰᠠᠨ ᠨᠤᠷᠮ᠎ᠠ 94.05% ᠲᠤᠯᠵᠤ᠂ ᠭᠦᠢᠴᠡᠳᠭᠡᠬᠦ ᠠᠵᠢᠯ ᠤᠨ ᠬᠢᠨᠡᠨ ᠰᠢᠯᠭᠠᠬᠤ ᠵᠢᠭᠠᠯᠲᠠ ᠲᠤᠭ᠎ᠠ | ᠪᠠᠨ ᠠᠮᠵᠢᠯᠲᠠ ᠲᠠᠢ ᠪᠡᠶᠡᠯᠡᠭᠦᠯᠵᠡᠢ᠃ | ᠢᠳᠡᠭᠡᠯ ᠠᠯᠳᠠᠭᠰᠠᠨ ᠭᠦᠢᠴᠡᠳᠭᠡᠭᠳᠡᠬᠦ ᠬᠦᠮᠦᠨ ᠤ ᠢᠲᠡᠭᠡᠮᠵᠢ ᠳᠤ ᠬᠢᠨᠡᠯᠲᠡ ᠲᠠᠯᠪᠢᠨ᠂ ᠰᠡᠷᠡᠮᠵᠢᠯᠡᠯ ᠦᠭᠬᠦ | ᠪᠠ ᠵᠠᠯᠬᠠᠭᠠᠬᠤ ᠲᠤᠭᠲᠠᠴᠠ ᠶᠢ ᠲᠡᠭᠦᠯᠳᠡᠷᠵᠢᠭᠦᠯᠵᠤ᠂ ᠬᠤᠷᠢᠶᠠᠨ ᠳᠠᠭᠠᠨ LED ᠳᠡᠯᠭᠡᠴᠠ ᠤᠭᠰᠠᠷᠠᠵᠤ᠂ ᠢᠳᠡᠭᠡᠯ | ᠠᠯᠳᠠᠭᠰᠠᠨ ᠭᠦᠢᠴᠡᠳᠭᠡᠭᠳᠡᠬᠦ ᠬᠦᠮᠦᠨ ᠤ ᠰᠤᠷᠠᠭ ᠵᠠᠩᠬᠢ ᠶᠢ ᠦᠷᠬᠦᠯᠵᠢᠯᠡᠨ ᠨᠡᠪᠲᠡᠷᠭᠦᠯᠬᠦ ᠶᠢᠨ ᠳᠠᠭᠠᠤ᠂ ᠬᠢᠩᠭᠠᠨ | ᠤ ᠡᠳᠦᠷ ᠤᠨ ᠰᠤᠨᠢᠨ ᠵᠡᠷᠭᠡ ᠵᠠᠭᠤᠴᠢᠯᠠᠭᠤᠷ ᠳᠡᠭᠡᠷ᠎ᠠ ᠢᠳᠡᠭᠡᠯ ᠠᠯᠳᠠᠭᠰᠠᠨ ᠭᠦᠢᠴᠡᠳᠭᠡᠭᠳᠡᠬᠦ ᠬᠦᠮᠦᠨ ᠤ ᠰᠤᠷᠠᠭ | ᠵᠠᠩᠬᠢ ᠶᠢ 1351 ᠬᠦᠮᠦᠨ ᠤᠳᠠᠭ᠎ᠠ ᠨᠡᠶᠢᠲᠡᠯᠡᠵᠡᠢ᠃ ︽ᠦᠨᠳᠦᠷ ᠬᠡᠷᠡᠭᠯᠡᠭᠡ ᠶᠢ ᠬᠢᠵᠠᠭᠠᠷᠯᠠᠬᠤ ᠵᠠᠷᠯᠢᠭ︾ | 3567 ᠵᠤᠷᠪᠤᠰ ᠨᠡᠶᠢᠲᠡᠯᠡᠵᠡᠢ᠃ ︽ᠨᠢᠭᠡ ᠭᠠᠵᠠᠷ ᠢᠲᠡᠭᠡᠯ ᠠᠯᠳᠠᠪᠠᠯ᠂ ᠭᠠᠵᠠᠷ ᠪᠤᠯᠭᠠᠨ ᠳᠤ ᠬᠢᠵᠠᠭᠠᠷᠯᠠᠭᠳᠠᠬᠤ︾ | ᠢᠲᠡᠭᠡᠮᠵᠢ ᠶᠢᠨ ᠵᠠᠯᠬᠠᠭᠠᠯᠠᠯ ᠤᠨ ᠪᠠᠶᠢᠷᠢᠯᠠᠭᠤᠯᠤᠯᠲᠠ ᠠᠩᠬ᠎ᠠ ᠠᠯᠬᠤᠮ ᠪᠦᠷᠢᠯᠳᠦᠨ᠂ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠬᠦᠴᠦᠲᠡᠢ ᠠᠬᠢᠭᠤᠯᠵᠠᠢ᠃ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠭᠦᠢᠴᠡᠳᠭᠡᠬᠦ ᠠᠵᠢᠯ ᠢ ᠳᠡᠭᠡᠲᠦ ᠬᠡᠮᠵᠢᠶ᠎ᠡ | ᠪᠠᠷ ᠴᠢᠬᠤᠯᠠᠴᠢᠯᠠᠵᠤ᠂ ᠲᠤᠰᠬᠠᠢ ᠰᠡᠳᠦᠪ ᠢᠶᠠᠷ ᠰᠤᠳᠤᠯᠵᠤ᠂ ︽ᠭᠦᠢᠴᠡᠳᠭᠡᠬᠦ ᠬᠠᠮᠳᠤᠷᠠᠯᠴᠠᠬᠤ ᠲᠤᠭᠲᠠᠴᠠ ᠶᠢ | ᠪᠠᠶᠢᠭᠤᠯᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠰᠠᠨᠠᠯ︾ ᠤᠨ ᠮᠡᠳᠡᠭᠳᠡᠯ ᠢ ᠲᠠᠷᠤᠮᠠᠯᠠᠨ ᠳᠠᠷᠬᠠᠭᠠᠵᠤ᠂ ᠨᠠᠮ | ᠤᠨ ᠬᠤᠷᠢᠶᠠᠨ ᠤ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠵᠠᠰᠠᠭ ᠤᠨ | ᠤᠷᠳᠤᠨ ᠤ ᠳᠡᠮᠵᠢᠯᠭᠡ᠂ ᠨᠡᠶᠢᠭᠡᠮ ᠤᠨ ᠡᠯ᠎ᠡ ᠡᠳᠡᠭᠡᠳ ᠬᠠᠷᠢᠯᠴᠠᠨ ᠬᠠᠪᠰᠤᠷᠤᠯᠴᠠᠭᠰᠠᠨ ᠭᠦᠢᠴᠡᠳᠭᠡᠬᠦ ᠠᠵᠢᠯ ᠤᠨ | ᠰᠢᠨ᠎ᠡ ᠪᠠᠶᠢᠷᠢᠯᠠᠭᠤᠯᠤᠯᠲᠠ ᠪᠦᠷᠢᠯᠳᠦᠵᠡᠢ᠃ | ᠬᠤᠰᠢᠭᠤᠨ ᠤ ᠳᠤᠲᠤᠭᠠᠲᠦ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ ᠬᠤᠷᠢᠶ᠎ᠠ᠂ ᠬᠠᠥᠯᠢ ᠴᠠᠭᠠᠵᠠ ᠶᠢᠨ | ᠲᠤᠪᠴᠢᠶ᠎ᠠ᠂ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠳᠤᠪᠴᠢᠶ᠎ᠠ ᠵᠡᠷᠭᠡ ᠬᠤᠰᠢᠭᠤᠨ ᠤ | ᠳᠤᠲᠤᠷᠠᠬᠢ 23 ᠪᠠᠶᠢᠭᠤᠯᠭ᠎ᠠ ᠨᠢᠭᠡᠴᠠ ᠲᠠᠢ ᠬᠠᠮᠳᠤᠷᠠᠯᠴᠠᠨ᠂ ᠭᠦᠢᠴᠡᠳᠭᠡᠬᠦ ᠬᠠᠮᠳᠤᠷᠠᠯᠴᠠᠬᠤ ᠲᠤᠭᠲᠠᠴᠠ ᠶᠢ | ᠪᠦᠲᠦᠭᠡᠨ ᠪᠠᠶᠢᠭᠤᠯᠬᠤ ᠵᠤᠬᠢᠴᠠᠭᠤᠯᠬᠤ ᠬᠤᠷᠠᠯ ᠢ ᠬᠤᠷᠠᠯᠳᠤᠭᠤᠯᠵᠤ᠂ ᠤᠯᠠᠨ ᠰᠠᠯᠠᠭ᠎ᠠ ᠮᠦᠴᠢᠷ᠂ ᠤᠯᠠᠨ ᠠᠵᠢᠯ | ᠲᠦᠷᠦᠯ᠂ ᠤᠯᠠᠨ ᠵᠦᠢᠯ ᠤᠨ ᠠᠷᠭ᠎ᠠ ᠠᠪᠴᠢᠯ ᠢᠶᠠᠷ ᠬᠠᠮᠳᠤᠳᠬᠠᠨ ᠬᠦᠴᠦᠯᠡᠭᠰᠡᠨ ᠢᠳᠡᠭᠡᠮᠵᠢ ᠶᠢᠨ ᠵᠠᠯᠬᠠᠭᠠᠯᠠᠯ ᠤᠨ | ᠲᠤᠭᠲᠠᠴᠠ ᠶᠢ ᠪᠦᠷᠢᠯᠳᠦᠭᠦᠯᠵᠡᠢ᠃ ᠤᠯᠠᠨ ᠡᠰᠢᠲᠦ ᠵᠤᠬᠢᠴᠠᠭᠤᠯᠬᠤ ᠲᠤᠭᠲᠠᠴᠠ ᠶᠢ ᠴᠢᠩᠭᠠᠳᠬᠠᠬᠤ ᠪᠠᠷ ᠳᠠᠮᠵᠢᠨ᠂ | ᠭᠦᠢᠴᠡᠳᠭᠡᠬᠦ ᠳᠤ ᠬᠠᠮᠵᠢᠬᠤ ᠭᠠᠳᠠᠭᠠᠲᠦ ᠤᠷᠴᠢᠨ ᠢ ᠪᠤᠢ ᠪᠤᠯᠭᠠᠨ᠂ ︽ᠪᠤᠯᠢᠬᠠᠢ︾ ᠶᠢᠨ ᠭᠦᠢᠴᠡᠳᠭᠡᠬᠦ ᠠᠴᠠ | ᠵᠠᠶᠢᠯᠠᠬᠤ ᠵᠠᠢ ᠶᠢ ᠤᠯᠠᠮ ᠨᠢᠭᠡ ᠠᠯᠬᠤᠮ ᠰᠢᠬᠠᠨ ︽ᠭᠦᠢᠴᠡᠳᠭᠡᠬᠦ ᠳᠤ ᠬᠦᠴᠢᠷ ᠠᠰᠠᠭᠤᠳᠠᠯ ᠢ ᠦᠨᠳᠦᠰᠦᠨ ᠳᠡᠭᠡᠨ | ᠰᠢᠢᠳᠪᠦᠷᠢᠯᠡᠬᠦ︾ ᠳᠠᠶᠢᠨ ᠤ ᠡᠴᠦᠰ ᠤᠨ ᠢᠯᠡᠯᠲᠠ ᠶᠢ ᠤᠯᠬᠤ ᠳᠤ ᠯᠤᠳᠤ ᠶᠡᠭᠡ ᠬᠦᠳᠡᠯᠭᠡᠬᠦ ᠬᠦᠴᠦᠨ ᠤᠯᠭᠤᠵᠤ | ᠦᠭᠴᠡᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠲᠤᠭᠠᠲᠦ ᠶᠢ ᠬᠠᠮᠠᠭᠠᠯᠠᠬᠤ ᠲᠤᠪᠴᠢᠶ᠎ᠠ ᠲᠠᠢ ᠬᠠᠮᠳᠤᠷᠠᠯᠴᠠᠨ ︽ | ᠰᠢᠭᠦᠨ ᠳᠠᠰᠤᠯᠤᠯᠲᠠ ᠬᠢᠨᠠᠨ ᠲᠠᠰᠤᠯᠤᠯᠲᠠ ᠶᠢ ᠦᠯᠦ ᠭᠦᠢᠴᠡᠳᠭᠡᠭᠰᠡᠨ ᠡᠷᠡᠭᠦᠤ ᠶᠢᠨ ᠬᠡᠷᠡᠭ ᠢ ᠡᠷᠬᠢᠯᠡᠬᠦ ᠲᠤᠬᠠᠢ | ᠰᠠᠨᠠᠯ︾ ᠢ ᠭᠠᠷᠭᠠᠵᠠᠢ᠃ ᠭᠦᠢᠴᠡᠳᠭᠡᠬᠦ ᠶᠢ ᠳᠡᠪᠴᠢᠭᠰᠡᠨ ᠶᠠᠯ᠎ᠠ ᠶᠢ ᠰᠢᠭᠦᠨ ᠡᠷᠬᠢᠯᠡᠬᠦ ᠪᠠᠨ ᠴᠢᠩᠭᠠᠳᠬᠠᠵᠤ᠂ | ᠰᠢᠬᠦᠬᠦ ᠬᠤᠷᠢᠶᠠᠨ ᠤ ᠬᠦᠢᠴᠡᠳᠭᠡᠬᠦ ᠰᠦᠷ ᠬᠦᠴᠦᠨ ᠢ ᠤᠯᠠᠮ ᠨᠢᠭᠡ ᠠᠯᠬᠤᠮ ᠪᠤᠢ ᠪᠤᠯᠭᠠᠵᠤ᠂ ᠬᠠᠥᠯᠢ ᠴᠠᠭᠠᠵᠠ | ᠶᠢᠨ ᠨᠡᠶᠢᠲᠡ ᠶᠢᠨ ᠢᠳᠡᠭᠡᠮᠵᠢ ᠶᠢᠨ ᠬᠦᠴᠦᠨ ᠢ ᠳᠡᠭᠡᠭᠰᠢᠯᠡᠭᠦᠯᠵᠡᠢ᠃ | ︵ᠲᠠᠪᠤ︶ ᠬᠠᠥᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠰᠢᠭᠦᠨ | ᠲᠠᠰᠤᠯᠬᠤ ᠲᠤᠭᠲᠠᠯᠴᠠᠭ᠎ᠠ ᠪᠤᠯᠤᠨ ᠰᠢᠭᠦᠨ ᠲᠠᠰᠤᠯᠬᠤ ᠴᠢᠳᠠᠮᠵᠢ ᠶᠢᠨ ᠤᠳᠤᠬᠢᠴᠢᠯᠠᠯᠲᠠ ᠶᠢ ᠠᠬᠢᠭᠤᠯᠵᠠᠢ᠃ | ︽ᠭᠤᠷᠪᠠᠨ ᠶᠡᠭᠡ ᠰᠢᠭᠦᠨ ᠲᠠᠰᠤᠯᠤᠯᠲᠠ︾ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠨᠡᠶᠢᠭᠡᠮ | ᠤᠨ ᠲᠤᠭᠲᠠᠭᠤᠨ ᠢ ᠬᠠᠮᠠᠭᠠᠯᠠᠬᠤ ᠳᠤ ᠰᠢᠯᠢᠳᠡᠭ ᠰᠠᠶᠢᠬᠠᠨ ᠬᠠᠥᠯᠢ ᠴᠠᠭᠠᠵᠠ ᠶᠢᠨ ᠪᠠᠲᠤᠯᠠᠭ᠎ᠠ ᠶᠢ ᠬᠠᠩᠭᠠᠵᠤ | ᠦᠭᠴᠡᠢ᠃ | ᠮᠠᠨ ᠤ ᠬᠤᠷᠢᠶ᠎ᠠ ᠰᠢᠭᠦᠨ ᠲᠠᠰᠤᠯᠠᠬᠤ ᠪᠠᠷ ᠭᠤᠤᠯ ᠪᠤᠯᠭᠠᠭᠰᠠᠨ ᠡᠷᠡᠭᠦᠤ ᠶᠢᠨ ᠬᠡᠷᠡᠭ ᠤᠨ ᠵᠠᠷᠭᠤ ᠶᠢᠨ | ᠳᠦᠷᠢᠮ ᠤᠨ ᠦᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠠᠢ᠃ ᠨᠢᠭᠡ ᠳᠤ ᠲᠢᠩᠬᠢᠮ ᠤᠨ ᠰᠢᠭᠦᠯᠲᠡ ᠶᠢ | ᠤᠯᠠᠮ ᠪᠤᠲᠠᠲᠠᠶᠢᠵᠢᠭᠤᠯᠵᠤ ︽ᠬᠦᠳᠡᠯᠭᠡᠭᠴᠢ ᠬᠦᠴᠦᠨ ᠤ ᠡᠭᠦᠰᠭᠡᠯ ᠴᠢᠭ︾ ᠶᠢ ᠨᠤᠴᠤᠭᠠᠨ᠂ ︽ᠭᠡᠷᠡᠴᠢ | ᠭᠠᠷᠭᠠᠬᠤ ᠭᠡᠷᠡᠴᠢ ᠲᠤᠯᠭᠠᠬᠤ ᠶᠢ ᠰᠢᠭᠦᠬᠦ ᠲᠢᠩᠬᠢᠮ ᠳᠤ᠂ ᠪᠤᠲᠠᠲᠠᠢ ᠶᠠᠪᠤᠳᠠᠯ ᠢ ᠪᠠᠶᠢᠴᠠᠭᠠᠨ ᠲᠤᠳᠤᠯᠠᠬᠤ ᠶᠢ | ᠰᠢᠭᠦᠬᠦ ᠲᠢᠩᠬᠢᠮ ᠳᠤ᠂ ᠵᠠᠭᠠᠯᠳᠤᠯᠭ᠎ᠠ ᠮᠠᠷᠭᠤᠯᠳᠤᠯᠭᠠ ᠶᠢ ᠰᠢᠭᠦᠬᠦ ᠲᠢᠩᠬᠢᠮ ᠳᠤ᠂ ᠲᠠᠰᠤᠯᠤᠨ ᠲᠤᠭᠲᠠᠭᠠᠯᠲᠠ ᠶᠢ | ᠰᠢᠭᠦᠬᠦ ᠲᠢᠩᠬᠢᠮ ᠳᠤ 》 ᠪᠠᠶᠢᠯᠭᠠᠬᠤ ᠶᠢ ᠦᠨᠡᠨ ᠬᠦ ᠪᠡᠶᠡᠯᠡᠭᠦᠯᠵᠡᠢ᠃ ᠳᠤᠲᠤᠭᠠᠲᠦ ᠶᠢ ᠬᠠᠮᠠᠭᠠᠯᠠᠬᠤ ᠲᠤᠪᠴᠢᠶ᠎ᠠ | ᠪᠤᠯᠤᠨᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠭ᠎ᠠ ᠲᠠᠢ ᠦᠢᠯᠡ ᠠᠵᠢᠯᠯᠠᠭᠠᠨ ᠤ ᠦᠵᠡᠯ ᠰᠠᠨᠠᠭ᠎ᠠ ᠪᠠᠨ | ᠨᠢᠭᠡᠳᠭᠡᠵᠤ᠂ ᠬᠠᠥᠯᠢ ᠴᠠᠭᠠᠵᠠ ᠶᠢ ᠬᠡᠷᠡᠭᠵᠢᠭᠦᠯᠬᠦ ᠪᠠᠷᠢᠮᠵᠢᠶ᠎ᠠ ᠪᠠᠨ ᠨᠢᠭᠡᠳᠭᠡᠵᠤ᠂ ᠭᠡᠷᠡᠴᠢ ᠪᠠᠷᠢᠮᠲᠠ ᠤᠨ ᠤᠬᠠᠮᠰᠠᠷ | ᠂ ᠡᠮᠬᠢ ᠳᠠᠷᠠᠭ᠎ᠠ ᠶᠢᠨ ᠤᠬᠠᠮᠰᠠᠷ᠂ ᠡᠷᠬᠡ ᠶᠢᠨ ᠪᠠᠲᠤᠯᠠᠭ᠎ᠠ ᠶᠢᠨ ᠤᠬᠠᠮᠰᠠᠷ ᠢ ᠴᠢᠩᠭᠠᠳᠬᠠᠨ᠂ ᠶᠠᠯ᠎ᠠ ᠪᠠ ᠡᠷᠡᠭᠦᠤ | ᠶᠢ ᠬᠠᠥᠯᠢ ᠪᠠᠷ ᠲᠤᠭᠲᠠᠭᠠᠬᠤ᠂ ᠮᠠᠳᠠᠭᠲᠠᠢ ᠶᠠᠯ᠎ᠠ ᠶᠢ ᠶᠠᠯ᠎ᠠ ᠦᠯᠤ ᠬᠢᠭᠰᠡᠨ ᠢᠶᠠᠷ ᠦᠵᠡᠬᠦ᠂ ᠭᠡᠷᠡᠴᠢ ᠪᠠᠷᠢᠮᠲᠠ ᠶᠢ | ᠲᠠᠰᠤᠯᠤᠨ ᠲᠤᠭᠲᠠᠭᠠᠬᠤ᠂ ᠬᠠᠥᠯᠢ ᠪᠤᠰᠤ ᠭᠡᠷᠡᠴᠢ ᠪᠠᠷᠢᠮᠲᠠ ᠶᠢ ᠦᠭᠡᠶᠢᠰᠭᠡᠬᠦ ᠵᠡᠷᠭᠡ ᠬᠠᠥᠯᠢ ᠴᠠᠭᠠᠵᠠ ᠶᠢᠨ | ᠵᠠᠷᠴᠢᠮ ᠪᠤᠯᠤᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠷᠡᠭ ᠤᠨ ᠦᠨᠡᠨ ᠪᠤᠳᠠᠳᠤ ᠪᠤᠭᠤᠮᠲᠠ᠂ ᠭᠡᠷᠡᠴᠢ | ᠪᠠᠷᠢᠮᠲᠠ ᠶᠢᠨ ᠪᠤᠭᠤᠮᠲᠠ᠂ ᠡᠮᠬᠢ ᠲᠠᠷᠠᠭ᠎ᠠ ᠶᠢᠨ ᠪᠤᠭᠤᠮᠲᠠ ᠪᠤᠯᠤᠨ ᠬᠠᠥᠯᠢ ᠴᠠᠭᠠᠵᠠ ᠶᠢ ᠬᠡᠷᠡᠭᠯᠡᠬᠦ ᠪᠤᠭᠤᠮᠲᠠ ᠶᠢ | ᠰᠠᠶᠢᠲᠤᠷ ᠠᠳᠬᠤᠬᠤ ᠶᠢᠨ ᠬᠠᠮᠲᠦ᠂ ᠵᠠᠭᠠᠯᠳᠤᠭᠳᠠᠭᠴᠢ ᠪᠤᠯᠤᠨ ᠦᠮᠦᠭᠯᠡᠭᠴᠢ ᠶᠢᠨ ᠡᠯ᠎ᠡ ᠵᠦᠢᠯ ᠤᠨ ᠵᠠᠷᠭᠤᠯᠳᠤᠬᠤ | ᠡᠷᠭᠡ ᠶᠢ ᠬᠠᠥᠯᠢ ᠶᠤᠰᠤᠭᠠᠷ ᠬᠠᠮᠠᠭᠠᠯᠠᠵᠠᠢ᠃ ᠬᠤᠶᠠᠷ ᠲᠤ᠂ ᠶᠠᠷᠰᠢᠭ ᠪᠤᠯᠤᠨ ᠬᠢᠯᠪᠡᠷ ᠢ ᠰᠠᠯᠭᠠᠬᠤ ︽ | ᠳᠤᠬᠢᠭᠤᠷ︾ ᠢ ᠰᠠᠶᠢᠲᠤᠷ ᠬᠡᠷᠡᠭᠯᠡᠨ᠂ ᠶᠠᠯ᠎ᠠ ᠪᠠᠨ ᠮᠡᠳᠡᠷᠡᠵᠤ ᠲᠤᠷᠭᠠᠭᠤᠯᠢ ᠶᠢ ᠬᠦᠯᠢᠶᠡᠬᠦ ᠬᠡᠷᠡᠭ ᠤᠨ ᠲᠢᠩᠬᠢᠮ ᠤᠨ | ᠰᠢᠭᠦᠯᠲᠡ ᠶᠢᠨ ᠠᠷᠭ᠎ᠠ ᠬᠡᠯᠪᠡᠷᠢ ᠶᠢᠨ ᠦᠭᠡᠷᠡᠴᠢᠯᠡᠯᠲᠡ ᠶᠢ ᠲᠠᠰᠤᠷᠤᠯᠲᠠ ᠦᠭᠡᠢ ᠬᠦᠨᠵᠡᠭᠡᠶᠢᠷᠡᠭᠦᠯᠵᠤ᠂ ᠲᠦᠷᠭᠡᠨ | ᠲᠠᠰᠤᠯᠤᠯᠲᠠ ᠬᠢᠬᠦ ᠡᠮᠬᠢ ᠳᠠᠷᠠᠭ᠎ᠠ ᠶᠢ ᠬᠡᠷᠡᠭᠯᠡᠬᠦ ᠡᠷᠴᠢᠮ ᠢ ᠤᠯᠠᠮ ᠴᠢᠩᠭᠠᠳᠬᠠᠵᠠᠢ᠃ ︽ᠬᠢᠯᠪᠠᠷ ᠬᠡᠷᠡᠭ ᠢ | ᠲᠤᠪᠴᠢᠬᠠᠨ ᠰᠢᠬᠦᠬᠦ᠂ ᠶᠠᠷᠰᠢᠭ ᠲᠠᠢ ᠬᠡᠷᠡᠭ ᠢ ᠨᠠᠷᠢᠯᠢᠭ ᠰᠢᠬᠦᠬᠦ︾ ᠶᠢ ᠪᠡᠶᠡᠯᠡᠭᠦᠯᠵᠡᠢ᠃ ᠨᠢᠭᠡ ᠵᠢᠯ ᠤᠨ ᠲᠤᠷᠰᠢ | ᠬᠡᠷᠡᠭ ᠢ ᠲᠦᠪᠯᠡᠷᠡᠭᠦᠯᠦᠨ ᠡᠷᠬᠢᠯᠡᠬᠦ ᠲᠤᠭᠲᠠᠴᠠ ᠶᠢ ᠢᠳᠡᠪᠬᠢᠲᠡᠢ ᠰᠦᠪᠡᠭᠴᠢᠯᠡᠵᠤ᠂ ᠦᠷ᠎ᠡ ᠪᠦᠲᠦᠮᠵᠢ ᠨᠡᠯᠢᠶᠡᠳ | ᠰᠠᠶᠢᠠ ᠪᠤᠯᠵᠠᠢ᠃ ᠵᠦᠷᠢᠴᠡᠯ ᠵᠢᠭᠤᠷᠭᠠᠨ ᠢ ᠤᠯᠠᠨ ᠡᠰᠢᠴᠢᠯᠠᠨ ᠰᠢᠢᠳᠪᠦᠷᠢᠯᠡᠬᠦ ᠪᠤᠯᠤᠨ ᠬᠡᠷᠡᠭ ᠤᠨ ᠶᠠᠷᠰᠢᠭ | ᠬᠢᠯᠪᠠᠷ ᠢ ᠰᠠᠯᠭᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠶᠡᠭᠡ ᠡᠶᠡᠳᠡᠭᠦᠯᠭᠡ ᠶᠢᠨ ᠠᠵᠢᠯ ᠤᠨ | ᠪᠠᠶᠢᠷᠢᠯᠠᠭᠤᠯᠤᠯᠲᠠ ᠶᠢ ᠴᠤᠭᠴᠠᠯᠠᠵᠤ᠂ ᠰᠢᠨ᠎ᠡ ᠪᠠᠶᠢᠳᠠᠯ ᠳᠤᠤᠷᠠᠬᠢ ᠤᠯᠠᠨ ᠡᠰᠢᠴᠢᠯᠡᠭᠰᠡᠨ ᠵᠢᠭᠤᠷᠭᠠᠨ ᠢ | ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ 11 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠵᠠᠷᠭᠤ ᠳᠤ ᠬᠤᠯᠪᠤᠭᠳᠠᠭᠰᠠᠨ ᠵᠢᠭᠤᠷᠭᠠᠨ ᠢ ᠠᠷᠠᠳ ᠠᠴᠠ ᠡᠶᠡᠳᠡᠭᠦᠯᠬᠦ ᠺᠤᠮᠢᠰ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠳᠤ ᠵᠢᠩᠬᠢᠨᠢ ᠪᠠᠷ ᠫᠠᠶᠢᠰᠠ ᠡᠯᠭᠦᠵᠤ | ᠪᠠᠶᠢᠭᠤᠯᠤᠭᠳᠠᠪᠠ᠃ ᠲᠤᠰ ᠠᠵᠢᠯᠯᠠᠭ᠎ᠠ ᠨᠢ ᠠᠷᠠᠳ ᠤᠨ ᠡᠶᠡᠳᠡᠭᠦᠯᠭᠡ ᠪᠠᠷ ᠳᠠᠮᠵᠢᠨ ᠵᠦᠷᠢᠴᠡᠯ ᠢ ᠨᠠᠮᠳᠠᠭᠤᠯᠬᠤ | ᠳᠠᠪᠠᠭᠤᠯᠢᠭ ᠲᠠᠯ᠎ᠠ ᠶᠢ ᠪᠦᠷᠢᠮᠰᠦᠨ ᠪᠠᠳᠠᠷᠠᠭᠤᠯᠵᠠᠢ᠃ 12 ᠰᠠᠷ᠎ᠠ ᠶᠢᠨ 31 ᠤ ᠡᠳᠦᠷ ᠪᠤᠯᠳᠠᠯ᠎ᠠ᠂ ᠲᠦᠷᠭᠡᠨ | ᠲᠠᠰᠤᠯᠤᠯᠲᠠ ᠶᠢᠨ ᠨᠡᠶᠢᠲᠡ 812 ᠬᠡᠷᠡᠭ᠂ ᠡᠯ᠎ᠡ ᠲᠦᠷᠦᠯ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ | 143 ᠬᠡᠷᠡᠭ ᠢ ᠠᠷᠠᠳ ᠠᠴᠠ ᠡᠶᠡᠳᠡᠭᠦᠯᠵᠤ᠂ 72 ᠵᠦᠢᠯ ᠤᠨ ᠬᠡᠷᠡᠭ ᠢ ᠰᠢᠭᠦᠨ ᠳᠠᠭᠤᠰᠬᠠᠵᠤ᠂ ᠬᠡᠷᠡᠭ | ᠳᠠᠭᠤᠰᠬᠠᠭᠰᠠᠨ ᠨᠤᠷᠮ᠎ᠠ 50.35% ᠲᠤᠯᠵᠠᠢ᠃ | ᠪᠠᠶᠢᠭᠤᠯᠤᠮᠵᠢ ᠶᠢᠨ ᠦᠭᠡᠷᠡᠴᠢᠯᠡᠯᠲᠡ ᠶᠢ ᠯᠠᠪᠠᠳᠠᠭᠤᠨ ᠢᠶᠠᠷ ᠲᠦᠯᠬᠢᠨ ᠠᠬᠢᠭᠤᠯᠵᠠᠢ᠃ ᠲᠦᠪ ᠤᠨ ᠬᠠᠥᠯᠢ | ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠭᠦᠨᠵᠡᠭᠡᠢ ᠬᠡᠷᠡᠭᠵᠢᠭᠦᠯᠬᠦ ᠶᠢᠨ ᠲᠦᠯᠦᠭᠡ᠂ ᠮᠤᠵᠢ ᠠᠴᠠ ᠲᠤᠷᠤᠭᠰᠢᠬᠢ ᠠᠷᠠᠳ ᠤᠨ ᠰᠢᠬᠦᠬᠦ ᠬᠤᠷᠢᠶ᠎ᠠ ᠶᠢᠨ | ᠳᠤᠲᠤᠭᠠᠲᠤ ᠳᠠᠬᠢ ᠪᠠᠶᠢᠭᠤᠯᠤᠮᠵᠢ ᠶᠢᠨ ᠦᠭᠡᠷᠡᠴᠢᠯᠡᠯᠲᠡ ᠬᠢᠬᠦ ᠶᠢ ᠢᠳᠡᠪᠬᠢᠲᠡᠢ ᠲᠦᠯᠬᠢᠨ ᠠᠬᠢᠭᠤᠯᠵᠤ᠂ | ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠠᠷᠠᠳ | ᠤᠨ ᠳᠡᠭᠡᠲᠦ ᠵᠡᠷᠭᠡ ᠶᠢᠨ ᠰᠢᠬᠦᠬᠦ ᠬᠤᠷᠢᠶ᠎ᠠ ᠶᠢᠨ ︽ᠦᠨᠳᠦᠰᠦᠨ ᠱᠠᠲᠤᠨ ᠤ ᠰᠢᠬᠦᠬᠦ ᠬᠤᠷᠢᠶ᠎ᠠ ᠶᠢᠨ ᠳᠤᠲᠤᠭᠠᠲᠤ | ᠳᠠᠬᠢ ᠪᠠᠶᠢᠭᠤᠯᠤᠮᠵᠢ ᠶᠢᠨ ᠦᠭᠡᠷᠡᠴᠢᠯᠡᠯᠲᠡ ᠬᠢᠬᠦ ᠠᠵᠢᠯ ᠢ ᠪᠦᠬᠦ ᠲᠠᠯ᠎ᠠ ᠪᠠᠷ ᠦᠷᠨᠢᠬᠦᠯᠬᠦ ᠲᠤᠬᠠᠢ ᠵᠢᠯᠤᠭᠤᠳᠬᠤ | ᠰᠠᠨᠠᠯ︾ ᠢ ᠦᠨᠳᠦᠰᠦᠯᠡᠨ᠂ ᠮᠠᠨ ᠤ ᠬᠤᠷᠢᠶ᠎ᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠤᠳᠤᠷᠢᠳᠬᠤ | ᠲᠤᠭᠤᠶᠢᠯᠠᠩ ᠤᠨ ᠰᠤᠳᠤᠯᠤᠨ ᠲᠤᠭᠲᠠᠭᠠᠭᠰᠠᠨ ᠢᠶᠠᠷ᠂ ᠤᠤᠯ ᠤᠨ 19 ᠰᠠᠯᠠᠭ᠎ᠠ ᠮᠦᠴᠢᠷ ᠢ 10 ᠰᠠᠯᠠᠭ᠎ᠠ ᠮᠦᠴᠢᠷ | ᠪᠤᠯᠭᠠᠨ ᠬᠤᠪᠢᠷᠠᠭᠤᠯᠵᠠᠢ᠃ ᠠᠷᠠᠳᠴᠢᠯᠠᠯ ᠢ ᠭᠦᠢᠴᠡᠳ ᠪᠠᠳᠠᠷᠠᠭᠤᠯᠤᠭᠰᠠᠨ ᠤᠷᠢᠳᠠᠯ ᠳᠤᠤᠷ᠎ᠠ᠂ 11 ᠰᠠᠷ᠎ᠠ | ᠶᠢᠨ14 ᠤ ᠡᠳᠦᠷ ᠦᠷᠢᠰᠦᠯᠳᠦᠭᠡᠨ ᠢᠶᠠᠷ ᠲᠤᠰᠢᠶᠠᠯ ᠡᠭᠦᠷᠭᠡᠯᠡᠬᠦ ᠢᠯᠡᠳᠭᠡᠯ ᠬᠢᠬᠦ᠂ ᠠᠷᠠᠳᠴᠢᠯᠠᠯ ᠢᠶᠠᠷ ᠰᠢᠯᠭᠠᠨ | ᠦᠨᠡᠯᠡᠬᠦ᠂ ᠶᠡᠷᠦᠩᠬᠡᠢ ᠦᠨᠡᠯᠡᠯᠲᠡ ᠬᠢᠬᠦ ᠵᠡᠷᠭᠡ ᠠᠯᠬᠤᠮ ᠳᠠᠷᠠᠭ᠎ᠠ ᠪᠠᠷ ᠳᠠᠮᠵᠢᠨ 24 ᠨᠡᠷᠡᠰ ᠳᠤᠮᠳᠠ ᠳᠡᠰ ᠤᠨ | ᠺᠠᠳ᠋ᠷ ᠢ ᠰᠢᠨ᠎ᠡ ᠪᠠᠷ ᠰᠤᠩᠭᠤᠨ ᠭᠠᠷᠭᠠᠵᠠᠢ᠃ ᠪᠠᠶᠢᠭᠤᠯᠤᠮᠵᠢ ᠶᠢᠨ ᠦᠭᠡᠷᠡᠴᠢᠯᠡᠯᠲᠡ ᠪᠠᠷ ᠳᠠᠮᠵᠢᠨ ᠺᠠᠳ᠋ᠷ ᠴᠠᠭᠳᠠᠭ᠎ᠠ | ᠨᠠᠷ ᠤᠨ ᠠᠵᠢᠯᠯᠠᠬᠤ ᠵᠤᠷᠢᠭ ᠢ ᠬᠦᠭᠵᠢᠭᠡᠵᠤ᠂ ᠰᠢᠨ᠎ᠡ ᠡᠷᠴᠢ ᠬᠦᠴᠦᠨ ᠢ ᠨᠡᠮᠡᠭᠳᠡᠭᠦᠯᠵᠡᠢ᠃ ᠦᠭᠡᠷᠡᠴᠢᠯᠡᠯᠲᠡ ᠶᠢᠨ | ᠳᠠᠷᠠᠭ᠎ᠠ᠂ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠨᠠᠷ ᠤᠨ ᠦᠵᠡᠯ ᠰᠠᠨᠠᠭ᠎ᠠ ᠤᠪᠤᠷ ᠰᠤᠷᠲᠠᠯ ᠤᠯᠠᠮ ᠤᠬᠠᠮᠰᠠᠷ ᠲᠠᠢ | ᠂ ᠦᠢᠯᠡ ᠠᠵᠢᠯᠯᠠᠭ᠎ᠠ ᠨᠢ ᠤᠯᠠᠮ ᠡᠷᠡᠰ ᠰᠢᠭᠤᠷᠬᠠᠢ᠂ ᠤᠷᠴᠢᠨ ᠨᠢ ᠤᠯᠠᠮ ᠦᠥᠡᠭᠡᠨ ᠪᠤᠯᠵᠤ᠂ ᠪᠤᠳᠠᠳᠤ | ᠬᠦᠴᠦᠨ ᠨᠢ ᠤᠯᠠᠮ ᠨᠡᠮᠡᠭᠳᠡᠵᠤ᠂ ᠨᠠᠮ ᠪᠠ ᠠᠷᠠᠳ ᠤᠨ ᠰᠡᠳᠬᠢᠯ ᠢ ᠤᠯᠠᠮ ᠨᠢᠭᠲᠠᠷᠠᠭᠤᠯᠵᠠᠢ᠃ | ︵ᠵᠢᠷᠭᠤᠭ᠎ᠠ︶ ᠬᠠᠥᠯᠢ ᠬᠡᠷᠡᠭᠵᠢᠭᠦᠯᠬᠦ ᠶᠢ ᠢᠯᠡ ᠪᠤᠯᠭᠠᠬᠤ ᠠᠵᠢᠯ ᠢ ᠤᠯᠠᠮ ᠨᠢᠭᠡ ᠠᠯᠬᠤᠮ ᠲᠦᠯᠬᠢᠨ | ᠠᠬᠢᠭᠤᠯᠵᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠪᠠ᠃ | ᠤᠯᠠᠨ ᠲᠦᠮᠡᠨ ᠤ ᠬᠡᠷᠡᠭᠴᠡᠭᠡ ᠱᠠᠭᠠᠷᠲᠠᠯᠭ᠎ᠠ ᠪᠠᠷ ᠤᠳᠤᠷᠢᠳᠤᠮᠵᠢ ᠪᠤᠯᠭᠠᠭᠰᠠᠨ ᠪᠦᠬᠦ ᠲᠠᠯ᠎ᠠ ᠶᠢᠨ ᠬᠡᠷᠡᠭᠯᠡᠭᠡᠨ | ᠤ ᠲᠤᠭᠠᠴᠢᠯᠠᠭᠰᠠᠨ ᠰᠢᠬᠦᠬᠦ ᠲᠢᠩᠭᠢᠮ ᠢ ᠪᠠᠷᠢᠮᠲᠠᠯᠵᠠᠢ᠃ ᠭᠡᠷᠡᠭ ᠪᠤᠯᠭᠠᠨ ᠳᠠᠩᠰᠠᠯᠠᠬᠤ ᠶᠢ ᠢᠯᠡ ᠪᠤᠯᠭᠠᠬᠤ᠂ | ᠭᠡᠷᠡᠴᠢᠯᠡᠭᠡ ᠬᠢᠯᠭᠡᠬᠦ ᠶᠢ ᠢᠯᠡ ᠪᠤᠯᠭᠠᠬᠤ᠂ ᠲᠠᠰᠤᠯᠤᠯᠲᠠ ᠶᠢᠨ ᠪᠢᠴᠢᠭ ᠢ ᠢᠯᠡ ᠪᠤᠯᠭᠠᠬᠤ ᠶᠢ ᠯᠠᠪᠳᠠᠭᠤᠨ | ᠠᠬᠢᠭᠤᠯᠤᠭᠰᠠᠨ ᠰᠠᠭᠤᠷᠢᠨ ᠳᠡᠭᠡᠷ᠎ᠠ᠂ ᠲᠢᠩᠬᠢᠮ ᠤᠨ ᠰᠢᠭᠦᠯᠲᠡ ᠶᠢ ᠢᠯᠡ ᠪᠤᠯᠭᠠᠬᠤ᠂ ᠭᠦᠢᠴᠡᠳᠭᠡᠬᠦ ᠰᠤᠷᠠᠭ ᠵᠠᠩᠬᠢ | ᠶᠢ ᠢᠯᠡ ᠪᠤᠯᠭᠠᠬᠤ᠂ ᠰᠢᠬᠦᠬᠦ ᠶᠠᠪᠤᠳᠠᠯ ᠢ ᠢᠯᠡ ᠪᠤᠯᠭᠠᠬᠤ ᠶᠢ ᠬᠦᠨᠵᠡᠭᠡᠶᠢᠷᠡᠭᠦᠯᠵᠡᠢ᠃ ᠪᠦᠬᠦ ᠵᠢᠯ ᠤᠨ ᠲᠤᠷᠰᠢ᠂ | ᠰᠦᠯᠵᠢᠶᠡᠨ ᠳᠡᠭᠡᠷ᠎ᠡ 400 ᠭᠡᠷᠡᠭ ᠢ ᠲᠠᠩᠰᠠᠯᠠᠵᠤ᠂ ᠳᠤᠮᠳᠠᠳᠤ ᠤᠯᠤᠰ ᠤᠨ ᠲᠢᠩᠬᠢᠮ ᠤᠨ ᠰᠢᠭᠦᠯᠲᠡ ᠶᠢ ᠢᠯᠡ | ᠪᠤᠯᠭᠠᠬᠤ ᠰᠦᠯᠵᠢᠶᠡᠨ ᠳᠡᠭᠡᠷ᠎ᠠ 199 ᠬᠡᠷᠡᠭ ᠤᠨ ᠲᠢᠩᠬᠢᠮ ᠤᠨ ᠰᠢᠭᠦᠯᠲᠡ ᠶᠢ ᠰᠢᠭᠤᠳ ᠨᠡᠪᠲᠡᠷᠡᠭᠦᠯᠵᠤ᠂ | ᠬᠦᠯᠢᠶᠡᠨ ᠦᠵᠡᠭᠰᠡᠨ ᠲᠤᠭ᠎ᠠ 100000 ᠬᠦᠮᠦᠨ ᠤᠳᠠᠭ᠎ᠠ ᠲᠤᠯᠵᠤ᠂ ᠳᠤᠮᠳᠠᠳᠤ ᠤᠯᠤᠰ ᠤᠨ ᠲᠠᠰᠤᠯᠠᠨ | ᠲᠤᠭᠲᠠᠭᠠᠯᠲᠠ ᠶᠢᠨ ᠪᠢᠴᠢᠭ ᠤᠨ ᠰᠦᠯᠵᠢᠶᠡᠨ ᠳᠡᠭᠡᠷ᠎ᠠ 8863 ᠬᠤᠪᠢ ᠪᠢᠴᠢᠭ ᠢ ᠢᠯᠡ ᠪᠤᠯᠭᠠᠵᠠᠢ ᠃ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ 12 ᠪᠦᠯᠦᠭ ᠤᠳᠠᠭ᠎ᠠ ᠤᠷᠢᠨ ᠠᠪᠴᠢᠷᠠᠵᠤ | ᠲᠤᠭᠤᠷᠢᠨ ᠪᠠᠶᠢᠴᠠᠭᠠᠯᠭᠠᠵᠤ᠂ ᠲᠢᠩᠬᠢᠮ ᠤᠨ ᠰᠢᠭᠦᠯᠲᠡ ᠶᠢ ᠰᠤᠯᠠ ᠰᠤᠨᠤᠰᠬᠤ᠂ ᠭᠦᠢᠴᠡᠳᠭᠡᠬᠦ ᠶᠢ ᠭᠡᠷᠡᠴᠢᠯᠡᠬᠦ᠂ | ᠰᠠᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠶᠢ 60 | ᠬᠦᠮᠦᠨ ᠤᠳᠠᠭ᠎ᠠ ᠰᠤᠨᠤᠰᠴᠤ᠂ ᠠᠷᠠᠳ ᠤᠨ ᠬᠠᠪᠰᠤᠷᠤᠨ ᠰᠢᠭᠦᠭᠴᠢ ᠤᠷᠤᠯᠴᠠᠨ ᠰᠢᠭᠦᠭᠰᠡᠨ ᠬᠡᠷᠡᠭ 906 ᠬᠤᠪᠢ | ᠂ 1195 ᠬᠦᠮᠦᠨ ᠤᠳᠠᠭ᠎ᠠ ᠲᠤᠯᠵᠠᠢ᠃ | ᠰᠢᠭᠦᠨ ᠲᠠᠰᠤᠯᠬᠤ ᠶᠠᠪᠤᠴᠠ ᠳᠠᠬᠢ ᠮᠡᠳᠡᠭᠡ ᠵᠠᠩᠬᠢ ᠶᠢ ᠢᠯᠡ ᠪᠤᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ | ᠂ ᠳᠠᠯᠳᠠᠭᠤᠷ ᠦᠢᠯᠡᠳᠬᠦ ᠤᠷᠴᠢᠨ ᠢ ᠠᠰᠢᠭᠲᠠᠢ ᠰᠢᠬᠠᠨ ᠪᠠᠭᠠᠰᠬᠠᠵᠠᠢ᠃ ᠨᠢᠭᠡ ᠵᠢᠯ ᠤᠨ ᠲᠤᠷᠰᠢ ᠭᠠᠳᠠᠭᠠᠲᠤ | ᠤᠷᠴᠢᠨ ᠠᠴᠠ ᠬᠢᠨᠠᠯᠲᠠ ᠲᠠᠯᠪᠢᠬᠤ ᠠᠷᠭ᠎ᠠ ᠮᠠᠶ᠋ᠢᠭ ᠢ ᠬᠦᠯᠢᠶᠠᠨ ᠠᠪᠬᠤ ᠶᠢ ᠢᠳᠡᠪᠬᠢᠲᠡᠢ ᠦᠷᠭᠡᠳᠭᠡᠨ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ | ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠢᠨᠡᠯᠲᠡ᠂ ᠪᠠᠶᠢᠴᠠᠭᠠᠬᠤ | ᠬᠤᠷᠢᠶ᠎ᠠ ᠶᠢᠨ ᠵᠠᠷᠭᠤ ᠶᠢᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢᠨ ᠬᠢᠨᠠᠯᠲᠠ ᠶᠢ ᠬᠦᠯᠢᠶᠡᠬᠦ | ᠰᠠᠨᠠᠭᠠᠴᠢᠯᠠᠭᠠᠲᠦ ᠴᠢᠨᠠᠷ ᠪᠤᠯᠤᠨ ᠤᠬᠠᠮᠰᠠᠷᠲᠦ ᠴᠢᠨᠠᠷ ᠢᠶᠠᠨ ᠲᠠᠰᠤᠷᠤᠯᠲᠠ ᠦᠭᠡᠢ ᠳᠡᠭᠡᠭᠰᠢᠯᠡᠭᠦᠯᠵᠤ᠂ ᠤᠯᠠᠨ | ᠲᠦᠮᠡᠨ ᠳᠤ ᠨᠢᠳᠦᠨ ᠳᠤ ᠦᠵᠡᠭᠳᠡᠮ᠎ᠡ ᠬᠡᠯᠪᠡᠷᠢ ᠪᠠᠷ ᠲᠦᠪ ᠭᠤᠤᠯᠴᠢ ᠰᠢᠳᠤᠷᠭᠤ ᠶᠤᠰᠤ ᠶᠢ ᠮᠡᠳᠡᠷᠡᠭᠦᠯᠵᠡᠢ᠃ | ︵ᠲᠤᠯᠤᠭ᠎ᠠ︶ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠪᠠ᠃ | ᠰᠢᠨ᠎ᠡ ᠴᠠᠭ ᠡᠷᠢᠨ ᠤ ᠨᠠᠮ ᠤᠨ ᠪᠠᠶᠢᠭᠤᠯᠤᠯᠲᠠ ᠶᠢᠨ ᠶᠡᠷᠦᠩᠭᠡᠢ ᠱᠠᠭᠠᠷᠲᠠᠯᠭ᠎ᠠ ᠶᠢ ᠬᠢᠨᠠᠮᠠᠭᠠᠢ | ᠦᠢᠯᠡᠳᠦᠯᠭᠡᠵᠢᠭᠦᠯᠵᠤ᠂ ︽ᠨᠠᠢᠮᠠᠨ ᠵᠦᠢᠯ ᠤᠨ ᠴᠢᠳᠠᠪᠤᠷᠢ︾ ︽ᠲᠠᠪᠤᠨ ᠲᠠᠯ᠎ᠠ ᠪᠠᠷ ᠴᠠᠭᠠᠷᠠᠬᠤ》 ᠱᠠᠭᠠᠷᠲᠠᠯᠭ᠎ᠠ | ᠶᠢᠨ ᠲᠤᠭᠤᠷᠢᠨ ᠳᠤ ︽ᠳᠦᠷᠪᠡᠨ ᠤᠬᠠᠮᠰᠠᠷ︾ ᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ︽ᠲᠦᠷᠪᠡᠨ ᠢᠲᠡᠭᠡᠯ︾ | ᠢ ᠪᠠᠲᠤ ᠪᠤᠢ ᠪᠤᠯᠭᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠠᠢ᠃ ᠨᠠᠮ ᠤᠨ ᠪᠠᠶᠢᠭᠤᠯᠤᠯᠲᠠ ᠶᠢᠨ ᠠᠵᠢᠯ | ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠦᠯᠦᠭᠡ᠂ ︽ᠭᠤᠷᠪᠠᠨ ᠬᠦᠮᠦᠵᠢᠯ︾ ᠢ ᠴᠢᠩᠭᠠᠳᠬᠠᠵᠠᠢ᠃ | ᠨᠢᠭᠡ ᠳᠤ ᠤᠯᠤᠰ ᠲᠦᠷᠦ ᠶᠢᠨ ᠬᠦᠮᠦᠵᠢᠯ ᠢ ᠴᠢᠩᠭᠠᠳᠬᠠᠵᠠᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ | ᠪᠤᠯ ᠨᠠᠮ ᠤᠨ ᠦᠨᠳᠦᠰᠦᠨ ᠴᠢᠨᠠᠷ ᠲᠠᠢ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠴᠢᠭᠯᠡᠯ ᠪᠤᠯᠤᠨ ᠦᠷ᠎ᠡ | ᠪᠦᠲᠦᠮᠵᠢ ᠶᠢ ᠲᠤᠭᠳᠠᠭᠠᠳᠠᠭ᠂ ᠴᠠᠭ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ | ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠤᠷᠢᠭ ᠰᠠᠨᠠᠭ᠎ᠠ ᠶᠢ ᠰᠤᠷᠤᠯᠴᠠᠬᠤ ᠪᠠᠷ ᠭᠤᠤᠯᠳᠠᠯᠭ᠎ᠠ ᠪᠤᠯᠭᠠᠨ ᠤᠯᠤᠰ ᠲᠦᠷᠦ ᠶᠢᠨ ᠬᠦᠮᠦᠵᠢᠯ ᠢ | ᠴᠢᠩᠭᠠᠳᠬᠠᠵᠠᠢ᠃ ᠬᠤᠶᠠᠷ ᠲᠤ ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠵᠠᠢ᠃ ᠨᠠᠮᠴᠢ ᠴᠢᠨᠠᠷ ᠪᠤᠯ ᠨᠠᠮ ᠤᠨ | ᠭᠡᠰᠢᠭᠦᠨ ᠤ ᠵᠤᠭᠰᠤᠯᠲᠠ ᠪᠤᠯᠤᠨ ᠤᠬᠠᠮᠰᠠᠷ ᠤᠨ ᠦᠨᠳᠦᠰᠦᠨ ᠪᠠᠷᠢᠮᠵᠢᠶ᠎ᠠ᠂ ᠨᠠᠮ ᠤᠨ ᠭᠡᠰᠢᠭᠦᠨ ᠺᠠᠳ᠋ᠷ ᠤᠨ ᠬᠦᠮᠦᠨ | ᠪᠤᠯᠬᠤ᠂ ᠦᠢᠯᠡᠰ ᠪᠦᠲᠦᠭᠡᠬᠦ᠂ ᠦᠭᠡ ᠶᠠᠷᠢᠬᠤ᠂ ᠶᠤᠰᠤ ᠲᠤᠭᠲᠠᠭᠠᠬᠤ ᠦᠨᠳᠦᠰᠦ ᠪᠤᠯᠤᠨ᠎ᠠ᠃ ᠨᠠᠮ ᠤᠨ ᠲᠡᠥᠭᠡ | ᠶᠢ ᠡᠷᠬᠢᠴᠡᠭᠦᠯᠬᠦ᠂ ᠬᠤᠪᠢᠰᠬᠠᠯᠲᠦ ᠲᠦᠷᠰᠦ ᠰᠢᠩᠭᠡᠭᠡᠯᠲᠡ ᠶᠢᠨ ᠮᠠᠲ᠋ᠧᠷᠢᠶᠠᠯ ᠦᠵᠡᠬᠦ᠂ ᠳᠠᠬᠢᠨᠲᠠ ᠲᠠᠩᠭᠠᠷᠢᠭᠯᠠᠬᠤ | ᠵᠡᠷᠭᠡ ᠬᠦᠳᠡᠯᠭᠡᠭᠡᠨ ᠢ ᠵᠤᠬᠢᠶᠠᠨ ᠪᠠᠶᠢᠭᠤᠯᠬᠤ ᠪᠠᠷ ᠳᠠᠮᠵᠢᠨ ᠦᠷᠭᠡᠨ ᠤᠯᠠᠨ ᠨᠠᠮ ᠤᠨ ᠭᠡᠰᠢᠭᠦᠨ ᠢ ᠨᠦᠯᠦᠭᠡᠯᠡᠨ᠂ | ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠵᠠᠢ᠃ ᠭᠤᠷᠪᠠ ᠳᠤ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ | ᠪᠠᠷᠢᠬᠤ ᠬᠦᠮᠦᠵᠢᠯ ᠢ ᠴᠢᠩᠭᠠᠳᠬᠠᠵᠠᠢ᠃ ᠢᠯᠵᠠᠷᠠᠯ ᠢ ᠡᠷᠡᠰ ᠢᠶᠠᠷ ᠵᠠᠯᠬᠠᠭᠠᠨ ᠰᠢᠳᠭᠡᠬᠦ ᠪᠠ ᠪᠦᠲᠦᠮᠵᠢᠲᠡᠢ ᠪᠠᠷ | ᠰᠡᠷᠭᠡᠶᠢᠯᠡᠬᠦ ᠶᠢ ᠲᠠᠨᠢᠨ ᠮᠡᠳᠡᠬᠦ ᠪᠤᠯ ᠨᠠᠮ ᠤᠨ ᠡᠷᠬᠡᠪᠡᠰᠢ ᠦᠷᠬᠦᠯᠵᠢ ᠰᠠᠶᠢᠲᠤᠷ ᠠᠳᠬᠤᠬᠤ ᠬᠦᠨᠲᠦ ᠴᠢᠬᠤᠯᠠ | ᠤᠯᠤᠰ ᠲᠦᠷᠦ ᠶᠢᠨ ᠡᠭᠦᠷᠭᠡ ᠪᠤᠯᠤᠨ᠎ᠠ᠃ ᠡᠳᠦᠷ ᠲᠤᠲᠤᠮ ᠤᠨ ᠠᠵᠢᠯ ᠳᠤᠮᠳᠠ ᠴᠢᠭᠡᠴᠢ ᠵᠠᠰᠠᠭ ᠤᠨ ᠬᠦᠮᠦᠵᠢᠯ | ᠪᠤᠯᠤᠨ ᠬᠠᠥᠯᠢ ᠴᠠᠭᠠᠵᠠ ᠶᠢᠨ ᠠᠵᠢᠯ ᠢ ᠠᠰᠢᠭ ᠲᠠᠢ ᠤᠶᠠᠯᠳᠤᠭᠤᠯᠵᠤ᠂ ᠺᠠᠳ᠋ᠷ ᠴᠠᠭᠳᠠᠭ᠎ᠠ ᠨᠠᠷ ᠤᠨ ᠠᠷᠢᠭᠤᠨ | ᠴᠢᠭᠡᠴᠢ ᠪᠠᠶᠢᠭᠤᠯᠤᠯᠲᠠ ᠶᠢᠨ ᠲᠦᠯᠦᠭᠡ ᠴᠠᠭ ᠢᠮᠠᠭᠲᠠ ᠰᠡᠷᠡᠮᠵᠢ ᠪᠤᠯᠭᠠᠨ᠎ᠠ᠃ ᠰᠢᠬᠦᠬᠦ ᠬᠤᠷᠢᠶ᠎ᠠ ᠶᠢᠨ ᠺᠠᠳ᠋ᠷ | ᠴᠠᠭᠳᠠᠭ᠎ᠠ ᠨᠠᠷ ᠤᠨ ᠶᠡᠷᠦᠩᠭᠡᠢ ᠬᠡᠪ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ ︽ᠤᠨᠢᠨ ᠳᠡᠭᠡᠷ᠎ᠡ ᠨᠢ ᠬᠠᠥᠯᠢ | ᠬᠡᠷᠡᠭᠵᠢᠭᠦᠯᠬᠦ ᠶᠢ ᠴᠤᠭᠴᠠᠯᠠᠵᠤ ᠂ ᠰᠤᠳᠤᠨ ᠰᠢᠭᠦᠭᠴᠢ ᠶᠢ ᠬᠦᠮᠦᠵᠢᠭᠦᠯᠬᠦ︾ ᠮᠠᠷᠭᠤᠯᠳᠤᠬᠤ ᠤᠷᠤᠯᠳᠤᠭᠠᠨ ᠵᠡᠷᠭᠡ | ᠬᠦᠳᠡᠯᠭᠡᠭᠡᠨ ᠦᠷᠨᠢᠭᠦᠯᠵᠤ᠂ ᠰᠢᠭᠦᠭᠴᠢ ᠶᠢᠨ ᠦᠵᠡᠯ ᠰᠠᠨᠠᠭ᠎ᠠ ᠪᠠᠨ ᠦᠷᠭᠡᠳᠭᠡᠵᠤ᠂ ᠤᠷᠤᠭᠰᠢ ᠳᠠᠪᠰᠢᠬᠤ ᠴᠤᠭ | ᠵᠢᠪᠬᠤᠭ᠎ᠠ ᠶᠢ ᠢᠯᠡᠷᠡᠭᠦᠯᠵᠤ ᠴᠢᠳᠠᠵᠠᠢ᠃ | ︵ᠨᠠᠢᠮᠠ︶ ᠤᠨᠤᠨ ᠳᠡᠭᠡᠷ᠎ᠡ ᠨᠢ ᠶᠠᠳᠠᠭᠤ ᠶᠢ ᠳᠡᠳᠭᠦᠬᠦ ᠪᠠᠷ ᠳᠤᠬᠢᠶᠠᠯ ᠪᠤᠯᠭᠠᠨ᠂ ᠬᠦᠳᠡᠭᠡ ᠲᠤᠰᠬᠤᠨ ᠢ | ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ᠂ ᠨᠡᠶᠢᠭᠡᠮ ᠵᠢᠷᠦᠮᠲᠦ ᠬᠠᠥᠯᠢ ᠴᠠᠭᠠᠵᠠ ᠶᠢᠨ ᠵᠤᠷᠢᠭ | ᠰᠠᠨᠠᠭ᠎ᠠ ᠪᠠᠷ ᠬᠦᠳᠡᠭᠡ ᠲᠤᠰᠬᠤᠨ ᠤ ᠦᠵᠡᠯ ᠤᠬᠠᠮᠰᠠᠷ ᠤᠨ ᠬᠡᠯᠪᠡᠷᠢ ᠶᠢᠨ ᠪᠠᠬᠢᠯᠡᠯᠲᠡ ᠶᠢ ᠡᠵᠡᠯᠡᠭᠦᠯᠵᠡᠢ᠃ | ᠬᠤᠰᠢᠭᠤᠨ ᠤ ᠨᠠᠮ ᠤᠨ ᠬᠤᠷᠢᠶᠠᠨ ᠤ ᠨᠢᠭᠡᠲᠦᠯᠲᠡᠢ ᠪᠠᠶᠢᠷᠢᠯᠠᠭᠤᠯᠤᠯᠲᠠ ᠶᠢᠨ ᠶᠤᠰᠤᠭᠠᠷ᠂ ᠮᠠᠨ ᠤ ᠬᠤᠷᠢᠶ᠎ᠠ | ᠲᠠᠨᠢᠯᠲᠠ ᠪᠠᠨ ᠬᠦᠨᠵᠡᠭᠡᠶᠢᠷᠡᠭᠦᠯᠵᠤ᠂ ᠵᠤᠭᠰᠤᠯᠲᠠ ᠪᠠᠨ ᠲᠡᠭᠡᠭᠰᠢᠯᠡᠭᠦᠯᠵᠤ᠂ ᠬᠠᠮᠲᠦ ᠶᠢᠨ ᠲᠠᠨᠢᠯᠲᠠ ᠪᠠᠨ | ᠨᠢᠭᠲᠠᠷᠠᠭᠤᠯᠵᠤ᠂ ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠠᠵᠢᠯ ᠢ ᠯᠠᠪᠳᠠᠭᠤᠨᠦᠷᠨᠢᠭᠦᠯᠵᠤ᠂ ᠠᠵᠢᠯ ᠤᠨ | ᠭᠠᠷᠳᠠᠬᠤ ᠴᠢᠭ ᠢᠶᠠᠨ ᠵᠦᠪ ᠤᠯᠵᠤ᠂ ᠰᠢᠬᠦᠨ ᠲᠠᠰᠤᠯᠬᠤ ᠴᠢᠳᠠᠮᠵᠢ ᠪᠠᠨ ᠭᠦᠢᠴᠡᠳ ᠪᠠᠳᠠᠷᠠᠭᠤᠯᠵᠤ᠂ ᠬᠦᠳᠡᠭᠡ | ᠲᠤᠰᠬᠤᠨ ᠤ ᠬᠦᠭᠵᠢᠯ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠳᠤ ᠬᠠᠥᠯᠢ ᠴᠠᠭᠠᠵᠠ ᠶᠢᠨ ᠪᠠᠲᠤᠯᠠᠭ᠎ᠠ ᠬᠠᠩᠭᠠᠵᠤ᠂ | ᠬᠦᠳᠡᠭᠡ ᠲᠤᠰᠬᠤᠨ ᠢ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠬᠦᠳᠡᠭᠡ ᠲᠤᠰᠬᠤᠨ ᠢ | ᠠᠮᠢᠵᠢᠷᠠᠯ ᠤᠨ ᠬᠦᠴᠦᠨ ᠲᠡᠭᠦᠯᠳᠡᠷ ᠮᠦᠷᠲᠡᠭᠡᠨ ᠡᠶ᠎ᠡ ᠵᠤᠬᠢᠴᠠᠩᠭᠤᠢ ᠡᠮᠬᠢ ᠲᠢᠭᠯᠢᠮ ᠲᠠᠢ ᠪᠤᠯᠭᠠᠵᠠᠢ᠃ | ᠤᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠠᠵᠢᠯᠯᠠᠬᠤ ᠠᠩᠭᠢ ᠪᠠᠶᠢᠭᠤᠯᠵᠤ᠂ ᠬᠤᠷᠢᠶᠠᠨ ᠳᠠᠷᠤᠭ᠎ᠠ | ᠳᠠᠶᠢᠴᠢᠯᠠᠨ ᠬᠠᠪᠰᠤᠷᠤᠨ ᠳᠡᠳᠭᠦᠬᠦ ᠭᠠᠴᠠᠭ᠎ᠠ ᠲᠤᠰᠬᠤᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠤ᠂ | ᠨᠠᠮ ᠤᠨ ᠬᠢᠴᠢᠶᠠᠯ ᠤᠷᠤᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠤ᠂ ᠬᠠᠪᠰᠤᠷᠤᠨ ᠳᠡᠳᠭᠦᠬᠦ | ᠭᠠᠴᠠᠭ᠎ᠠ ᠲᠤᠰᠬᠤᠨ ᠤ ᠨᠠᠮ ᠤᠨ ᠪᠠᠶᠢᠭᠤᠯᠤᠯᠲᠠ ᠶᠢ ᠰᠠᠶᠢᠵᠢᠷᠠᠭᠤᠯᠵᠠᠢ᠃ ᠦᠨᠤ ᠵᠢᠯ᠂ ᠪᠦᠬᠦ ᠬᠤᠷᠢᠶ᠎ᠠ ᠶᠢᠨ ᠺᠠᠳ᠋ᠷ | ᠴᠠᠭᠳᠠᠭ᠎ᠠ ᠨᠠᠷ ᠬᠠᠮᠲᠦ ᠪᠠᠷ ᠬᠦᠳᠡᠭᠡ ᠪᠠᠭᠤᠵᠤ ᠬᠤᠤᠰᠯᠠᠭᠰᠠᠨ ᠡᠷᠦᠭᠡ ᠪᠠᠷ 5 ᠤᠳᠠᠭ᠎ᠠ ᠪᠠᠶᠢᠴᠠᠭᠠᠯᠲᠠ ᠬᠢᠵᠤ᠂ | ᠬᠤᠷᠢᠶᠠᠨ ᠳᠠᠷᠤᠭ᠎ᠠ ᠶᠠᠳᠠᠭᠤ ᠶᠢ ᠳᠡᠳᠭᠦᠭᠦ ᠰᠤᠮᠦ ᠪᠠᠷ 8 ᠤᠳᠠᠭ᠎ᠠ ︵ᠨᠠᠮ ᠤᠨ ᠬᠢᠴᠢᠶᠡᠯ ᠨᠢᠭᠡ ᠤᠳᠠᠭ᠎ᠠ | ᠤᠷᠤᠵᠠᠢ︶ ᠬᠦᠨᠵᠡᠭᠡᠶᠢᠷᠡᠵᠤ᠂ ᠶᠠᠳᠠᠭᠤ ᠡᠷᠦᠭᠡ ᠶᠢ ᠲᠤᠬᠤᠨᠢᠭᠤᠯᠵᠤ᠂ ᠪᠠᠶᠢᠳᠠᠯ ᠢ ᠤᠶᠢᠯᠠᠭᠠᠵᠤ᠂ ᠠᠷᠭ᠎ᠠ | ᠪᠤᠲᠤᠯᠭ᠎ᠠ ᠭᠠᠷᠭᠠᠵᠤ ᠦᠭᠴᠡᠢ᠃ ᠬᠠᠪᠰᠤᠷᠤᠨ ᠳᠡᠳᠭᠦᠬᠦ ᠭᠠᠴᠠᠭ᠎ᠠ ᠲᠤᠰᠬᠤᠨ ᠤ ᠦᠢᠯᠡᠳᠪᠦᠷᠢᠯᠡᠯ ᠠᠮᠢᠳᠤᠷᠠᠯ ᠤᠨ | ᠨᠦᠭᠦᠴᠡᠯ ᠢ ᠰᠠᠶᠢᠵᠢᠷᠠᠭᠤᠯᠬᠤ ᠶᠢᠨ ᠲᠦᠯᠦᠭᠡ᠂ 3 ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠤ᠂ | ᠤᠩᠬᠤᠯ ᠭᠠᠴᠠᠭ᠎ᠠ ᠳᠤ ᠭᠡᠷ ᠲᠤᠲᠤᠷᠠᠬᠢ ᠪᠡᠶ᠎ᠡ ᠴᠡᠪᠡᠷᠯᠡᠬᠦ ᠲᠠᠰᠤᠯᠭ᠎ᠠ ᠪᠠᠶᠢᠭᠤᠯᠤᠨ ᠦᠭᠴᠤ᠂ ᠬᠤᠩ ᠭᠤᠸᠠᠩ | ᠲᠤᠰᠬᠤᠨ ᠳᠤ 5 ᠲᠦᠮᠡᠨ ᠲᠦᠭᠦᠷᠢᠭ ᠤᠨ ᠵᠠᠮ ᠵᠠᠰᠠᠬᠤ ᠵᠠᠷᠤᠳᠠᠯ ᠢ ᠵᠤᠬᠢᠴᠠᠭᠤᠯᠤᠨ ᠲᠤᠬᠢᠷᠠᠭᠤᠯᠵᠠᠢ᠃ 20 | ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠤ 3 ᠬᠠᠪᠰᠤᠷᠤᠨ ᠳᠡᠳᠭᠦᠬᠦ ᠭᠠᠴᠠᠭ᠎ᠠ ᠲᠤᠰᠬᠤᠨ ᠳᠤ 9 | ᠰᠠᠥᠷᠢ ᠲᠦᠯᠡᠰᠢ ᠶᠢᠨ ᠲᠤᠰᠤᠨ ᠤ ᠭᠤᠷᠪᠠᠨ ᠬᠦᠷᠳᠦᠳᠦ ᠬᠦᠮᠦᠷᠢᠭᠦᠯᠲᠦ ᠲᠡᠷᠭᠡ ᠬᠤᠳᠠᠯᠳᠤᠨ ᠠᠪᠴᠤ ᠦᠭᠬᠦᠨ᠂ | 3 ᠲᠤᠰᠬᠤᠨ ᠳᠤ ᠤᠷᠴᠢᠨ ᠲᠤᠭᠤᠷᠢᠨ ᠤ ᠡᠬᠢ ᠪᠠᠶᠠᠯᠢᠭ ᠤᠨ ᠡᠷᠡᠭᠦᠯ ᠬᠠᠮᠠᠭᠠᠯᠠᠯ ᠤᠨ ᠠᠩᠭᠢ ᠪᠠᠶᠢᠭᠤᠯᠤᠭᠰᠠᠨ | ᠨᠢ ᠪᠦᠬᠦ ᠬᠤᠰᠢᠭᠤᠨ ᠳᠤ ᠠᠩᠬᠠᠨ ᠤ ᠡᠭᠦᠲᠦᠯᠲᠡ ᠪᠤᠯᠵᠠᠢ᠃ 7 ᠰᠠᠷ᠎ᠠ ᠶᠢᠨ 21 ᠤ ᠡᠳᠦᠷ᠂ ᠮᠠᠨ ᠤ ᠬᠤᠷᠢᠶ᠎ᠠ | ᠪᠤᠯᠤᠨ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠬᠠᠮᠲᠤᠷᠠᠵᠤ ᠨᠢᠭᠡᠨ ᠤᠳᠠᠭᠠᠨ ᠤ ︽ᠡᠮ | ᠡᠮᠨᠡᠯᠭᠡ ᠬᠦᠳᠡᠭᠡ ᠪᠠᠭᠤᠵᠤ᠂ ᠠᠯᠪᠠᠨ ᠵᠢᠷᠦᠮ ᠤᠨ ᠡᠮᠴᠢᠯᠡᠯᠭᠡ ᠬᠢᠬᠦ︾ ᠬᠦᠳᠡᠯᠭᠡᠭᠡᠨ ᠶᠠᠪᠤᠭᠳᠠᠭᠤᠯᠵᠠᠢ᠃ ᠡᠮᠴᠢ | ᠨᠠᠷ ᠠᠯᠳᠠᠷ ᠰᠤᠮᠤ ᠶᠢᠨ ᠤᠩᠬᠤᠯ ᠭᠠᠴᠠᠭ᠎ᠠ ᠳᠤ ᠬᠦᠷᠴᠤ᠂ ᠦᠷᠭᠡᠨ ᠤᠯᠠᠨ ᠮᠠᠯᠴᠢᠨ ᠲᠠᠷᠢᠶᠠᠴᠢᠨ ᠳᠤ ᠰᠦᠢᠳᠭᠡᠯ | ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠬᠢᠵᠤ ᠦᠭᠭᠦᠨ᠂ ᠦᠷᠭᠡᠨ ᠤᠯᠠᠨ ᠮᠠᠯᠴᠢᠨ ᠲᠠᠷᠢᠶᠠᠴᠢᠨ ᠤ | ᠬᠡᠷᠡᠭᠴᠡᠭᠡ ᠪᠤᠯᠤᠨ ᠬᠦᠰᠡᠯ ᠢ ᠬᠠᠩᠭᠠᠵᠤ᠂ ᠮᠠᠯᠴᠢᠨ ᠲᠠᠷᠢᠶᠠᠴᠢᠨ ᠤ ᠬᠠᠯᠭᠠᠤᠨ ᠬᠦᠷᠢᠶᠡᠯᠡᠯ ᠪᠤᠯᠤᠨ ᠮᠠᠭᠲᠠᠭᠠᠯ | ᠰᠠᠶᠢᠰᠢᠶᠠᠯ ᠢ ᠤᠯᠵᠠᠢ᠃ | ᠪᠢᠳ᠋ᠨ ᠠᠮᠵᠢᠯᠲᠠ ᠪᠦᠲᠦᠮᠵᠢ ᠪᠠᠨ ᠤᠯᠵᠤ ᠦᠵᠡᠬᠦ ᠶᠢᠨ ᠬᠠᠮᠲᠦ᠂ ᠠᠵᠢᠯ ᠤᠨ ᠳᠤᠮᠳᠠ ᠤᠷᠤᠰᠢᠵᠤ ᠪᠠᠶᠢᠭ᠎ᠠ | ᠡᠳᠦᠢ ᠲᠡᠳᠦᠢ ᠵᠦᠷᠢᠶ᠎ᠡ ᠪᠤᠯᠤᠨ ᠬᠦᠴᠢᠷᠳᠡᠯ ᠢᠶᠠᠨ ᠬᠢᠷᠠᠬᠠᠢ ᠲᠠᠨᠢᠵᠤ ᠤᠯᠵᠠᠢ᠃ ᠨᠢᠭᠡ ᠳᠤ ᠠᠵᠢᠯ ᠤᠨ ᠠᠮᠠᠷᠠᠯᠲᠠ | ᠠᠪᠤᠭᠰᠠᠨ ᠰᠢᠯᠲᠠᠭᠠᠨ ᠠᠴᠠ ᠪᠤᠯᠵᠤ᠂ ᠰᠢᠭᠦᠭᠴᠢ ᠶᠢᠨ ᠲᠤᠭ᠎ᠠ ᠵᠢᠯ ᠳᠠᠷᠠᠭᠠᠯᠠᠨ ᠪᠠᠭᠠᠰᠴᠤ᠂ ᠴᠠᠭ ᠲᠤᠬᠠᠢ ᠳᠤᠨᠢ | ᠨᠦᠬᠦᠪᠦᠷᠢᠯᠡᠵᠤ ᠠᠮᠵᠢᠭ᠎ᠠ ᠦᠭᠡᠢ᠂ ᠰᠢᠭᠦᠭᠴᠢ ᠶᠢᠨ ᠲᠤᠰᠠᠯᠠᠭᠴᠢ ᠪᠠ ᠪᠢᠴᠢᠭᠡᠴᠢ ᠲᠤᠲᠠᠭᠳᠠᠵᠤ᠂ ᠭᠡᠷᠡᠭ ᠤᠯᠠᠨ | ᠬᠦᠮᠦᠨ ᠬᠦᠷᠦᠯᠴᠡᠬᠦ ᠦᠭᠡᠢ ᠵᠦᠷᠢᠴᠡᠯ ᠮᠠᠰᠢ ᠲᠤᠪᠤᠶᠢᠮ᠎ᠠ ᠪᠠᠶᠢᠨ᠎ᠠ᠃ ᠬᠤᠶᠠᠷ ᠲᠤ ᠵᠠᠷᠤᠳᠠᠯ ᠲᠤᠲᠠᠮᠠᠭ ᠠᠴᠠ | ᠪᠤᠯᠵᠤ ᠮᠡᠳᠡᠭᠡ ᠵᠠᠩᠬᠢᠵᠢᠯᠲᠡ ᠶᠢᠨ ᠬᠡᠷᠡᠭᠯᠡᠯᠲᠡ ᠬᠤᠵᠢᠮᠳᠠᠭᠤ ᠪᠠᠶᠢᠳᠠᠯ ᠢᠯᠡᠷᠡᠵᠤ᠂ ᠤᠶᠤᠨᠴᠢᠯᠠᠭᠰᠠᠨ ᠰᠢᠬᠦᠬᠦ | ᠬᠤᠷᠢᠶᠠᠨ ᠤ ᠪᠠᠶᠢᠭᠤᠯᠤᠯᠲᠠ ᠳᠤ ᠡᠰᠡ ᠵᠤᠬᠢᠴᠠᠪᠠ᠃ ᠭᠤᠷᠪᠠ ᠳᠤ ᠰᠢᠭᠦᠨ ᠲᠠᠰᠤᠯᠬᠤ ᠠᠵᠢᠯ ᠪᠤᠯᠤᠨ ᠤᠯᠠᠨ | ᠲᠦᠮᠡᠨ ᠤ ᠬᠠᠥᠯᠢ ᠴᠠᠭᠠᠵᠠ ᠶᠢᠨ ᠱᠠᠭᠠᠷᠲᠠᠯᠭ᠎ᠠ ᠶᠢᠨ ᠬᠤᠭᠤᠷᠤᠨᠳᠤ ᠵᠦᠷᠢᠶ᠎ᠡ ᠲᠠᠢ ᠪᠤᠯᠵᠤ᠂ ᠠᠷᠠᠳ ᠲᠤ ᠳᠦᠭᠦᠮ | ᠦᠵᠡᠭᠦᠯᠵᠤ ᠠᠷᠠᠳ ᠲᠤ ᠲᠤᠰᠠ ᠬᠢᠬᠦ ᠠᠷᠭ᠎ᠠ ᠠᠪᠴᠢᠯ ᠤᠨ ᠲᠠᠯ᠎ᠠ ᠪᠠᠷ ᠤᠯᠠᠮ ᠨᠢᠭᠡ ᠠᠯᠬᠤᠮ ᠦᠭᠡᠷᠡᠴᠢᠯᠡᠨ | ᠰᠠᠶᠢᠵᠢᠷᠠᠭᠤᠯᠬᠤ ᠴᠢᠬᠤᠯᠲᠠᠢ᠃ ᠳᠦᠷᠪᠡ ᠳᠤ ᠰᠢᠭᠦᠭᠴᠢ ᠶᠢᠨ ᠳᠤᠬᠠᠶᠢᠯᠠᠭᠰᠠᠨ ᠠᠵᠢᠯ ᠤᠨ ᠪᠠᠲᠤᠯᠭ᠎ᠠ ᠶᠢᠨ | ᠲᠦᠷᠢᠮ ᠪᠤᠯᠤᠨ ᠲᠤᠭᠲᠠᠴᠠ ᠶᠢ ᠳᠠᠷᠤᠢ ᠲᠦᠷᠭᠡᠨ ᠲᠡᠭᠦᠯᠳᠡᠷᠵᠢᠭᠦᠯᠬᠦ ᠴᠢᠬᠤᠯᠠ ᠲᠠᠢ ︵ᠰᠢᠬᠦᠨ ᠲᠠᠰᠤᠯᠬᠤ | ᠳᠠᠷᠤᠭ᠎ᠠ ᠶᠢ ᠰᠤᠩᠭᠤᠨ ᠲᠤᠮᠢᠯᠠᠬᠤ᠂ ᠬᠤᠷᠢᠶᠠᠨ ᠳᠠᠷᠤᠭ᠎ᠠ ᠲᠢᠩᠬᠢᠮ ᠤᠨ ᠳᠠᠷᠤᠭ᠎ᠠ ᠭᠡᠷᠡᠭ ᠡᠷᠬᠢᠯᠡᠬᠦ᠂ ᠰᠢᠭᠦᠨ | ᠲᠠᠰᠤᠯᠬᠤ ᠬᠠᠮᠢᠶᠠᠷᠤᠯᠲᠠ ᠳᠤ ᠬᠢᠨᠡᠯᠲᠡ ᠲᠠᠯᠪᠢᠬᠤ᠂ ᠤᠷᠤᠨ ᠲᠤᠭ᠎ᠠ ᠳᠤ ᠦᠯᠦ ᠤᠷᠤᠭᠰᠠᠨ ᠰᠢᠭᠦᠭᠴᠢ ᠶᠢᠨ | ᠲᠤᠰᠢᠶᠠᠯ ᠲᠡᠰ ᠤᠨ ᠬᠠᠷᠠᠭᠠᠯᠵᠠᠯ︶ ᠬᠡᠬᠦ ᠮᠡᠲᠦ᠃ ᠡᠬᠦᠨ ᠠᠴᠠ ᠬᠤᠶᠢᠰᠢᠲᠠ᠂ ᠪᠢᠳᠠ ᠦᠨᠡᠨ ᠠᠴᠠ ᠵᠦᠪ ᠢ ᠡᠷᠢᠬᠦ | ᠤᠪᠤᠷ᠂ ᠢᠷᠮᠡᠭᠦᠨ ᠵᠤᠷᠢᠭᠲᠠᠢ ᠪᠠᠷ ᠦᠭᠡᠷᠡᠴᠢᠯᠡᠯᠲᠡ ᠬᠢᠬᠦ ᠵᠤᠷᠢᠭ ᠢ ᠡᠪᠦᠷᠯᠡᠵᠤ᠂ ᠢᠳᠡᠪᠬᠢᠲᠡᠢ ᠠᠷᠭ᠎ᠠ ᠬᠡᠮᠵᠢᠶ᠎ᠡ | ᠠᠪᠴᠤ᠂ ᠬᠠᠥᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠦᠭᠡᠷᠡᠴᠢᠯᠡᠯᠲᠡ ᠶᠢ ᠪᠤᠲᠠᠲᠠᠢ | ᠨᠠᠶᠢᠳᠠᠪᠤᠷᠢᠵᠢᠭᠤᠯᠤᠨ᠎ᠠ᠃ | ᠬᠤᠶᠠᠷ᠂ 2019 ᠤᠨ ᠤ ᠠᠵᠢᠯ ᠤᠨ ᠰᠡᠳᠬᠢᠴᠡ | ᠰᠢᠭᠦᠬᠦ ᠬᠤᠷᠢᠶ᠎ᠠ ᠶᠢᠨ ᠠᠵᠢᠯ ᠤᠨ ᠤᠯᠤᠭᠰᠠᠨ ᠠᠮᠵᠢᠯᠲᠡ ᠨᠢ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠪᠤᠯᠤᠨ ᠵᠠᠰᠠᠭ ᠤᠨ ᠤᠷᠳᠤᠨ ᠤ ᠬᠦᠴᠦᠲᠡᠢ ᠳᠡᠮᠵᠢᠯᠭᠡ ᠵᠢᠴᠢ ᠡᠯ᠎ᠡ ᠡᠳᠡᠭᠡᠳ ᠤᠨ | ᠬᠠᠯᠠᠮᠵᠢᠯᠠᠯ ᠠᠴᠠ ᠰᠠᠯᠵᠤ ᠪᠤᠯᠤᠰᠢ ᠦᠭᠡᠢ᠃ 2019 ᠤᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠤᠭ ᠰᠠᠨᠠᠭ᠎ᠠ ᠪᠠᠨ ᠦᠯᠦ ᠤᠮᠠᠷᠳᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠤ᠂ ︽ᠲᠦᠪ ᠭᠤᠤᠯᠴᠢ ᠬᠢᠭᠡᠳ ᠦᠷ᠎ᠡ ᠪᠦᠲᠦᠮᠵᠢ︾ ᠪᠠᠷ ᠠᠵᠢᠯ ᠤᠨ ᠭᠤᠤᠯ ᠰᠡᠳᠦᠪ ᠪᠤᠯᠭᠠᠨ᠂ | ︽ᠮᠤᠷᠠᠯ ᠢ ᠡᠷᠬᠢᠮᠯᠡᠨ ᠬᠠᠥᠯᠢ ᠶᠢ ᠳᠡᠭᠡᠳᠦᠯᠡᠵᠤ᠂ ᠠᠷᠢᠭᠤᠨ ᠴᠢᠭᠡᠴᠢ ᠪᠠᠷ ᠠᠷᠠᠳ ᠲᠦᠮᠡᠨ ᠳᠤ ᠦᠢᠯᠡᠴᠢᠯᠡᠬᠦ︾ | ᠬᠤᠷᠢᠶ᠎ᠠ ᠶᠢᠨ ᠰᠤᠷᠲᠠᠯ ᠢᠶᠠᠨ ᠪᠠᠲᠤ ᠡᠵᠡᠮᠰᠢᠵᠤ᠂ ᠠᠷᠠᠳ ᠲᠦᠮᠡᠨ ᠤ ᠲᠦᠯᠦᠭᠡ ᠬᠠᠥᠯᠢ ᠪᠠᠷᠢᠬᠤ ᠶᠢ ᠪᠠᠷᠢᠮᠲᠠᠯᠠᠵᠤ᠂ | ᠠᠷᠠᠳ ᠤᠯᠠᠨ ᠤ ᠬᠠᠥᠯᠢ ᠶᠤᠰᠤᠨ ᠤ ᠡᠷᠭᠡ ᠠᠰᠢᠭ ᠢ ᠦᠨᠠᠨ ᠬᠦ ᠬᠠᠮᠠᠭᠠᠯᠠᠨ᠎ᠠ᠃ | ᠨᠢᠭᠡ ᠳᠤ ᠰᠢᠨ᠎ᠡ ᠴᠠᠭ ᠡᠷᠢᠨ ᠳᠤ ᠵᠤᠬᠢᠴᠠᠭᠤᠯᠵᠤ᠂ ᠰᠢᠨ᠎ᠡ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠎ᠡ᠃ | ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠂ ᠭᠤᠷᠪᠠᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢᠨ ᠰᠤᠷᠤᠯᠴᠠᠯᠭ᠎ᠠ ᠶᠢ ᠴᠢᠩᠭ᠎ᠠ ᠠᠳᠬᠤᠬᠤ ᠶᠢ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠰᠢᠬᠦᠬᠦ ᠬᠤᠷᠢᠶ᠎ᠠ ᠶᠢᠨ ᠠᠵᠢᠯ ᠢᠶᠠᠨ ᠨᠢᠭᠡᠲᠦᠯᠲᠡᠢ ᠵᠢᠯᠤᠭᠤᠳᠤᠭᠤᠯᠤᠨ᠎ᠠ᠃ ᠵᠠᠪᠠᠯ ᠦᠢᠯᠡᠴᠢᠯᠡᠬᠦ | ᠦᠵᠡᠯᠲᠡ᠂ ᠰᠢᠨ᠎ᠡ ᠶᠢ ᠡᠭᠦᠳᠬᠦ ᠦᠵᠡᠯᠲᠡ᠂ ᠨᠡᠭᠡᠭᠡᠯᠲᠡ ᠶᠢᠨ ᠦᠵᠡᠯᠲᠡ᠂ ᠵᠤᠬᠢᠴᠠᠭᠤᠯᠬᠤ ᠦᠵᠡᠯᠲᠡ᠂ | ᠲᠡᠷᠢᠭᠦᠯᠡᠬᠦ ᠦᠵᠡᠯᠲᠡ ᠢ ᠯᠠᠪᠳᠠᠭᠤᠨ ᠪᠤᠢ ᠪᠤᠯᠭᠠᠨ᠎ᠠ᠃ ᠰᠢᠬᠦᠬᠦ ᠬᠤᠷᠢᠶ᠎ᠠ ᠶᠢᠨ ᠠᠵᠢᠯ ᠢ ᠤᠬᠠᠮᠰᠠᠷ ᠠᠴᠠ ᠪᠠᠨ | ᠤᠴᠢᠵᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠵᠢᠯ ᠤᠨ ᠪᠦᠬᠦ ᠪᠠᠶᠢᠳᠠᠯ ᠤᠨ ᠳᠤᠮᠳᠠ ᠪᠤᠳᠤᠯᠬᠢᠯᠠᠨ | ᠠᠬᠢᠭᠤᠯᠤᠨ᠎ᠠ᠃ ᠭᠠᠳᠠᠭᠠᠲᠦ ᠤᠷᠴᠢᠨ ᠢ ᠵᠤᠬᠢᠴᠠᠭᠤᠯᠤᠨ ᠬᠠᠮᠲᠤᠷᠠᠨ ᠬᠦᠳᠦᠯᠦᠯᠴᠡᠬᠦ ᠶᠢ ᠴᠢᠩᠭᠠᠳᠬᠠᠨ᠂ ᠰᠢᠬᠦᠬᠦ | ᠬᠤᠷᠢᠶ᠎ᠠ ᠶᠢᠨ ᠴᠢᠨᠠᠷ ᠰᠠᠶᠢᠲᠠᠢ ᠬᠦᠭᠵᠢᠯᠲᠡ ᠶᠢᠨ ᠵᠤᠬᠢᠴᠠᠩᠭᠤᠢ ᠴᠢᠨᠠᠷ᠂ ᠰᠧᠰᠲ᠋ᠧᠮᠲᠦ ᠴᠢᠨᠠᠷ ᠢ ᠴᠢᠩᠭᠠᠳᠬᠠᠨ᠎ᠠ᠃ | ᠬᠤᠶᠠᠷ ᠲᠤ ᠠᠷᠠᠳ ᠤᠨ ᠰᠢᠬᠦᠬᠦ ᠬᠤᠷᠢᠶᠠᠨ ᠤ ᠴᠢᠳᠠᠮᠵᠢᠲᠦ ᠪᠠᠶᠢᠷᠢ ᠪᠠᠨ ᠬᠢᠨᠠᠮᠠᠭᠠᠢ ᠰᠢᠨᠵᠢᠵᠤ᠂ ᠰᠢᠨ᠎ᠡ ᠴᠠᠭ | ᠦᠶ᠎ᠡ ᠶᠢᠨ ᠠᠷᠠᠳ ᠤᠨ ᠰᠢᠬᠦᠬᠦ ᠬᠤᠷᠢᠶᠠᠨ ᠤ ᠡᠭᠦᠷᠭᠡ ᠬᠠᠷᠢᠭᠤᠴᠠᠯᠭ᠎ᠠ ᠪᠠᠨ ᠪᠠᠲᠤᠲᠠᠢ ᠭᠦᠢᠴᠡᠳᠭᠡᠵᠤ᠂ ᠰᠢᠬᠦᠬᠦ | ᠬᠤᠷᠢᠶᠠᠨ ᠤ ᠵᠠᠰᠠᠭ ᠤᠨ ᠡᠷᠭᠡ ᠶᠢ ᠬᠠᠮᠠᠭᠠᠯᠠᠬᠤ᠂ ᠨᠡᠶᠢᠲᠡ ᠶᠢᠨ ᠡᠷᠭᠡ ᠶᠢ ᠬᠢᠵᠠᠭᠠᠷᠯᠠᠬᠤ᠂ ᠦᠮᠴᠢᠯᠡᠯ ᠤᠨ ᠡᠷᠭᠡ | ᠶᠢ ᠬᠠᠮᠠᠭᠠᠯᠠᠬᠤ᠂ ᠬᠦᠮᠦᠨ ᠤ ᠡᠷᠭᠡ ᠶᠢ ᠬᠠᠮᠠᠭᠠᠯᠠᠬᠤ ᠴᠢᠳᠠᠪᠤᠷᠢ ᠶᠢ ᠤᠯᠠᠮ ᠭᠦᠢᠴᠡᠳ ᠪᠠᠳᠠᠷᠠᠭᠤᠯᠤᠨ᠎ᠠ᠃ ᠨᠢᠭᠡ | ᠳᠤ ᠭᠦᠭᠵᠢᠭᠦᠯᠦᠨ ᠮᠠᠨᠳᠤᠭᠤᠯᠬᠤ ᠪᠦᠬᠦ ᠪᠠᠶᠢᠳᠠᠯ ᠳᠤ ᠦᠢᠯᠡᠴᠢᠯᠡᠨ᠎ᠡ᠃ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ | ᠶᠢ ᠪᠠᠷᠢᠮᠲᠠᠯᠠᠵᠤ᠂ ᠠᠵᠢᠯ ᠤᠨ ᠤᠷᠢᠳᠴᠢᠯᠠᠨ ᠮᠡᠳᠡᠬᠦ ᠴᠢᠨᠠᠷ᠂ ᠰᠠᠨᠠᠭᠠᠴᠢᠯᠠᠭᠠᠲᠦ ᠴᠢᠨᠠᠷ ᠢ ᠴᠢᠩᠭᠠᠳᠬᠠᠵᠤ᠂ ᠬᠠᠥᠯᠢ | ᠴᠠᠭᠠᠵᠠ ᠶᠢᠨ ᠭᠠᠷᠳᠠᠬᠤ ᠴᠢᠭ᠂ ᠬᠦᠴᠦᠯᠡᠬᠦ ᠴᠢᠭ ᠢᠶᠠᠨ ᠵᠦᠪ ᠤᠯᠵᠤ᠂ ᠦᠢᠯᠡᠴᠢᠯᠡᠭᠡ ᠶᠢᠨ ᠬᠠᠨᠳᠤᠯᠭᠠᠲᠦ ᠴᠢᠨᠠᠷ | ᠂ ᠪᠤᠳᠠᠳᠤ ᠦᠷ᠎ᠡ ᠠᠰᠢᠭᠲᠦ ᠴᠢᠨᠠᠷ ᠢ ᠳᠡᠭᠡᠭᠰᠢᠯᠡᠭᠦᠯᠵᠤ᠂ ᠠᠷᠠᠳ ᠤᠨ ᠰᠢᠬᠦᠬᠦ ᠬᠤᠷᠢᠶᠠᠨ ᠤ ᠠᠵᠢᠯ ᠢ ᠬᠤᠰᠢᠭᠤᠨ | ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ | ᠠᠶᠢᠵᠢᠮ ᠨᠡᠶᠢᠯᠡᠭᠦᠯᠦᠨ᠂ ᠨᠠᠷᠢᠯᠢᠭ ᠤᠨᠤᠪᠴᠢᠲᠠᠢ ᠵᠤᠯᠭᠠᠭᠤᠯᠤᠨ᠎ᠠ᠃ ᠬᠤᠶᠠᠷ ᠲᠤ ᠬᠠᠥᠯᠢ ᠪᠠᠷ ᠵᠠᠰᠠᠬᠤ ᠨᠡᠶᠢᠭᠡᠮ | ᠤᠨ ᠪᠠᠶᠢᠭᠤᠯᠤᠯᠲᠠ ᠳᠤ ᠦᠢᠯᠡᠴᠢᠯᠡᠨ᠎ᠡ᠃ ᠠᠷᠠᠳ ᠤᠨ ᠰᠢᠬᠦᠬᠦ ᠬᠤᠷᠢᠶᠠᠨ ᠤ ᠳᠠᠭᠠᠭᠤᠯᠬᠤ᠂ ᠠᠬᠢᠭᠤᠯᠬᠤ᠂ | ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠡᠰᠢᠲᠦ ᠭᠤᠤᠯ ᠴᠤᠭᠴᠠ ᠶᠢᠨ ᠤᠷᠤᠯᠴᠠᠯᠭ᠎ᠠ᠂ | ᠤᠯᠠᠨ ᠵᠦᠢᠯ ᠤᠨ ᠠᠷᠭ᠎ᠠ ᠵᠠᠮ ᠢᠶᠠᠷ ᠬᠦᠲᠦᠯᠦᠨ ᠵᠢᠯᠤᠭᠤᠳᠬᠤ᠂ ᠤᠯᠠᠨ ᠬᠡᠯᠪᠡᠷᠢ ᠪᠠᠷ ᠵᠠᠰᠠᠬᠤ ᠵᠦᠷᠢᠴᠡᠯ | ᠵᠢᠭᠤᠷᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠠᠵᠢᠯ ᠤᠨ ᠪᠠᠶᠢᠷᠢᠰᠢᠯ ᠢ ᠪᠠᠶᠢᠭᠤᠯᠬᠤ ᠶᠢ ᠦᠷᠬᠦᠯᠵᠢᠯᠡᠨ | ᠲᠦᠯᠬᠢᠨ ᠠᠬᠢᠭᠤᠯᠤᠨ᠎ᠠ᠃ ᠭᠤᠷᠪᠠ ᠳᠤ ᠠᠷᠠᠳ ᠤᠯᠠᠨ ᠳᠤ ᠦᠢᠯᠡᠴᠢᠯᠡᠨ᠎ᠡ᠃ ᠠᠷᠠᠳ ᠲᠦᠮᠡᠨ ᠢᠶᠠᠷ ᠭᠤᠤᠯ | ᠪᠤᠯᠭᠠᠬᠤ ᠦᠨᠳᠦᠰᠦᠨ ᠵᠤᠭᠰᠤᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠡᠰᠡᠬᠦ | ᠪᠠᠷ ᠠᠵᠢᠯ ᠤᠨ ᠦᠨᠳᠦᠰᠦᠨ ᠪᠠᠷᠢᠮᠵᠢᠶ᠎ᠠ ᠪᠠᠨ ᠪᠤᠯᠭᠠᠵᠤ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠬᠠᠥᠯᠢ | ᠴᠠᠭᠠᠵᠠ ᠶᠢᠨ ᠪᠠᠲᠤᠯᠭ᠎ᠠ ᠶᠢᠨ ᠲᠤᠤᠷ ᠢ ᠨᠠᠷᠢᠯᠢᠭ ᠰᠦᠯᠵᠢᠵᠤ᠂ ᠠᠷᠠᠳ ᠤᠨ ᠰᠢᠬᠦᠬᠦ ᠬᠤᠷᠢᠶᠠᠨ ᠤ ᠠᠷᠠᠳ ᠤᠯᠠᠨ | ᠳᠤ ᠦᠢᠯᠡᠴᠢᠯᠡᠬᠦ᠂ ᠦᠨᠳᠦᠰᠦᠨ ᠱᠠᠲᠤᠨ ᠤ ᠵᠠᠰᠠᠯᠲᠠ ᠳᠤ ᠤᠷᠤᠯᠴᠠᠬᠤ ᠡᠮᠦᠨ᠎ᠡ ᠹᠷᠦᠨᠲ ᠤᠨ ᠪᠠᠬᠢᠯᠡᠯᠲᠡ ᠶᠢᠨ | ᠭᠠᠵᠠᠷ ᠪᠤᠯᠬᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠤᠨ᠎ᠠ᠃ | ᠭᠤᠷᠪᠠ ᠳᠤ ᠰᠢᠭᠦᠨ ᠲᠠᠰᠤᠯᠤᠯᠲᠠ ᠶᠢᠨ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠲᠦᠪ | ᠪᠤᠯᠭᠠᠨ᠂ ᠬᠠᠥᠯᠢ ᠴᠠᠭᠠᠵᠠ ᠶᠢᠨ ᠪᠠᠶᠢᠭᠤᠯᠤᠮᠵᠢ ᠵᠢᠨᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠤᠶᠤᠨᠴᠢᠯᠠᠭᠰᠠᠨ | ᠰᠢᠬᠦᠬᠦ ᠬᠤᠷᠢᠶ᠎ᠠ ᠶᠢᠨ ᠪᠠᠶᠢᠭᠤᠯᠤᠯᠲᠠ ᠶᠢ ᠲᠦᠷᠭᠡᠨ ᠠᠬᠢᠭᠤᠯᠤᠨ᠎ᠠ᠃ ᠬᠠᠥᠯᠢ ᠬᠡᠷᠡᠭᠵᠢᠭᠦᠯᠦᠨ ᠬᠡᠷᠡᠭ ᠡᠷᠬᠢᠯᠡᠬᠦ | ᠪᠤᠯ ᠰᠢᠬᠦᠬᠦ ᠬᠤᠷᠢᠶᠠᠨ ᠤ ᠭᠤᠤᠯ ᠠᠵᠢᠯ᠂ ᠰᠢᠬᠦᠨ ᠲᠠᠰᠤᠯᠬᠤ ᠶᠠᠰᠤ ᠴᠢᠨᠠᠷ ᠪᠤᠯ ᠰᠢᠬᠦᠬᠦ ᠬᠤᠷᠢᠶᠠᠨ ᠤ ᠠᠵᠢᠯ ᠤᠨ | ᠠᠮᠢᠨ ᠰᠤᠳᠠᠰᠤ ᠮᠦᠨ᠃ ᠪᠤᠳᠠᠳᠤ ᠴᠤᠭᠴᠠ ᠶᠢᠨ ᠲᠦᠪ ᠭᠤᠤᠯᠴᠢ ᠪᠤᠯᠤᠨ ᠡᠮᠬᠢ ᠵᠢᠷᠦᠮ ᠤᠨ ᠲᠦᠪ ᠭᠤᠤᠯᠴᠢ | ᠶᠢ ᠵᠡᠷᠭᠡ ᠪᠠᠷ ᠴᠢᠬᠤᠯᠠᠴᠢᠯᠠᠬᠤ᠂ ᠰᠢᠭᠦᠨ ᠲᠠᠰᠤᠯᠬᠤ ᠶᠠᠰᠤ ᠴᠢᠨᠠᠷ ᠪᠤᠯᠤᠨ ᠰᠢᠭᠦᠨ ᠲᠠᠰᠤᠯᠬᠤ ᠦᠷ᠎ᠡ ᠠᠰᠢᠭ | ᠨᠢᠭᠡᠲᠦᠯᠲᠠᠢ ᠪᠠᠶᠢᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠪᠠᠷ | ᠰᠢᠭᠦᠨ ᠲᠠᠰᠤᠯᠬᠤ ᠶᠠᠰᠤ ᠴᠢᠨᠠᠷ ᠪᠤᠯᠤᠨ ᠦᠷ᠎ᠡ ᠠᠰᠢᠭ ᠢ ᠳᠡᠭᠡᠭᠰᠢᠯᠡᠭᠦᠯᠵᠤ᠂ ᠬᠠᠥᠯᠢ ᠴᠠᠭᠠᠵᠠ ᠶᠢᠨ | ᠬᠠᠷᠢᠭᠤᠴᠠᠯᠭ᠎ᠠ ᠶᠢᠨ ᠳᠦᠷᠢᠮ ᠤᠨ ᠦᠭᠡᠷᠡᠴᠢᠯᠡᠯᠲᠡ ᠶᠢᠨ ᠳᠠᠷᠠᠭᠠᠬᠢ ᠡᠷᠭᠡ ᠶᠢ ᠲᠤᠷᠤᠭᠰᠢ ᠪᠠᠭᠤᠯᠭᠠᠬᠤ ᠪᠠ ᠬᠢᠨᠠᠨ | ᠬᠠᠮᠢᠶᠠᠷᠬᠤ ᠶᠢᠨ ᠬᠠᠷᠢᠴᠠᠭ᠎ᠠ ᠶᠢ ᠵᠦᠪ ᠰᠢᠢᠳᠪᠦᠷᠢᠯᠡᠵᠤ᠂ ᠡᠮᠬᠢ ᠴᠡᠭᠴᠡ ᠲᠠᠢ ᠪᠠᠷ ᠡᠷᠭᠡ ᠶᠢ ᠲᠠᠯᠪᠢᠬᠤ ᠪᠠ | ᠪᠦᠲᠦᠮᠵᠢᠲᠠᠢ ᠬᠢᠨᠠᠯᠲᠠ ᠲᠠᠯᠪᠢᠬᠤ ᠶᠢ ᠨᠢᠭᠡᠲᠦᠯᠲᠡᠢ ᠪᠠᠶᠢᠯᠭᠠᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠰᠢᠭᠦᠨ | ᠲᠠᠰᠤᠯᠬᠤ ᠡᠷᠭᠡ ᠶᠢᠨ ᠠᠵᠢᠯᠯᠠᠭ᠎ᠠ ᠳᠤ ᠵᠤᠬᠢᠴᠠᠯᠳᠤᠭᠰᠠᠨ ᠡᠷᠭᠡ ᠶᠢᠨ ᠬᠢᠨᠠᠯᠲᠠ ᠲᠠᠯᠪᠢᠬᠤ ᠬᠢᠵᠠᠭᠠᠷᠯᠠᠬᠤ ᠲᠤᠭᠲᠠᠴᠠ | ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠡᠷᠭᠡ ᠶᠢ ᠪᠠᠭᠤᠯᠭᠠᠭᠰᠠᠨ ᠴᠦ ᠰᠤᠯᠠᠷᠠᠭᠤᠯᠬᠤ ᠦᠭᠡᠢ᠂ ᠡᠷᠭᠡ ᠪᠠᠨ | ᠬᠡᠷᠡᠭᠵᠢᠭᠦᠯᠬᠦ ᠳᠤ ᠬᠢᠨᠠᠯᠲᠠ ᠬᠦᠯᠢᠶᠡᠬᠦ ᠶᠢ ᠵᠠᠪᠠᠯ ᠪᠠᠲᠤᠯᠠᠨ᠎ᠠ᠃ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ | ᠬᠠᠮᠢᠶᠠᠷᠤᠯᠲᠠ ᠪᠠ ᠤᠳᠤ ᠦᠶ᠎ᠡ ᠶᠢᠨ ᠰᠢᠨᠵᠢᠯᠡᠭᠡ ᠮᠡᠷᠭᠡᠵᠢᠯ ᠤᠨ ᠬᠡᠷᠡᠭᠯᠡᠭᠡ ᠶᠢᠨ ᠬᠦᠨᠵᠡᠭᠡᠢ ᠨᠡᠶᠢᠯᠡᠯ ᠢ ᠬᠦᠴᠦᠯᠡᠨ | ᠠᠬᠢᠭᠤᠯᠵᠤ᠂ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠠᠯ᠎ᠠ ᠪᠠᠷ ᠨᠠᠷᠢᠯᠢᠭᠵᠢᠭᠤᠯᠬᠤ᠂ | ᠰᠢᠨᠵᠢᠯᠡᠬᠦ ᠤᠬᠠᠭᠠᠨᠴᠢᠯᠠᠬᠤ᠂ ᠮᠡᠳᠡᠭᠡ ᠵᠠᠩᠭᠢᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠬᠦᠯᠵᠤ᠂ ᠪᠦᠬᠦ ᠶᠠᠪᠤᠴᠠ | ᠶᠢᠨ᠂ ᠪᠦᠬᠦ ᠲᠠᠯ᠎ᠠ ᠶᠢᠨ᠂ ᠪᠦᠬᠦ ᠴᠠᠭ ᠲᠦᠯᠦᠪ ᠶᠢᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠬᠠᠮᠢᠶᠠᠷᠤᠯᠲᠠ | ᠪᠠᠷ ᠳᠠᠮᠵᠢᠨ ᠰᠢᠭᠦᠨ ᠲᠠᠰᠤᠯᠤᠯᠲᠠ ᠶᠢᠨ ᠴᠢᠨᠠᠷ ᠪᠠ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠪᠢᠳᠠ ᠬᠠᠥᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠭᠡᠶᠢᠷᠡᠭᠦᠯᠵᠤ᠂ | ᠤᠶᠤᠨᠴᠢᠯᠠᠭᠰᠠᠨ ᠰᠢᠬᠦᠬᠦ ᠬᠤᠷᠢᠶ᠎ᠠ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠬᠦᠨᠴᠠ ᠶᠢ | ᠠᠬᠢᠭᠤᠯᠬᠤ᠂ ᠡᠷᠴᠢᠮ ᠢ ᠴᠢᠩᠭᠠᠷᠠᠭᠤᠯᠬᠤ᠂ ᠠᠮᠵᠢᠯᠲᠠ ᠤᠯᠬᠤ ᠬᠡᠮᠵᠢᠶ᠎ᠡ ᠵᠡᠷᠭᠡ ᠲᠠᠯ᠎ᠠ ᠪᠠᠷ ᠬᠦᠴᠤ ᠤᠷᠤᠭᠤᠯᠵᠤ᠂ | ᠠᠷᠠᠳ ᠤᠨ ᠰᠢᠬᠦᠬᠦ ᠬᠤᠷᠢᠶᠠᠨ ᠤ ᠠᠵᠢᠯ ᠤᠨ ᠴᠠᠭ ᠦᠶᠡᠴᠢ ᠴᠢᠨᠠᠷ ᠢ ᠢᠯᠡᠷᠡᠭᠦᠯᠬᠦ᠂ ᠵᠢᠮ᠎ᠡ ᠶᠤᠰᠤᠴᠢ ᠴᠢᠨᠠᠷ ᠢ | ᠡᠵᠡᠮᠰᠢᠬᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠤᠯᠬᠤ ᠶᠢ ᠤᠯᠠᠮ ᠰᠠᠶᠢᠲᠤᠷ ᠠᠬᠢᠭᠤᠯᠤᠨ᠎ᠠ᠃ | ᠳᠦᠷᠪᠡ ᠳᠤ᠂ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠᠷ ᠰᠤᠷᠲᠠᠯ ᠤᠨ ᠲᠠᠯ᠎ᠠ ᠳᠠᠬᠢ ᠶᠡᠭᠡ ᠡᠷᠬᠢᠯᠲᠡ ᠶᠢ | ᠠᠬᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠡ᠃ ᠠᠵᠢᠯ ᠳᠠᠭᠠᠨ ᠴᠠᠭᠠᠷᠠᠭᠰᠠᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ ᠪᠤᠯ ᠢᠮᠠᠭᠲᠠ ᠠᠷᠠᠳ ᠤᠨ ᠰᠢᠬᠦᠬᠦ ᠬᠤᠷᠢᠶᠠᠨ ᠤ ᠮᠦᠩᠭᠡ ᠶᠢᠨ ᠰᠡᠳᠦᠪ ᠮᠦᠨ | ᠃ ︽ᠨᠠᠮ ᠤᠨ ᠪᠠᠶᠢᠭᠤᠯᠤᠯᠲᠠ ᠶᠢ ᠠᠳᠬᠤᠵᠤ ᠡᠩᠨᠡᠭᠡ ᠪᠠᠨ ᠳᠠᠶᠢᠴᠢᠯᠠᠨ ᠰᠢᠭᠦᠨ ᠲᠠᠰᠤᠯᠤᠯᠲᠠ ᠶᠢ ᠠᠬᠢᠭᠤᠯᠬᠤ︾ | ᠠᠵᠢᠯ ᠤᠨ ᠰᠡᠳᠬᠢᠴᠡ ᠶᠢ ᠪᠠᠷᠢᠮᠲᠠᠯᠠᠨ᠎ᠠ᠃ ᠨᠢᠭᠡ ᠳᠤ ᠢᠮᠠᠭᠲᠠ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠳᠠᠯᠪᠢᠨ᠎ᠠ᠃ ᠤᠯᠤᠰ ᠲᠦᠷᠦ ᠶᠢᠨ ᠰᠤᠷᠤᠯᠴᠠᠯᠭ᠎ᠠ ᠪᠠᠨ ᠴᠢᠩᠭᠠᠳᠬᠠᠬᠤ᠂ ᠤᠯᠤᠰ ᠲᠦᠷᠦ ᠶᠢᠨ | ᠴᠢᠭᠯᠡᠯ ᠢᠶᠠᠨ ᠵᠦᠪ ᠠᠳᠬᠤᠬᠤ᠂ ᠤᠯᠤᠰ ᠲᠦᠷᠦ ᠶᠢᠨ ᠵᠤᠭᠰᠤᠯᠲᠠ ᠪᠠᠨ ᠲᠤᠭᠲᠠᠭᠤᠨ ᠪᠤᠯᠭᠠᠬᠤ᠂ ᠤᠯᠤᠰ ᠲᠦᠷᠦ | ᠶᠢᠨ ᠴᠢᠳᠠᠪᠤᠷᠢ ᠪᠠᠨ ᠳᠡᠭᠡᠭᠰᠢᠯᠡᠭᠦᠯᠬᠦ᠂ ᠤᠯᠤᠰ ᠲᠦᠷᠦ ᠶᠢᠨ ᠠᠮᠢ ᠠᠬᠤᠢ ᠪᠠᠨ ᠬᠠᠳᠠᠭᠠᠯᠠᠬᠤ ᠳᠡᠭᠡᠷ᠎ᠠ ᠬᠦᠴᠦ | ᠲᠠᠯᠪᠢᠵᠤ᠂ ᠰᠢᠬᠦᠬᠦ ᠬᠤᠷᠢᠶᠠᠨ ᠤ ᠺᠠᠳ᠋ᠷᠴᠤᠳ ᠤᠨ ᠡᠩᠨᠡᠭᠡ ᠶᠢᠨ ᠭᠤᠤᠯᠯᠠᠭᠴᠢ ᠶᠢ ᠬᠠᠮᠠᠭᠠᠯᠠᠬᠤ᠂ ᠬᠠᠷᠢᠴᠠᠯᠠᠰᠢ | ᠦᠭᠡᠢ ᠰᠢᠳᠤᠷᠭᠤ᠂ ᠨᠠᠮ ᠤᠨ ᠵᠢᠯᠤᠭᠤᠳᠤᠯᠭ᠎ᠠ ᠶᠢ ᠳᠠᠭᠠᠬᠤ᠂ ᠵᠤᠷᠢᠭ ᠲᠠᠢ ᠪᠠᠷ ᠬᠠᠷᠢᠭᠤᠴᠠᠯᠭ᠎ᠠ ᠡᠭᠦᠷᠭᠡᠯᠡᠬᠦ | ᠦᠵᠡᠯ ᠰᠠᠨᠠᠭᠠᠨ ᠤ ᠰᠠᠭᠤᠷᠢ ᠶᠢ ᠪᠠᠲᠤ ᠴᠤᠭᠴᠠᠯᠠᠨ᠎ᠠ᠃ ᠬᠤᠶᠠᠷ ᠲᠤ ᠨᠠᠮ ᠤᠨ ᠪᠠᠶᠢᠭᠤᠯᠤᠯᠲᠠ ᠶᠢᠨ ᠠᠵᠢᠯ ᠢ | ᠢᠮᠠᠭᠲᠠ ᠴᠢᠩᠭ᠎ᠠ ᠠᠳᠬᠤᠨ᠎ᠠ᠃ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠨ᠂ | ᠵᠠᠩᠭᠢᠯᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠢᠨᠠᠮᠠᠭᠠᠢ ᠨᠠᠷᠢᠯᠢᠭᠵᠢᠭᠤᠯᠤᠨ ᠲᠤᠤᠱᠯᠠᠭᠤᠯᠵᠤ᠂ ᠰᠢᠭᠦᠬᠦ | ᠬᠤᠷᠢᠶᠠᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠵᠤᠬᠢᠶᠠᠨ ᠪᠠᠶᠢᠭᠤᠯᠬᠤ ᠴᠢᠳᠠᠪᠤᠷᠢ | ᠶᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠢ ᠦᠨᠡᠨᠬᠦ | ᠨᠠᠶᠢᠳᠠᠪᠤᠷᠢᠵᠢᠭᠤᠯᠤᠨ ᠪᠤᠲᠠᠲᠠᠶᠢᠵᠢᠭᠤᠯᠤᠨ᠎ᠠ᠃ ᠭᠤᠷᠪᠠ ᠳᠤ ᠬᠦᠮᠦᠨ ᠢ ᠵᠦᠪ ᠰᠤᠩᠭᠤᠨ ᠬᠡᠷᠡᠭᠯᠡᠬᠦ ᠤᠳᠤᠷᠢᠳᠤᠮᠵᠢ | ᠶᠢ ᠪᠠᠷᠢᠮᠲᠠᠯᠠᠨ᠎ᠠ᠃ ᠬᠦᠮᠦᠨ ᠢ ᠰᠤᠩᠭᠤᠨ ᠬᠡᠷᠡᠭᠯᠡᠬᠦ ᠳᠤ ᠠᠵᠢᠯᠯᠠᠬᠤ ᠶᠢ ᠦᠵᠡᠬᠦ᠂ ᠪᠤᠲᠠᠲᠠᠢ ᠪᠦᠲᠦᠮᠵᠢ ᠶᠢ | ᠦᠵᠡᠬᠦ᠂ ᠬᠦᠮᠦᠨ ᠴᠢᠨᠠᠷ ᠢ ᠦᠵᠡᠬᠦ᠂ ᠤᠯᠠᠨ ᠤ ᠲᠤᠰᠬᠠᠯ ᠢ ᠦᠵᠡᠬᠦ ᠭᠡᠪ ᠰᠤᠷᠲᠠᠯ ᠢ ᠪᠤᠢ ᠪᠤᠯᠭᠠᠵᠤ᠂ ᠦᠷᠭᠡᠨ | ᠤᠯᠠᠨ ᠺᠠᠳ᠋ᠷ ᠴᠠᠭᠳᠠᠭ᠎ᠠ ᠨᠠᠷ ᠤᠨ ᠢᠳᠡᠪᠬᠢ ᠴᠢᠨᠠᠷ᠂ ᠰᠠᠨᠠᠭᠠᠴᠢᠯᠠᠭᠠᠲᠦ ᠴᠢᠨᠠᠷ᠂ ᠡᠭᠦᠳᠦᠨ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠨ᠎ᠠ᠃ ᠲᠦᠷᠪᠡ ᠳᠤ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠬᠦᠨᠵᠡᠭᠡᠢ ᠲᠦᠯᠬᠢᠨ ᠠᠬᠢᠭᠤᠯᠤᠨ᠎ᠠ᠃ ᠴᠢᠩᠭ᠎ᠠ ᠦᠰᠦᠭ ᠢ ᠠᠵᠢᠯ ᠤᠨ ᠲᠡᠷᠢᠭᠦᠨ ᠳᠤ ᠲᠠᠯᠪᠢᠬᠤ | ᠶᠢ ᠢᠮᠠᠭᠲᠠ ᠪᠠᠷᠢᠮᠲᠠᠯᠠᠵᠤ᠂ ᠭᠤᠤᠯᠳᠠᠯᠭ᠎ᠠ ᠲᠠᠢ ᠠᠰᠠᠭᠤᠳᠠᠯ᠂ ᠵᠠᠩᠭᠢᠯᠭ᠎ᠠ ᠶᠢᠨ ᠠᠵᠢᠯ ᠤᠨ ᠪᠠᠶᠢᠷᠢ ᠪᠤᠯᠤᠨ | ᠪᠠᠭᠤᠷᠠᠢ ᠲᠠᠯ᠎ᠠ ᠶᠢ ᠴᠢᠩᠭ᠎ᠠ ᠠᠳᠬᠤᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠰᠢᠬᠦᠬᠦ ᠬᠤᠷᠢᠶ᠎ᠠ ᠶᠢ ᠪᠦᠬᠦ | ᠲᠠᠯ᠎ᠠ ᠪᠠᠷ ᠴᠢᠩᠭ᠎ᠠ ᠵᠠᠰᠠᠬᠤ ᠠᠵᠢᠯ ᠢ ᠭᠤᠶᠢᠪᠠᠰᠢ ᠦᠭᠡᠢ ᠲᠤᠤᠱᠯᠠᠭᠤᠯᠵᠤ᠂ ᠦᠷ᠎ᠡ ᠪᠦᠲᠦᠮᠵᠢ ᠭᠠᠷᠭᠠᠨ᠎ᠠ᠃ | ᠲᠦᠯᠦᠭᠡᠯᠡᠭᠴᠢᠳ ᠡ᠂ ᠰᠢᠨ᠎ᠡ ᠨᠢᠭᠡᠨ ᠵᠢᠯ ᠳᠤ᠂ ᠰᠢᠬᠦᠬᠦ ᠬᠤᠷᠢᠶ᠎ᠠ ᠶᠢᠨ ᠪᠦᠬᠦ ᠺᠠᠳ᠋ᠷ ᠴᠠᠭᠳᠠᠭ᠎ᠠ ᠤᠯᠤᠰ | ᠲᠦᠷᠦ ᠶᠢᠨ ᠢᠳᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠦᠨᠡᠨ ᠬᠦ ᠪᠠᠲᠤᠯᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠷᠠᠳ ᠤᠨ | ᠲᠦᠯᠦᠭᠡ ᠬᠠᠥᠯᠢ ᠪᠠᠷᠢᠬᠤ ᠱᠠᠭᠠᠷᠲᠠᠯᠭ᠎ᠠ ᠲᠠᠢ ᠨᠢᠭᠲᠠ ᠤᠶᠠᠯᠳᠤᠭᠤᠯᠤᠨ᠂ ᠰᠤᠷᠲᠠᠯ ᠴᠢᠭᠡᠴᠢ ᠤᠪᠤᠷ ᠲᠦᠪ ᠤᠯᠤᠰ | ᠲᠦᠷᠦ ᠶᠢᠨ ᠠᠮᠢ ᠠᠬᠤᠢ ᠪᠠᠷ ᠰᠢᠬᠦᠬᠦ ᠬᠤᠷᠢᠶᠠᠨ ᠤ ᠡᠯ᠎ᠡ ᠲᠠᠯ᠎ᠠ ᠶᠢᠨ ᠠᠵᠢᠯ ᠤᠨ ᠳᠡᠭᠡᠭᠰᠢᠯᠡᠯᠲᠡ ᠢ ᠠᠬᠢᠭᠤᠯᠵᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠶᠢᠨ ᠰᠢᠨᠵᠢᠯᠡᠬᠦ ᠤᠬᠠᠭᠠᠨᠴᠢ | ᠬᠦᠭᠵᠢᠯᠲᠡ ᠶᠢᠨ ᠲᠦᠯᠦᠭᠡ ᠦᠢᠯᠡᠴᠢᠯᠡᠬᠦ ᠳᠤ ᠨᠡᠩ ᠬᠦᠴᠦᠲᠡᠢ ᠬᠠᠥᠯᠢ ᠴᠠᠭᠠᠵᠠ ᠶᠢᠨ ᠪᠠᠲᠤᠯᠠᠭ᠎ᠠ ᠶᠢ ᠬᠠᠩᠭᠠᠵᠤ | ᠦᠭᠭᠦᠨ᠎ᠡ᠃ |