—— 2019 ᠤᠨ ᠤ 3 ᠳ᠋ᠤᠭᠠᠷ ᠰᠠᠷ᠎ᠠ ᠶᠢᠨ 7 ᠤ ᠡᠲᠤᠷ ᠤᠨ ᠬᠤᠷᠴᠢᠨ ᠪᠠᠷᠠᠭᠤᠨ ᠭᠠᠷᠤᠨ | ᠡᠮᠤᠨᠡᠲᠤ ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ ᠠᠷᠠᠤᠨ ᠤᠨ ᠲᠥᠯᠤᠬᠡᠯᠡᠭᠴᠢᠤᠨ ᠤᠨ ᠶᠡᠭᠡ | ᠬᠤᠷᠠᠯ ᠤᠨ ᠬᠤᠶᠠᠲᠤᠭᠠᠷ ᠤᠲᠠᠭᠠᠨ ᠤ ᠬᠤᠷᠠᠯᠲᠤᠭᠠᠨ ᠲᠡᠬᠡᠷ᠎ᠡ | | ᠡᠳ᠋ ᠤᠨ ᠵᠠᠰᠠᠭ ᠤᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠯᠢ ᠵᠢᠤ ᠱᠸᠡᠭ | ᠲᠥᠯᠤᠬᠡᠯᠡᠭᠴᠢᠤᠨ ᠡ᠄ | ᠪᠢ ᠬᠤᠰᠢᠭᠤᠨ ᠤ ᠠᠷᠠᠤᠨ ᠤᠨ ᠵᠠᠰᠠᠭ ᠤᠨ ᠤᠷᠲᠤᠨ ᠤ ᠨᠠᠶᠢᠲᠠᠯᠭ᠎ᠠ ᠪᠠᠷ ᠶᠡᠭᠡ ᠬᠤᠷᠠᠯ ᠳᠤ 2018 ᠤᠨ | ᠤ ᠡᠳ᠋ ᠤᠨ ᠵᠠᠰᠠᠭ ᠤᠨ ᠲᠥᠰᠤᠪ ᠢ ᠬᠡᠷᠡᠭᠵᠢᠬᠦᠯᠥᠭᠰᠡᠨ ᠪᠠᠶᠢᠲᠠᠯ ᠪᠤᠯᠤᠨ 2019 ᠤᠨ ᠤ ᠡᠳ᠋ ᠤᠨ ᠵᠠᠰᠠᠭ ᠤᠨ | ᠲᠥᠰᠤᠪ ᠤᠨ ᠲᠥᠰᠤᠯ ᠤᠨ ᠲᠤᠬᠠᠢ ᠮᠡᠲᠡᠬᠦᠯᠤᠯᠲᠠ ᠬᠢᠶ᠎ᠡ᠂ ᠬᠢᠨᠠᠨ ᠵᠦᠪᠯᠡᠬᠦ ᠪᠤᠯᠪᠠᠤ᠂ ᠮᠥᠨ ᠤᠯᠤᠰ ᠲᠥᠷᠤ | ᠶᠢᠨ ᠵᠥᠪᠯᠡᠯᠬᠡᠨ ᠤ ᠬᠡᠰᠢᠬᠦᠨ ᠪᠤᠯᠤᠨ ᠬᠤᠷᠠᠯ ᠳᠤ ᠰᠤᠯᠨ ᠤᠷᠤᠯᠴᠠᠭᠰᠠᠤᠨ ᠰᠠᠨᠠᠯ ᠢᠶᠠᠨ ᠲᠡᠪᠰᠢᠬᠦᠯᠬᠦ ᠶᠢ ᠬᠥᠰᠡᠵᠤ | ᠪᠠᠶᠢᠨ᠎ᠠ᠃ | ᠨᠢᠬᠡ᠂ 2018 ᠤᠨ ᠤ ᠡᠳ᠋ ᠤᠨ ᠵᠠᠰᠠᠭ ᠤᠨ ᠲᠥᠰᠤᠪ ᠢ ᠬᠡᠷᠡᠭᠵᠢᠬᠦᠯᠥᠭᠰᠡᠨ ᠪᠠᠶᠢᠲᠠᠯ | 2018 ᠤᠨ ᠳᠤ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠡᠬᠢᠯᠡᠯᠲᠡ ᠶᠢᠨ ᠵᠢᠯ ᠂ ᠥᠬᠡᠷᠡᠴᠢᠯᠡᠯᠲᠡ ᠨᠡᠬᠡᠬᠡᠯᠲᠡ ᠶᠢᠨ 40 ᠵᠢᠯ ᠤᠨ ᠤᠢ ᠪᠤᠯᠬᠤ ᠪᠦᠬᠡᠳ | ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠰᠢᠪᠲᠤᠯᠤᠯᠲᠠ ᠶᠢᠨ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ | ᠨᠢᠬᠡ ᠵᠢᠯ ᠤᠨ ᠲᠤᠷᠰᠢ᠂ ᠨᠠᠷᠢᠨ ᠪᠤᠲᠤᠯᠢᠶᠠᠡᠲᠠᠢ ᠬᠤᠪᠢᠷᠠᠯᠲᠠ ᠲᠠᠢ ᠠᠵᠤ ᠠᠬᠤᠢ ᠶᠢᠨ ᠪᠠᠶᠢᠲᠠᠯ ᠪᠤᠯᠤᠨ ᠪᠡᠷᠬᠡ | ᠬᠠᠲᠠᠭᠤᠵᠢᠯᠲᠠᠢ ᠥᠬᠡᠷᠡᠴᠢᠯᠡᠯᠲᠡ ᠶᠢᠨ ᠡᠬᠦᠷᠬᠡ ᠶᠢᠨ ᠡᠮᠤᠨ᠎ᠡ᠂ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ | ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠲᠤᠷᠢᠲᠤᠯᠭ᠎ᠠ ᠲᠤᠤᠷ᠎ᠠ᠂ ᠬᠤᠰᠢᠭᠤᠨ ᠤ ᠠᠷᠠᠤᠨ ᠤᠨ | ᠶᠡᠭᠡ ᠬᠤᠷᠠᠯ ᠤᠨ ᠬᠠᠤᠯᠢ ᠴᠠᠭᠠᠵᠨ ᠶᠢᠨ ᠬᠢᠨᠠᠯᠲᠠ ᠲᠤᠤᠷ᠎ᠠ᠂ ᠬᠤᠰᠢᠭᠤᠨ ᠤ ᠤᠯᠤᠰ ᠲᠥᠷᠤ ᠶᠢᠨ ᠵᠥᠪᠯᠡᠯᠬᠡᠨ ᠤ | ᠲᠡᠮᠵᠢᠯᠬᠡ ᠬᠠᠪᠰᠤᠷᠤᠯᠭ᠎ᠠ ᠲᠤᠤᠷ᠎ᠠ᠂ ᠪᠥᠬᠦ ᠬᠤᠰᠢᠭᠤᠨ ᠤ ᠭᠤᠤᠯ ᠠᠵᠢᠯ ᠤᠨ ᠲᠤᠭᠤᠷᠢᠨ ᠳᠤ ᠨᠢᠬᠲᠠᠷᠠᠨ᠂ | ᠪᠤᠲᠠᠲᠠᠢ ᠠᠳᠬᠤᠨ ᠥᠨᠡᠡᠴᠢ ᠪᠠᠷ ᠠᠵᠢᠯᠯᠠᠨ᠂ ᠰᠡᠳᠭᠢᠴᠡ ᠪᠠᠨ ᠰᠢᠨᠡᠳᠬᠡᠨ᠂ ᠠᠵᠤ ᠠᠬᠤᠢ ᠶᠢᠨ ᠬᠥᠭᠵᠢᠯᠲᠠ ᠶᠢᠨ | ᠰᠢᠨ᠎ᠡ ᠬᠡᠪ ᠪᠠᠶᠢᠲᠠᠯ ᠳᠤ ᠬᠥᠲᠡᠯᠤᠩᠬᠦᠢ ᠪᠠᠷ ᠵᠤᠬᠢᠴᠠᠵᠤ᠂ ᠡᠳ᠋ ᠤᠨ ᠵᠠᠰᠠᠭ ᠤᠨ ᠮᠥᠡᠭᠬᠦᠨ ᠬᠥᠢᠯᠬᠡᠬᠡᠨ ᠤ | ᠲᠥᠭᠰᠢᠬᠦᠷᠢ ᠶᠢ ᠴᠢᠷᠮᠠᠶᠢᠨ ᠰᠡᠷᠬᠡᠶᠢᠯᠡᠨ ᠬᠢᠵᠠᠭᠠᠷᠯᠠᠵᠤ᠂ ᠢᠲᠡᠪᠬᠢᠲᠠᠢ ᠡᠳ᠋ ᠤᠨ ᠵᠠᠰᠠᠭ ᠤᠨ ᠲᠥᠷᠤ ᠶᠢᠨ ᠪᠤᠲᠤᠯᠭ᠎ᠠ | ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ ᠠᠵᠤ ᠠᠬᠤᠢ ᠶᠢᠨ ᠲᠤᠷᠤᠭᠰᠢᠯᠠᠯᠲᠠ ᠶᠢᠨ ᠲᠠᠷᠤᠯᠲᠠ ᠶᠢ ᠪᠥᠲᠤᠮᠵᠢᠲᠠᠢ | ᠠᠷᠭᠠᠴᠠᠨ᠂ ᠨᠡᠮᠡᠭᠲᠡᠯ ᠢ ᠲᠤᠭᠲᠠᠪᠤᠷᠢᠵᠢᠭᠤᠯᠤᠨ᠂ ᠪᠥᠲᠤᠴᠡ ᠶᠢ ᠲᠤᠬᠢᠷᠠᠭᠤᠯᠵᠤ᠂ ᠥᠬᠡᠷᠡᠴᠢᠯᠡᠯᠲᠡ ᠶᠢ | ᠠᠬᠢᠭᠤᠯᠵᠤ᠂ ᠠᠷᠠᠤᠨ ᠤᠨ ᠠᠮᠢᠲᠤᠷᠠᠯ ᠢ ᠬᠠᠷᠠᠭᠠᠯᠵᠠᠬᠤ ᠶᠢ ᠴᠢᠷᠮᠠᠶᠢᠨ ᠬᠢᠵᠤ᠂ ᠪᠥᠬᠦ ᠬᠤᠰᠢᠭᠤᠨ ᠤ ᠠᠵᠤ ᠠᠬᠤᠢ | ᠪᠤᠯᠤᠨ ᠨᠡᠶᠢᠬᠡᠮ ᠤᠨ ᠡᠯ᠎ᠡ ᠵᠤᠶᠢᠯ ᠤᠨ ᠬᠥᠲᠡᠯᠬᠡᠬᠡᠨ ᠤ ᠲᠤᠭᠲᠠᠭᠤᠨ ᠡᠷᠡᠬᠦᠯ ᠬᠥᠭᠵᠢᠯᠲᠠ ᠶᠢ ᠴᠢᠷᠮᠠᠶᠢᠨ | ᠠᠬᠢᠭᠤᠯᠵᠠᠢ᠃ ᠶᠡᠷᠤᠩᠬᠡᠢ ᠳᠤᠨᠢ ᠥᠵᠡᠪᠡᠯ᠂ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠤᠪ ᠢ | ᠬᠡᠷᠡᠭᠵᠢᠬᠦᠯᠥᠭᠰᠡᠨ ᠪᠠᠶᠢᠲᠠᠯ ᠬᠡᠪ ᠤᠨ ᠪᠠᠶᠢᠨ᠎ᠠ᠂ ᠪᠤᠲᠠᠲᠠᠢ ᠬᠡᠷᠡᠭᠵᠢᠬᠦᠯᠥᠭᠰᠡᠨ ᠪᠠᠶᠢᠲᠠᠯ ᠬᠡᠪᠡᠯ᠄ | ︵ᠨᠢᠬᠡ︶ ᠡᠩ ᠤᠨ ᠨᠡᠶᠢᠲᠡ ᠶᠢᠨ ᠲᠥᠰᠤᠪ ᠢ ᠬᠡᠷᠡᠭᠵᠢᠬᠦᠯᠥᠭᠰᠡᠨ ᠪᠠᠶᠢᠲᠠᠯ | 2018 ᠤᠨ ᠳᠤ᠂ ᠬᠤᠰᠢᠭᠤᠨ ᠤ ᠠᠷᠪᠠᠨ ᠲᠤᠯᠤᠲᠤᠭᠠᠷ ᠬᠤᠭᠤᠴᠠᠭᠠᠨ ᠤ ᠠᠷᠠᠤᠨ ᠤᠨ ᠶᠡᠭᠡ ᠬᠤᠷᠠᠯ ᠤᠨ | ᠨᠢᠬᠡᠲᠤᠬᠡᠷ ᠬᠤᠷᠠᠯᠲᠤᠭᠠᠨ ᠢᠶᠠᠷ ᠬᠢᠨᠠᠨ ᠵᠥᠪᠰᠢᠶᠡᠷᠡᠬᠦᠯᠥᠭᠰᠡᠨ ᠪᠥᠬᠦ ᠬᠤᠰᠢᠭᠤᠨ ᠤ ᠡᠩ ᠤᠨ ᠨᠡᠶᠢᠲᠡ ᠶᠢᠨ | ᠲᠥᠰᠤᠪ ᠤᠨ ᠤᠷᠤᠯᠭ᠎ᠠ 23250 ᠲᠥᠮᠡᠨ ᠲᠥᠬᠦᠷᠢᠭ᠂ 2018 ᠤᠨ ᠤ 12 ᠳ᠋ᠤᠭᠠᠷ ᠰᠠᠷ᠎ᠠ ᠶᠢᠨ 31 ᠤ | ᠡᠲᠤᠷ ᠤᠨ ᠪᠥᠷᠢᠳᠬᠡᠯ ᠤᠨ ᠲᠤᠭ᠎ᠠ ᠪᠠᠷᠢᠮᠲᠠ ᠶᠢ ᠥᠡᠲᠤᠰᠤᠯᠡᠪᠡᠯ ᠪᠥᠬᠦ ᠵᠢᠯ ᠤᠨ ᠡᠳ᠋ ᠤᠨ ᠵᠠᠰᠠᠭ ᠤᠨ ᠶᠡᠷᠤᠩᠬᠡᠢ | ᠤᠷᠤᠯᠭ᠎ᠠ 61928 ᠲᠥᠮᠡᠨ ᠲᠥᠬᠦᠷᠢᠭ ᠪᠡᠶᠡᠯᠡᠬᠦᠯᠵᠤ᠂ ᠡᠬᠦᠨ ᠤ ᠲᠤᠲᠤᠷ᠎ᠠ᠂ ᠡᠩ ᠤᠨ ᠨᠡᠶᠢᠲᠡ ᠶᠢᠨ ᠲᠥᠰᠤᠪ | ᠤᠨ ᠤᠷᠤᠯᠭ᠎ᠠ 29557 ᠲᠥᠮᠡᠨ ᠲᠥᠬᠦᠷᠢᠭ ᠪᠤᠲᠠᠲᠠᠢ ᠪᠡᠶᠡᠯᠡᠬᠦᠯᠵᠤ᠂ 6307 ᠲᠥᠮᠡᠨ ᠲᠥᠬᠦᠷᠢᠭ | ᠲᠠᠪᠠᠭᠤᠯᠤᠨ ᠬᠤᠷᠢᠶᠠᠵᠤ᠂ ᠠᠲᠠᠯᠢ ᠬᠤᠭᠤᠴᠠᠭ᠎ᠠ ᠠᠴᠠ 2274 ᠲᠥᠮᠡᠨ ᠲᠥᠬᠦᠷᠢᠭ ᠨᠡᠮᠡᠭᠲᠡᠵᠤ᠂ 8.33% ᠪᠠᠷ | ᠨᠡᠮᠡᠭᠲᠡᠵᠡᠢ᠃ ᠪᠥᠬᠦ ᠬᠤᠰᠢᠭᠤᠨ ᠤ ᠡᠩ ᠤᠨ ᠨᠡᠶᠢᠲᠡ ᠶᠢᠨ ᠲᠥᠰᠤᠪ ᠤᠨ ᠤᠷᠤᠯᠭ᠎ᠠ ᠶᠢ ᠶᠡᠷᠤᠩᠬᠡᠶᠢᠯᠡᠨ ᠥᠵᠡᠪᠡᠯ | ᠂ ᠲᠡᠬᠡᠷ᠎ᠡ ᠱᠠᠲᠤᠨ ᠤ ᠨᠥᠬᠦᠪᠤᠷᠢ ᠤᠷᠤᠯᠭ᠎ᠠ᠂ ᠵᠠᠰᠠᠭ ᠤᠨ ᠤᠷᠲᠤᠨ ᠤ ᠠᠯᠪᠠᠨ ᠵᠢᠬᠡᠯᠯᠡᠭᠡ ᠶᠢᠨ ᠤᠷᠤᠯᠭ᠎ᠠ᠂ | ᠲᠡᠬᠡᠷ᠎ᠡ ᠵᠢᠯ ᠤᠨ ᠥᠯᠡᠲᠡᠪᠤᠷᠢ ᠤᠷᠤᠯᠭ᠎ᠠ᠂ ᠲᠡᠬᠡᠷ᠎ᠡ ᠱᠠᠲᠤᠨ ᠳᠤ ᠥᠭᠬᠦᠭᠰᠡᠨ ᠵᠠᠷᠤᠯᠭ᠎ᠠ ᠪᠤᠯᠤᠨ ᠠᠯᠪᠠᠨ ᠵᠢᠬᠡᠯᠡᠯᠬᠡ | ᠶᠢᠨ ᠡᠬᠡ ᠮᠥᠡᠭᠬᠦ ᠶᠢ ᠪᠤᠴᠠᠭᠠᠭᠰᠠᠨ ᠵᠠᠷᠤᠯᠭ᠎ᠠ ᠵᠡᠷᠬᠡ ᠪᠤᠯᠤᠨ᠎ᠠ᠃ 2018 ᠤᠨ ᠤ ᠪᠥᠬᠦ ᠬᠤᠰᠢᠭᠤᠨ ᠤ ᠡᠩ | ᠤᠨ ᠨᠡᠶᠢᠲᠡ ᠶᠢᠨ ᠲᠥᠰᠤᠪ ᠤᠨ ᠵᠠᠷᠤᠯᠭ᠎ᠠ 416609 ᠲᠥᠮᠡᠨ ᠲᠥᠬᠦᠷᠢᠭ᠂ ᠲᠡᠬᠡᠷ᠎ᠡ ᠵᠢᠯ ᠠᠴᠠ 66893 | ᠲᠥᠮᠡᠨ ᠲᠥᠬᠦᠷᠢᠭ ᠨᠡᠮᠡᠭᠲᠡᠵᠤ᠂ ᠲᠤᠬᠢᠷᠠᠭᠤᠯᠤᠯᠲᠠ ᠶᠢᠨ ᠲᠥᠰᠤᠪ ᠢᠶᠠᠨ 99.3% ᠪᠠᠷ ᠪᠡᠶᠡᠯᠡᠬᠦᠯᠵᠡᠢ᠃ ᠪᠥᠬᠦ | ᠬᠤᠰᠢᠭᠤᠨ ᠤ ᠡᠩ ᠤᠨ ᠨᠡᠶᠢᠲᠡ ᠶᠢᠨ ᠲᠥᠰᠤᠪ ᠤᠨ ᠵᠢᠯ ᠤᠨ ᠡᠴᠤᠰ ᠤᠨ ᠥᠯᠡᠲᠡᠪᠤᠷᠢ 3113 ᠲᠥᠮᠡᠨ | ᠲᠥᠬᠦᠷᠢᠭ᠃ | 2018 ᠤᠨ ᠳᠤ᠂ ᠲᠡᠬᠡᠷ᠎ᠡ ᠱᠠᠲᠤᠨ ᠠᠴᠠ ᠮᠠᠨ ᠤ ᠬᠤᠰᠢᠭᠤᠨ ᠳᠤ ᠥᠭᠬᠦᠭᠰᠡᠨ ᠡᠯ᠎ᠡ ᠲᠥᠷᠤᠯ ᠤᠨ | ᠨᠥᠬᠦᠪᠤᠷᠢ ᠶᠢᠨ ᠤᠷᠤᠯᠭ᠎ᠠ 361095 ᠲᠥᠮᠡᠨ ᠲᠥᠬᠦᠷᠢᠭ᠂ ᠲᠡᠬᠡᠷ᠎ᠡ ᠵᠢᠯ ᠠᠴᠠ 63198 ᠲᠥᠮᠡᠨ ᠲᠥᠬᠦᠷᠢᠭ | ᠨᠡᠮᠡᠭᠲᠡᠵᠡᠢ᠃ ᠡᠬᠦᠨ ᠤ ᠲᠤᠲᠤᠷ᠎ᠠ ᠡᠬᠡᠬᠦᠯᠤᠨ ᠪᠤᠴᠠᠭᠠᠨ ᠥᠭᠬᠦᠭᠰᠡᠨ ᠴᠢᠨᠠᠷᠲᠠᠢ ᠤᠷᠤᠯᠭ᠎ᠠ ᠪᠤᠯᠤᠨ ᠡᠩ ᠤᠨ | ᠴᠢᠨᠠᠷᠲᠠᠢ ᠰᠢᠯᠵᠢᠬᠦᠯᠤᠨ ᠥᠭᠬᠦᠭᠰᠡᠨ ᠤᠷᠤᠯᠭ᠎ᠠ 174601 ᠲᠥᠮᠡᠨ ᠲᠥᠬᠦᠷᠢᠭ᠃ ᠲᠤᠰᠬᠠᠢ ᠲᠥᠷᠤᠯ ᠤᠨ | ᠰᠢᠯᠵᠢᠬᠦᠯᠤᠨ ᠥᠭᠬᠦᠭᠰᠡᠨ ᠤᠷᠤᠯᠭ᠎ᠠ 186494 ᠲᠥᠮᠡᠨ ᠲᠥᠬᠦᠷᠢᠭ ᠲᠤᠯᠵᠠᠢ᠃ | 2018 ᠤᠨ ᠳᠤ ᠥᠪᠡᠷᠲᠡᠬᠡᠨ ᠵᠠᠰᠠᠬᠤ ᠤᠷᠤᠨ ᠤ ᠠᠷᠠᠤᠨ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ ᠪᠠᠷ ᠵᠥᠪᠰᠢᠶᠡᠷᠡᠬᠦᠯᠤᠬᠡᠤᠨ᠂ ᠥᠪᠡᠷᠲᠡᠬᠡᠨ ᠵᠠᠰᠠᠬᠤ ᠤᠷᠤᠨ ᠤ ᠵᠠᠰᠠᠭ ᠤᠨ ᠤᠷᠲᠤᠨ ᠤ ᠠᠯᠪᠠᠨ ᠵᠢᠬᠡᠯᠡᠯᠬᠡ | ᠶᠢ ᠵᠢᠬᠡᠯᠡᠯᠬᠡ ᠪᠤᠯᠭᠠᠨ ᠰᠢᠯᠵᠢᠬᠦᠯᠤᠨ ᠮᠠᠨ ᠬᠤᠰᠢᠭᠤᠨ ᠳᠤ ᠥᠭᠬᠦᠭᠰᠡᠨ ᠨᠢ 65488 ᠲᠥᠮᠡᠨ ᠲᠥᠬᠦᠷᠢᠭ᠂ | ᠡᠬᠦᠨ ᠤ ᠲᠤᠲᠤᠷ᠎ᠠ ᠰᠢᠨ᠎ᠡ ᠪᠠᠷ ᠨᠡᠮᠡᠭᠲᠡᠭᠰᠡᠨ ᠠᠯᠪᠠᠨ ᠵᠢᠬᠡᠯᠡᠯᠬᠡ 30000 ᠲᠥᠮᠡᠨ ᠲᠥᠬᠦᠷᠢᠭ ᠢ ᠤᠷᠴᠢᠨ | ᠲᠤᠭᠤᠷᠢᠨ ᠢ ᠬᠠᠮᠠᠭᠠᠯᠠᠬᠤ᠂ ᠶᠠᠲᠠᠭᠤ ᠬᠥᠴᠢᠷᠲᠠᠢ ᠲᠤᠰᠬᠤᠨ ᠤ ᠵᠠᠮ ᠤᠨ ᠪᠥᠲᠤᠬᠡᠨ ᠪᠠᠶᠢᠭᠤᠯᠤᠯᠲᠠ᠂ ᠰᠤᠷᠭᠠᠨ | ᠬᠥᠮᠤᠵᠢᠯ ᠵᠡᠷᠬᠡ ᠳᠤ ᠬᠡᠷᠡᠭᠯᠡᠵᠡᠢ᠃ ᠠᠯᠪᠠᠨ ᠵᠢᠬᠡᠯᠡᠯᠬᠡ ᠶᠢ ᠰᠤᠯᠢᠬᠤ 35488 ᠲᠥᠮᠡᠨ ᠲᠥᠬᠦᠷᠢᠭ ᠢ ᠡᠬᠡ | ᠮᠥᠡᠭᠬᠦ ᠨᠢ ᠨᠡᠯᠢᠶᠡᠤᠨ ᠥᠡᠲᠤᠷ ᠠᠯᠪᠠᠨ ᠵᠢᠬᠡᠯᠡᠯᠬᠡ ᠶᠢᠨ ᠡᠬᠡ ᠮᠥᠡᠭᠬᠦ ᠶᠢ ᠰᠤᠯᠢᠬᠤ ᠪᠠᠷ ᠰᠢᠨ᠎ᠡ ᠪᠠᠷ ᠲᠥᠰᠤᠪ ᠲᠤ | ᠤᠷᠤᠭᠤᠯᠵᠠᠢ᠃ | ︵ᠬᠤᠶᠠᠷ︶ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠲᠥᠰᠤᠪ ᠢ ᠬᠡᠷᠡᠭᠵᠢᠬᠦᠯᠥᠭᠰᠡᠨ | ᠪᠠᠶᠢᠲᠠᠯ | 2018 ᠤᠨ ᠳᠤ᠂ ᠬᠤᠰᠢᠭᠤᠨ ᠤ ᠠᠷᠠᠤᠨ ᠤᠨ ᠶᠡᠭᠡ ᠬᠤᠷᠠᠯ ᠢᠶᠠᠷ ᠬᠢᠨᠠᠨ ᠪᠠᠶᠢᠴᠠᠭᠠᠯᠭᠠᠨ | ᠵᠥᠪᠰᠢᠶᠡᠷᠡᠬᠦᠯᠥᠭᠰᠡᠨ ᠪᠥᠬᠦ ᠬᠤᠰᠢᠭᠤᠨ ᠤ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠲᠥᠰᠤᠪ | ᠤᠨ ᠤᠷᠤᠯᠭ᠎ᠠ 60000 ᠲᠥᠮᠡᠨ ᠲᠥᠬᠦᠷᠢᠭ᠂ 2018 ᠤᠨ ᠤ 12 ᠳ᠋ᠤᠭᠠᠷ ᠰᠠᠷ᠎ᠠ ᠶᠢᠨ 31 ᠤ ᠡᠲᠤᠷ ᠤᠨ | ᠪᠥᠷᠢᠳᠬᠡᠯ ᠲᠤᠭ᠎ᠠ ᠪᠠᠷᠢᠮᠲᠠ ᠶᠢ ᠥᠡᠲᠤᠰᠤᠯᠡᠪᠡᠯ᠂ ᠪᠥᠬᠦ ᠵᠢᠯ ᠤᠨ ᠪᠤᠲᠠᠲᠠᠢ ᠪᠡᠶᠡᠯᠬᠦᠯᠥᠭᠰᠡᠨ ᠨᠢ 41955 | ᠲᠥᠮᠡᠨ ᠲᠥᠬᠦᠷᠢᠭ᠂ ᠵᠢᠯ ᠤᠨ ᠲᠤᠬᠢᠷᠠᠭᠤᠯᠤᠯᠲᠠ ᠶᠢᠨ ᠲᠥᠰᠤᠪ ᠢᠶᠠᠨ 69.93% ᠪᠠᠷ ᠪᠡᠶᠡᠯᠡᠬᠦᠯᠵᠤ᠂ ᠲᠡᠬᠡᠷ᠎ᠡ | ᠵᠢᠯ ᠠᠴᠠ 27452 ᠲᠥᠮᠡᠨ ᠲᠥᠬᠦᠷᠢᠭ ᠨᠡᠮᠡᠭᠲᠡᠵᠤ᠂ 189.28% ᠪᠠᠷ ᠨᠡᠮᠡᠭᠲᠡᠵᠡᠢ᠃ ᠨᠡᠮᠡᠭᠲᠡᠭᠰᠡᠨ ᠭᠤᠤᠯ | ᠰᠢᠯᠲᠠᠭᠠᠨ ᠨᠢ ᠭᠠᠵᠡᠷ ᠰᠢᠷᠤᠢ ᠶᠢ ᠬᠤᠲᠠᠯᠲᠤᠭᠰᠠᠨ ᠮᠥᠡᠭᠬᠦ ᠶᠢᠨ ᠤᠷᠤᠯᠭ᠎ᠠ ᠶᠢᠨ ᠨᠠᠮᠡᠭᠲᠡᠯ ᠠᠴᠠ ᠪᠤᠯᠵᠠᠢ᠃ | ᠲᠠᠬᠢᠵᠤ ᠬᠡᠯᠡᠪᠡᠯ ᠲᠡᠬᠡᠷ᠎ᠡ ᠵᠢᠯ ᠤᠨ ᠥᠯᠡᠲᠡᠪᠤᠷᠢ ᠤᠷᠤᠯᠭ᠎ᠠ 3418 ᠲᠥᠮᠡᠨ ᠲᠥᠬᠦᠷᠢᠭ ᠨᠡᠮᠡᠭᠲᠡᠭᠰᠡᠨ ᠳᠤ ᠪᠠᠶᠢᠨ᠎ᠠ | ᠃ ᠲᠡᠬᠡᠷ᠎ᠡ ᠱᠠᠲᠤᠨ ᠤ ᠨᠥᠬᠦᠪᠤᠷᠢ ᠤᠷᠤᠯᠭ᠎ᠠ 2162 ᠲᠥᠮᠡᠨ ᠲᠥᠬᠦᠷᠢᠭ᠂ ᠰᠢᠨ᠎ᠡ ᠪᠠᠷ ᠨᠡᠮᠡᠭᠲᠡᠭᠰᠡᠨ ᠲᠤᠰᠬᠠᠢ | ᠠᠯᠪᠠᠨ ᠵᠢᠬᠡᠯᠡᠯᠬᠡ ᠶᠢ ᠵᠢᠬᠡᠯᠡᠯᠬᠡ ᠪᠤᠯᠭᠠᠨ ᠬᠤᠪᠢᠷᠠᠭᠤᠯᠤᠭᠰᠠᠨ ᠤᠷᠤᠯᠭ᠎ᠠ 15200 ᠲᠥᠮᠡᠨ ᠲᠥᠬᠦᠷᠢᠭ᠂ ᠵᠠᠰᠠᠭ | ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠡᠳ᠋ ᠤᠨ ᠬᠥᠴᠤᠨ 62735 ᠲᠥᠮᠡᠨ ᠲᠥᠬᠦᠷᠢᠭ᠃ 2018 | ᠤᠨ ᠳᠤ ᠪᠥᠬᠦ ᠬᠤᠰᠢᠭᠤᠨ ᠤ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠵᠠᠷᠤᠯᠭ᠎ᠠ 43767 | ᠲᠥᠮᠡᠨ ᠲᠥᠬᠦᠷᠢᠭ᠂ ᠲᠤᠬᠢᠷᠠᠭᠤᠯᠤᠯᠲᠠ ᠶᠢᠨ ᠲᠥᠰᠤᠪ ᠢᠶᠠᠨ 69.76% ᠪᠠᠷ ᠪᠡᠶᠡᠯᠡᠬᠦᠯᠵᠤ᠂ ᠲᠡᠬᠡᠷ᠎ᠡ ᠵᠢᠯ | ᠠᠴᠠ 22179 ᠲᠥᠮᠡᠨ ᠲᠥᠬᠦᠷᠢᠭ ᠨᠡᠮᠡᠭᠲᠡᠵᠡᠢ᠃ 2018 ᠤᠨ ᠳᠤ ᠪᠥᠬᠦ ᠬᠤᠰᠢᠭᠤᠨ ᠤ ᠵᠠᠰᠠᠭ ᠤᠨ | ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠵᠢᠯ ᠤᠨ ᠥᠯᠡᠲᠡᠪᠤᠷᠢ 18968 ᠲᠥᠮᠡᠨ ᠲᠥᠬᠦᠷᠢᠭ᠂ ᠤᠯᠤᠰ ᠤᠨ | ᠬᠠᠮᠢᠶ᠎ᠠ ᠪᠥᠬᠦᠢ ᠲᠥᠷᠤ ᠶᠢᠨ ᠪᠤᠲᠤᠯᠭ᠎ᠠ ᠶᠢᠨ ᠲᠤᠭᠲᠠᠭᠠᠯ ᠶᠤᠰᠤᠭᠠᠷ᠂ ᠲᠤᠰᠬᠠᠢ ᠲᠥᠷᠤᠯ ᠤᠨ ᠥᠯᠡᠲᠡᠪᠤᠷᠢ ᠶᠢ | ᠲᠤᠤᠷ᠎ᠠ ᠵᠢᠯ ᠳᠤ ᠥᠷᠬᠦᠯᠵᠢᠯᠡᠨ ᠠᠰᠢᠭᠯᠠᠨ᠎ᠠ᠃ | 2018 ᠤᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠤᠪ ᠢ | ᠬᠡᠷᠡᠭᠵᠢᠬᠦᠯᠥᠭᠰᠡᠨ ᠪᠠᠶᠢᠲᠠᠯ ᠢ ᠳ᠋ᠥᠡᠭᠨᠡᠪᠡᠯ᠂ ᠭᠤᠤᠯᠲᠠᠭᠤ ᠲᠤᠤᠷᠠᠬᠢ ᠬᠡᠲᠤᠨ ᠲᠠᠯ᠎ᠠ ᠶᠢᠨ ᠤᠡᠴᠠᠯᠢᠭ ᠲᠠᠢ᠃ ᠨᠢᠬᠡ | ᠳᠤ᠂ ᠡᠳ᠋ ᠤᠨ ᠵᠠᠰᠠᠭ ᠤᠨ ᠤᠷᠤᠯᠭ᠎ᠠ ᠨᠡᠮᠡᠭᠲᠡᠯ ᠲᠠᠢ᠃ ᠬᠤᠶᠠᠷ ᠲᠤ᠂ ᠵᠢᠯ ᠤᠨ ᠲᠤᠲᠤᠷ᠎ᠠ ᠡᠳ᠋ ᠤᠨ ᠵᠠᠰᠠᠭ ᠤᠨ | ᠵᠠᠷᠤᠯᠭ᠎ᠠ ᠲᠤᠭᠲᠠᠭᠤᠨ ᠪᠥᠬᠡᠤᠨ ᠨᠡᠮᠡᠭᠲᠡᠯ ᠲᠠᠢ᠃ ᠡᠳ᠋ ᠤᠨ ᠵᠠᠰᠠᠭ ᠤᠨ ᠪᠡᠯᠨ ᠮᠥᠡᠭᠬᠦ ᠶᠢᠨ ᠪᠥᠲᠤᠮᠵᠢᠲᠠᠢ | ᠡᠷᠬᠢᠯᠲᠠ ᠨᠢ ᠪᠥᠬᠦ ᠬᠤᠰᠢᠭᠤᠨ ᠤ ᠠᠵᠢᠯᠲᠠᠨ ᠠᠵᠢᠯᠴᠢᠨ ᠺᠠᠳ᠋ᠷ ᠤᠨ ᠴᠠᠯᠢᠩ ᠢ ᠨᠡᠯᠢᠶᠡᠤᠨ ᠰᠠᠶᠢᠨ ᠪᠠᠲᠤᠯᠠᠵᠤ᠂ ︽ | ᠤᠨᠤᠴᠢᠲᠠᠢ ᠪᠠᠷ ᠶᠠᠲᠠᠭᠤ ᠶᠢ ᠲᠡᠳᠬᠦᠬᠦ︾ ᠠᠵᠢᠯ ᠢ ᠪᠠᠲᠤᠲᠠᠢ ᠠᠬᠢᠭᠤᠯᠬᠤ ᠶᠢ ᠪᠠᠲᠤᠯᠠᠵᠤ᠂ ᠮᠥᠡᠭᠬᠦᠨ ᠬᠥᠢᠯᠬᠡᠬᠡᠨ | ᠤ ᠲᠥᠭᠰᠢᠬᠦᠷᠢ ᠶᠢ ᠪᠥᠲᠤᠮᠵᠢᠲᠠᠢ ᠲᠥᠷᠢᠮᠵᠢᠬᠦᠯᠤᠨ ᠨᠠᠮᠬᠠᠳᠬᠠᠵᠤ᠂ ᠠᠷᠠᠤᠨ ᠤᠨ ᠠᠮᠢᠲᠤᠷᠠᠯ ᠤᠨ ᠪᠡᠯᠨ ᠮᠥᠡᠭᠬᠦ ᠶᠢ | ᠴᠠᠭ ᠲᠤᠬᠠᠢ ᠳᠤᠨᠢ ᠬᠥᠢᠴᠡᠤᠨ ᠲᠤᠭ᠎ᠠ ᠪᠠᠷ ᠲᠠᠷᠬᠠᠭᠠᠨ ᠥᠭᠬᠦ ᠶᠢ ᠪᠠᠲᠤᠯᠠᠵᠤ᠂ ᠲᠤᠰᠬᠠᠢ ᠲᠥᠷᠤᠯ ᠤᠨ ᠪᠡᠯᠨ | ᠮᠥᠡᠭᠬᠦ ᠶᠢ ᠠᠬᠢᠴᠠ ᠶᠢᠨ ᠬᠡᠮᠵᠢᠶ᠎ᠡ ᠪᠠᠷ ᠲᠠᠷᠬᠠᠭᠠᠨ ᠥᠭᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠢ | ᠶᠢᠨ ᠪᠥᠲᠤᠬᠡᠨ ᠪᠠᠶᠢᠭᠤᠯᠤᠯᠲᠠ ᠪᠤᠯᠤᠨ ᠡᠯ᠎ᠡ ᠲᠥᠷᠤᠯ ᠤᠨ ᠤᠶᠢᠯᠡᠰ ᠤᠨ ᠬᠥᠭᠵᠢᠯᠲᠠ ᠶᠢ ᠲᠡᠮᠡᠴᠡᠨ ᠠᠬᠢᠭᠤᠯᠵᠠᠢ᠃ | ᠭᠤᠷᠪᠠ ᠳᠤ᠂ ᠲᠡᠬᠡᠷ᠎ᠡ ᠱᠠᠲᠤᠨ ᠠᠴᠠ ᠪᠡᠯᠨ ᠮᠥᠡᠭᠬᠦ ᠤᠯᠤᠭᠰᠠᠨ ᠰᠢᠨ᠎ᠡ ᠰᠢᠪᠲᠤᠯᠤᠯᠲᠠ ᠲᠠᠢ ᠪᠤᠯᠵᠤ᠂ ᠮᠠᠨ ᠤ | ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠠ ᠶᠢᠨ ᠡᠳ᠋ ᠤᠨ ᠵᠠᠰᠠᠭ ᠤᠨ ᠪᠡᠯᠨ ᠮᠥᠡᠭᠬᠦ ᠶᠢᠨ ᠬᠡᠷᠡᠭᠴᠡᠭᠡ | ᠶᠢ ᠨᠡᠯᠢᠶᠡᠤᠨ ᠰᠠᠶᠢᠨ ᠰᠢᠢᠳᠪᠤᠷᠢᠯᠡᠵᠡᠢ᠃ ᠲᠥᠷᠪᠡ ᠳᠤ᠂ ᠵᠠᠷᠤᠯᠭ᠎ᠠ ᠶᠢᠨ ᠪᠥᠲᠤᠴᠡ ᠤᠯᠠᠮ ᠨᠢᠬᠡ ᠠᠯᠬᠤᠮ | ᠰᠢᠯᠢᠲᠡᠭᠵᠢᠵᠤ᠂ ᠶᠠᠲᠠᠭᠤ ᠶᠢ ᠲᠡᠳᠬᠦᠬᠦ ᠵᠠᠷᠤᠯᠭ᠎ᠠ ︽ᠭᠤᠷᠪᠠᠨ ᠲᠠᠷᠢᠶᠠᠯᠡᠩ ᠭᠤᠷᠪᠠᠨ ᠮᠠᠯᠵᠢᠬᠤ︾ ᠶᠢᠨ ᠵᠠᠷᠤᠯᠭ᠎ᠠ | ᠠᠷᠠᠤᠨ ᠤᠨ ᠠᠮᠢᠲᠤᠷᠠᠯ ᠤᠨ ᠵᠠᠷᠤᠯᠭ᠎ᠠ ᠶᠢᠨ ᠡᠵᠡᠯᠡᠬᠦᠨ ᠤᠯᠠᠮ ᠨᠢᠬᠡ ᠠᠯᠬᠤᠮ ᠶᠡᠬᠡᠰᠴᠠᠢ᠃ | ︵ᠭᠤᠷᠪᠠ︶ ᠭᠤᠤᠯ ᠠᠵᠢᠯ ᠵᠢᠴᠢ ᠠᠷᠭ᠎ᠠ ᠬᠡᠮᠵᠢᠶ᠎ᠡ | ᠨᠢᠬᠡ ᠵᠢᠯ ᠤᠨ ᠲᠤᠷᠰᠢ᠂ ᠪᠢᠲᠠ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠲᠠ | ᠪᠤᠯᠤᠨ ᠠᠷᠪᠠᠨ ᠲᠤᠯᠤᠲᠤᠭᠠᠷ ᠬᠤᠭᠤᠴᠠᠭᠠᠨ ᠤ ᠠᠷᠠᠤᠨ ᠤᠨ ᠶᠡᠭᠡ ᠬᠤᠷᠠᠯ ᠤᠨ ᠨᠢᠬᠡᠲᠤᠬᠡᠷ ᠤᠲᠠᠭᠠᠨ ᠤ | ᠬᠤᠷᠠᠯᠲᠤᠭᠠᠨ ᠤ ᠱᠠᠭᠠᠷᠲᠠᠯᠭ᠎ᠠ ᠶᠤᠰᠤᠭᠠᠷ᠂ ᠡᠳ᠋ ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠬᠤ | ᠲᠤᠭᠤᠷᠢᠨ ᠳᠤ᠂ ᠤᠷᠤᠯᠭ᠎ᠠ ᠶᠢ ᠨᠡᠮᠡᠭᠲᠡᠬᠦᠯᠤᠨ ᠵᠠᠷᠤᠯᠭ᠎ᠠ ᠶᠢ ᠠᠷᠪᠢᠯᠠᠬᠤ ᠪᠠᠷ ᠴᠢᠷᠮᠠᠶᠢᠨ᠂ ᠡᠳ᠋ ᠤᠨ ᠵᠠᠰᠠᠭ ᠤᠨ | ᠬᠢᠨᠠᠯᠲᠠ ᠬᠠᠮᠢᠶᠠᠷᠤᠯᠲᠠ ᠶᠢ ᠴᠢᠩᠭᠠᠯᠠᠬᠤ ᠪᠤᠯᠤᠨ ᠡᠳ᠋ ᠤᠨ ᠵᠠᠰᠠᠭ ᠤᠨ ᠥᠬᠡᠷᠡᠴᠢᠯᠡᠯᠲᠡ ᠶᠢ ᠲᠤᠭᠲᠠᠭᠤᠨ | ᠠᠬᠢᠭᠤᠯᠵᠤ᠂ ᠲᠤᠤᠷᠠᠬᠢ ᠬᠡᠲᠤᠨ ᠲᠠᠯ᠎ᠠ ᠶᠢᠨ ᠠᠵᠢᠯ ᠢ ᠬᠢᠵᠠᠢ᠄ | ⒈ ᠬᠠᠨᠭ᠍ᠭᠠᠯᠭ᠎ᠠ ᠶᠢᠨ ᠪᠥᠲᠤᠴᠡ ᠶᠢᠨ ᠴᠢᠨᠠᠷᠲᠠᠢ ᠥᠬᠡᠷᠡᠴᠢᠯᠡᠯᠲᠡ ᠶᠢ ᠬᠥᠡᠵᠡᠬᠡᠶᠢᠷᠡᠬᠦᠯᠤᠨ᠂ ᠠᠵᠤ ᠠᠬᠤᠢ | ᠶᠢᠨ ᠲᠤᠭᠲᠠᠭᠤᠨ ᠨᠡᠮᠡᠭᠲᠡᠯ ᠢ ᠠᠬᠢᠭᠤᠯᠵᠠᠢ᠃ ᠨᠢᠬᠡ ᠳᠤ᠂ ᠲᠥᠰᠤᠪ ᠤᠨ ᠬᠠᠮᠢᠶᠠᠷᠤᠯᠲᠠ ᠶᠢᠨ ᠲᠥᠷᠢᠮ ᠤᠨ | ᠥᠬᠡᠷᠡᠴᠢᠯᠡᠯᠲᠡ ᠶᠢ ᠠᠬᠢᠭᠤᠯᠵᠠᠢ᠃ ︽ᠲᠥᠰᠤᠪ ᠤᠨ ᠬᠠᠤᠯᠢ︾ ᠶᠢ ᠪᠥᠬᠦ ᠲᠠᠯ᠎ᠠ ᠪᠠᠷ ᠬᠡᠷᠡᠭᠵᠢᠬᠦᠯᠵᠤ᠂ ᠲᠥᠰᠤᠪ | ᠤᠨ ᠬᠢᠵᠠᠭᠠᠷᠯᠠᠯ ᠢ ᠴᠢᠩᠭᠠᠳᠬᠠᠵᠠᠢ᠃ ᠡᠬᠦᠨ ᠤ ᠬᠠᠮᠲᠤ ᠲᠥᠷᠤ ᠶᠢᠨ ᠶᠠᠪᠤᠲᠠᠯ ᠤᠨ ᠬᠤᠷᠢᠶᠠᠨ ᠤ ᠲᠥᠰᠤᠪ ᠤᠨ | ᠬᠠᠮᠢᠶᠠᠷᠤᠯᠲᠠ ᠶᠢᠨ ᠲᠥᠷᠢᠮ ᠤᠨ ᠥᠬᠡᠷᠡᠴᠢᠯᠡᠯᠲᠡ ᠶᠢᠨ ᠲᠤᠭᠲᠠᠭᠠᠯ ᠢ ᠬᠥᠡᠵᠡᠬᠡᠶᠢᠷᠡᠬᠦᠯᠬᠦ ᠤᠷᠤᠨ ᠨᠤᠲᠤᠭ ᠤᠨ | ᠵᠠᠰᠠᠭ ᠤᠨ ᠤᠷᠲᠤᠨ ᠤ ᠴᠢᠨᠠᠷᠲᠠᠢ ᠥᠷᠢ ᠰᠢᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠰᠠᠨᠠᠯ᠂ ᠭᠠᠶᠢᠯᠢ | ᠲᠠᠲᠠᠪᠤᠷᠢ ᠶᠢ ᠴᠡᠪᠡᠷᠯᠡᠨ ᠲᠥᠷᠢᠮᠵᠢᠬᠦᠯᠬᠦ ᠵᠡᠷᠬᠡ ᠬᠠᠷᠠᠭᠠᠯᠵᠠᠯ ᠤᠨ ᠲᠥᠷᠤ ᠶᠢᠨ ᠪᠤᠲᠤᠯᠭ᠎ᠠ ᠶᠢᠨ ᠲᠤᠬᠠᠢ ᠮᠡᠲᠡᠭᠲᠡᠯ ᠢ | ᠥᠡᠲᠤᠰᠤᠯᠡᠨ᠂ ᠡᠯ᠎ᠡ ᠵᠤᠶᠢᠯ ᠤᠨ ᠥᠬᠡᠷᠡᠴᠢᠯᠡᠯᠲᠡ ᠶᠢᠨ ᠰᠠᠨᠠᠯ ᠢ ᠢᠲᠡᠪᠬᠢᠲᠠᠢ ᠲᠤᠤᠱᠯᠠᠭᠤᠯᠤᠨ | ᠨᠠᠶᠢᠲᠠᠪᠤᠷᠢᠵᠢᠭᠤᠯᠵᠠᠢ᠃ ᠨᠡᠪᠲᠡᠷᠡᠴᠡ ᠲᠠᠢ ᠲᠥᠰᠤᠪ ᠤᠨ ᠲᠥᠷᠢᠮ ᠢ ᠬᠡᠷᠡᠭᠵᠢᠬᠦᠯᠵᠤ᠂ ᠡᠳ᠋ ᠤᠨ ᠵᠠᠰᠠᠭ᠂ ᠰᠠᠯᠠᠭ᠎ᠠ | ᠮᠥᠴᠢᠷ ᠵᠢᠴᠢ ︽ᠭᠤᠷᠪᠠᠨ ᠠᠯᠪᠠᠨ ᠵᠠᠷᠤᠲᠠᠯ︾ ᠤᠨ ᠲᠥᠰᠤᠪ ᠲᠤᠭᠠᠴᠠᠭ᠎ᠠ ᠶᠢ ᠪᠥᠬᠦ ᠲᠠᠯ᠎ᠠ ᠪᠠᠷ ᠢᠯᠨ ᠪᠤᠯᠭᠠᠨ᠂ | ᠲᠡᠷᠡᠴᠢᠯᠡᠨ ᠰᠢᠶᠠᠩ ᠤᠨ ᠱᠠᠲᠤᠨ ᠳᠤ ᠬᠥᠷᠲᠡᠯ᠎ᠡ ᠨᠠᠷᠢᠯᠢᠭᠵᠢᠭᠤᠯᠵᠠᠢ᠃ ᠡᠳ᠋ ᠤᠨ ᠵᠠᠰᠠᠭ ᠤᠨ ᠶᠠᠮᠤᠨ ᠤ ᠵᠠᠰᠠᠭ | ᠤᠨ ᠤᠷᠲᠤᠨ ᠤ ᠲᠥᠰᠤᠪ ᠤᠨ ᠰᠢᠰᠲ᠋ᠧᠮ ᠢ ᠰᠠᠶᠢᠵᠢᠷᠠᠭᠤᠯᠬᠤ ᠱᠠᠭᠠᠷᠲᠠᠯᠭ᠎ᠠ ᠶᠤᠰᠤᠭᠠᠷ᠂ ᠡᠩ ᠤᠨ ᠨᠡᠶᠢᠲᠡ ᠶᠢᠨ | ᠲᠥᠰᠤᠪ᠂ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢ 2018 ᠤᠨ ᠤ ᠲᠥᠰᠤᠪ ᠢ ᠨᠠᠶᠢᠷᠠᠭᠤᠯᠬᠤ | ᠬᠥᠷᠢᠶᠡᠨ ᠳᠤ ᠤᠷᠤᠭᠤᠯᠵᠠᠢ᠃ ᠬᠤᠶᠠᠷ ᠲᠤ᠂ ᠰᠠᠯᠠᠭ᠎ᠠ ᠮᠥᠴᠢᠷ ᠤᠨ ᠲᠥᠰᠤᠪ ᠢ ᠲᠡᠯᠬᠡᠷᠡᠬᠦᠯᠵᠡᠢ᠃ ︽ᠤᠷᠤᠯᠭ᠎ᠠ | ᠵᠠᠷᠤᠯᠭ᠎ᠠ ᠶᠢᠨ ᠬᠤᠶᠠᠷ ᠱᠤᠭᠤᠮ︾ ᠤᠨ ᠬᠠᠮᠢᠶᠠᠷᠤᠯᠲᠠ ᠶᠢ ᠴᠢᠩᠭᠠᠳᠬᠠᠵᠠᠢ᠃ ᠤᠯᠤᠰ ᠤᠨ ᠬᠥᠮᠤᠷᠬᠡ ᠠᠴᠠ | ᠲᠥᠪᠯᠡᠷᠡᠬᠦᠯᠤᠨ ᠲᠠᠷᠬᠠᠭᠠᠨ ᠥᠭᠬᠦ ᠡᠯᠧᠺᠲᠷᠤᠨ ᠥᠬᠡᠷᠡᠴᠢᠯᠡᠯᠲᠡ ᠶᠢ ᠪᠥᠬᠦ ᠲᠠᠯ᠎ᠠ ᠪᠠᠷ ᠲᠡᠯᠬᠡᠷᠡᠬᠦᠯᠵᠡᠢ᠃ ᠠᠯᠪᠠᠨ | ᠶᠠᠪᠤᠲᠠᠯ ᠤᠨ ᠺᠠᠷᠲ ᠢᠶᠠᠷ ᠲᠤᠭᠠᠴᠠᠭ᠎ᠠ ᠬᠢᠬᠦ ᠶᠢ ᠤᠯᠠᠮ ᠨᠢᠬᠡ ᠠᠯᠬᠤᠮ ᠲᠡᠯᠬᠡᠷᠡᠬᠦᠯᠵᠤ᠂ ᠵᠠᠰᠠᠭ ᠤᠨ ᠤᠷᠲᠤᠨ | ᠠᠴᠠ ᠬᠤᠲᠠᠯᠲᠤᠨ ᠠᠪᠬᠤ ᠬᠡᠪᠴᠢᠶ᠎ᠡ ᠪᠤᠯᠤᠨ ᠬᠥᠷᠢᠶ᠎ᠡ ᠶᠢ ᠥᠷᠬᠡᠳᠬᠡᠨ᠂ ᠵᠠᠰᠠᠭ ᠤᠨ ᠤᠷᠲᠤᠨ ᠤ ᠬᠤᠲᠠᠯᠲᠤᠨ | ᠠᠪᠬᠤ ᠶᠠᠪᠤᠲᠠᠯ ᠢ ᠲᠥᠷᠢᠮᠵᠢᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠠᠷᠪᠢᠯᠠᠵᠠᠢ᠃ ᠲᠥᠷ ᠵᠤᠭᠤᠰ ᠥᠭᠬᠦ | ᠪᠤᠯᠤᠨ ᠲᠥᠷᠢᠮᠵᠢᠯ ᠦᠭᠡᠢ ᠡᠳ᠋ ᠤᠨ ᠵᠠᠰᠠᠭ ᠤᠨ ᠲᠤᠰᠬᠠᠢ ᠡᠷᠤᠬᠡ ᠶᠢ ᠥᠬᠡᠶᠢᠰᠬᠡᠵᠡᠢ᠃ 2018 ᠤᠨ ᠤ ᠵᠢᠯ | ᠤᠨ ᠵᠠᠷᠤᠯᠭ᠎ᠠ ᠶᠢ ᠠᠵᠤ ᠠᠬᠤᠢ ᠶᠢᠨ ᠲᠥᠷᠤᠯ ᠬᠤᠪᠢᠶᠠᠨ ᠲᠤᠭᠠᠴᠠᠭ᠎ᠠ ᠬᠢᠬᠦ ᠶᠢ ᠨᠠᠶᠢᠷᠠᠭᠤᠯᠵᠠᠢ᠃ ᠭᠤᠷᠪᠠ ᠳᠤ᠂ | ᠤᠯᠤᠰ ᠪᠤᠯᠤᠨ ᠥᠪᠡᠷᠲᠡᠬᠡᠨ ᠵᠠᠰᠠᠬᠤ ᠤᠷᠤᠨ ᠤ ᠡᠯ᠎ᠡ ᠵᠤᠶᠢᠯ ᠤᠨ ᠭᠠᠶᠢᠯᠢ ᠶᠢ ᠬᠠᠰᠤᠵᠤ ᠵᠠᠷᠤᠲᠠᠯ ᠢ | ᠪᠠᠭᠤᠷᠠᠭᠤᠯᠬᠤ ᠲᠥᠷᠤ ᠶᠢ ᠪᠤᠲᠤᠯᠭ᠎ᠠ ᠶᠢ ᠢᠲᠡᠪᠬᠢᠲᠠᠢ ᠨᠠᠶᠢᠲᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠠᠵᠤ | ᠤᠶᠢᠯᠡᠰ ᠤᠨ ᠬᠠᠨᠭ᠍ᠭᠠᠯᠭ᠎ᠠ ᠶᠢᠨ ᠪᠥᠲᠤᠴᠡ ᠶᠢᠨ ᠴᠢᠨᠠᠷᠠᠢ ᠥᠬᠡᠷᠡᠴᠢᠯᠡᠯᠲᠡ ᠶᠢ ᠲᠡᠮᠵᠢᠵᠤ᠂ ᠰᠢᠨ᠎ᠡ ᠶᠢ ᠡᠬᠦᠲᠤᠨ | ᠬᠥᠭᠵᠢᠬᠦ ᠪᠠᠶᠢᠯᠲᠤᠬᠤ ᠪᠤᠲᠤᠯᠭ᠎ᠠ ᠶᠢ ᠲᠡᠮᠵᠢᠨ᠂ ᠲᠥᠰᠤᠪ ᠤᠨ ᠬᠢᠷᠢ ᠪᠥᠲᠤᠮᠵᠢ ᠶᠢ ᠥᠨᠡᠯᠡᠨ ᠠᠲᠠᠯᠢᠳᠬᠠᠬᠤ | ᠲᠥᠷᠢᠮ ᠤᠨ ᠥᠬᠡᠷᠡᠴᠢᠯᠡᠯᠲᠡ ᠶᠢ ᠲᠡᠯᠬᠡᠷᠡᠬᠦᠯᠵᠡᠢ᠃ ᠲᠤᠰᠬᠠᠶᠢᠵᠢᠭᠰᠠᠨ ᠡᠵᠡᠩᠨᠡᠬᠦ ᠪᠥᠯᠬᠦᠮ ᠢ ᠤᠷᠢᠵᠤ᠂ ᠪᠥᠬᠦ | ᠬᠤᠰᠢᠭᠤᠨ ᠤ ᠲᠥᠰᠤᠪ ᠤᠨ ᠨᠢᠬᠡᠴᠡ ᠶᠢᠨ ᠲᠥᠰᠤᠪ ᠤᠨ ᠬᠢᠷᠢ ᠪᠥᠲᠤᠮᠵᠢ ᠳᠤ ᠥᠨᠡᠯᠡᠨ ᠠᠲᠠᠯᠢᠳᠬᠠᠯ ᠤᠨ | ᠪᠤᠯᠪᠠᠰᠤᠷᠠᠯ ᠢ ᠶᠠᠪᠤᠭᠤᠯᠵᠤ᠂ ᠬᠠᠮᠢᠶ᠎ᠠ ᠪᠥᠬᠦᠢ ᠲᠥᠷᠤᠯ ᠵᠤᠶᠢᠯ ᠤᠨ ᠲᠥᠰᠤᠪ ᠤᠨ ᠬᠢᠷᠢ ᠪᠥᠲᠤᠮᠵᠢ ᠶᠢᠨ ᠥᠨᠡᠯᠡᠨ | ᠠᠲᠠᠯᠢᠳᠬᠠᠯ ᠢ ᠰᠤᠩᠭᠤᠨ ᠵᠢᠱᠢᠶ᠎ᠡ ᠪᠤᠯᠭᠠᠵᠠᠢ᠃ ᠲᠥᠷᠪᠡ ᠳᠤ᠂ ᠠᠷᠪᠢᠯᠠᠨ ᠭᠠᠮᠨᠠᠬᠤ ᠲᠥᠷᠢᠮ ᠤᠨ ᠪᠠᠶᠢᠭᠤᠯᠤᠯᠲᠠ | ᠶᠢ ᠴᠢᠩᠭᠠᠳᠬᠠᠵᠠᠢ᠃ ᠲᠥᠪ ᠤᠨ ᠨᠠᠢᠮᠠᠨ ᠵᠤᠶᠢᠯ ᠤᠨ ᠲᠤᠭᠲᠠᠭᠠᠯ ᠪᠤᠯᠤᠨ ᠥᠪᠡᠷᠲᠡᠬᠡᠨ ᠵᠠᠰᠠᠬᠤ ᠤᠷᠤᠨ ᠤ 28 | ᠵᠤᠶᠢᠯ ᠤᠨ ᠪᠤᠲᠠᠲᠠᠢ ᠲᠤᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠠᠷᠪᠢᠯᠠᠨ ᠭᠠᠮᠨᠠᠬᠤ | ᠶᠢ ᠬᠡᠷᠡᠭᠵᠢᠬᠦᠯᠵᠤ᠂ ᠪᠥᠷᠢᠯᠬᠡᠨ ᠰᠤᠶᠢᠳᠬᠡᠬᠦ ᠶᠢ ᠡᠰᠡᠷᠬᠦᠴᠡᠬᠦ ᠤᠷᠲᠤ ᠬᠤᠭᠤᠴᠠᠭᠠᠨ ᠤ ᠲᠤᠭᠲᠠᠴᠠ ᠶᠢ ᠪᠥᠷᠢᠨ | ᠲᠡᠬᠦᠯᠲᠡᠷ ᠪᠠᠶᠢᠭᠤᠯᠵᠠᠢ᠃ | ⒉ ᠡᠳ᠋ ᠤᠨ ᠢᠷᠡᠯᠲᠡ ᠶᠢᠨ ᠡᠷᠴᠢᠮ ᠢ ᠴᠢᠩᠭᠠᠳᠬᠠᠨ᠂ ᠡᠳ᠋ ᠤᠨ ᠵᠠᠰᠠᠭ ᠤᠨ ᠪᠡᠯᠨ ᠮᠥᠡᠭᠬᠦ ᠶᠢᠨ | ᠬᠡᠷᠡᠭᠯᠡᠯᠲᠡ ᠶᠢᠨ ᠥᠷ᠎ᠡ ᠠᠰᠢᠭ ᠢ ᠲᠡᠬᠡᠭᠰᠢᠯᠡᠬᠦᠯᠵᠠᠢ᠃ 2018 ᠤᠨ ᠳᠤ᠂ ᠬᠤᠰᠢᠭᠤᠨ ᠤ ᠨᠠᠮ ᠤᠨ ᠬᠤᠷᠢᠶ᠎ᠠ | ᠶᠢᠨ ᠠᠵᠢᠯ ᠤᠨ ᠲᠤᠬᠢᠷᠠᠭᠤᠯᠤᠯᠲᠠ ᠶᠤᠰᠤᠭᠠᠷ᠂ ᠠᠵᠤ ᠠᠬᠤᠢ ᠶᠢᠨ ᠬᠥᠭᠵᠢᠯᠲᠠ ᠪᠤᠯᠤᠨ ᠡᠳ᠋ ᠤᠨ ᠢᠷᠡᠯᠲᠡ ᠶᠢᠨ | ᠪᠥᠲᠤᠬᠡᠨ ᠪᠠᠶᠢᠭᠤᠯᠤᠯᠲᠠ ᠶᠢ ᠲᠡᠮᠵᠢᠬᠦ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠢᠲᠡᠪᠬᠢᠲᠡᠢ ᠰᠤᠲᠤᠯᠵᠠᠢ᠃ | ᠨᠢᠬᠡ ᠳᠤ᠂ ᠲᠥᠪ ᠬᠤᠷᠢᠶ᠎ᠠ ᠶᠢᠨ ︽ᠤᠨᠤᠴᠢᠲᠠᠢ ᠪᠠᠷ ᠶᠠᠲᠠᠭᠤ ᠶᠢ ᠲᠡᠳᠬᠦᠬᠦ︾ ᠲᠥᠷᠤ ᠶᠢᠨ ᠪᠤᠲᠤᠯᠭ᠎ᠠ ᠶᠢ | ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠪᠥᠬᠦ ᠬᠥᠴᠤᠨ | ᠢᠶᠠᠷ ᠲᠠᠮᠵᠢᠨ᠂ ᠶᠠᠲᠠᠭᠤ ᠶᠢ ᠲᠡᠳᠬᠦᠬᠦ ᠪᠡᠯᠨ ᠮᠥᠡᠭᠬᠦ ᠶᠢ ᠨᠡᠶᠢᠳᠬᠡᠬᠦ ᠡᠷᠴᠢᠮ ᠢ ᠴᠢᠩᠭᠠᠳᠬᠠᠨ᠂ ᠶᠠᠲᠠᠭᠤ ᠶᠢ | ᠲᠡᠳᠬᠦᠬᠦ ᠪᠡᠯᠨ ᠮᠥᠡᠭᠬᠦ ᠪᠤᠯᠤᠨ ᠲᠠᠷᠢᠶᠠᠯᠡᠩ ᠮᠠᠯᠵᠢᠯ ᠲᠠᠢ ᠬᠤᠯᠪᠤᠭᠲᠠᠬᠤ ᠪᠡᠯᠨ ᠮᠥᠡᠭᠬᠦ ᠶᠢᠨ ᠬᠡᠷᠡᠭᠴᠡᠭᠡ ᠶᠢ ᠪᠥᠬᠦ | ᠲᠠᠯ᠎ᠠ ᠪᠠᠷ ᠪᠠᠲᠤᠯᠠᠵᠠᠢ᠃ 2018 ᠤᠨ ᠳᠤ ᠪᠥᠬᠦ ᠬᠤᠰᠢᠭᠤᠨ ᠤ ᠶᠠᠲᠠᠭᠤ ᠶᠢ ᠲᠡᠳᠬᠦᠬᠦ ᠬᠥᠷᠢᠶ᠎ᠡ ᠪᠤᠯᠤᠨ | ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠵᠡᠷᠬᠡ ᠵᠠᠷᠤᠯᠭ᠎ᠠ ᠳᠤ 12.7 ᠳ᠋ᠥᠡᠭᠰᠢᠭᠤᠷ ᠲᠥᠬᠦᠷᠢᠭ ᠬᠡᠷᠡᠭᠯᠡᠵᠡᠢ | ᠃ ᠶᠠᠲᠠᠭᠤ ᠶᠢ ᠲᠡᠳᠬᠦᠬᠦ ᠠᠵᠤ ᠤᠶᠢᠯᠡᠰ ᠤᠨ ᠲᠥᠬᠦᠬᠡᠷᠤᠮᠵᠢ᠂ ᠲᠠᠷᠢᠶᠠᠯᠡᠩ ᠮᠠᠯ ᠠᠵᠤ ᠠᠬᠤᠢ ᠶᠢᠨ ᠰᠠᠭᠤᠷᠢ | ᠨᠥᠬᠦᠴᠡᠯ ᠤᠯᠠᠮ ᠨᠢᠬᠡ ᠠᠯᠬᠤᠮ ᠰᠠᠶᠢᠵᠢᠷᠠᠵᠤ᠂ ᠰᠠᠭᠤᠷᠢ ᠡᠳ᠋ ᠤᠨ ᠢᠷᠡᠯᠲᠡ ᠶᠢᠨ ᠪᠠᠶᠢᠭᠤᠯᠤᠯᠲᠠ | ᠴᠢᠩᠭᠠᠳᠬᠠᠭᠲᠠᠵᠠᠢ᠃ ᠬᠤᠶᠠᠷ ᠲᠤ᠂ ᠭᠠᠶᠢᠯᠢ ᠶᠢᠨ ᠶᠠᠪᠤᠲᠠᠯ ᠤᠨ ᠰᠠᠯᠠᠭ᠎ᠠ ᠮᠥᠴᠢᠷ ᠤᠨ ᠲᠠᠲᠠᠪᠤᠷᠢᠯᠠᠯᠲᠠ ᠶᠢᠨ | ᠵᠠᠷᠤᠲᠠᠯ ᠢ ᠪᠠᠲᠤᠯᠠᠵᠤ᠂ ᠲᠤᠰ ᠵᠢᠯ ᠤᠨ ᠭᠠᠶᠢᠯᠢ ᠮᠥᠡᠭᠬᠦ ᠶᠢᠨ ᠬᠥᠢᠴᠡᠤᠨ ᠲᠤᠭ᠎ᠠ ᠪᠠᠷ ᠬᠥᠮᠤᠷᠬᠡᠯᠡᠬᠦ ᠶᠢ | ᠪᠠᠲᠤᠯᠠᠵᠠᠢ᠃ ᠭᠤᠷᠪᠠ ᠳᠤ᠂ ᠬᠤᠲᠠᠯᠲᠤᠭᠠᠴᠢᠨ ᠤᠷᠢᠵᠤ ᠪᠡᠯᠨ ᠮᠥᠡᠭᠬᠦ ᠤᠷᠤᠭᠤᠯᠬᠤ ᠪᠤᠯᠤᠨ ᠰᠢᠨ᠎ᠡ ᠲᠥᠷᠤᠯ | ᠵᠤᠶᠢᠯ ᠤᠨ ᠡᠮᠤᠨᠡᠬᠢ ᠬᠤᠭᠤᠴᠠᠭᠠᠨ ᠤ ᠵᠠᠷᠤᠲᠠᠯ ᠤᠨ ᠤᠷᠤᠭᠤᠯᠤᠯᠲᠠ ᠶᠢ ᠶᠡᠬᠡᠰᠬᠡᠵᠡᠢ᠃ ᠰᠢᠨ᠎ᠡ ᠡᠳ᠋ ᠤᠨ ᠢᠷᠡᠯᠲᠡ | ᠶᠢᠨ ᠨᠡᠮᠡᠭᠲᠡᠯ ᠤᠨ ᠴᠡᠭ ᠢ ᠢᠲᠡᠪᠬᠢᠲᠡᠢ ᠡᠷᠢᠨ ᠨᠡᠬᠡᠬᠡᠵᠡᠢ᠃ ᠲᠥᠷᠪᠡ ᠳᠤ᠂ ᠵᠠᠰᠠᠭ ᠤᠨ ᠤᠷᠲᠤᠨ ᠪᠤᠯᠤᠨ ᠨᠡᠶᠢᠬᠡᠮ | ᠤᠨ ᠪᠡᠯᠨ ᠮᠥᠡᠭᠬᠦ ᠶᠢᠨ ᠬᠠᠮᠲᠤᠷᠠᠯ ︵PPP︶ ᠠᠵᠢᠯ ᠤᠨ ᠰᠢᠨ᠎ᠡ ᠵᠠᠭᠪᠤᠷ ᠢ ᠢᠲᠡᠪᠬᠢᠲᠠᠢ ᠰᠥᠪᠡᠭᠴᠢᠯᠡᠵᠡᠢ᠃ | ᠲᠠᠪᠤ ᠳᠤ᠂ ᠡᠳ᠋ ᠤᠨ ᠵᠠᠰᠠᠭ ᠤᠨ ᠶᠠᠮᠤᠨ ᠤ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠲᠠᠪᠤᠷᠢᠵᠢᠭᠤᠯᠵᠤ᠂ ᠮᠥᠡᠭᠬᠦᠨ ᠬᠥᠢᠯᠬᠡᠬᠡᠨ ᠤ ᠲᠥᠷᠢᠮᠵᠢᠯ ᠪᠤᠰᠤ ᠥᠵᠡᠭᠲᠡᠯ ᠢ ᠴᠢᠩᠭ᠎ᠠ ᠬᠢᠵᠠᠭᠠᠷᠯᠠᠵᠠᠢ᠃ | ᠵᠢᠷᠭᠤᠭ᠎ᠠ᠂ ᠲᠡᠬᠡᠷ᠎ᠡ ᠱᠠᠲᠤᠨ ᠠᠴᠠ ᠪᠡᠯᠨ ᠮᠥᠡᠭᠬᠦ ᠤᠯᠬᠤ ᠶᠢ ᠲᠤᠰ ᠵᠢᠯ ᠤᠨ ᠡᠳ᠋ ᠤᠨ ᠵᠠᠰᠠᠭ ᠤᠨ ᠠᠵᠢᠯ ᠤᠨ | ᠴᠢᠬᠤᠯᠨ ᠠᠴᠠ ᠴᠢᠬᠤᠯᠨ ᠪᠤᠯᠭᠠᠨ ᠥᠷ᠎ᠡ ᠠᠰᠢᠭ ᠭᠠᠷᠭᠠᠵᠠᠢ᠃ ᠵᠢᠯ ᠤᠨ ᠲᠤᠲᠤᠷ᠎ᠠ ᠡᠩ ᠤᠨ ᠰᠢᠯᠵᠢᠬᠦᠯᠤᠨ | ᠥᠭᠬᠦᠭᠰᠡᠨ ᠨᠥᠬᠦᠪᠤᠷᠢ 4.6 ᠳ᠋ᠥᠡᠭᠰᠢᠭᠤᠷ ᠲᠥᠬᠦᠷᠢᠭ ᠲᠤ ᠬᠥᠷᠴᠤ᠂ ᠲᠤᠰᠬᠠᠢ ᠵᠤᠶᠢᠯ ᠤᠨ ᠨᠥᠬᠦᠪᠤᠷᠢ 15.3 | ᠳ᠋ᠥᠡᠭᠰᠢᠭᠤᠷ ᠲᠥᠬᠦᠷᠢᠭ᠂ ᠰᠢᠨ᠎ᠡ ᠪᠠᠷ ᠨᠡᠮᠡᠭᠲᠡᠭᠰᠡᠨ ᠠᠯᠪᠠᠨ ᠵᠢᠬᠡᠯᠡᠯᠬᠡ 4.52 ᠳ᠋ᠥᠡᠭᠰᠢᠭᠤᠷ ᠲᠥᠬᠦᠷᠢᠭ ᠤᠯᠵᠤ᠂ | ᠮᠠᠨ ᠤ ᠬᠤᠰᠢᠭᠤᠨ ᠤ ᠡᠳ᠋ ᠤᠨ ᠬᠥᠴᠤᠨ ᠬᠥᠢᠴᠡᠤᠨ ᠦᠭᠡᠢ ᠪᠤᠯᠤᠨ ᠪᠡᠯᠨ ᠮᠥᠡᠭᠬᠦ ᠶᠢᠨ ᠪᠠᠴᠢᠮ ᠪᠠᠶᠢᠲᠠᠯ ᠢ | ᠲᠤᠭᠲᠠᠭᠰᠠᠨ ᠬᠡᠮᠵᠢᠶᠡᠨ ᠳᠤ ᠰᠠᠶᠢᠵᠢᠷᠠᠭᠤᠯᠵᠠᠢ᠃ | ⒊ ᠵᠠᠷᠤᠯᠭ᠎ᠠ ᠶᠢᠨ ᠪᠥᠲᠤᠴᠡ ᠶᠢ ᠲᠤᠬᠢᠷᠠᠭᠤᠯᠤᠨ ᠰᠢᠯᠢᠲᠡᠭᠵᠢᠬᠦᠯᠵᠤ᠂ ᠠᠷᠠᠤᠨ ᠤᠨ ᠠᠮᠢᠲᠤᠷᠠᠯ ᠢ ᠪᠥᠬᠦ | ᠬᠥᠴᠤᠨ ᠢᠶᠠᠷ ᠪᠠᠲᠤᠯᠠᠨ ᠰᠠᠶᠢᠵᠢᠷᠠᠭᠤᠯᠵᠠᠢ᠃ ᠨᠢᠬᠡ ᠳᠤ᠂ ᠴᠠᠯᠢᠩ ᠢ ᠪᠠᠲᠤᠯᠠᠬᠤ᠂ ᠡᠷᠬᠢᠯᠲᠠ ᠶᠢ ᠪᠠᠲᠤᠯᠠᠬᠤ᠂ | ᠥᠡᠲᠤᠰᠤᠨ ᠠᠷᠠᠤᠨ ᠤᠨ ᠠᠮᠢᠲᠤᠷᠠᠯ ᠢ ᠪᠠᠲᠤᠯᠠᠬᠤ ᠠᠵᠢᠯ ᠢ ᠪᠥᠬᠦ ᠬᠥᠴᠤᠨ ᠢᠶᠠᠷ ᠰᠠᠶᠢᠲᠤᠷ ᠬᠢᠵᠠᠢ᠃ ︽ᠭᠤᠷᠪᠠ | ᠶᠢ ᠪᠠᠲᠤᠯᠠᠬᠤ︾ ᠠᠵᠢᠯ ᠪᠤᠯ ᠮᠠᠨ ᠤ ᠬᠤᠰᠢᠭᠤᠨ ᠤ ᠡᠳ᠋ ᠤᠨ ᠵᠠᠰᠠᠭ ᠤᠨ ᠲᠡᠷᠢᠬᠦᠨ ᠴᠢᠬᠤᠯᠨ ᠡᠬᠦᠷᠬᠡ ᠪᠤᠯᠤᠨ᠎ᠠ᠃ | ᠵᠢᠯ ᠤᠨ ᠲᠤᠲᠤᠷ᠎ᠠ᠂ ᠠᠶᠢᠮᠠᠭ ᠤᠨ ᠱᠠᠲᠤᠨ ᠤ ᠨᠢᠬᠡᠲᠤᠯᠲᠠᠢ ᠪᠠᠶᠢᠷᠢᠰᠢᠭᠤᠯᠤᠯ ᠶᠤᠰᠤᠭᠠᠷ᠂ ᠵᠠᠰᠠᠭ ᠵᠠᠬᠢᠷᠭᠠᠨ ᠤ | ᠠᠵᠢᠯ ᠤᠶᠢᠯᠡᠰ ᠤᠨ ᠨᠢᠬᠡᠴᠡ ᠶᠢᠨ ᠨᠥᠬᠦᠪᠤᠷᠢ ᠶᠢ ᠲᠤᠬᠢᠷᠠᠭᠤᠯᠵᠤ᠂ ᠲᠤᠰᠢᠶᠠᠯ ᠲᠡᠰ ᠢ ᠲᠤᠭᠲᠠᠭᠠᠬᠤ ᠲᠥᠷᠤ ᠶᠢᠨ | ᠪᠤᠲᠤᠯᠭ᠎ᠠ᠂ ᠵᠠᠰᠠᠭ ᠵᠠᠬᠢᠷᠭᠠᠨ ᠤ ᠨᠢᠬᠡᠴᠡ ᠶᠢᠨ ᠨᠡᠶᠢᠲᠡ ᠶᠢᠨ ᠲᠡᠷᠬᠡ ᠶᠢᠨ ᠥᠬᠡᠷᠴᠢᠯᠡᠯᠲᠡ ᠶᠢᠨ ᠲᠥᠷᠤ ᠶᠢᠨ | ᠪᠤᠲᠤᠯᠭ᠎ᠠ ᠶᠢ ᠨᠠᠶᠢᠲᠠᠪᠤᠷᠢᠵᠢᠭᠤᠯᠵᠤ᠂ ᠪᠠᠶᠢᠭᠤᠯᠭ᠎ᠠ ᠠᠵᠢᠯ ᠤᠶᠢᠯᠡᠰ ᠤᠨ ᠨᠢᠬᠡᠴᠡ ᠶᠢᠨ ᠥᠡᠲᠤᠰᠤᠨ ᠴᠠᠯᠢᠩ᠂ | ᠨᠡᠶᠢᠲᠡ ᠶᠢᠨ ᠲᠡᠷᠬᠡ ᠶᠢ ᠥᠬᠡᠷᠡᠴᠢᠯᠡᠭᠰᠡᠨ ᠨᠥᠬᠦᠪᠤᠷᠢ᠂ ᠠᠵᠢᠯ ᠠᠴᠠ ᠪᠠᠨ ᠠᠮᠠᠷᠠᠭᠰᠠᠨ ᠵᠠᠷᠤᠲᠠᠯ ᠵᠡᠷᠬᠡ ᠪᠥᠬᠦ ᠵᠢᠯ | ᠳᠤ ᠴᠠᠯᠢᠩ ᠢ ᠲᠤᠬᠢᠷᠠᠭᠤᠯᠤᠨ ᠨᠡᠮᠡᠭᠲᠡᠭᠰᠡᠨ ᠵᠠᠷᠤᠯᠭ᠎ᠠ 0.75 ᠳ᠋ᠥᠡᠭᠰᠢᠭᠤᠷ ᠲᠥᠬᠦᠷᠢᠭ ᠲᠤ ᠲᠤᠯᠵᠠᠢ᠃ ᠪᠥᠬᠦ | ᠵᠢᠯ ᠳᠤ ᠴᠠᠯᠢᠩ ᠤᠨ ᠴᠢᠨᠠᠷᠲᠠᠢ ᠵᠠᠷᠤᠯᠭ᠎ᠠ 12.85 ᠳ᠋ᠥᠡᠭᠰᠢᠭᠤᠷ ᠲᠥᠬᠦᠷᠢᠭ ᠲᠤ ᠲᠤᠯᠵᠠᠢ᠃ ᠵᠢᠯ ᠤᠨ ᠲᠤᠲᠤᠷ᠎ᠠ | ᠨᠡᠶᠢᠬᠡᠮ ᠤᠨ ᠲᠠᠭᠠᠳᠬᠠᠯ ᠤᠨ ᠵᠠᠷᠤᠲᠠᠯ ᠤᠨ ᠤᠷᠤᠯᠭ᠎ᠠ 6.12 ᠳ᠋ᠥᠡᠭᠰᠢᠭᠤᠷ ᠲᠥᠬᠦᠷᠢᠭ᠂ ᠠᠲᠠᠯᠢ ᠬᠤᠭᠤᠴᠠᠭ᠎ᠠ | ᠠᠴᠠ 39.1% ᠪᠠᠷ ᠨᠡᠮᠡᠭᠲᠡᠵᠡᠢ᠃ ᠪᠥᠬᠦ ᠠᠷᠠᠤᠨ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠲᠤᠯᠠᠪᠤᠷᠢ ᠶᠢᠨ | ᠰᠢᠰᠲ᠋ᠧᠮ ᠢ ᠪᠠᠶᠢᠭᠤᠯᠵᠤ᠂ 1528 ᠲᠥᠮᠡᠨ ᠲᠥᠬᠦᠷᠢᠭ ᠤᠨ ᠬᠤᠲᠠ ᠬᠥᠲᠡᠭᠡ ᠶᠢᠨ ᠬᠥᠴᠢᠷ ᠲᠠᠢ ᠬᠡᠷ ᠪᠥᠯᠢ | ᠶᠢᠨ ᠡᠮ ᠡᠮᠨᠡᠯᠬᠡ ᠶᠢᠨ ᠠᠪᠤᠷᠠᠯᠲᠠ ᠵᠢᠴᠢ ᠨᠥᠬᠦᠪᠤᠷᠢ ᠶᠢ ᠪᠠᠭᠤᠯᠭᠠᠵᠠᠢ᠃ 419.2 ᠲᠥᠮᠡᠨ ᠲᠥᠬᠦᠷᠢᠭ ᠢ | ᠥᠡᠲᠤᠰᠤᠨ ᠨᠡᠶᠢᠲᠡ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠬᠡᠨ ᠤ ᠵᠠᠷᠤᠯᠭ᠎ᠠ ᠳᠤ ᠬᠡᠷᠡᠭᠯᠡᠵᠡᠢ᠃ 10699.5 | ᠲᠥᠮᠡᠨ ᠲᠥᠬᠦᠷᠢᠭ ᠢ ᠬᠤᠲᠠ ᠬᠥᠲᠡᠭᠡ ᠶᠢᠨ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠭ᠎ᠠ ᠳᠤ ᠬᠡᠷᠡᠭᠯᠡᠵᠡᠢ᠃ | 1301 ᠲᠥᠮᠡᠨ ᠲᠥᠬᠦᠷᠢᠭ ᠢ ᠬᠥᠴᠢᠷᠲᠡᠢ ᠵᠡᠮᠲᠡᠭᠴᠤᠤᠨ ᠤᠨ ᠠᠮᠢᠲᠤᠷᠠᠯ ᠤᠨ ᠨᠥᠬᠦᠪᠤᠷᠢ ᠪᠤᠯᠤᠨ ᠬᠥᠡᠲᠤ | ᠵᠡᠮᠲᠡᠭᠴᠤᠤᠨ ᠢ ᠠᠰᠠᠷᠠᠬᠤ ᠨᠥᠬᠦᠪᠤᠷᠢ ᠳᠤ ᠬᠡᠷᠡᠭᠯᠡᠵᠡᠢ᠃ 4922 ᠲᠥᠮᠡᠨ ᠲᠥᠬᠦᠷᠢᠭ ᠢ ᠬᠤᠲᠠ ᠬᠥᠲᠡᠭᠡ ᠶᠢᠨ | ᠰᠠᠭᠤᠭᠠᠯᠢ ᠠᠷᠠᠤᠨ ᠤᠨ ᠨᠠᠰᠤᠲᠠᠨ ᠤ ᠠᠰᠠᠷᠠᠮᠵᠢ ᠶᠢᠨ ᠲᠠᠭᠠᠳᠬᠠᠯ ᠳᠤ ᠬᠡᠷᠡᠭᠯᠡᠵᠡᠢ᠃ 456.5 ᠲᠥᠮᠡᠨ | ᠲᠥᠬᠦᠷᠢᠭ ᠢ ᠴᠡᠷᠢᠭ ᠠᠴᠠ ᠬᠠᠯᠠᠭᠲᠠᠭᠰᠠᠤᠨ ᠢ ᠲᠤᠬᠢᠷᠠᠭᠤᠯᠬᠤ ᠳᠤ ᠬᠡᠷᠡᠭᠯᠡᠵᠡᠢ᠃ 370.8 ᠲᠥᠮᠡᠨ ᠲᠥᠬᠦᠷᠢᠭ ᠢ | 90—99 ᠨᠠᠰᠤᠨ ᠤ ᠥᠡᠲᠤᠷ ᠨᠠᠰᠤᠲᠠᠨ ᠤ ᠨᠥᠬᠦᠪᠤᠷᠢ ᠳᠤ ᠬᠡᠷᠡᠭᠯᠡᠵᠡᠢ᠃ ᠬᠤᠶᠠᠷ ᠲᠤ᠂ ᠶᠠᠲᠠᠭᠤ ᠶᠢ | ᠲᠡᠳᠬᠦᠬᠦ ᠵᠠᠷᠤᠯᠭ᠎ᠠ ᠶᠢ ᠪᠥᠬᠦ ᠬᠥᠴᠤᠨ ᠢᠶᠠᠷ ᠪᠠᠲᠤᠯᠠᠵᠠᠢ᠃ ᠬᠢᠵᠠᠭᠠᠷᠲᠤ ᠬᠤᠭᠤᠴᠠᠭ᠎ᠠ ᠶᠢᠨ ᠲᠤᠲᠤᠷ᠎ᠠ ︽ᠶᠠᠲᠠᠭᠤ | ᠮᠠᠯᠠᠭᠠᠢ ᠪᠠᠨ ᠬᠠᠶᠠᠬᠤ︾ ᠬᠠᠷᠠᠯᠲᠠ ᠶᠢ ᠪᠡᠶᠡᠯᠡᠬᠦᠯᠬᠦ ᠶᠢ ᠥᠨᠡᠡᠬᠦ ᠪᠠᠲᠤᠯᠠᠵᠤ᠂ 2018 ᠤᠨ ᠳᠤ ᠶᠠᠲᠠᠭᠤ ᠶᠢ | ᠲᠡᠳᠬᠦᠬᠦ ᠪᠡᠯᠨ ᠮᠥᠡᠭᠬᠦ 5.67 ᠳ᠋ᠥᠡᠭᠰᠢᠭᠤᠷ ᠲᠥᠬᠦᠷᠢᠭ ᠪᠠᠭᠤᠯᠭᠠᠵᠤ᠂ ᠠᠲᠠᠯᠢ ᠬᠤᠭᠤᠴᠠᠭ᠎ᠠ ᠠᠴᠠ 2.8 | ᠳ᠋ᠥᠡᠭᠰᠢᠭᠤᠷ ᠲᠥᠬᠦᠷᠢᠭ ᠨᠡᠮᠡᠭᠲᠡᠵᠡᠢ᠃ ᠭᠤᠷᠪᠠ ᠳᠤ᠂᠂ ᠤᠯᠤᠰ ᠲᠥᠷᠤ ᠬᠠᠤᠯᠢ ᠴᠠᠭᠠᠵᠨ ᠶᠢᠨ ᠵᠠᠷᠤᠲᠠᠯ ᠤᠨ | ᠤᠷᠤᠭᠤᠯᠤᠯᠲᠠ ᠤᠯᠠᠮ ᠨᠢᠬᠡ ᠠᠯᠬᠤᠮ ᠶᠡᠬᠡᠰᠴᠤ᠂ ᠲᠤᠲᠤᠭᠠᠲᠤ ᠶᠢ ᠬᠠᠮᠠᠭᠠᠯᠠᠬᠤ ᠪᠠᠶᠢᠴᠠᠭᠠᠬᠤ ᠰᠢᠬᠦᠬᠦ ᠬᠤᠷᠢᠶ᠎ᠠ | ᠶᠢᠨ ᠪᠠᠶᠢᠭᠤᠯᠭ᠎ᠠ ᠶᠢᠨ ᠬᠡᠷᠡᠭ ᠡᠷᠬᠢᠯᠡᠬᠦ ᠬᠡᠷᠡᠭᠴᠡᠭᠡ ᠶᠢ ᠥᠨᠡᠩᠬᠦ ᠪᠠᠲᠤᠯᠠᠵᠤ᠂ ᠨᠡᠶᠢᠬᠡᠮ ᠤᠨ ᠡᠮᠬᠢ ᠴᠡᠭᠴᠡ ᠶᠢ | ᠲᠤᠭᠲᠠᠪᠤᠷᠢᠵᠢᠭᠤᠯᠵᠤ ᠨᠢᠬᠡ ᠭᠠᠵᠡᠷ ᠤᠷᠤᠨ ᠤ ᠠᠮᠤᠷ ᠲᠥᠪᠰᠢᠨ ᠢ ᠪᠠᠲᠤᠯᠠᠬᠤ ᠳᠤ ᠴᠢᠬᠤᠯᠨ ᠤᠶᠢᠯᠡᠲᠤᠯ | ᠥᠵᠡᠬᠦᠯᠵᠡᠢ᠃ ᠲᠥᠷᠪᠡ ᠳᠤ᠂ ᠰᠤᠷᠭᠠᠨ ᠬᠥᠮᠤᠵᠢᠯ᠂ ᠰᠢᠡᠵᠢᠯᠡᠬᠦ ᠤᠬᠠᠭᠠᠨ ᠮᠡᠷᠬᠡᠵᠢᠯ ᠤᠨ ᠵᠠᠷᠤᠲᠠᠯ ᠢ ᠬᠥᠢᠴᠡᠤᠨ | ᠲᠤᠭ᠎ᠠ ᠪᠠᠷ ᠪᠠᠲᠤᠯᠠᠵᠤ᠂ ᠡᠷᠡᠬᠦᠯ ᠬᠠᠮᠠᠭᠠᠯᠠᠯ ᠪᠤᠯᠤᠨ ᠲᠥᠯᠤᠪᠯᠡᠬᠡᠲᠤ ᠥᠷᠡᠵᠢᠯ ᠤᠨ ᠤᠶᠢᠯᠡᠰ ᠤᠨ ᠵᠠᠷᠤᠲᠠᠯ ᠢ ᠴᠠᠭ | ᠲᠤᠬᠠᠢ ᠳᠤᠨᠢ ᠥᠭᠬᠦ ᠶᠢ ᠪᠠᠲᠤᠯᠠᠵᠠᠢ᠃ ᠬᠥᠲᠡᠭᠡ ᠲᠤᠰᠬᠤᠨ ᠮᠠᠯᠵᠢᠬᠤ ᠤᠷᠤᠨ ᠤ ᠠᠯᠪᠠᠨ ᠵᠢᠷᠤᠮ ᠤᠨ ᠰᠤᠷᠭᠠᠨ | ᠬᠥᠮᠤᠵᠢᠯ ᠤᠨ ᠵᠠᠷᠤᠲᠠᠯ ᠤᠨ ᠪᠠᠲᠤᠯᠠᠪᠤᠷᠢ ᠶᠢᠨ ᠲᠤᠭᠲᠠᠴᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠵᠢᠯ ᠤᠨ | ᠲᠤᠲᠤᠷ᠎ᠠ ᠰᠤᠷᠤᠯᠭ᠎ᠠ ᠠᠷᠰᠠᠷ ᠵᠠᠷᠤᠲᠠᠯ ᠤᠨ ᠪᠡᠯᠨ ᠮᠥᠡᠭᠬᠦ᠂ ᠶᠠᠲᠠᠭᠤ ᠬᠥᠴᠢᠷᠲᠠᠢ ᠪᠠᠶᠢᠷᠢ ᠶᠢᠨ ᠰᠤᠷᠤᠭᠴᠢ ᠶᠢᠨ | ᠨᠥᠬᠦᠪᠤᠷᠢ ᠪᠡᠯᠨ ᠮᠥᠡᠭᠬᠦ ᠶᠢ 0.3 ᠳ᠋ᠥᠡᠭᠰᠢᠭᠤᠷ ᠲᠥᠭᠦᠷᠢᠭ ᠢ ᠪᠠᠭᠤᠯᠭᠠᠨ ᠥᠭᠴᠤ᠂ ᠮᠠᠯᠴᠢᠨ ᠲᠠᠷᠢᠶᠠᠴᠢᠨ ᠤ | ᠥᠷ᠎ᠡ ᠬᠡᠤᠬᠡᠤᠨ ᠰᠤᠷᠭᠠᠭᠤᠯᠢ ᠳᠤ ᠤᠷᠤᠬᠤ ᠳᠤ ᠬᠥᠴᠢᠷᠲᠡᠢ ᠠᠰᠠᠭᠤᠲᠠᠯ ᠢ ᠰᠢᠢᠳᠪᠤᠷᠢᠯᠡᠵᠡᠢ᠃ | ⒋ ᠲᠠᠷᠢᠶᠠᠯᠡᠩ ᠢ ᠬᠠᠷᠠᠭᠠᠯᠵᠠᠬᠤ ᠲᠥᠷᠤ ᠶᠢᠨ ᠪᠤᠲᠤᠯᠭ᠎ᠠ ᠶᠢ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ | ᠰᠢᠨ᠎ᠡ ᠬᠥᠲᠡᠭᠡ ᠲᠤᠰᠬᠤᠨ ᠰᠢᠨ᠎ᠡ ᠮᠠᠯᠵᠢᠬᠤ ᠤᠷᠤᠨ ᠤ ᠪᠥᠲᠤᠬᠡᠨ ᠪᠠᠶᠢᠭᠤᠯᠤᠯᠲᠠ ᠶᠢ ᠲᠡᠮᠵᠢᠵᠡᠢ᠃ 2018 | ᠤᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠠᠷᠢᠶᠠᠯᠠᠩ ᠢ ᠬᠠᠷᠠᠭᠠᠯᠵᠠᠬᠤ ᠪᠡᠯᠨ ᠮᠥᠡᠭᠬᠦ ᠪᠤᠯᠤᠨ | ᠲᠠᠷᠢᠶᠠᠯᠠᠩ ᠮᠠᠯ ᠠᠵᠤ ᠠᠬᠤᠢ ᠶᠢᠨ ᠤᠶᠢᠯᠡᠳᠪᠤᠷᠢᠯᠡᠯ ᠤᠨ ᠥᠷ᠎ᠡ ᠠᠰᠢᠭ ᠤᠨ ᠤᠷᠤᠭᠤᠯᠤᠯᠲᠠ ᠶᠢ ᠥᠷᠬᠦᠯᠵᠢᠯᠡᠨ | ᠶᠡᠬᠡᠰᠬᠡᠨ᠂ ᠨᠡᠶᠢᠬᠡᠮ ᠵᠢᠷᠤᠮᠲᠤ ᠰᠢᠨ᠎ᠡ ᠬᠥᠲᠡᠭᠡ ᠲᠤᠰᠬᠤᠨ ᠰᠢᠨ᠎ᠡ ᠮᠠᠯᠵᠢᠬᠤ ᠤᠷᠤᠨ ᠤ ᠪᠥᠲᠤᠬᠡᠨ ᠪᠠᠶᠢᠭᠤᠯᠤᠯᠲᠠ | ᠳᠤ ᠪᠡᠯᠨ ᠮᠥᠡᠭᠬᠦ ᠶᠢᠨ ᠪᠠᠲᠤᠯᠠᠪᠤᠷᠢ ᠶᠢ ᠬᠠᠨᠭ᠍ᠭᠠᠨ ᠥᠭᠴᠡᠢ᠃ 2018 ᠤᠨ ᠳᠤ᠂ ᠡᠳ᠋ ᠤᠨ ᠵᠠᠰᠠᠭ ᠤᠨ | ᠲᠥᠰᠤᠪ ᠲᠤ ᠶᠠᠲᠠᠭᠤ ᠶᠢ ᠲᠡᠳᠬᠦᠬᠦ ᠪᠡᠯᠨ ᠮᠥᠡᠭᠬᠦ 4750 ᠲᠥᠮᠡᠨ ᠲᠥᠬᠦᠷᠢᠭ ᠲᠤᠬᠢᠷᠠᠭᠤᠯᠵᠤ᠂ ᠲᠠᠷᠢᠶᠠᠯᠠᠩ | ᠮᠠᠯᠵᠢᠯ ᠳᠤ ᠬᠤᠯᠪᠤᠭᠲᠠᠭᠰᠠᠨ ᠨᠡᠶᠢᠳᠬᠡᠭᠰᠡᠨ ᠪᠡᠯᠨ ᠮᠥᠡᠭᠬᠦ 1.82 ᠳ᠋ᠥᠡᠭᠰᠢᠭᠤᠷ ᠲᠥᠬᠦᠷᠢᠭ ᠲᠤ ᠬᠥᠷᠴᠤ᠂ | ᠲᠤᠰᠬᠤᠨ ᠤ ᠱᠠᠲᠤᠨ ᠤ ᠨᠥᠬᠦᠪᠤᠷᠢ ᠶᠢᠨ ᠵᠠᠷᠤᠯᠭ᠎ᠠ 5054 ᠲᠥᠮᠡᠨ ᠲᠥᠬᠦᠷᠢᠭ ᠲᠤᠬᠢᠷᠠᠭᠤᠯᠵᠤ ᠲᠡᠬᠡᠷ᠎ᠡ ᠵᠢᠯ | ᠠᠴᠠ 315 ᠲᠥᠮᠡᠨ ᠲᠥᠬᠦᠷᠢᠭ ᠨᠡᠮᠡᠭᠲᠡᠵᠡᠢ᠃ ᠭᠠᠴᠠᠭ᠎ᠠ ᠶᠢᠨ ᠺᠠᠳ᠋ᠷ ᠤᠨ ᠥᠡᠲᠤᠰᠤᠨ ᠬᠠᠷᠠᠮᠵᠢ ᠱᠥᠵᠢ ᠳᠤ ᠵᠢᠯ | ᠪᠥᠷᠢ ᠬᠥᠮᠤᠨ ᠪᠥᠷᠢ 2.32 ᠲᠥᠮᠡᠨ ᠲᠥᠬᠦᠷᠢᠭ ᠪᠤᠯᠭᠠᠨ᠂ ᠡᠷᠬᠢᠯᠡᠭᠴᠢ ᠳᠤ ᠬᠥᠮᠤᠨ ᠪᠥᠷᠢ ᠵᠢᠯ ᠳᠤ 2.2 | ᠲᠥᠮᠡᠨ ᠲᠥᠬᠦᠷᠢᠭ ᠪᠤᠯᠭᠠᠨ ᠨᠡᠮᠡᠵᠤ᠂ ᠲᠡᠳ᠋ ᠲᠤᠰᠢᠶᠠᠯᠲᠠᠨ ᠳᠤ ᠬᠥᠮᠤᠨ ᠪᠥᠷᠢ ᠵᠢᠯ ᠳᠤ 1.86 ᠲᠥᠮᠡᠨ | ᠲᠥᠬᠦᠷᠢᠭ ᠪᠤᠯᠭᠠᠨ ᠨᠡᠮᠡᠭᠲᠡᠬᠦᠯᠵᠡᠢ᠃ 2018 ᠤᠨ ᠳᠤ14252.2 ᠲᠥᠮᠡᠨ ᠲᠥᠬᠦᠷᠢᠭ ᠲᠠᠷᠢᠶᠠᠨ ᠭᠠᠵᠡᠷ ᠢ | ᠬᠠᠮᠠᠭᠠᠯᠠᠬᠤ ᠨᠥᠬᠦᠪᠤᠷᠢ ᠶᠢ ᠪᠠᠭᠤᠯᠭᠠᠵᠠᠢ᠃ 4866 ᠲᠥᠮᠡᠨ ᠲᠥᠬᠦᠷᠢᠭ ᠢ ᠲᠠᠷᠢᠶᠠᠯᠠᠩ ᠤᠨ ᠮᠠᠰᠢᠨ ᠬᠤᠲᠠᠯᠲᠤᠨ | ᠠᠪᠬᠤ ᠳᠤ ᠬᠡᠷᠡᠭᠯᠡᠵᠡᠢ᠃ 9309.8 ᠲᠥᠮᠡᠨ ᠲᠥᠬᠦᠷᠢᠭ ᠢ ᠨᠤᠲᠤᠭ ᠪᠡᠯᠴᠢᠬᠡᠷ ᠤᠨ ᠱᠠᠩᠨᠠᠯ ᠨᠥᠬᠦᠪᠤᠷᠢ ᠳᠤ | ᠬᠡᠷᠡᠭᠯᠡᠵᠡᠢ᠃ 2400 ᠲᠥᠮᠡᠨ ᠲᠥᠬᠦᠷᠢᠭ ᠢ ᠠᠮᠤ ᠶᠢ ᠪᠤᠷᠲᠤᠭ᠎ᠠ ᠪᠤᠯᠭᠠᠨ ᠬᠤᠪᠢᠷᠠᠭᠤᠯᠬᠤ ᠳᠤ ᠬᠡᠷᠡᠭᠯᠡᠵᠡᠢ᠃ | 7132 ᠲᠥᠮᠡᠨ ᠲᠥᠬᠦᠷᠢᠭ ᠢ ᠲᠠᠷᠢᠶᠠᠯᠠᠩ ᠤᠨ ᠶᠡᠷᠤᠩᠬᠡᠢ ᠨᠡᠬᠡᠬᠡᠯᠲᠡ ᠳᠤ ᠬᠡᠷᠡᠭᠯᠡᠵᠡᠢ᠃ ᠪᠥᠬᠦ ᠵᠢᠯ ᠳᠤ ︽ᠨᠢᠬᠡ | ᠺᠠᠷᠲ ᠢᠶᠠᠷ ᠨᠡᠪᠲᠡᠷᠡᠬᠦ︾ ᠰᠢᠰᠲ᠋ᠧᠮ ᠢᠶᠠᠷ ᠲᠠᠷᠢᠶᠠᠴᠢᠨ ᠮᠠᠯᠴᠢᠨ ᠤ 32 ᠶᠡᠭᠡ ᠲᠥᠷᠤᠯ ᠤᠨ 42 ᠵᠢᠵᠢᠭ ᠵᠤᠶᠢᠯ | ᠤᠨ ᠡᠳ᠋ ᠤᠨ ᠵᠠᠰᠠᠭ ᠤᠨ ᠨᠥᠬᠦᠪᠤᠷᠢ ᠶᠢᠨ ᠪᠡᠯᠨ ᠮᠥᠡᠭᠬᠦ ᠶᠢ ᠨᠡᠶᠢᠯᠡᠬᠦᠯᠤᠨ 6 ᠳ᠋ᠥᠡᠭᠰᠢᠭᠤᠷ ᠲᠥᠬᠦᠷᠢᠭ | ᠪᠠᠭᠤᠯᠭᠠᠵᠠᠢ᠃ ᠪᠥᠬᠦ ᠬᠤᠰᠢᠭᠤᠨ ᠳᠤ ᠨᠡᠶᠢᠲᠡ 6.9 ᠲᠥᠮᠡᠨ ᠡᠷᠤᠬᠡ 30 ᠲᠥᠮᠡᠨ ᠮᠠᠯᠴᠢᠨ ᠲᠠᠷᠢᠶᠠᠴᠢᠨ | ᠬᠠᠷᠠᠭᠠᠯᠵᠠᠯ ᠬᠥᠷᠲᠡᠵᠡᠢ᠃ 2018 ᠤᠨ ᠳᠤ ᠵᠠᠮ ᠬᠠᠷᠢᠯᠴᠠᠭ᠎ᠠ ᠶᠢᠨ ᠲᠤᠰᠬᠠᠢ ᠲᠡᠷᠬᠡ ᠬᠤᠲᠠᠯᠲᠤᠨ ᠠᠪᠬᠤ | ᠭᠠᠶᠢᠯᠢ᠂ ᠵᠡᠬᠡᠯᠢ ᠭᠤᠲᠤᠮᠵᠢ ᠶᠢ ᠬᠠᠲᠠᠭᠤᠷᠠᠭᠤᠯᠬᠤ ᠵᠢᠴᠢ ᠵᠠᠰᠠᠮᠠᠯ ᠵᠠᠮ ᠢ ᠬᠠᠮᠠᠭᠠᠯᠠᠬᠤ ᠪᠡᠯᠨ ᠮᠥᠡᠭᠬᠦ 10002 | ᠲᠥᠮᠡᠨ ᠲᠥᠬᠦᠷᠢᠭ ᠪᠠᠭᠤᠯᠭᠠᠵᠤ᠂ ᠠᠮᠤ ᠪᠤᠲᠠᠭ᠎ᠠ ᠶᠢᠨ ᠠᠵᠤ ᠠᠬᠤᠶᠢᠯᠠᠯ ᠤᠨ ᠲᠥᠷᠤ ᠶᠢᠨ ᠪᠤᠲᠤᠯᠭ᠎ᠠ ᠶᠢᠨ | ᠴᠢᠨᠠᠷᠲᠠᠢ ᠲᠠᠩᠰᠠᠨ ᠳᠤ ᠡᠯᠬᠦᠭᠰᠡᠨ ᠬᠥᠤ ᠮᠥᠡᠭᠬᠦ ᠶᠢᠨ ᠨᠥᠬᠦᠪᠤᠷᠢ 410 ᠲᠥᠮᠡᠨ ᠲᠥᠬᠦᠷᠢᠭ ᠪᠠᠭᠤᠯᠭᠠᠵᠠᠢ᠃ | ᠬᠤᠲᠠ ᠪᠠᠯᠭᠠᠰᠤ᠂ ᠬᠥᠲᠡᠭᠡ ᠲᠤᠰᠬᠤᠨ ᠮᠠᠯᠵᠢᠬᠤ ᠤᠷᠤᠨ ᠤ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ ᠶᠢ | ᠤᠯᠠᠮ ᠨᠢᠬᠡ ᠠᠯᠬᠤᠮ ᠲᠡᠬᠡᠭᠰᠢᠯᠡᠬᠦᠯᠵᠤ᠂ ᠬᠥᠲᠡᠭᠡ ᠲᠤᠰᠬᠤᠨ ᠮᠠᠯᠵᠢᠬᠤ ᠤᠷᠤᠨ ᠤ ᠨᠠᠭᠠᠲᠤ ᠵᠠᠬ᠎ᠠ ᠶᠢᠨ | ᠪᠠᠲᠤᠯᠠᠪᠤᠷᠢ ᠶᠢᠨ ᠪᠥᠷᠬᠦᠴᠡ ᠶᠢᠨ ᠬᠡᠪᠴᠢᠶ᠎ᠡ ᠶᠢ ᠥᠷᠬᠡᠳᠬᠡᠵᠡᠢ᠃ ᠲᠠᠷᠢᠶᠠᠯᠡᠩ ᠤᠨ ᠶᠡᠷᠤᠩᠬᠡᠢ ᠨᠡᠬᠡᠬᠡᠯᠲᠡ ᠶᠢ | ᠥᠷᠬᠦᠯᠵᠢᠯᠡᠨ ᠠᠬᠢᠭᠤᠯᠵᠤ᠂ ᠬᠥᠲᠡᠭᠡ ᠲᠤᠰᠬᠤᠨ ᠮᠠᠯᠵᠢᠬᠤ ᠤᠷᠤᠨ ᠤ ᠭᠠᠴᠠᠭ᠎ᠠ ᠶᠢᠨ ᠱᠠᠲᠤᠨ ᠤ ᠨᠡᠶᠢᠲᠠ ᠶᠢᠨ | ᠠᠰᠢᠭᠲᠤ ᠤᠶᠢᠯᠡᠰ ᠤᠨ ︽ᠨᠢᠬᠡ ᠶᠠᠪᠤᠲᠠᠯ ᠢ ᠨᠢᠬᠡ ᠵᠥᠪᠯᠡᠬᠦ︾ ᠱᠠᠩᠨᠠᠯ ᠨᠥᠬᠦᠪᠤᠷᠢ ᠶᠢᠨ ᠠᠵᠢᠯ ᠢ ᠢᠲᠡᠪᠬᠢᠲᠠᠢ | ᠥᠷᠨᠢᠬᠦᠯᠵᠡᠢ᠃ ᠨᠡᠶᠢᠲᠡ ᠶᠢᠨ ᠨᠢᠬᠡ ᠶᠠᠪᠤᠲᠠᠯ ᠢ ᠨᠢᠬᠡ ᠵᠥᠪᠯᠡᠬᠦ ᠡᠳ᠋ ᠤᠨ ᠵᠠᠰᠠᠭ ᠤᠨ ᠱᠠᠩᠨᠠᠯ ᠤᠨ ᠨᠥᠬᠦᠪᠤᠷᠢ | ᠶᠢᠨ ᠲᠥᠷᠤᠯ ᠵᠤᠶᠢᠯ ᠢ 70 ᠬᠡᠷᠡᠭᠵᠢᠬᠦᠯᠵᠤ᠂ ᠲᠥᠷᠤᠯ ᠵᠤᠶᠢᠯ ᠤᠨ ᠪᠡᠯᠨ ᠤᠷᠤᠭᠤᠯᠤᠯᠲᠠ 4120 ᠲᠥᠮᠡᠨ | ᠲᠥᠬᠦᠷᠢᠭ ᠲᠤ ᠲᠤᠯᠵᠤ᠂ ᠬᠥᠲᠡᠭᠡ ᠲᠤᠰᠬᠤᠨ ᠮᠠᠯᠵᠢᠬᠤ ᠤᠷᠤᠨ ᠤ ᠭᠠᠴᠠᠭ᠎ᠠ ᠶᠢᠨ ᠱᠠᠲᠤᠨ ᠤ ᠰᠠᠭᠤᠷᠢ | ᠲᠥᠬᠦᠬᠡᠷᠤᠮᠵᠢ ᠶᠢᠨ ᠪᠠᠶᠢᠲᠠᠯ ᠢ ᠶᠡᠭᠡ ᠪᠠᠷ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠤᠷᠤᠯᠭ᠎ᠠ ᠪᠤᠯᠤᠨ | ᠠᠮᠢᠲᠤᠷᠠᠯ ᠤᠨ ᠬᠡᠪ ᠴᠢᠨᠠᠷ ᠢ ᠲᠡᠬᠡᠭᠰᠢᠯᠡᠬᠦᠯᠵᠡᠢ᠃ | ⒌ ᠵᠠᠰᠠᠭ ᠤᠨ ᠤᠷᠲᠤᠨ ᠤ ᠥᠷᠢ ᠰᠢᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠤᠷᠲᠤᠨ ᠤ | ᠥᠷᠢ ᠰᠢᠷᠢ ᠶᠢᠨ ᠲᠥᠭᠰᠢᠬᠦᠷᠢ ᠶᠢ ᠰᠡᠷᠬᠡᠶᠢᠯᠡᠨ ᠨᠠᠮᠬᠠᠳᠬᠠᠵᠠᠢ᠃ ᠨᠢᠬᠡ ᠳᠤ᠂ ᠥᠷᠢ ᠰᠢᠷᠢ ᠶᠢᠨ ᠲᠥᠭᠰᠢᠬᠦᠷᠢ ᠶᠢ | ᠤᠷᠢᠳᠴᠢᠯᠠᠨ ᠰᠡᠷᠡᠮᠵᠢᠯᠡᠬᠦᠯᠬᠦ ᠲᠤᠭᠲᠠᠴᠠ ᠶᠢ ᠪᠠᠶᠢᠭᠤᠯᠵᠠᠢ᠃ ᠥᠷᠢ ᠰᠢᠷᠢ ᠶᠢ ᠨᠠᠮᠬᠠᠳᠬᠠᠬᠤ ᠶᠠᠪᠤᠭᠲᠠᠭᠤᠰᠢᠲᠠᠢ | ᠲᠥᠰᠤᠯ ᠪᠤᠯᠤᠨ ︽ᠠᠷᠪᠠ ᠶᠢ ᠪᠥᠷᠬᠦᠬᠦᠯᠬᠦ︾ ᠥᠷᠢ ᠰᠢᠷᠢ ᠶᠢ ᠨᠠᠮᠬᠠᠠᠳᠬᠠᠬᠤ ᠲᠥᠰᠤᠯ ᠢ ᠲᠤᠭᠲᠠᠭᠠᠵᠠᠢ᠃ ᠪᠥᠬᠦ | ᠵᠢᠯ ᠳᠤ ᠬᠠᠷᠢᠴᠠᠭᠤᠯᠵᠤ ᠪᠤᠯᠬᠤ ᠲᠤᠭ᠎ᠠ ᠪᠠᠷ ᠪᠤᠲᠤᠭᠰᠠᠨ ᠵᠠᠰᠠᠭ ᠤᠨ ᠤᠷᠲᠤᠨ ᠤ ᠥᠷᠢ ᠰᠢᠷᠢ ᠶᠢ 18.55 | ᠳ᠋ᠥᠡᠭᠰᠢᠭᠤᠷ ᠲᠥᠬᠦᠷᠢᠭ ᠨᠠᠮᠬᠠᠳᠬᠠᠨ᠂ ᠡᠬᠦᠨ ᠤ ᠲᠤᠲᠤᠷ᠎ᠠ ︽ᠠᠷᠪᠠ ᠶᠢ ᠪᠥᠷᠬᠦᠬᠦᠯᠬᠦ︾ ᠥᠷᠢ 6.33 | ᠳ᠋ᠥᠡᠭᠰᠢᠭᠤᠷ ᠲᠥᠬᠦᠷᠢᠭ᠂ ᠥᠪᠡᠷᠲᠡᠬᠡᠨ ᠵᠠᠰᠠᠬᠤ ᠤᠷᠤᠨ ᠠᠴᠠ 1.79 ᠳ᠋ᠥᠡᠭᠰᠢᠭᠤᠷ ᠲᠥᠬᠦᠷᠢᠭ ᠤᠨ ᠨᠥᠬᠦᠪᠤᠷᠢ | ᠮᠥᠡᠭᠬᠦ ᠤᠯᠵᠠᠢ᠃ ᠬᠤᠶᠠᠷ ᠲᠤ᠂ ᠵᠠᠰᠠᠭ ᠤᠨ ᠤᠷᠲᠤᠨ ᠤ ᠥᠷᠢ ᠰᠢᠷᠢ ᠶᠢ ᠬᠠᠮᠢᠶᠠᠷᠬᠤ ᠶᠢ ᠤᠯᠠᠮ ᠨᠢᠬᠡ ᠠᠯᠬᠤᠮ | ᠴᠢᠩᠭᠠᠳᠬᠠᠨ᠂ ᠵᠠᠰᠠᠭ ᠤᠨ ᠤᠷᠲᠤᠨ ᠤ ᠥᠷᠢ ᠭᠠᠷᠭᠠᠨ ᠪᠡᠯᠨ ᠬᠤᠷᠠᠮᠲᠤᠭᠤᠯᠬᠤ ︽ᠡᠮᠤᠨ᠎ᠡ ᠡᠬᠦᠲᠡ︾ ᠶᠢ | ᠰᠠᠶᠢᠲᠤᠷ ᠨᠡᠬᠡᠬᠡᠨ ᠬᠠᠤᠯᠢ ᠲᠥᠷᠢᠮ ᠢ ᠵᠥᠷᠢᠴᠡᠨ ᠥᠷᠢᠲᠤᠬᠦ ︽ᠬᠤᠶᠢᠲᠤ ᠡᠬᠦᠲᠡ︾ ᠶᠢ ᠲᠥᠭᠵᠢᠨᠡ᠃ ᠪᠡᠯᠨ | ᠬᠤᠷᠠᠮᠲᠤᠭᠤᠯᠬᠤ ᠲᠠᠪᠴᠠᠩ ᠤᠨ ᠺᠤᠮᠫᠠᠨᠢ ᠶᠢ ᠨᠡᠶᠢᠳᠬᠡᠨ᠂ ᠥᠷᠢ ᠪᠠᠨ ᠲᠥᠯᠤᠬᠦ ᠬᠥᠷᠢᠶ᠎ᠡ ᠬᠡᠪᠴᠢᠶ᠎ᠡ ᠶᠢ | ᠲᠤᠲᠤᠷᠬᠠᠶᠢᠯᠠᠵᠤ᠂ ᠡᠬᠡ ᠮᠥᠡᠭᠬᠦ ᠪᠤᠯᠤᠨ ᠬᠥᠤ ᠮᠥᠡᠭᠬᠦ ᠶᠢ ᠪᠤᠴᠠᠭᠠᠬᠤ ᠬᠠᠷᠢᠭᠤᠴᠠᠯᠭ᠎ᠠ ᠶᠢ ᠥᠨᠡᠩᠬᠦ ᠡᠬᠦᠷᠬᠡᠯᠡᠵᠤ᠂ | ᠲᠠᠷᠤᠭᠲᠠᠭᠰᠠᠨ ᠥᠷᠢ ᠰᠢᠷᠢ ᠪᠠᠨ ᠵᠤᠬᠢᠰᠲᠠᠢ ᠨᠠᠮᠬᠠᠳᠬᠠᠵᠠᠢ᠃ ᠥᠷᠬᠦᠯᠵᠢᠯᠡᠨ ᠵᠢᠬᠡᠯᠡᠵᠤ ᠰᠢᠨ᠎ᠡ ᠥᠷᠢ ᠭᠠᠷᠭᠠᠬᠤ | ᠶᠢ ᠴᠢᠩᠭ᠎ᠠ ᠬᠢᠵᠠᠭᠠᠷᠯᠠᠵᠤ᠂ ᠮᠥᠡᠭᠬᠦᠨ ᠬᠥᠢᠯᠬᠡᠬᠡᠨ ᠤ ᠲᠥᠭᠰᠢᠬᠦᠷᠢ ᠶᠢ ᠴᠢᠩᠭ᠎ᠠ ᠬᠢᠵᠠᠭᠠᠷᠯᠠᠨ᠂ ᠥᠪᠡᠷᠲᠡᠬᠡᠨ | ᠵᠠᠰᠠᠬᠤ ᠤᠷᠤᠨ ᠤ ᠡᠳ᠋ ᠤᠨ ᠵᠠᠰᠠᠭ ᠤᠨ ᠲᠥᠷᠢᠮ ᠳᠤ ᠲᠤᠭᠲᠠᠭᠠᠭᠰᠠᠨ ᠤᠷᠤᠨ ᠨᠤᠲᠤᠭ ᠤᠨ ᠵᠠᠰᠠᠭ ᠤᠨ ᠤᠷᠲᠤᠨ | ᠤ ᠥᠷᠢ ᠰᠢᠷᠢ ᠶᠢᠨ ᠬᠢᠵᠠᠭᠠᠷᠯᠠᠯ ᠤᠨ ᠲᠤᠭ᠎ᠠ ᠶᠢ ᠴᠢᠩᠭ᠎ᠠ ᠬᠡᠷᠡᠭᠵᠢᠬᠦᠯᠵᠡᠢ᠃ ᠭᠤᠷᠪᠠ ᠳᠤ᠂ ᠤᠷᠤᠨ ᠨᠤᠲᠤᠭ ᠤᠨ | ᠵᠠᠰᠠᠭ ᠤᠨ ᠤᠷᠲᠤᠨ ᠤ ᠠᠯᠪᠠᠨ ᠵᠢᠬᠡᠯᠡᠯᠬᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠡᠢ᠃ 2018 ᠤᠨ | ᠤ ᠤᠷᠤᠨ ᠨᠤᠲᠤᠭ ᠤᠨ ᠵᠠᠰᠠᠭ ᠤᠨ ᠤᠷᠲᠤᠨ ᠤ ᠠᠯᠪᠠᠨ ᠵᠢᠬᠡᠯᠡᠯᠬᠡ ᠶᠢᠨ ᠬᠡᠪᠴᠢᠶ᠎ᠡ ᠶᠢ ᠢᠲᠡᠪᠬᠢᠲᠠᠢ ᠤᠯᠵᠤ᠂ | ᠪᠥᠬᠦ ᠵᠢᠯ ᠳᠤ ᠠᠯᠪᠠᠨ ᠵᠢᠬᠡᠯᠡᠯᠬᠡ ᠶᠢᠨ ᠪᠡᠯᠨ ᠮᠥᠡᠭᠬᠦ 81120 ᠲᠥᠮᠡᠨ ᠲᠥᠬᠦᠷᠢᠭ ᠤᠯᠵᠠᠢ᠃ | ⒍ ᠡᠳ᠋ ᠤᠨ ᠵᠠᠰᠠᠭ ᠤᠨ ᠰᠠᠭᠤᠷᠢ ᠬᠠᠮᠢᠶᠠᠷᠤᠯᠲᠠ ᠶᠢ ᠪᠠᠬᠢᠵᠢᠬᠦᠯᠵᠤ᠂ ᠡᠳ᠋ ᠤᠨ ᠵᠠᠰᠠᠭ ᠤᠨ ᠪᠡᠯᠨ ᠮᠥᠡᠭᠬᠦ | ᠶᠢᠨ ᠬᠡᠷᠡᠭᠯᠡᠬᠡᠨ ᠤ ᠥᠷ᠎ᠡ ᠠᠰᠢᠭ ᠢ ᠲᠡᠬᠡᠭᠰᠢᠯᠡᠬᠦᠯᠵᠡᠢ᠃ 2018 ᠤᠨ ᠳᠤ ᠮᠠᠨ ᠡᠳ᠋ ᠤᠨ ᠵᠠᠰᠠᠭ ᠤᠨ ᠰᠠᠭᠤᠷᠢ | ᠬᠠᠮᠢᠶᠠᠷᠤᠯᠲᠠ ᠳᠤ ᠬᠥᠴᠤ ᠪᠠᠨ ᠲᠠᠯᠪᠢᠨ ᠲᠥᠷᠢᠮ ᠢ ᠲᠡᠬᠦᠯᠲᠡᠷᠵᠢᠬᠦᠯᠵᠤ᠂ ᠠᠵᠢᠯ ᠤᠨ ᠶᠠᠪᠤᠴᠠ ᠶᠢ | ᠲᠥᠷᠢᠮᠵᠢᠬᠦᠯᠵᠤ᠂ ᠡᠳ᠋ ᠤᠨ ᠵᠠᠰᠠᠭ ᠤᠨ ᠬᠡᠷᠡᠭᠯᠡᠬᠡᠨ ᠤ ᠥᠷ᠎ᠡ ᠠᠰᠢᠭ ᠢ ᠴᠢᠷᠮᠠᠶᠢᠨ ᠲᠡᠬᠡᠭᠰᠢᠯᠡᠬᠦᠯᠵᠡᠢ᠃ ᠨᠢᠬᠡ ᠳᠤ | ︽ᠲᠡᠭ ᠰᠠᠭᠤᠷᠢ ᠶᠢᠨ ᠲᠥᠰᠤᠪ︾ ᠢ ᠥᠷᠬᠦᠯᠵᠢᠯᠡᠨ ᠬᠡᠷᠡᠭᠵᠢᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ | ᠬᠠᠮᠢᠶᠠᠷᠤᠯᠲᠠ ᠶᠢ ᠲᠥᠷᠢᠮᠵᠢᠬᠦᠯᠵᠤ᠂ ᠲᠥᠰᠤᠪ ᠤᠨ ᠬᠢᠵᠠᠭᠠᠷᠯᠠᠯ ᠢ ᠴᠢᠩᠭᠠᠳᠬᠠᠨ᠂ ᠡᠳ᠋ ᠤᠨ ᠵᠠᠰᠠᠭ ᠤᠨ ᠪᠡᠯᠨ | ᠮᠥᠡᠭᠬᠦ ᠶᠢᠨ ᠬᠡᠷᠡᠭᠯᠡᠬᠡᠨ ᠤ ᠥᠷ᠎ᠡ ᠠᠰᠢᠭ ᠢ ᠬᠥᠢᠴᠡᠤᠨ ᠪᠠᠲᠠᠷᠠᠭᠤᠯᠵᠠᠢ᠃ ᠬᠤᠶᠠᠷ ᠲᠤ᠂ ᠤᠯᠤᠰ ᠤᠨ ᠬᠥᠮᠤᠷᠬᠡ | ᠠᠴᠠ ᠲᠥᠪᠯᠡᠷᠡᠬᠦᠯᠤᠨ ᠥᠭᠬᠦ ᠬᠥᠷᠢᠶ᠎ᠡ ᠬᠡᠪᠴᠢᠶ᠎ᠡ ᠶᠢ ᠤᠯᠠᠮ ᠨᠢᠬᠡ ᠠᠯᠬᠤᠮ ᠥᠷᠬᠡᠳᠬᠡᠵᠡᠢ᠃ ᠥᠪᠡᠷᠲᠡᠬᠡᠨ | ᠵᠠᠰᠠᠬᠤ ᠤᠷᠤᠨ ᠠᠴᠠ ᠲᠤᠷᠠᠲᠤᠭᠰᠠᠨ ᠤᠯᠤᠰ ᠤᠨ ᠬᠥᠮᠤᠷᠬᠡ ᠠᠴᠠ ᠲᠥᠪᠯᠡᠷᠡᠬᠦᠯᠤᠨ ᠥᠭᠬᠦ ᠥᠬᠡᠷᠡᠴᠢᠯᠡᠯᠲᠡ ᠶᠢᠨ | ︽ᠬᠥᠡᠲᠡᠯᠡᠨ ᠢᠶᠠᠷ ᠬᠥᠪᠡᠭᠡ ᠳᠤᠨᠢ ᠬᠥᠷᠴᠤ᠂ ᠭᠤᠯᠲᠤ ᠪᠠᠷ ᠢᠷᠤᠭᠠᠷ ᠲᠤ ᠲᠤᠯᠬᠤ︾ ᠱᠠᠭᠠᠷᠲᠠᠯᠭ᠎ᠠ ᠶᠢ | ᠥᠡᠲᠤᠰᠤᠯᠡᠨ᠂ ᠤᠯᠤᠰ ᠤᠨ ᠬᠥᠮᠤᠷᠬᠡ ᠠᠴᠠ ᠲᠥᠪᠯᠡᠷᠡᠬᠦᠯᠤᠨ ᠥᠭᠬᠦ ᠶᠢ ᠥᠡᠲᠤᠰᠤᠨ ᠳᠡᠭᠡᠨ ᠪᠥᠬᠦᠨ ᠢ | ᠪᠥᠷᠬᠦᠬᠦᠯᠵᠤ᠂ ᠤᠯᠤᠰ ᠤᠨ ᠬᠥᠮᠤᠷᠬᠡ ᠠᠴᠠ ᠥᠭᠬᠦ ᠡᠯᠧᠺᠲᠷᠤᠡᠴᠢᠯᠠᠯᠲᠠ ᠶᠢ ᠥᠡᠲᠤᠰᠤᠨ ᠳᠡᠭᠡᠨ ᠪᠡᠶᠡᠯᠡᠬᠦᠯᠵᠡᠠᠢ᠃ | ᠭᠤᠷᠪᠠ ᠳᠤ᠂ ᠵᠠᠰᠠᠭ ᠤᠨ ᠤᠷᠲᠤᠨ ᠠᠴᠠ ᠬᠤᠲᠠᠯᠲᠤᠨ ᠠᠪᠬᠤ ᠠᠵᠢᠯ ᠤᠨ ᠡᠷᠴᠢᠮ ᠢ ᠶᠡᠬᠡᠰᠬᠡᠵᠡᠢ᠃ 2018 | ᠤᠨ ᠳᠤ ᠵᠠᠰᠠᠭ ᠤᠨ ᠤᠷᠲᠤᠨ ᠤ ᠬᠤᠲᠠᠯᠲᠤᠨ ᠠᠪᠬᠤ ᠬᠡᠪᠴᠢᠶ᠎ᠡ ᠪᠤᠯᠤᠨ ᠬᠥᠷᠢᠶ᠎ᠡ ᠶᠢ ᠥᠷᠬᠡᠳᠬᠡᠨ᠂ ᠵᠢᠯ ᠤᠨ | ᠲᠤᠲᠤᠷ᠎ᠠ ᠵᠠᠰᠠᠭ ᠤᠨ ᠤᠷᠲᠤᠨ ᠠᠴᠠ ᠬᠤᠲᠠᠯᠲᠤᠨ ᠠᠪᠤᠭᠰᠠᠨ ᠵᠠᠷᠤᠯᠭ᠎ᠠ 22418 ᠲᠥᠮᠡᠨ ᠲᠥᠬᠦᠷᠢᠭ | ᠪᠡᠶᠡᠯᠡᠬᠦᠯᠵᠤ᠂ 4050 ᠲᠥᠮᠡᠨ ᠲᠥᠬᠦᠷᠢᠭ ᠪᠡᠯᠨ ᠮᠥᠡᠭᠬᠦ ᠠᠷᠪᠢᠯᠠᠵᠤ᠂ ᠠᠷᠪᠢᠯᠠᠭᠰᠠᠨ ᠨᠤᠷᠮ᠎ᠠ 15.3% | ᠪᠤᠯᠵᠠᠢ᠃ ᠵᠠᠰᠠᠭ ᠤᠨ ᠤᠷᠲᠤᠨ ᠠᠴᠠ ᠬᠤᠲᠠᠯᠲᠤᠨ ᠠᠪᠬᠤ ᠠᠵᠢᠯ ᠢ ᠥᠷᠨᠢᠬᠦᠯᠬᠦ ᠪᠠᠷ ᠲᠠᠮᠵᠢᠨ᠂ ᠵᠠᠷᠤᠯᠭ᠎ᠠ ᠶᠢ | ᠠᠷᠪᠢᠯᠠᠨ᠂ ᠢᠯᠵᠠᠷᠠᠯ ᠢ ᠤᠭ ᠡᠬᠢᠨ ᠠᠴᠠ ᠨᠢ ᠰᠡᠷᠬᠡᠶᠢᠯᠡᠨ ᠵᠠᠰᠠᠬᠤ ᠳᠤ ᠴᠢᠬᠤᠯᠨ ᠤᠶᠢᠯᠡᠲᠤᠯ ᠥᠵᠡᠬᠦᠯᠵᠡᠢ᠃ | ᠲᠥᠷᠪᠡ ᠳᠤ ᠮᠠᠨ ᠤ ᠬᠤᠰᠢᠭᠤᠨ ᠤ ᠭᠠᠶᠢᠯᠢ ᠶᠢᠨ ᠪᠤᠰᠤ ᠤᠷᠤᠯᠭ᠎ᠠ ᠶᠢ ᠬᠤᠷᠢᠶᠠᠨ ᠬᠠᠮᠢᠶᠠᠷᠬᠤ ᠥᠬᠡᠷᠡᠴᠢᠯᠡᠯᠲᠡ | ᠶᠢᠨ ᠠᠵᠢᠯ ᠢ ᠤᠯᠠᠮ ᠨᠢᠬᠡ ᠠᠯᠬᠤᠮ ᠠᠬᠢᠭᠤᠯᠵᠤ᠂ ᠵᠠᠰᠠᠭ ᠤᠨ ᠤᠷᠲᠤᠨ ᠤ ᠭᠠᠶᠢᠯᠢ ᠶᠢᠨ ᠪᠤᠰᠤ ᠤᠷᠤᠯᠭ᠎ᠠ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠭᠠᠶᠢᠯᠢ ᠶᠢᠨ ᠪᠤᠰᠤ ᠶᠢᠨ ᠤᠷᠤᠯᠭ᠎ᠠ ᠶᠢ ᠬᠥᠮᠤᠷᠬᠡᠯᠡᠭᠰᠡᠨ ᠨᠢ | 10671 ᠲᠥᠮᠡᠨ ᠲᠥᠬᠦᠷᠢᠭ ᠲᠤ ᠬᠥᠷᠴᠡᠢ᠃ ᠲᠠᠪᠤ ᠳᠤ ︽ᠭᠤᠷᠪᠠᠨ ᠠᠯᠪᠠᠨ ᠵᠠᠷᠤᠲᠠᠯ︾ ᠬᠤᠷᠠᠯᠲᠤᠭᠠᠨ ᠤ | ᠵᠠᠷᠤᠲᠠᠯ ᠪᠤᠯᠤᠨ ᠪᠤᠯᠪᠠᠰᠤᠷᠠᠯ ᠤᠨ ᠵᠠᠷᠤᠲᠠᠯ ᠤᠨ ᠬᠠᠮᠢᠶᠠᠷᠤᠯᠲᠠ ᠶᠢ ᠴᠢᠩᠭᠠᠳᠬᠠᠵᠠᠢ᠃ ᠲᠥᠪ ᠤᠨ ᠨᠠᠢᠮᠠᠨ ᠵᠤᠶᠢᠯ | ᠤᠨ ᠲᠤᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ᠤᠯᠤᠰ ᠤᠨ ᠭᠠᠲᠠᠭᠠᠲᠤ ᠳᠤ ᠭᠠᠷᠬᠤ | ᠵᠠᠷᠤᠲᠠᠯ᠂ ᠲᠡᠷᠬᠡ ᠬᠥᠰᠬᠡ ᠬᠤᠲᠠᠯᠲᠤᠨ ᠠᠪᠬᠤ᠂ ᠡᠷᠬᠢᠯᠲᠠ ᠶᠢᠨ ᠵᠠᠷᠤᠲᠠᠯ ᠪᠤᠯᠤᠨ ᠵᠤᠴᠢᠯᠠᠬᠤ ᠵᠠᠷᠤᠲᠠᠯ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ 2018 ᠤᠨ ᠳᠤ ᠪᠥᠬᠦ ᠬᠤᠰᠢᠭᠤᠨ ᠤ ︽ᠭᠤᠷᠪᠠᠨ ᠵᠠᠷᠤᠲᠠᠯ︾ ᠤᠨ | ᠵᠠᠷᠤᠯᠭ᠎ᠠ 3766 ᠲᠥᠮᠡᠨ ᠲᠥᠬᠦᠷᠢᠭ᠂ ᠠᠲᠠᠯᠢ ᠬᠤᠭᠤᠴᠠᠭ᠎ᠠ ᠠᠴᠠ 55 ᠲᠥᠮᠡᠨ ᠲᠥᠬᠦᠷᠢᠭ ᠬᠠᠰᠤᠭᠲᠠᠵᠤ᠂ | 1.44% ᠪᠠᠷ ᠲᠤᠷᠤᠭᠰᠢᠯᠠᠵᠤ᠂ ᠬᠤᠷᠠᠯᠲᠤᠭᠠᠨ ᠤ ᠵᠠᠷᠤᠲᠠᠯ ᠪᠤᠯᠤᠨ ᠪᠤᠯᠪᠠᠰᠤᠷᠠᠯ ᠤᠨ ᠵᠠᠷᠤᠲᠠᠯ 504 ᠲᠥᠮᠡᠨ | ᠲᠥᠬᠦᠷᠢᠭ᠂ 37.85% ᠪᠠᠷ ᠲᠤᠷᠤᠭᠰᠢᠯᠠᠵᠠᠢ᠃ ᠵᠢᠷᠭᠤᠭ᠎ᠠ ᠳᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠴᠢᠷᠮᠠᠶᠢᠨ ᠲᠡᠬᠡᠭᠰᠢᠯᠡᠬᠦᠯᠵᠠᠢ᠃ ᠡᠳ᠋ ᠤᠨ ᠵᠠᠰᠠᠭ ᠤᠨ ᠪᠡᠯᠨ ᠮᠥᠡᠭᠬᠦ ᠶᠢᠨ ᠲᠥᠷᠢᠮᠵᠢᠯ ᠤᠨ ᠴᠢᠨᠠᠷ᠂ | ᠠᠮᠤᠷ ᠲᠥᠪᠰᠢᠨ ᠤ ᠴᠢᠨᠠᠷ᠂ ᠥᠷ᠎ᠡ ᠠᠰᠢᠭᠲᠤ ᠴᠢᠨᠠᠷ ᠢᠶᠠᠷ ᠬᠠᠷᠠᠯᠲᠠ ᠪᠤᠯᠭᠠᠨ᠂ ᠡᠳ᠋ ᠤᠨ ᠵᠠᠰᠠᠭ ᠤᠨ ᠬᠢᠨᠠᠯᠲᠠ | ᠪᠠᠶᠢᠴᠠᠭᠠᠯᠲᠠ ᠶᠢᠨ ᠠᠵᠢᠯ ᠢ ᠢᠲᠡᠪᠬᠢᠲᠠᠢ ᠥᠷᠨᠢᠬᠦᠯᠵᠠᠢ᠃ ᠲᠤᠯᠤᠭ᠎ᠠ ᠳᠤ ᠵᠠᠰᠠᠭ ᠵᠠᠬᠢᠷᠭᠠᠨ ᠤ ᠠᠵᠢᠯ ᠤᠶᠢᠯᠡᠰ | ᠤᠨ ᠨᠢᠬᠡᠴᠡ ᠶᠢᠨ ᠤᠯᠤᠰ ᠤᠨ ᠥᠮᠴᠢᠯᠡᠯ ᠤᠨ ᠥᠪ ᠬᠥᠷᠤᠩᠬᠡ ᠶᠢ ᠭᠠᠲᠠᠭᠰᠢ ᠲᠥᠷᠢᠶᠡᠰᠤᠯᠡᠬᠦ ᠬᠤᠲᠠᠯᠲᠤᠬᠤ | ᠬᠢᠨᠠᠨ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠥᠮᠴᠢᠯᠡᠯ ᠤᠨ ᠥᠪ ᠬᠥᠷᠤᠩᠬᠡ ᠶᠢᠨ | ᠭᠠᠲᠠᠭᠰᠢ ᠲᠥᠷᠢᠶᠡᠰᠤᠯᠡᠬᠦ ᠳᠤ ᠨᠢᠬᠡᠲᠤᠯᠲᠠᠢ ᠲᠥᠷᠢᠶᠡᠰᠤ ᠤᠷᠢᠬᠤ ᠬᠠᠮᠢᠶᠠᠷᠤᠯᠲᠠ ᠶᠢᠨ ᠬᠡᠯᠪᠡᠷᠢ ᠶᠢ ᠠᠯᠬᠤᠮ | ᠠᠯᠬᠤᠮ ᠢᠶᠠᠷ ᠲᠡᠯᠬᠡᠷᠡᠬᠦᠯᠵᠡᠢ᠃ ᠨᠠᠢᠮᠨ ᠳᠤ ᠡᠳ᠋ ᠤᠨ ᠵᠠᠰᠠᠭ ᠤᠨ ᠬᠢᠨᠠᠨ ᠠᠲᠠᠯᠢᠳᠬᠠᠯ ᠤᠨ ᠭᠢᠨᠠᠯᠲᠠ ᠶᠢ | ᠴᠢᠩᠭᠠᠳᠬᠠᠵᠠᠢ᠃ ᠵᠠᠰᠠᠭ ᠤᠨ ᠤᠷᠲᠤᠨ ᠤ ᠪᠡᠯᠨ ᠤᠷᠤᠭᠤᠯᠵᠤ ᠲᠥᠷᠤᠯ ᠵᠤᠶᠢᠯ ᠪᠠᠶᠢᠭᠤᠯᠬᠤ ᠪᠡᠯᠨ ᠮᠥᠡᠭᠬᠦ ᠶᠢᠨ | ᠠᠮᠤᠷ ᠲᠥᠪᠰᠢᠨ ᠢ ᠪᠠᠲᠤᠯᠠᠵᠠᠢ᠃ 2018 ᠤᠨ ᠳᠤ ᠪᠥᠬᠦ ᠬᠤᠰᠢᠭᠤᠨ ᠳᠤ ᠨᠡᠶᠢᠲᠡ 317 ᠲᠥᠷᠤᠯ ᠵᠤᠶᠢᠯ ᠤᠨ | 29761 ᠲᠥᠮᠡᠨ ᠲᠥᠬᠦᠷᠢᠭ ᠢ ᠠᠲᠠᠯᠢᠳᠬᠠᠨ ᠬᠢᠨᠠᠬᠤ ᠶᠢ ᠪᠡᠶᠡᠯᠡᠬᠦᠯᠵᠤ᠂ ᠵᠤᠬᠢᠰ ᠦᠭᠡᠢ ᠪᠡᠯᠨ ᠮᠥᠡᠭᠬᠦ 4577 | ᠲᠥᠮᠡᠨ ᠲᠥᠬᠦᠷᠢᠭ ᠢ ᠬᠢᠨᠠᠨ ᠬᠠᠰᠤᠵᠠᠢ᠃ ᠬᠢᠨᠠᠨ ᠬᠠᠰᠤᠭᠰᠠᠨ ᠨᠤᠷᠮ᠎ᠠ 15% ᠳᠤ ᠬᠥᠷᠴᠡᠢ᠃ ᠶᠢᠰᠤ ᠳᠤ᠂ | ᠨᠢᠬᠲᠠᠯᠠᠨ ᠪᠤᠲᠤᠭᠴᠢ ᠶᠢᠨ ᠬᠡᠷᠡᠭ ᠶᠠᠪᠤᠲᠠᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠠᠢ᠃ ᠡᠳ᠋ ᠤᠨ | ᠶᠠᠪᠤᠲᠠᠯ ᠤᠨ ᠵᠥᠬᠡᠯᠡᠨ ᠬᠠᠲᠠᠭᠤ ᠲᠤᠨᠤᠭ ᠲᠥᠬᠦᠬᠡᠷᠤᠮᠵᠢ ᠶᠢ ᠰᠢᠨᠡᠳᠬᠡᠵᠤ᠂ ᠨᠢᠬᠲᠠᠯᠠᠨ ᠪᠤᠲᠤᠭᠴᠢ ᠶᠢᠨ ᠠᠵᠢᠯ | ᠤᠨ ᠬᠡᠪ ᠴᠢᠨᠠᠷ ᠪᠤᠯᠤᠨ ᠡᠳ᠋ ᠤᠨ ᠶᠠᠪᠤᠲᠠᠯ ᠤᠨ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠵᠡᠢ | ᠃ | 2018 ᠤᠨ ᠤ ᠠᠵᠢᠯ ᠢ ᠡᠷᠬᠢᠴᠡᠬᠦᠯᠬᠦᠶ᠎ᠡ ᠰᠡᠳᠭᠢᠯ ᠲᠤᠭᠲᠤᠯᠤᠨᠠ᠃ ᠡᠳ᠋ ᠤᠨ ᠵᠠᠰᠠᠭ ᠤᠨ ᠤᠷᠤᠯᠭ᠎ᠠ | ᠵᠠᠷᠤᠯᠭ᠎ᠠ ᠶᠢᠨ ᠪᠠᠶᠢᠲᠠᠯ ᠨᠡᠯᠢᠶᠡᠤᠨ ᠰᠠᠶᠢᠨ ᠬᠥᠭᠵᠢᠯᠲᠠ ᠶᠢ ᠪᠡᠶᠡᠯᠡᠬᠦᠯᠵᠡᠢ᠃ ᠡᠩ ᠤᠨ ᠨᠡᠶᠢᠲᠡ ᠶᠢᠨ ᠲᠥᠰᠤᠪ ᠤᠨ | ᠤᠷᠤᠯᠭ᠎ᠠ 2.96 ᠳ᠋ᠥᠡᠭᠰᠢᠭᠤᠷ ᠲᠥᠬᠦᠷᠢᠭ᠂ ᠡᠩ ᠤᠨ ᠨᠡᠶᠢᠲᠡ ᠶᠢᠨ ᠲᠥᠰᠤᠪ ᠤᠨ ᠵᠠᠷᠤᠯᠭ᠎ᠠ 41.66 | ᠳ᠋ᠥᠡᠭᠰᠢᠭᠤᠷ ᠲᠥᠬᠦᠷᠢᠭ᠂ ᠲᠡᠤᠬᠡ ᠶᠢᠨ ᠬᠠᠮᠤᠭ ᠥᠡᠲᠤᠷ ᠲᠤ ᠲᠤᠯᠵᠠᠢ᠃ ᠠᠷᠠᠤᠨ ᠤᠨ ᠠᠮᠢᠲᠤᠷᠠᠯ ᠤᠨ ᠨᠡᠩ | ᠢᠯᠡᠬᠦᠤ ᠬᠠᠷᠠᠭᠠᠯᠵᠠᠯ ᠢ ᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠥᠲᠤᠴᠡ ᠥᠷᠬᠦᠯᠵᠢᠯᠡᠨ ᠰᠠᠶᠢᠵᠢᠷᠠᠵᠤ᠂ | ᠡᠳ᠋ ᠤᠨ ᠵᠠᠰᠠᠭ ᠤᠨ ᠵᠠᠷᠤᠯᠭ᠎ᠠ ᠶᠢᠨ ᠬᠢᠷᠢ ᠪᠥᠲᠤᠮᠵᠢ ᠠᠯᠬᠤᠮ ᠠᠯᠬᠤᠮ ᠢᠶᠠᠷ ᠲᠡᠬᠡᠭᠰᠢᠯᠡᠵᠡᠢ᠃ ᠬᠡᠲᠤᠶᠢᠪᠡᠷ | ᠲᠤᠭᠲᠠᠭᠰᠠᠨ ᠬᠡᠮᠵᠢᠶᠡᠨ ᠤ ᠥᠷ᠎ᠡ ᠪᠥᠲᠤᠮᠵᠢ ᠤᠯᠤᠭᠰᠠᠨ ᠪᠤᠯᠪᠠᠴᠤ ᠪᠠᠰᠠ ᠬᠤᠷᠴᠠ ᠰᠡᠷᠬᠡᠭ ᠢᠶᠠᠷ ᠤᠯᠵᠤ | ᠲᠠᠨᠢᠭᠰᠠᠨ ᠨᠢ᠂ ᠵᠠᠷᠢᠮ ᠬᠥᠭᠵᠢᠯᠲᠠ ᠲᠡᠩᠴᠡᠬᠦᠷᠢ ᠦᠭᠡᠢ ᠬᠥᠢᠴᠡᠤᠨ ᠦᠭᠡᠢ ᠲᠤᠪᠤᠶᠢᠮ᠎ᠠ ᠠᠰᠠᠭᠤᠲᠠᠯ ᠢ ᠪᠠᠰᠠ | ᠰᠢᠢᠳᠪᠤᠷᠢᠯᠡᠵᠤ ᠲᠡᠶᠢᠯᠤᠬᠡᠲᠤᠢ᠃ ᠮᠠᠨ ᠤ ᠬᠤᠰᠢᠭᠤᠨ ᠤ ᠡᠳ᠋ ᠤᠨ ᠵᠠᠰᠠᠭ ᠪᠠᠰᠠ ᠮᠠᠰᠢ ᠤᠯᠠᠨ ᠵᠥᠷᠢᠴᠡᠯ | ᠮᠥᠷᠬᠦᠯᠲᠤᠬᠡᠨ ᠲᠠᠪᠬᠤᠷᠯᠠᠨ ᠤᠷᠤᠰᠢᠵᠤ ᠪᠠᠶᠢᠭ᠎ᠠ ᠬᠥᠡᠲᠤ ᠬᠡᠴᠡᠬᠦᠤ ᠪᠠᠶᠢᠲᠠᠯ ᠲᠤᠯᠭᠠᠷᠠᠵᠤ ᠪᠠᠶᠢᠨ᠎ᠠ᠃ ᠵᠠᠷᠢᠮ | ᠲᠥᠭᠰᠢᠬᠦᠷᠢ ᠲᠠᠯᠲᠠ ᠬᠡᠮ ᠢ ᠲᠡᠬᠡᠲᠤ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠨᠢᠬᠡ ᠳᠤ᠂ ᠠᠵᠤ ᠠᠬᠤᠢ ᠶᠢᠨ | ᠬᠥᠭᠵᠢᠯᠲᠠ ᠶᠢᠨ ᠴᠢᠨᠠᠷ ᠪᠤᠯᠤᠨ ᠥᠷ᠎ᠡ ᠠᠰᠢᠭ ᠥᠡᠲᠤᠷ ᠪᠢᠰᠢ᠂ ᠡᠳ᠋ ᠤᠨ ᠤᠷᠤᠯᠭ᠎ᠠ ᠶᠢᠨ ᠨᠡᠮᠡᠭᠲᠡᠯ ᠬᠥᠴᠢᠷᠲᠠᠵᠤ | ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠃ ᠬᠤᠶᠠᠷ ᠲᠤ᠂ ᠶᠠᠲᠠᠭᠤ ᠠᠴᠠ | ᠠᠩᠬᠢᠵᠢᠷᠠᠭᠤᠯᠬᠤ ᠲᠠᠷᠤᠭᠠᠰᠤ ᠲᠤᠶᠢᠯ ᠤᠨ ᠶᠡᠭᠡ᠂ ᠡᠬᠦᠷᠬᠡ ᠬᠠᠲᠠᠭᠤ ᠪᠡᠷᠬᠡ᠂ ᠠᠷᠠᠤᠨ ᠤᠨ ᠠᠮᠢᠲᠤᠷᠠᠯ ᠤᠨ | ᠬᠥᠷᠢᠶᠡᠨ ᠳᠤ ᠪᠠᠰᠠ ᠪᠠᠭ᠎ᠠ ᠪᠤᠰᠤ ᠲᠤᠲᠠᠭᠲᠠᠯ ᠲᠠᠢ ᠵᠤᠶᠢᠯ ᠪᠠᠶᠢᠨ᠎ᠠ᠃ ᠥᠡᠲᠤᠰᠤᠨ ᠨᠡᠶᠢᠲᠡ ᠶᠢᠨ ᠤᠶᠢᠯᠡᠴᠢᠯᠡᠬᠡᠨ | ᠤ ᠲᠡᠩᠴᠡᠬᠦᠷᠢᠵᠢᠯᠲᠠ ᠶᠢᠨ ᠪᠠᠲᠤᠯᠠᠪᠤᠷᠢ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠬᠦ ᠴᠢᠬᠤᠯᠨ ᠲᠠᠢ᠃ ᠭᠤᠷᠪᠠ ᠳᠤ᠂ | ᠡᠳ᠋ ᠤᠨ ᠵᠠᠰᠠᠭ ᠤᠨ ᠨᠡᠮᠡᠭᠲᠡᠯ ᠬᠥᠴᠢᠷᠲᠠᠯ ᠲᠠᠢ᠂ ᠵᠠᠰᠠᠭ ᠤᠨ ᠤᠷᠲᠤᠨ ᠤ ᠥᠷᠢ ᠰᠢᠷᠢ ᠶᠢᠨ ᠲᠠᠷᠤᠭᠠᠰᠤ ᠲᠤᠶᠢᠯ | ᠤᠨ ᠶᠡᠭᠡ᠂ ᠡᠳ᠋ ᠤᠨ ᠵᠠᠰᠠᠭ ᠤᠨ ᠡᠷᠬᠢᠯᠲᠠ ᠲᠥᠭᠰᠢᠬᠦᠷᠢ ᠲᠠᠢ ᠲᠠᠯᠲᠠ ᠬᠡᠮ ᠤᠷᠤᠰᠢᠵᠤ ᠪᠠᠶᠢᠨ᠎ᠠ᠃ ᠲᠥᠷᠪᠡ ᠳᠤ | ᠂ ᠵᠠᠷᠤᠯᠭ᠎ᠠ ᠶᠢᠨ ᠬᠠᠮᠢᠶᠠᠷᠤᠯᠲᠠ ᠵᠠᠷᠢᠮ ᠲᠠᠯ᠎ᠠ ᠳᠤ ᠪᠠᠰᠠ ᠪᠡᠯᠨ ᠮᠥᠡᠭᠬᠦ ᠶᠢᠨ ᠬᠡᠷᠡᠭᠯᠡᠬᠡᠨ ᠤ ᠥᠷ᠎ᠡ ᠠᠰᠢᠭ ᠥᠡᠲᠤᠷ | ᠪᠢᠰᠢ᠂ ᠪᠥᠷᠢᠯᠬᠡᠨ ᠰᠤᠶᠢᠳᠬᠡᠬᠦ ᠥᠵᠡᠭᠲᠡᠯ ᠵᠠᠷᠢᠮ ᠭᠠᠵᠡᠷ ᠤᠷᠤᠨ ᠪᠤᠯᠤᠨ ᠨᠢᠬᠡᠴᠡ ᠳᠤ ᠮᠥᠡᠴᠤ ᠤᠷᠤᠰᠢᠵᠤ | ᠪᠠᠶᠢᠨ᠎ᠠ᠃ ᠡᠲᠡᠬᠡᠷ ᠠᠰᠠᠭᠤᠲᠠᠯ ᠢ ᠴᠥᠮ ᠪᠢᠲᠠ ᠡᠬᠦᠨ ᠠᠴᠠ ᠬᠤᠶᠢᠰᠢᠬᠢ ᠡᠳ᠋ ᠤᠨ ᠵᠠᠰᠠᠭ ᠤᠨ ᠥᠬᠡᠷᠡᠴᠢᠯᠡᠯᠲᠡ | ᠬᠥᠭᠵᠢᠯᠲᠠ ᠶᠢᠨ ᠲᠤᠮᠲᠠ ᠰᠢᠢᠳᠪᠤᠷᠢᠯᠡᠬᠦ ᠴᠢᠬᠤᠯᠨ ᠲᠠᠢ᠃ | ᠬᠤᠶᠠᠷ᠂ 2019 ᠤᠨ ᠤ ᠡᠳ᠋ ᠤᠨ ᠵᠠᠰᠠᠭ ᠤᠨ ᠲᠥᠰᠤᠪ ᠤᠨ ᠲᠥᠰᠤᠯ | 2019 ᠤᠨ ᠪᠤᠯ ᠪᠥᠬᠦᠲᠡ ᠨᠠᠶᠢᠷᠠᠮᠲᠠᠬᠤ ᠲᠤᠮᠲᠠᠲᠤ ᠠᠷᠠᠤᠨ ᠤᠯᠤᠰ ᠪᠠᠶᠢᠭᠤᠯᠤᠭᠲᠠᠭᠰᠠᠨ 70 ᠵᠢᠯ ᠤᠨ | ᠤᠢ ᠪᠦᠬᠡᠳ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠢᠯᠠᠯᠲᠠ ᠶᠢ ᠲᠡᠮᠡᠴᠡᠨ ᠤᠯᠬᠤ ᠵᠠᠩᠬᠢᠯᠠᠭ᠎ᠠ ᠶᠢᠨ | ᠵᠢᠯ ᠪᠤᠯᠤᠨ᠎ᠠ᠃ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠤᠪ ᠤᠨ ᠲᠤᠬᠢᠷᠠᠭᠤᠯᠤᠯᠲᠠ ᠶᠢᠨ ᠶᠡᠷᠤᠩᠬᠡᠢ | ᠱᠠᠭᠠᠷᠲᠠᠯᠭ᠎ᠠ ᠪᠤᠯ᠄ ᠨᠠᠮ ᠤᠨ ᠠᠷᠪᠠ ᠶᠢᠰᠤᠲᠤᠬᠡᠷ ᠶᠡᠭᠡ ᠬᠤᠷᠠᠯ ᠪᠤᠯᠤᠨ ᠠᠷᠪᠠ ᠶᠢᠰᠤᠲᠤᠬᠡᠷ ᠬᠤᠭᠤᠴᠠᠭᠠᠨ ᠤ | ᠬᠤᠶᠠᠲᠤᠭᠠᠷ᠂ ᠭᠤᠷᠪᠠᠲᠤᠭᠠᠷ ᠪᠥᠬᠦᠲᠡ ᠬᠤᠷᠠᠯ ᠤᠨ ᠵᠤᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠲᠠᠪᠤᠷᠢᠵᠢᠭᠤᠯᠵᠤ᠂ ᠬᠤᠷᠴᠢᠨ ᠪᠠᠷᠠᠭᠤᠨ ᠭᠠᠷᠤᠨ ᠡᠮᠤᠨᠡᠲᠤ ᠬᠤᠰᠢᠭᠤᠨ ᠤ ᠠᠷᠪᠠᠨ ᠲᠥᠷᠪᠡᠲᠤᠬᠡᠷ | ᠬᠤᠭᠤᠴᠠᠭᠠᠨ ᠤ ᠬᠤᠷᠢᠶᠠᠨ ᠤ ᠲᠠᠪᠤᠲᠤᠭᠠᠷ ᠤᠲᠠᠭᠠᠨ ᠤ ᠪᠥᠬᠦ ᠬᠡᠰᠢᠬᠦᠤᠨ ᠤᠨ ᠬᠤᠷᠠᠯ ᠪᠤᠯᠤᠨ ︽ᠵᠠᠰᠠᠭ ᠤᠨ | ᠤᠷᠲᠤᠨ ᠤ ᠠᠵᠢᠯ ᠤᠨ ᠢᠯᠡᠳᠬᠡᠯ︾ ᠳᠤ ᠲᠤᠭᠲᠠᠭᠠᠭᠰᠠᠨ ᠡᠯ᠎ᠡ ᠵᠤᠶᠢᠯ ᠤᠨ ᠬᠠᠷᠠᠯᠲᠠ ᠡᠬᠦᠷᠬᠡ ᠶᠢᠨ ᠶᠤᠰᠤᠭᠠᠷ᠂ | ᠲᠤᠭᠲᠠᠭᠤᠨ ᠤ ᠲᠤᠮᠲᠠ ᠤᠷᠤᠭᠰᠢᠯᠠᠬᠤ ᠠᠵᠢᠯ ᠤᠨ ᠶᠡᠷᠤᠩᠬᠡᠢ ᠥᠡᠲᠤᠰᠤᠨ ᠬᠥᠭ ᠢ ᠪᠠᠷᠢᠮᠲᠠᠯᠠᠨ᠂ ᠡᠳ᠋ ᠤᠨ | ᠵᠠᠰᠠᠭ ᠤᠨ ᠥᠷᠬᠦᠯᠵᠢᠯᠡᠯ ᠴᠢᠨᠠᠷ ᠢ ᠨᠡᠮᠡᠭᠲᠡᠬᠦᠯᠵᠤ᠂ ᠵᠠᠷᠤᠯᠭ᠎ᠠ ᠶᠢᠨ ᠪᠥᠲᠤᠴᠡ ᠶᠢ ᠲᠤᠬᠢᠷᠠᠭᠤᠯᠤᠨ | ᠰᠢᠯᠢᠲᠡᠭᠵᠢᠬᠦᠯᠵᠤ᠂ ᠠᠷᠪᠢᠯᠠᠨ ᠨᠠᠷᠢᠯᠠᠵᠤ ᠠᠮᠢᠲᠤᠷᠠᠬᠤ ᠥᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠨ᠂ | ᠭᠤᠤᠯᠲᠠᠯᠭ᠎ᠠ ᠲᠠᠢ ᠬᠥᠷᠢᠶ᠎ᠡ ᠪᠤᠯᠤᠨ ᠵᠠᠩᠬᠢᠯᠠᠭ᠎ᠠ ᠭᠤᠭᠴᠤᠭ᠎ᠠ ᠶᠢᠨ ᠵᠠᠷᠤᠯᠭ᠎ᠠ ᠶᠢ ᠪᠠᠲᠤᠯᠠᠵᠤ᠂ ᠭᠤᠷᠪᠠᠨ ᠶᠡᠭᠡ | ᠰᠢᠪᠲᠤᠯᠤᠯᠲᠠ ᠶᠢᠨ ᠲᠠᠶᠢᠯᠠᠯᠲᠤᠭᠠᠨ ᠢ ᠪᠠᠲᠤ ᠪᠠᠬᠢ ᠰᠠᠶᠢᠲᠤᠷ ᠴᠤᠬᠢᠨ᠎ᠠ᠃ ᠤᠲᠤ ᠥᠶ᠎ᠡ ᠶᠢᠨ ᠡᠳ᠋ ᠤᠨ ᠵᠠᠰᠠᠭ | ᠤᠨ ᠲᠥᠷᠢᠮ ᠢ ᠲᠥᠷᠬᠡᠳᠬᠡᠨ ᠪᠠᠶᠢᠭᠤᠯᠵᠤ᠂ ᠪᠥᠬᠦ ᠬᠥᠷᠢᠶ᠎ᠡ᠂ ᠪᠥᠬᠦ ᠶᠠᠪᠤᠴᠠ᠂ ᠪᠥᠬᠦᠨ ᠢ ᠬᠠᠮᠤᠷᠬᠤ ᠲᠥᠰᠤᠪ | ᠤᠨ ᠥᠷ᠎ᠡ ᠠᠰᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ | ᠨᠡᠶᠢᠬᠡᠮ ᠤᠨ ᠥᠷᠬᠦᠯᠵᠢᠯᠡᠨ ᠡᠷᠡᠬᠦᠯ ᠬᠥᠭᠵᠢᠯᠲᠠ ᠶᠢ ᠠᠬᠢᠭᠤᠯᠤᠨ᠎ᠠ᠃ | 2019 ᠤᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠥᠰᠤᠪ ᠤᠨ | ᠲᠤᠬᠢᠷᠠᠭᠤᠯᠤᠯᠲᠠ | ︵ᠨᠢᠬᠡ︶ ᠡᠩ ᠤᠨ ᠨᠡᠶᠢᠲᠡ ᠶᠢᠨ ᠲᠥᠰᠤᠪ ᠤᠨ ᠤᠷᠤᠯᠭ᠎ᠠ ᠵᠠᠷᠤᠯᠭ᠎ᠠ | ⒈ ᠤᠷᠤᠯᠭ᠎ᠠ ᠶᠢᠨ ᠲᠥᠰᠤᠪ᠃ 2019 ᠤᠨ ᠤ ᠪᠥᠬᠦ ᠬᠤᠰᠢᠭᠤᠨ ᠤ ᠨᠡᠶᠢᠲᠡ ᠶᠢᠨ ᠡᠳ᠋ ᠤᠨ ᠵᠠᠰᠠᠭ ᠤᠨ | ᠤᠷᠤᠯᠭ᠎ᠠ 26738 ᠲᠥᠮᠡᠨ ᠲᠥᠬᠦᠷᠢᠭ᠂ ᠲᠡᠬᠡᠷ᠎ᠡ ᠱᠠᠲᠤᠨ ᠤ ᠨᠥᠬᠦᠪᠤᠷᠢ ᠶᠢᠨ ᠤᠷᠤᠯᠭ᠎ᠠ 170626 ᠲᠥᠮᠡᠨ | ᠲᠥᠬᠦᠷᠢᠭ᠂ ᠲᠡᠬᠡᠷ᠎ᠡ ᠵᠢᠯ ᠤᠨ ᠥᠯᠡᠲᠡᠪᠤᠷᠢ 3113 ᠲᠥᠮᠡᠨ ᠲᠥᠬᠦᠷᠢᠭ᠃ ᠲᠡᠬᠡᠭᠰᠢ ᠥᠭᠬᠦ ᠵᠠᠷᠤᠯᠭ᠎ᠠ 478 | ᠲᠥᠮᠡᠨ ᠲᠥᠬᠦᠷᠢᠭ᠃ | ⒉ ᠵᠠᠷᠤᠯᠭ᠎ᠠ ᠶᠢᠨ ᠲᠥᠰᠤᠪ᠃ ᠪᠥᠬᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠶᠢᠨ ᠲᠥᠰᠥᠪ ᠢ | ᠥᠡᠲᠤᠰᠤᠯᠡᠨ᠂ ᠤᠲᠤ ᠬᠡᠷᠡᠭᠵᠢᠬᠦᠯᠵᠤ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠮᠵᠢ ᠶᠢᠨ ᠪᠠᠷᠤᠭᠴᠠᠯᠠᠨ ᠪᠤᠲᠤᠬᠤ | ᠪᠠᠷ ᠡᠨ᠋ᠨ ᠵᠢᠯ ᠤᠨ ᠬᠡᠷᠡᠭᠯᠡᠵᠤ ᠪᠤᠯᠬᠤ ᠡᠳ᠋ ᠤᠨ ᠬᠥᠴᠤᠨ 20 ᠳ᠋ᠥᠡᠭᠰᠢᠭᠤᠷ ᠲᠥᠬᠦᠷᠢᠭ ᠪᠠᠶᠢᠨ᠎ᠠ᠃ ᠵᠠᠷᠤᠯᠭ᠎ᠠ ᠶᠢᠨ | ᠲᠥᠷᠤᠯ ᠵᠤᠶᠢᠯ ᠤᠨ ᠲᠤᠬᠢᠷᠠᠭᠤᠯᠤᠯᠲᠠ ᠪᠤᠯ᠄ | ⑴ ᠡᠩ ᠤᠨ ᠨᠡᠶᠢᠲᠡ ᠶᠢᠨ ᠵᠠᠷᠤᠯᠭ᠎ᠠ 21408 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ ᠠᠴᠠ | 5608 ᠲᠥᠮᠡᠨ ᠲᠥᠬᠦᠷᠢᠭ ᠨᠡᠮᠡᠭᠲᠡᠭᠦᠯᠵᠦ᠂ 35.49 % ᠪᠠᠷ ᠨᠡᠮᠡᠭᠲᠡᠬᠦᠯᠦᠨ᠎ᠡ ᠃ | ⑵ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠷᠤᠯᠭ᠎ᠠ 50 ᠲᠥᠮᠡᠨ ᠲᠥᠬᠦᠷᠢᠭ᠂ ᠲᠡᠬᠡᠷ᠎ᠡ ᠵᠢᠯ ᠲᠠᠢ | ᠲᠡᠩᠴᠡᠬᠦᠤ᠃ | ⑶ ᠨᠡᠶᠢᠲᠡ ᠶᠢᠨ ᠠᠮᠤᠷ ᠲᠥᠪᠰᠢᠨ ᠤ ᠵᠠᠷᠤᠯᠭ᠎ᠠ 11993 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ | ᠠᠴᠠ 4620 ᠲᠥᠮᠡᠨ ᠲᠥᠬᠦᠷᠢᠭ ᠨᠡᠮᠡᠭᠲᠡᠭᠦᠯᠵᠦ᠂ 85.99% ᠪᠠᠷ ᠨᠡᠮᠡᠭᠲᠡᠬᠦᠯᠦᠨ᠎ᠡ ᠃ | ⑷ ᠰᠤᠷᠭᠠᠨ ᠬᠥᠮᠤᠵᠢᠯ ᠤᠨ ᠵᠠᠷᠤᠯᠭ᠎ᠠ 39907 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ ᠠᠴᠠ | 3328 ᠲᠥᠮᠡᠨ ᠲᠥᠬᠦᠷᠢᠭ ᠬᠠᠰᠤᠵᠤ᠂ 7.7 % ᠪᠠᠷ ᠲᠤᠷᠤᠭᠰᠢᠯᠠᠭᠤᠯᠤᠨ᠎ᠠ᠃ | ⑸ ᠰᠢᠡᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠵᠠᠷᠤᠯᠭ᠎ᠠ 511 ᠲᠥᠮᠡᠨ ᠲᠥᠬᠦᠷᠢᠭ᠂ ᠲᠡᠬᠡᠷ᠎ᠡ ᠵᠢᠯ ᠠᠴᠠ | 61ᠲᠥᠮᠡᠨ ᠲᠥᠬᠦᠷᠢᠭ ᠨᠡᠮᠡᠭᠲᠡᠵᠤ᠂ 13.56% ᠪᠠᠷ ᠨᠡᠮᠡᠭᠲᠡᠬᠦᠯᠦᠨ᠎ᠡ ᠃ | ⑹ ᠰᠤᠶᠤᠯ ᠲᠠᠮᠢᠷ ᠪᠤᠯᠤᠨ ᠵᠤᠭᠠᠴᠠᠯ ᠬᠢᠬᠡᠤᠨ ᠰᠤᠨᠢᠨ ᠮᠡᠲᠡᠬᠡᠨ ᠤ ᠵᠠᠭᠤᠴᠢᠯᠠᠭᠤᠷ ᠤᠨ ᠵᠠᠷᠤᠯᠭ᠎ᠠ 1884 | ᠲᠥᠮᠡᠨ ᠲᠥᠬᠦᠷᠢᠭ᠂ ᠲᠡᠬᠡᠷ᠎ᠡ ᠵᠢᠯ ᠠᠴᠠ 284 ᠲᠥᠮᠡᠨ ᠲᠥᠬᠦᠷᠢᠭ ᠨᠡᠮᠡᠭᠲᠡᠭᠦᠯᠵᠦ᠂ 17.75% ᠪᠠᠷ | ᠨᠡᠮᠡᠭᠲᠡᠬᠦᠯᠦᠨ᠎ᠡ ᠃ | ⑺ ᠨᠡᠶᠢᠬᠡᠮ ᠤᠨ ᠪᠠᠲᠤᠯᠠᠪᠤᠷᠢ ᠪᠤᠯᠤᠨ ᠠᠵᠢᠯ ᠤᠯᠭᠤᠬᠤ ᠵᠠᠷᠤᠯᠭ᠎ᠠ 27265 ᠲᠥᠮᠡᠨ ᠲᠥᠬᠦᠷᠢᠭ᠂ ᠲᠡᠬᠡᠷ᠎ᠡ ᠵᠢᠯ | ᠤᠨ ᠲᠥᠰᠤᠪ ᠠᠴᠠ 12535 ᠲᠥᠮᠡᠨ ᠲᠥᠬᠦᠷᠢᠭ ᠬᠠᠰᠤᠵᠤ᠂ 31.49% ᠪᠠᠷ ᠲᠤᠷᠤᠭᠰᠢᠯᠠᠭᠤᠯᠤᠨ᠎ᠠ ᠃ | ⑻ ᠡᠮ ᠡᠮᠨᠡᠯᠬᠡ ᠡᠷᠡᠬᠦᠯ ᠬᠠᠮᠠᠭᠠᠯᠠᠯ ᠤᠨ ᠵᠠᠷᠤᠯᠭ᠎ᠠ 13883 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ | ᠠᠴᠠ 5486 ᠲᠥᠮᠡᠨ ᠲᠥᠬᠦᠷᠢᠭ ᠨᠡᠮᠡᠭᠲᠡᠬᠦᠯᠵᠦ᠂ 65.33% ᠪᠠᠷ ᠨᠡᠮᠡᠭᠲᠡᠬᠦᠯᠦᠨ᠎ᠡ ᠃ | ⑼ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 350 ᠲᠥᠮᠡᠨ ᠲᠥᠬᠦᠷᠢᠭ᠂ ᠲᠡᠬᠡᠷ᠎ᠡ ᠵᠢᠯ | ᠤᠨ ᠲᠥᠰᠤᠪ ᠠᠴᠠ 50 ᠲᠥᠮᠡᠨ ᠲᠥᠬᠦᠷᠢᠭ ᠬᠠᠰᠤᠵᠤ᠂ 12.5% ᠪᠠᠷ ᠲᠤᠷᠤᠭᠰᠢᠯᠠᠭᠤᠯᠤᠨ᠎ᠠ ᠃ | ⑽ ᠬᠤᠲᠠ ᠬᠥᠲᠡᠭᠡ ᠨᠡᠶᠢᠬᠡᠮ ᠲᠤᠭᠤᠷᠢᠭ ᠤᠨ ᠶᠠᠪᠤᠲᠠᠯ ᠤᠨ ᠵᠠᠷᠤᠯᠭ᠎ᠠ 17300 ᠲᠥᠮᠡᠨ ᠲᠥᠬᠦᠷᠢᠭ᠂ ᠲᠡᠬᠡᠷ᠎ᠡ | ᠵᠢᠯ ᠤᠨ ᠲᠥᠰᠤᠪ ᠠᠴᠠ 13300 ᠲᠥᠮᠡᠨ ᠲᠥᠬᠦᠷᠢᠭ ᠨᠡᠮᠡᠭᠲᠡᠭᠦᠯᠵᠦ᠂ 332.5 % ᠪᠠᠷ ᠨᠡᠮᠡᠭᠲᠡᠬᠦᠯᠦᠨ᠎ᠡ ᠃ | | ⑾ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠶᠠᠪᠤᠲᠠᠯ ᠤᠨ ᠵᠠᠷᠤᠯᠭ᠎ᠠ 35100 ᠲᠥᠮᠡᠨ ᠲᠥᠬᠦᠷᠢᠭ | ᠂ ᠲᠡᠬᠡᠷ᠎ᠡ ᠵᠢᠯ ᠠᠴᠠ 10015 ᠲᠥᠮᠡᠨ ᠲᠥᠬᠦᠷᠢᠭ ᠨᠡᠮᠡᠭᠲᠡᠭᠦᠯᠵᠦ᠂ 39.92% ᠪᠠᠷ ᠨᠡᠮᠡᠭᠲᠡᠬᠦᠯᠦᠨ᠎ᠡ ᠃ | ⑿ ᠵᠠᠮ ᠬᠠᠷᠢᠯᠴᠠᠭ᠎ᠠ ᠲᠡᠬᠡᠬᠡᠪᠤᠷᠢ ᠶᠢᠨ ᠵᠠᠷᠤᠯᠭ᠎ᠠ 3300 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ | ᠠᠴᠠ 1500 ᠲᠥᠮᠡᠨ ᠲᠥᠬᠦᠷᠢᠭ ᠨᠡᠮᠡᠭᠲᠡᠭᠦᠯᠵᠦ᠂ 83.33% ᠪᠠᠷ ᠨᠡᠮᠡᠭᠲᠡᠬᠦᠯᠦᠨ᠎ᠡ ᠃ | ⒀ ᠡᠬᠢ ᠪᠠᠶᠠᠯᠢᠭ ᠢ ᠬᠠᠶᠢᠨ ᠰᠢᠡᠵᠢᠬᠦ ᠴᠠᠬᠢᠯᠭᠠᠨ ᠬᠥᠴᠤᠨ ᠤ ᠰᠤᠷᠠᠭ ᠵᠠᠩᠭᠢ ᠵᠡᠷᠬᠡ ᠤᠶᠢᠯᠡᠰ ᠤᠨ ᠵᠠᠷᠤᠯᠭ᠎ᠠ | 400 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ ᠠᠴᠠ 100 ᠲᠥᠮᠡᠨ ᠲᠥᠬᠦᠷᠢᠭ ᠬᠠᠰᠤᠵᠤ᠂ 20 % | ᠪᠠᠷ ᠲᠤᠷᠤᠭᠰᠢᠯᠠᠭᠤᠯᠤᠨ᠎ᠠ ᠃ | ⒁ ᠬᠤᠲᠠᠯᠲᠤᠭ᠎ᠠ ᠤᠶᠢᠯᠡᠴᠢᠯᠡᠬᠡᠨ ᠤ ᠤᠶᠢᠯᠡᠰ ᠵᠡᠷᠬᠡ ᠤᠶᠢᠯᠡᠰ ᠤᠨ ᠵᠠᠷᠤᠯᠭ᠎ᠠ 652 ᠲᠥᠮᠡᠨ ᠲᠥᠬᠦᠷᠢᠭ᠂ | ᠲᠡᠬᠡᠷ᠎ᠡ ᠵᠢᠯ ᠤᠨ ᠲᠥᠰᠤᠪ ᠠᠴᠠ 352 ᠲᠥᠮᠡᠨ ᠲᠥᠬᠦᠷᠢᠭ ᠨᠡᠮᠡᠭᠲᠡᠬᠦᠯᠵᠦ᠂ 117.33 % ᠪᠠᠷ | ᠨᠡᠮᠡᠭᠲᠡᠬᠦᠯᠦᠨ᠎ᠡ ᠃ | ⒂ ᠭᠠᠵᠡᠷ ᠰᠢᠷᠤᠢ ᠡᠬᠢ ᠪᠠᠶᠠᠯᠢᠭ ᠴᠠᠭ ᠠᠭᠤᠷ ᠵᠡᠷᠬᠡ ᠤᠶᠢᠯᠡᠰ ᠤᠨ ᠵᠠᠷᠤᠯᠭ᠎ᠠ 1500 ᠲᠥᠮᠡᠨ ᠲᠥᠬᠦᠷᠢᠭ᠂ | ᠲᠡᠬᠡᠷ᠎ᠡ ᠵᠢᠯ ᠤᠨ ᠲᠥᠰᠤᠪ ᠠᠴᠠ 900 ᠲᠥᠮᠡᠨ ᠲᠥᠬᠦᠷᠢᠭ ᠨᠡᠮᠡᠭᠲᠡᠭᠦᠯᠵᠦ᠂ 150% ᠪᠠᠷ ᠨᠡᠮᠡᠭᠲᠡᠬᠦᠯᠦᠨ᠎ᠡ ᠃ | | ⒃ ᠤᠷᠤᠨ ᠰᠠᠭᠤᠴᠠ ᠶᠢᠨ ᠪᠠᠲᠤᠯᠠᠪᠤᠷᠢ ᠶᠢᠨ ᠵᠠᠷᠤᠯᠭ᠎ᠠ 13545 ᠲᠥᠮᠡᠨ ᠲᠥᠬᠦᠷᠢᠭ᠂ ᠲᠡᠬᠡᠷ᠎ᠡ ᠵᠢᠯ ᠤᠨ | ᠲᠥᠰᠤᠪ ᠠᠴᠠ 5745 ᠲᠥᠮᠡᠨ ᠲᠥᠬᠦᠷᠢᠭ ᠨᠡᠮᠡᠭᠲᠡᠬᠦᠯᠵᠦ᠂ 73.65% ᠪᠠᠷ ᠨᠡᠮᠡᠭᠲᠡᠬᠦᠯᠦᠨ᠎ᠡ ᠃ | ⒄ ᠠᠮᠤ ᠲᠤᠰᠤ ᠪᠠᠷᠠᠭ᠎ᠠ ᠬᠠᠲᠠᠭᠠᠯᠠᠬᠤ ᠬᠠᠮᠢᠶᠠᠷᠬᠤ ᠵᠡᠷᠬᠡ ᠶᠠᠪᠤᠲᠠᠯ ᠤᠨ ᠵᠠᠷᠤᠯᠭ᠎ᠠ 410 ᠲᠥᠮᠡᠨ ᠲᠥᠬᠦᠷᠢᠭ᠂ | ᠲᠡᠬᠡᠷ᠎ᠡ ᠵᠢᠯ ᠤᠨ ᠲᠥᠰᠤᠪ ᠲᠠᠢ ᠲᠡᠩᠴᠡᠬᠦᠤ ᠪᠠᠶᠢᠯᠭᠠᠨ᠎ᠠ᠃ | ⒅ ᠭᠠᠮᠰᠢᠭ ᠢ ᠰᠡᠷᠬᠡᠶᠢᠯᠡᠵᠤ ᠵᠤᠬᠢᠰᠲᠠᠢ ᠠᠷᠭᠠᠴᠠᠬᠤ ᠬᠠᠮᠢᠶᠠᠷᠤᠯᠲᠠ ᠶᠢᠨ ᠵᠠᠷᠤᠯᠭ᠎ᠠ 120 ᠲᠥᠮᠡᠨ ᠲᠥᠬᠦᠷᠢᠭ᠂ | ᠲᠡᠬᠡᠷ᠎ᠡ ᠵᠢᠯ ᠤᠨ ᠲᠥᠰᠤᠪ ᠠᠴᠠ 120 ᠲᠥᠮᠡᠨ ᠲᠥᠬᠦᠷᠢᠭ ᠨᠡᠮᠡᠭᠲᠡᠬᠦᠯᠦᠨ᠎ᠡ᠃ | ⒆ ᠤᠯᠤᠰ ᠤᠨ ᠵᠢᠬᠡᠯᠡᠯᠬᠡ ᠶᠢᠨ ᠡᠬᠡ ᠮᠥᠡᠭᠬᠦ ᠬᠥᠤ ᠮᠥᠡᠭᠬᠦ ᠶᠢᠨ ᠵᠠᠷᠤᠯᠭ᠎ᠠ 7674 ᠲᠥᠮᠡᠨ ᠲᠥᠬᠦᠷᠢᠭ᠂ | ᠲᠡᠬᠡᠷ᠎ᠡ ᠵᠢᠯ ᠤᠨ ᠲᠥᠰᠤᠪ ᠠᠴᠠ1452 ᠲᠥᠮᠡᠨ ᠲᠥᠬᠦᠷᠢᠭ ᠨᠡᠮᠡᠭᠲᠡᠭᠦᠯᠵᠦ᠂ 23.34% ᠪᠠᠷ ᠨᠡᠮᠡᠭᠲᠡᠬᠦᠯᠦᠨ᠎ᠡ ᠃ | | ⒇ ᠪᠤᠰᠤᠤᠨ ᠵᠠᠷᠤᠯᠭ᠎ᠠ 4747 ᠲᠥᠮᠡᠨ ᠲᠥᠬᠦᠷᠢᠭ᠂ ᠲᠡᠬᠡᠷ᠎ᠡ ᠵᠢᠯ ᠤᠨ ᠲᠥᠰᠤᠪ ᠠᠴᠠ 4747 ᠲᠥᠮᠡᠨ | ᠲᠥᠬᠦᠷᠢᠭ ᠨᠡᠮᠡᠭᠲᠡᠬᠦᠯᠦᠨ᠎ᠡ ᠃ | ︵ᠬᠤᠶᠠᠷ︶ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦ ᠶᠢᠨ ᠤᠷᠤᠯᠭ᠎ᠠ ᠵᠠᠷᠤᠯᠭ᠎ᠠ | ⒈ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦᠨ ᠤ ᠤᠷᠤᠯᠭ᠎ᠠ ᠶᠢᠨ ᠲᠥᠰᠤᠪ᠃ 2019 ᠤᠨ ᠳᠤ | ᠪᠥᠬᠦ ᠬᠤᠰᠢᠭᠤᠨ ᠤ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦᠨ ᠤ ᠲᠥᠰᠤᠪ ᠤᠨ ᠤᠷᠤᠯᠭ᠎ᠠ 9.98 | ᠳ᠋ᠥᠡᠭᠰᠢᠭᠤᠷ ᠲᠥᠬᠦᠷᠢᠭ᠂ ᠡᠬᠦᠨ ᠤ ᠲᠤᠲᠤᠷ᠎ᠠ ᠤᠯᠤᠰ ᠤᠨ ᠭᠠᠵᠡᠷ ᠰᠢᠷᠤᠢ ᠶᠢᠨ ᠬᠡᠷᠡᠭᠯᠡᠬᠡᠨ ᠤ ᠡᠷᠬᠡ ᠶᠢ | ᠬᠤᠲᠠᠯᠲᠤᠬᠤ ᠤᠷᠤᠯᠭ᠎ᠠ 8 ᠳ᠋ᠥᠡᠭᠰᠢᠭᠤᠷ ᠲᠥᠬᠦᠷᠢᠭ᠂ ᠲᠡᠬᠡᠷ᠎ᠡ ᠱᠠᠲᠤᠨ ᠤ ᠥᠬᠦᠪᠤᠷᠢ ᠤᠷᠤᠯᠭ᠎ᠠ 0.08 | ᠳ᠋ᠥᠡᠭᠰᠢᠭᠤᠷ ᠲᠥᠬᠦᠷᠢᠭ᠂ ᠲᠡᠬᠡᠷ᠎ᠡ ᠵᠢᠯ ᠤᠨ ᠥᠯᠡᠲᠡᠪᠤᠷᠢ ᠤᠷᠤᠯᠭ᠎ᠠ 1.90 ᠳ᠋ᠥᠡᠭᠰᠢᠭᠤᠷ ᠲᠥᠬᠦᠷᠢᠭ᠃ | ⒉ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦᠨ ᠤ ᠵᠠᠷᠤᠯᠭ᠎ᠠ ᠶᠢᠨ ᠲᠥᠰᠤᠪ᠃ ᠰᠠᠭᠤᠷᠢ ᠮᠥᠡᠭᠬᠦᠨ ᠤ | ᠤᠷᠤᠯᠭ᠎ᠠ ᠶᠢᠨ ᠲᠥᠰᠤᠪ ᠢ ᠥᠡᠲᠤᠰᠤᠯᠡᠨ᠂ ᠤᠲᠤ ᠬᠡᠷᠡᠭᠵᠢᠬᠦᠯᠵᠤ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠮᠵᠢ | ᠶᠢᠨ ᠪᠠᠷᠤᠭᠴᠠᠯᠠᠨ ᠪᠤᠲᠤᠬᠤ ᠪᠠᠷ ᠲᠤᠰ ᠵᠢᠯ ᠤᠨ ᠵᠠᠰᠠᠭ ᠤᠨ ᠤᠷᠲᠤᠨ ᠤ ᠴᠢᠨᠠᠷᠲᠠᠢ ᠰᠠᠭᠤᠷᠢ ᠮᠥᠡᠭᠬᠦᠨ ᠤ ᠡᠳ᠋ | ᠤᠨ ᠬᠥᠴᠤᠨ 9.98 ᠳ᠋ᠥᠡᠭᠰᠢᠭᠤᠷ ᠲᠥᠬᠦᠷᠢᠭ᠃ ᠰᠠᠭᠤᠷᠢ ᠮᠥᠡᠭᠬᠦᠨ ᠤ ᠲᠥᠰᠤᠪ ᠤᠨ ᠵᠠᠷᠤᠯᠭ᠎ᠠ ᠶᠢᠨ ᠲᠥᠷᠤᠯ | ᠵᠤᠶᠢᠯ ᠤᠨ ᠲᠤᠬᠢᠷᠠᠭᠤᠯᠤᠯᠲᠠ᠄ | ⑴ ᠰᠤᠶᠤᠯ ᠵᠤᠭᠠᠴᠠᠯ ᠪᠡᠶ᠎ᠡ ᠲᠠᠮᠢᠷ ᠬᠢᠬᠡᠤᠨ ᠰᠤᠨᠢᠨ ᠮᠡᠲᠡᠬᠡᠨ ᠤ ᠵᠠᠷᠤᠯᠭ᠎ᠠ 24 ᠲᠥᠮᠡᠨ ᠲᠥᠬᠦᠷᠢᠭ᠃ | ⑵ ᠨᠡᠶᠢᠬᠡᠮ ᠤᠨ ᠪᠠᠲᠤᠯᠠᠪᠤᠷᠢ ᠪᠤᠯᠤᠨ ᠠᠵᠢᠯ ᠤᠯᠭᠤᠬᠤ ᠵᠠᠷᠤᠯᠭ᠎ᠠ 2644 ᠲᠥᠮᠡᠨ ᠲᠥᠬᠦᠷᠢᠭ᠃ | ⑶ ᠬᠤᠲᠠ ᠬᠥᠲᠡᠭᠡ ᠨᠡᠶᠢᠬᠡᠮ ᠲᠤᠭᠤᠷᠢᠭ ᠤᠨ ᠵᠠᠷᠤᠯᠭ᠎ᠠ 93311 ᠲᠥᠮᠡᠨ ᠲᠥᠬᠦᠷᠢᠭ᠃ | ⑷ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 259ᠲᠥᠮᠡᠨ ᠲᠥᠬᠦᠷᠢᠭ᠃ | ⑸ ᠪᠤᠰᠤᠤᠨ ᠵᠠᠷᠤᠯᠭ᠎ᠠ 2276 ᠲᠥᠮᠡᠨ ᠲᠥᠬᠦᠷᠢᠭ᠃ | ⑹ ᠥᠷᠢ ᠰᠢᠷᠢ ᠶᠢᠨ ᠬᠥᠤ ᠮᠥᠡᠭᠬᠦ ᠶᠢᠨ ᠵᠠᠷᠤᠯᠭ᠎ᠠ 1292 ᠲᠥᠮᠡᠨ ᠲᠥᠬᠦᠷᠢᠭ᠃ | ᠭᠤᠷᠪᠠ᠂ 2019 ᠤᠨ ᠤ ᠡᠳ᠋ ᠤᠨ ᠵᠠᠰᠠᠭ ᠤᠨ ᠠᠵᠢᠯ ᠤᠨ ᠭᠤᠤᠯ ᠡᠬᠦᠷᠬᠡ ᠪᠤᠯᠤᠨ ᠠᠷᠭ᠎ᠠ ᠬᠡᠮᠵᠢᠶ᠎ᠡ | 2019 ᠤᠨ ᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠪᠠᠶᠢᠲᠠᠯ ᠮᠠᠰᠢ ᠬᠠᠲᠠᠭᠤ ᠪᠡᠷᠬᠡ ᠲᠠᠢ᠂ ᠪᠡᠯᠨ | ᠮᠥᠡᠭᠬᠦ ᠶᠢᠨ ᠲᠤᠬᠢᠷᠠᠭᠤᠯᠤᠯᠲᠠ ᠲᠤᠶᠢᠯ ᠤᠨ ᠪᠠᠴᠢᠮ᠂ ᠬᠠᠨᠭ᠍ᠭᠠᠯᠭ᠎ᠠ ᠬᠡᠷᠡᠭᠴᠡᠭᠡ ᠶᠢᠨ ᠵᠥᠷᠢᠴᠡᠯ ᠨᠡᠩ ᠢᠯᠡᠬᠦᠤ | ᠲᠤᠪᠤᠶᠢᠮ᠎ᠠ ᠨᠢᠬᠡ ᠵᠢᠯ ᠪᠤᠯᠤᠨ᠎ᠠ᠃ ᠡᠶᠢᠮᠤ ᠠᠴᠠ ᠡᠨ᠋ᠨ ᠵᠢᠯ ᠤᠨ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠨᠢ | ᠪᠥᠬᠦ ᠬᠤᠰᠢᠭᠤᠨ ᠤ ᠨᠡᠶᠢᠬᠡᠮ ᠤᠨ ᠲᠤᠭᠲᠠᠭᠤᠨ᠂ ᠠᠵᠤ ᠠᠬᠤᠢ ᠶᠢᠨ ᠪᠥᠲᠤᠬᠡᠨ ᠪᠠᠶᠢᠭᠤᠯᠤᠯᠲᠠ ᠪᠤᠯᠤᠨ ᠡᠯ᠎ᠡ | ᠵᠤᠶᠢᠯ ᠤᠨ ᠠᠵᠢᠯ ᠤᠶᠢᠯᠡᠰ ᠤᠨ ᠬᠥᠭᠵᠢᠯᠲᠠ ᠶᠢ ᠲᠥᠷᠬᠡᠳᠬᠡᠨ ᠲᠤᠭᠲᠠᠭᠰᠠᠨ ᠬᠤᠭᠤᠴᠠᠭᠠᠨ ᠳᠠᠭᠠᠨ ᠶᠠᠲᠠᠭᠤ | ᠠᠴᠠ ᠠᠩᠬᠢᠵᠢᠷᠠᠬᠤ ᠳᠤ ᠲᠤᠶᠢᠯ ᠤᠨ ᠴᠢᠬᠤᠯᠨ ᠠᠭᠤᠯᠭ᠎ᠠ ᠲᠠᠢ᠃ 2019 ᠤᠨ ᠤ ᠪᠥᠬᠦ ᠬᠤᠰᠢᠭᠤᠨ ᠤ ᠡᠳ᠋ | ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠬᠦᠷᠬᠡ ᠶᠢ ᠲᠡᠬᠦᠰ ᠠᠮᠵᠢᠯᠲᠠ ᠲᠠᠢ ᠪᠡᠶᠡᠯᠡᠬᠦᠯᠬᠦ ᠶᠢᠨ ᠲᠥᠯᠤᠬᠡ᠂ | ᠬᠤᠰᠢᠭᠤᠨ ᠤ ᠨᠠᠮ ᠤᠨ ᠬᠤᠷᠢᠶ᠎ᠠ ᠶᠢᠨ ᠶᠡᠷᠤᠩᠬᠡᠢ ᠱᠠᠭᠠᠷᠲᠠᠯᠭ᠎ᠠ ᠶᠢ ᠥᠡᠲᠤᠰᠤᠯᠡᠨ᠂ ᠪᠢᠲᠠ ᠲᠤᠤᠷᠠᠬᠢ ᠬᠡᠲᠤᠨ | ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠄ | ︵ᠨᠢᠬᠡ︶ ᠡᠳ᠋ ᠭᠠᠶᠢᠯᠢ ᠶᠢᠨ ᠪᠠᠶᠢᠭᠤᠯᠤᠮᠵᠢ ᠶᠢᠨ ᠥᠬᠡᠷᠡᠴᠢᠯᠡᠯᠲᠡ ᠶᠢ ᠴᠢᠷᠮᠠᠶᠢᠨ ᠬᠥᠡᠵᠡᠬᠡᠶᠢᠷᠡᠬᠦᠯᠤᠨᠡ᠃ | ᠨᠢᠬᠡ ᠳᠤ᠂ ᠲᠥᠰᠤᠪ ᠢ ᠨᠠᠶᠢᠷᠠᠭᠤᠯᠬᠤ ᠠᠷᠭ᠎ᠠ ᠶᠢ ᠥᠬᠡᠷᠡᠴᠢᠯᠡᠨᠡ᠃ ᠰᠠᠯᠠᠭ᠎ᠠ ᠮᠥᠴᠢᠷ ᠤᠨ ᠲᠥᠰᠤᠪ ᠤᠨ | ᠥᠬᠡᠷᠡᠴᠢᠯᠡᠯᠲᠡ ᠶᠢ ᠰᠠᠶᠢᠵᠢᠷᠠᠭᠤᠯᠤᠨ ᠬᠥᠡᠵᠡᠬᠡᠶᠢᠷᠡᠬᠦᠯᠤᠨᠡ᠂ ᠨᠠᠶᠢᠷᠠᠭᠤᠯᠬᠤ ᠨᠢ ᠰᠢᠡᠵᠢᠯᠡᠬᠦ ᠤᠬᠠᠭᠠᠡᠴᠢᠯᠠᠭᠰᠠᠨ | ᠡᠮᠬᠢ ᠲᠠᠷᠠᠭ᠎ᠠ ᠨᠢ ᠲᠥᠷᠢᠮᠵᠢᠭᠰᠡᠨ᠂ ᠬᠡᠷᠡᠭᠵᠢᠬᠦᠯᠥᠯᠲᠠ ᠴᠢᠩᠭᠠᠷᠠᠭᠰᠠᠨ ᠢ ᠪᠡᠶᠡᠯᠡᠬᠦᠯᠤᠨ᠎ᠡ᠃ ︽ᠭᠤᠷᠪᠠᠨ ᠠᠯᠪᠠᠨ | ᠵᠠᠷᠤᠲᠠᠯ︾ ᠤᠨ ᠵᠠᠷᠤᠯᠭ᠎ᠠ ᠶᠢᠨ ᠪᠥᠷᠢᠳᠬᠡᠯ ᠵᠠᠲᠠᠯᠤᠯᠲᠠ ᠪᠤᠯᠤᠨ ᠠᠲᠠᠯᠢᠳᠬᠠᠯ ᠵᠡᠷᠬᠡ ᠠᠵᠢᠯ ᠢ ᠴᠢᠩᠭᠠᠳᠬᠠᠨ᠎ᠠ᠃ | ᠲᠥᠰᠤᠪ ᠲᠤᠭᠠᠴᠠᠭ᠎ᠠ ᠶᠢ ᠵᠥᠪᠰᠢᠶᠡᠷᠡᠬᠦᠯᠬᠦ ᠪᠤᠯᠤᠨ ᠢᠯᠨ ᠪᠤᠯᠭᠠᠬᠤ ᠶᠢ ᠪᠡᠶᠡᠯᠡᠬᠦᠯᠤᠨ᠎ᠡ᠃ ᠬᠤᠶᠠᠷ ᠲᠤ᠂ ᠡᠳ᠋ | ᠤᠨ ᠵᠠᠰᠠᠭ ᠤᠨ ᠪᠠᠶᠢᠭᠤᠯᠤᠮᠵᠢ ᠶᠢ ᠲᠡᠬᠦᠯᠲᠡᠷᠵᠢᠬᠦᠯᠤᠨᠡ᠃ ᠡᠳ᠋ ᠤᠨ ᠵᠠᠰᠠᠭ ᠤᠨ ᠪᠠᠶᠢᠭᠤᠯᠤᠮᠵᠢ ᠶᠢᠨ | ᠥᠬᠡᠷᠡᠴᠢᠯᠡᠯᠲᠡ ᠪᠠᠷ ᠲᠠᠮᠵᠢᠨ ᠮᠤᠵᠢ ᠠᠴᠠ ᠰᠢᠭᠤᠤᠨ ᠰᠢᠶᠠᠨ ᠢ ᠬᠠᠮᠢᠶᠠᠷᠬᠤ ᠵᠠᠭᠪᠤᠷ ᠢ ᠰᠥᠪᠡᠭᠴᠢᠯᠡᠨ᠎ᠡ᠃ | ︵ᠬᠤᠶᠠᠷ︶ ᠡᠳ᠋ ᠤᠨ ᠢᠷᠡᠯᠲᠡ ᠶᠢ ᠪᠤᠶᠢᠵᠢᠭᠤᠯᠬᠤ ᠡᠷᠴᠢᠮ ᠢ ᠨᠡᠮᠡᠭᠲᠡᠬᠦᠯᠤᠨ᠎ᠡ᠃ ᠡᠳ᠋ ᠤᠨ ᠵᠠᠰᠠᠭ ᠤᠨ | ᠤᠷᠤᠯᠭ᠎ᠠ ᠶᠢᠨ ᠬᠢᠷᠢ ᠬᠡᠮᠵᠢᠶ᠎ᠡ ᠶᠢ ᠴᠢᠷᠮᠠᠶᠢᠨ ᠲᠡᠬᠡᠭᠰᠢᠯᠡᠬᠦᠯᠤᠨ᠎ᠡ᠃ ᠡᠯ᠎ᠡ ᠵᠤᠶᠢᠯ ᠤᠨ ᠬᠠᠷᠠᠭᠠᠯᠵᠠᠯ ᠤᠨ ᠲᠥᠷᠤ | ᠶᠢᠨ ᠪᠤᠲᠤᠯᠭ᠎ᠠ ᠶᠢ ᠨᠠᠶᠢᠲᠠᠪᠤᠷᠢᠵᠢᠭᠤᠯᠵᠤ᠂ ᠠᠵᠢᠯ ᠤᠨ ᠬᠡᠯᠪᠡᠷᠢ ᠳᠤ ᠰᠢᠨ᠎ᠡ ᠶᠢ ᠡᠬᠦᠲᠤᠨ᠂ ᠬᠤᠲᠠᠯᠲᠤᠭᠠᠴᠢᠨ | ᠤᠷᠢᠵᠤ ᠪᠡᠯᠨ ᠤᠷᠤᠭᠤᠯᠬᠤ ᠡᠷᠴᠢᠮ ᠢ ᠶᠡᠬᠡᠰᠬᠡᠨ᠎ᠡ᠃ ᠬᠤᠲᠠᠯᠲᠤᠭᠠᠴᠢᠨ ᠤᠷᠢᠵᠤ ᠪᠡᠯᠨ ᠤᠷᠤᠭᠤᠯᠬᠤ ᠪᠡᠯᠨ | ᠮᠥᠡᠭᠬᠦ ᠶᠢᠨ ᠪᠡᠶᠡᠯᠡᠯᠲᠡ ᠶᠢ ᠲᠡᠬᠡᠭᠰᠢᠯᠡᠬᠦᠯᠤᠨ᠎ᠡ᠃ ᠡᠳ᠋ ᠤᠨ ᠵᠠᠰᠠᠭ ᠤᠨ ᠲᠡᠳᠬᠦᠯᠲᠠ ᠶᠢᠨ ᠲᠥᠷᠤ ᠶᠢᠨ ᠪᠤᠲᠤᠯᠭ᠎ᠠ | ᠶᠢ ᠴᠢᠩᠭ᠎ᠠ ᠬᠡᠷᠡᠭᠵᠢᠬᠦᠯᠵᠤ᠂ ᠪᠡᠯᠨ ᠬᠤᠷᠠᠮᠲᠤᠭᠤᠯᠬᠤ᠂ ᠬᠥᠤ ᠮᠥᠡᠭᠬᠦ ᠬᠠᠪᠰᠤᠷᠭᠠᠬᠤ ᠡᠷᠴᠢᠮ ᠢ ᠶᠡᠬᠡᠰᠬᠡᠨ᠎ᠡ᠃ | ᠡᠬᠢ ᠪᠠᠶᠠᠯᠢᠭ ᠢ ᠲᠤᠬᠢᠷᠠᠭᠤᠯᠬᠤ ᠵᠡᠷᠬᠡ ᠲᠠᠯ᠎ᠠ ᠶᠢᠨ ᠤᠷᠤᠭᠤᠯᠤᠯᠲᠠ ᠶᠢ ᠶᠡᠬᠡᠰᠬᠡᠨ᠂ ᠤᠯᠠᠮᠵᠢᠯᠠᠯᠲᠤ ᠠᠵᠤ ᠤᠶᠢᠯᠡᠰ | ᠢ ᠲᠡᠰ ᠲᠡᠪᠰᠢᠬᠦᠯᠤᠨ ᠥᠬᠡᠷᠡᠴᠢᠯᠡᠨ᠂ ᠥᠷᠢᠰᠤᠯᠲᠤᠬᠡᠨ ᠤ ᠲᠠᠪᠠᠭᠤᠯᠢᠭ ᠢ ᠨᠡᠮᠡᠭᠲᠡᠬᠦᠯᠤᠨ᠂ ᠭᠠᠶᠢᠯᠢ ᠶᠢᠨ | ᠤᠷᠤᠯᠭ᠎ᠠ ᠶᠢᠨ ᠨᠡᠮᠡᠭᠲᠡᠯ ᠢ ᠴᠢᠷᠮᠠᠶᠢᠨ ᠪᠡᠶᠡᠯᠡᠬᠦᠯᠤᠨ᠎ᠡ᠃ | ︵ᠭᠤᠷᠪᠠ︶ ᠲᠡᠬᠡᠷ᠎ᠡ ᠱᠠᠲᠤᠨ ᠠᠴᠠ ᠪᠡᠯᠨ ᠮᠥᠡᠭᠬᠦ ᠤᠯᠬᠤ ᠡᠷᠴᠢᠮ ᠢ ᠶᠡᠬᠡᠰᠬᠡᠨ᠎ᠡ᠃ ᠲᠥᠷᠤᠯ ᠵᠤᠶᠢᠯ ᠢ | ᠤᠷᠤᠭᠤᠯᠬᠤ ᠶᠢ ᠬᠥᠴᠤᠲᠠᠢ ᠠᠳᠬᠤᠨ᠂ ᠠᠵᠤ ᠠᠬᠤᠢ ᠶᠢᠨ ᠬᠥᠭᠵᠢᠯᠲᠠ ᠶᠢ ᠠᠬᠢᠭᠤᠯᠬᠤ ᠶᠢ ᠨᠢᠬᠲᠠ | ᠤᠶᠠᠯᠲᠤᠭᠤᠯᠵᠤ᠂ ᠤᠯᠤᠰ ᠤᠨ ᠠᠵᠤ ᠤᠶᠢᠯᠡᠰ ᠤᠨ ᠲᠡᠮᠵᠢᠯᠬᠡ ᠶᠢᠨ ᠲᠥᠷᠤ ᠶᠢᠨ ᠪᠤᠲᠤᠯᠭ᠎ᠠ ᠶᠢᠨ ᠵᠢᠯᠤᠭᠤᠲᠤᠯᠭ᠎ᠠ | ᠶᠢᠨ ᠲᠤᠭᠤᠷᠢᠨ ᠳᠤ ᠡᠳ᠋ ᠤᠨ ᠵᠠᠰᠠᠭ ᠤᠨ ᠲᠤᠰᠢᠶᠠᠯ ᠬᠠᠷᠢᠭᠤᠴᠠᠯᠭ᠎ᠠ ᠪᠠᠨ ᠬᠥᠢᠴᠡᠤᠨ ᠪᠠᠲᠠᠷᠠᠭᠤᠯᠵᠤ᠂ ᠲᠥᠷᠤ | ᠶᠢᠨ ᠪᠤᠲᠤᠯᠭ᠎ᠠ ᠶᠢᠨ ᠲᠤᠬᠢᠶᠠᠯ ᠢ ᠵᠠᠪᠲᠤᠨ ᠠᠳᠬᠤᠵᠤ᠂ ᠲᠥᠷᠤᠯ ᠵᠤᠶᠢᠯ ᠤᠨ ᠲᠥᠯᠤᠪᠯᠡᠭᠡ ᠶᠢ ᠨᠤᠲᠠᠯᠠᠵᠤ᠂ ᠡᠳ᠋ | ᠤᠨ ᠵᠠᠰᠠᠭ ᠤᠨ ᠪᠡᠯᠨ ᠮᠥᠡᠭᠬᠦ ᠶᠢᠨ ᠵᠢᠯᠤᠭᠤᠲᠤᠯᠭ᠎ᠠ᠂ ᠬᠥᠰᠢᠬᠦᠷᠬᠡ ᠶᠢᠨ ᠥᠷ᠎ᠡ ᠠᠰᠢᠭ ᠢ ᠪᠠᠲᠠᠷᠠᠭᠤᠯᠵᠤ᠂ | ᠲᠥᠷᠤᠯ ᠵᠤᠶᠢᠯ ᠤᠨ ᠬᠠᠮᠢᠶᠠᠷᠤᠯᠲᠠ ᠶᠢ ᠴᠢᠩᠭᠠᠳᠬᠠᠨ᠂ ᠬᠥᠲᠡᠯᠤᠩᠬᠦᠢ ᠬᠢᠨᠠᠨ ᠬᠠᠮᠢᠶᠠᠷᠬᠤ ᠲᠠᠪᠴᠠᠩ ᠢ | ᠪᠠᠶᠢᠭᠤᠯᠵᠤ᠂ ᠲᠥᠷᠤᠯ ᠵᠤᠶᠢᠯ ᠤᠨ ᠡᠷᠲᠡ ᠤᠷᠤᠵᠤ ᠢᠷᠡᠨ᠂ ᠡᠷᠲᠡ ᠥᠷ᠎ᠡ ᠠᠰᠢᠭ ᠭᠠᠷᠭᠠᠬᠤ ᠶᠢ ᠪᠠᠲᠤᠯᠠᠵᠤ᠂ | ᠥᠪᠡᠷᠲᠡᠬᠡᠨ ᠵᠠᠰᠠᠬᠤ ᠤᠷᠤᠨ ᠤ ᠡᠯ᠎ᠡ ᠵᠤᠶᠢᠯ ᠤᠨ ᠠᠵᠤ ᠤᠶᠢᠯᠡᠰ ᠤᠨ ᠵᠢᠯᠤᠭᠤᠲᠤᠯᠭ᠎ᠠ ᠶᠢᠨ ᠰᠠᠭᠤᠷᠢ ᠮᠥᠡᠭᠬᠦ ᠶᠢ | ᠤᠯᠬᠤ ᠡᠷᠴᠢᠮ ᠢ ᠥᠷᠬᠦᠯᠵᠢᠯᠡᠨ ᠶᠡᠬᠡᠰᠬᠡᠨ᠎ᠡ᠃ | ︵ᠲᠥᠷᠪᠡ︶ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ︾ ᠢ ᠬᠥᠡᠵᠡᠬᠡᠢ ᠠᠬᠢᠭᠤᠯᠵᠤ᠂ | ᠬᠥᠲᠡᠭᠡ ᠲᠤᠰᠬᠤᠨ ᠢ ᠬᠦᠭᠵᠢᠬᠦᠯᠦᠨ ᠮᠠᠡᠲᠤᠭᠤᠯᠬᠤ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠤ᠂ ︽ᠪᠤᠷᠤᠩᠬᠤᠢ | ᠶᠢ ᠴᠤᠬᠢᠵᠤ ᠬᠠᠷᠬᠢᠰ ᠢ ᠠᠷᠢᠯᠭᠠᠬᠤ︾ ᠲᠤᠰᠬᠠᠢ ᠵᠠᠰᠠᠯᠲᠠ ᠶᠢᠨ ᠪᠡᠯᠨ ᠮᠥᠡᠭᠬᠦ ᠶᠢᠨ ᠪᠠᠲᠤᠯᠠᠪᠤᠷᠢ ᠶᠢ ᠰᠠᠶᠢᠲᠤᠷ | ᠬᠢᠨ᠎ᠡ᠃ᠡᠳ᠋ ᠤᠨ ᠵᠠᠰᠠᠭ ᠠᠴᠠ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ︾ ᠤ ᠲᠡᠮᠵᠢᠬᠦ ᠮᠥᠡᠭᠬᠦ ᠶᠢ | ᠥᠷᠬᠦᠯᠵᠢᠯᠡᠨ ᠶᠡᠭᠡ ᠬᠡᠮᠵᠢᠶ᠎ᠡ ᠪᠠᠷ ᠨᠡᠮᠡᠭᠲᠡᠬᠦᠯᠵᠤ᠂ ᠲᠠᠷᠢᠶᠠᠯᠠᠩ ᠲᠠᠢ ᠬᠤᠯᠪᠤᠭᠲᠠᠬᠤ ᠪᠡᠯᠨ ᠮᠥᠡᠭᠬᠦ ᠶᠢ ᠨᠡᠶᠢᠳᠬᠡᠬᠦ | ᠶᠢ ᠬᠥᠡᠵᠡᠬᠡᠢ ᠠᠬᠢᠭᠤᠯᠵᠤ᠂ ᠪᠡᠯᠨ ᠮᠥᠡᠭᠬᠦ ᠶᠢᠨ ᠬᠡᠷᠡᠭᠯᠡᠬᠡᠨ ᠤ ᠥᠷ᠎ᠡ ᠠᠰᠢᠭ ᠢ ᠲᠡᠬᠡᠭᠰᠢᠯᠡᠬᠦᠯᠤᠨ᠎ᠡ᠃ ᠡᠳ᠋ ᠤᠨ | ᠵᠠᠰᠠᠭ ᠤᠨ ᠲᠠᠷᠢᠶᠠᠯᠡᠩ ᠢ ᠲᠡᠮᠵᠢᠬᠦ ᠤᠷᠤᠭᠤᠯᠤᠯᠲᠠ ᠶᠢ ᠰᠢᠯᠢᠲᠡᠭᠵᠢᠬᠦᠯᠵᠤ᠂ ᠲᠠᠷᠢᠶᠠᠯᠡᠩ ᠢ ᠲᠡᠮᠵᠢᠬᠦ ᠶᠢ | ᠬᠠᠮᠠᠭᠠᠯᠠᠬᠤ ᠲᠥᠷᠢᠮ ᠢ ᠰᠠᠶᠢᠵᠢᠷᠠᠭᠤᠯᠵᠤ᠂ ᠲᠠᠷᠢᠶᠠᠨ ᠭᠠᠵᠡᠷ ᠤᠨ ᠤᠰᠤᠨ ᠠᠰᠢᠭᠯᠠᠯᠲᠠ ᠶᠢᠨ ᠪᠠᠶᠢᠭᠤᠯᠤᠯᠲᠠ ᠶᠢ | ᠲᠡᠮᠵᠢᠨ᠎ᠡ᠃ ᠡᠯ᠎ᠡ ᠵᠤᠶᠢᠯ ᠤᠨ ᠡᠳ᠋ ᠤᠨ ᠵᠠᠰᠠᠭ ᠤᠨ ᠲᠠᠷᠢᠶᠠᠯᠡᠩ ᠢ ᠬᠠᠷᠠᠭᠠᠯᠵᠠᠬᠤ ᠨᠥᠬᠦᠪᠤᠷᠢ ᠶᠢᠨ ᠲᠥᠷᠤ ᠶᠢᠨ | ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠤᠨ᠎ᠠ᠃ ᠬᠥᠲᠡᠭᠡ ᠲᠤᠰᠬᠤᠨ ᠤ ᠶᠡᠷᠤᠩᠬᠡᠢ ᠥᠬᠡᠷᠡᠴᠢᠯᠡᠯᠲᠡ ᠶᠢ | ᠬᠥᠡᠵᠡᠬᠡᠢ ᠠᠬᠢᠭᠤᠯᠵᠤ᠂ ᠬᠥᠲᠡᠭᠡ ᠲᠤᠰᠬᠤᠨ ᠢ ᠵᠠᠰᠠᠬᠤ ᠰᠢᠰᠲ᠋ᠧᠮ ᠢ ᠪᠥᠷᠢᠲᠤᠬᠦᠯᠬᠦ ᠶᠢ ᠠᠬᠢᠭᠤᠯᠤᠨ᠂ | ᠥᠵᠡᠰᠬᠦᠯᠡᠩᠲᠤ ᠰᠠᠶᠢᠬᠠᠨ ᠬᠥᠲᠡᠭᠡ ᠲᠤᠰᠬᠤᠨ ᠢ ᠪᠥᠲᠤᠬᠡᠨ ᠪᠠᠶᠢᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠮᠵᠢ ᠶᠢᠨ ᠥᠬᠡᠷᠡᠴᠢᠯᠡᠯᠲᠡ ᠶᠢ ᠲᠥᠷᠬᠡᠳᠬᠡᠨ᠂ ᠤᠷᠴᠢᠨ ᠲᠤᠭᠤᠷᠢᠨ ᠤ ᠲᠤᠪᠤᠶᠢᠮ᠎ᠠ | ᠠᠰᠠᠭᠤᠲᠠᠯ ᠢ ᠴᠢᠷᠮᠠᠶᠢᠨ ᠰᠢᠢᠳᠪᠤᠷᠢᠯᠡᠨ᠎ᠡ᠃ ᠵᠠᠰᠠᠭ ᠤᠨ ᠤᠷᠲᠤᠨ ᠤ ᠥᠷᠢᠲᠤᠵᠤ ᠪᠡᠯᠨ ᠬᠤᠷᠠᠮᠲᠤᠭᠤᠯᠬᠤ ᠶᠢ | ᠲᠥᠷᠢᠮᠵᠢᠬᠦᠯᠵᠤ᠂ ᠵᠠᠰᠠᠭ ᠤᠨ ᠤᠷᠲᠤᠨ ᠤ ᠥᠷᠢ ᠰᠢᠷᠢ ᠶᠢᠨ ᠲᠥᠭᠰᠢᠬᠦᠷᠢ ᠶᠢ ᠥᠨᠡᠡᠬᠦ ᠰᠡᠷᠬᠡᠶᠢᠯᠡᠨ᠎ᠡ᠃ ᠶᠤᠰᠤ | ᠵᠢᠷᠤᠮ ᠳᠤ ᠨᠡᠶᠢᠴᠡᠭᠰᠡᠨ ᠥᠷᠢ ᠶᠢᠨ ︽ᠡᠮᠤᠨ᠎ᠡ ᠡᠬᠦᠲᠠ︾ ᠶᠢ ᠰᠠᠶᠢᠲᠤᠷ ᠨᠡᠬᠡᠬᠡᠨ᠂ ᠲᠡᠬᠡᠷ᠎ᠡ ᠱᠠᠲᠤᠨ ᠤ ᠤᠷᠤᠨ | ᠨᠤᠲᠤᠭ ᠤᠨ ᠵᠠᠰᠠᠭ ᠤᠨ ᠤᠷᠲᠤᠨ ᠤ ᠥᠷᠢ ᠶᠢ ᠲᠥᠯᠤᠬᠦ ᠲᠤᠭ᠎ᠠ ᠶᠢᠨ ᠬᠡᠮᠵᠢᠶ᠎ᠡ ᠶᠢ ᠢᠲᠡᠪᠬᠢᠲᠠᠢ ᠤᠯᠵᠤ᠂ | ᠲᠤᠰᠬᠠᠢ ᠲᠥᠷᠤᠯ ᠤᠨ ᠠᠯᠪᠠᠨ ᠵᠢᠬᠡᠯᠡᠯᠬᠡ ᠶᠢᠨ ᠥᠬᠡᠷᠡᠴᠢᠯᠡᠯᠲᠡ ᠶᠢ ᠲᠤᠭᠲᠠᠭᠤᠨ ᠠᠬᠢᠭᠤᠯᠵᠤ᠂ ᠲᠥᠷᠤᠯ ᠵᠤᠶᠢᠯ | ᠤᠨ ᠬᠠᠲᠠᠭᠠᠯᠠᠮᠵᠢ ᠶᠢ ᠰᠠᠶᠢᠲᠤᠷ ᠬᠢᠨ᠎ᠡ᠃ ᠬᠠᠤᠯᠢ ᠶᠤᠰᠤ ᠠᠴᠠ ᠵᠥᠷᠢᠴᠡᠨ ᠥᠷᠢᠲᠤᠬᠦ ︽ᠬᠤᠶᠢᠲᠤ ᠡᠬᠦᠲᠡ︾ ᠶᠢ | ᠪᠥᠭᠯᠡᠵᠤ᠂ ᠵᠠᠰᠠᠭ ᠤᠨ ᠤᠷᠲᠤᠨ ᠤ ᠲᠠᠷᠤᠭᠲᠠᠮᠠᠯ ᠥᠷᠢ ᠶᠢ ᠢᠲᠡᠪᠬᠢᠲᠠᠢ ᠨᠠᠮᠬᠠᠳᠬᠠᠨ᠂ ᠨᠢᠭᠤᠭᠲᠠᠮᠠᠯ ᠴᠢᠨᠠᠷᠲᠠᠢ | ᠡᠯ᠎ᠡ ᠵᠤᠶᠢᠯ ᠤᠨ ᠥᠷᠢ ᠶᠢᠨ ᠨᠡᠮᠡᠭᠲᠡᠯ ᠢ ᠡᠷᠡᠰ ᠲᠥᠭᠵᠢᠬᠦ ᠬᠡᠷᠡᠭᠲᠡᠢ᠃ ᠡᠳ᠋ ᠤᠨ ᠵᠠᠰᠠᠭ ᠤᠨ ᠬᠢᠵᠠᠭᠠᠷᠯᠠᠯ ᠤᠨ | ᠡᠷᠴᠢᠮ ᠢ ᠨᠡᠮᠡᠭᠲᠡᠬᠦᠯᠵᠤ᠂ ᠤᠷᠤᠨ ᠨᠤᠲᠤᠭ ᠤᠨ ᠲᠥᠯᠤᠬᠦ ᠴᠢᠲᠠᠯ ᠬᠥᠢᠴᠡᠬᠦ ᠦᠭᠡᠢ ᠲᠥᠷᠤᠯ ᠵᠤᠶᠢᠯ ᠤᠨ | ᠪᠠᠶᠢᠭᠤᠯᠤᠯᠲᠠ ᠶᠢ ᠪᠥᠲᠤᠮᠵᠢᠲᠠᠢ ᠬᠤᠷᠢᠭᠯᠠᠨ᠎ᠠ᠃ ᠦᠯᠡᠲᠡᠭᠲᠡᠯ ᠥᠷᠢ ᠶᠢ ᠪᠥᠲᠤᠮᠵᠢᠲᠠᠢ ᠨᠠᠮᠬᠠᠳᠬᠠᠨ᠂ ᠥᠷᠢ | ᠰᠢᠷᠢ ᠶᠢ ᠪᠤᠴᠠᠭᠠᠬᠤ ᠶᠢ ᠲᠥᠷᠬᠡᠳᠬᠡᠨ᠎ᠡ᠃ ︽ᠪᠤᠷᠤᠩᠬᠤᠢ ᠶᠢ ᠴᠤᠬᠢᠵᠤ ᠬᠠᠷᠬᠢᠰ ᠢ ᠠᠷᠢᠯᠭᠠᠬᠤ︾ ᠲᠤᠰᠬᠠᠢ | ᠲᠥᠷᠤᠯ ᠤᠨ ᠵᠠᠰᠠᠬᠤ ᠪᠡᠯᠨ ᠮᠥᠡᠭᠦ ᠶᠢᠨ ᠪᠠᠲᠤᠯᠠᠪᠤᠷᠢ ᠶᠢᠨ ᠠᠵᠢᠯ ᠢ ᠰᠠᠶᠢᠲᠤᠷ ᠬᠢᠵᠤ᠂ ᠡᠶ᠎ᠡ ᠨᠠᠶᠢᠷᠠᠮᠲᠠᠭᠤ | ᠲᠤᠭᠲᠠᠭᠤᠨ ᠨᠡᠶᠢᠬᠡᠮ ᠤᠨ ᠪᠠᠶᠢᠲᠠᠯ ᠢ ᠬᠠᠮᠠᠭᠠᠯᠠᠬᠤ ᠬᠡᠷᠡᠭᠲᠡᠢ᠃ | ︵ᠲᠠᠪᠤ︶ ᠡᠳ᠋ ᠤᠨ ᠵᠠᠰᠠᠭ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠶᠤᠰᠤᠭᠠᠷ ᠡᠳ᠋ ᠢ | ᠬᠠᠮᠢᠶᠠᠷᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠤᠨ᠎ᠡ᠃ ᠠᠯᠢᠪᠠ ᠵᠠᠰᠠᠭ ᠤᠨ ᠤᠷᠲᠤᠨ ᠤ ᠴᠢᠨᠠᠷᠲᠠᠢ ᠪᠡᠯᠨ ᠮᠥᠡᠭᠬᠦ | ᠪᠤᠯᠤᠨ ᠡᠳ᠋ ᠤᠨ ᠵᠠᠰᠠᠭ ᠤᠨ ᠡᠷᠬᠢᠯᠲᠡ ᠶᠢᠨ ᠪᠥᠬᠦ ᠶᠠᠪᠤᠴᠠ ᠶᠢ ᠪᠥᠷᠬᠦᠭᠰᠡᠨ ᠬᠢᠨᠠᠯᠲᠠ ᠶᠢᠨ ᠲᠤᠭᠲᠠᠴᠠ ᠶᠢ | ᠪᠥᠷᠢᠨ ᠲᠡᠬᠦᠯᠲᠡᠷ ᠪᠠᠶᠢᠭᠤᠯᠵᠤ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ ᠴᠢᠲᠠᠪᠬᠢ ᠶᠢ ᠲᠡᠬᠡᠭᠰᠢᠯᠡᠬᠦᠯᠵᠤ᠂ | ᠠᠷᠠᠤᠨ ᠤᠨ ᠠᠮᠢᠲᠤᠷᠠᠯ ᠤᠨ ᠪᠡᠯᠨ ᠮᠥᠡᠭᠬᠦ᠂ ᠶᠠᠲᠠᠭᠤ ᠶᠢ ᠲᠡᠳᠬᠦᠬᠦ ᠪᠡᠯᠨ ᠮᠥᠡᠭᠬᠦ᠂ ᠲᠠᠷᠢᠶᠠᠯᠠᠩ ᠮᠠᠯᠵᠢᠬᠤ ᠶᠢ | ᠬᠠᠷᠠᠭᠠᠯᠵᠠᠬᠤ ᠪᠡᠯᠨ ᠮᠥᠡᠭᠬᠦ᠂ ᠭᠤᠤᠯᠲᠠᠯᠭ᠎ᠠ ᠲᠠᠢ ᠠᠵᠢᠯ ᠲᠥᠷᠤᠯ ᠤᠨ ᠨᠢᠬᠲᠠᠯᠠᠨ ᠪᠤᠲᠤᠭᠴᠢ ᠶᠢᠨ ᠰᠤᠷᠠᠭ ᠵᠠᠩᠬᠢ | ᠶᠢᠨ ᠴᠢᠨᠠᠷ᠂ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠤᠨ ᠤᠷᠲᠤᠨ ᠤ ᠬᠤᠲᠠᠯᠲᠤᠨ | ᠠᠪᠬᠤ᠂ ᠤᠯᠤᠰ ᠤᠨ ᠥᠮᠴᠢᠯᠡᠯ ᠤᠨ ᠥᠪ ᠬᠥᠷᠤᠩᠬᠡ ᠶᠢ ᠬᠠᠮᠢᠶᠠᠷᠬᠤ᠂ ᠡᠳ᠋ ᠤᠨ ᠵᠠᠰᠠᠭ ᠤᠨ ᠪᠡᠯᠨ ᠮᠥᠡᠭᠬᠦ ᠶᠢ | ᠡᠷᠬᠡ ᠤᠯᠭᠤᠨ ᠪᠠᠭᠤᠯᠭᠠᠨ ᠥᠭᠬᠦ ᠪᠤᠯᠤᠨ ᠰᠢᠭᠤᠤᠨ ᠥᠭᠬᠦ ᠵᠡᠷᠬᠡ ᠳᠤ ᠬᠢᠨᠠᠯᠲᠠ ᠪᠠᠶᠢᠴᠠᠭᠠᠯᠲᠠ ᠶᠠᠪᠤᠭᠤᠯᠵᠤ᠂ | ᠡᠳ᠋ ᠤᠨ ᠵᠠᠰᠠᠭ ᠤᠨ ᠪᠡᠯᠨ ᠮᠥᠡᠭᠬᠦ ᠶᠢᠨ ᠡᠷᠬᠢᠯᠲᠠ ᠶᠢᠨ ᠠᠮᠤᠷ ᠲᠥᠪᠰᠢᠨ᠂ ᠥᠡᠲᠤᠷ ᠥᠷ᠎ᠡ ᠠᠰᠢᠭ ᠢ ᠪᠠᠲᠤᠯᠠᠨ᠎ᠠ | ᠃ | ︵ᠵᠢᠷᠭᠤᠭ᠎ᠠ︶ ᠲᠥᠰᠤᠪ ᠢ ᠬᠡᠷᠡᠭᠵᠢᠬᠦᠯᠬᠦ ᠬᠠᠮᠢᠶᠠᠷᠤᠯᠲᠠ ᠶᠢ ᠴᠢᠩᠭᠠᠳᠬᠠᠨ ᠬᠢᠷᠢ ᠪᠥᠲᠤᠮᠵᠢ ᠥᠷ᠎ᠡ ᠠᠰᠢᠭ | ᠤᠨ ᠬᠠᠮᠢᠶᠠᠷᠤᠯᠲᠠ ᠶᠢ ᠲᠥᠯᠬᠢᠨ ᠠᠬᠢᠭᠤᠯᠤᠨ᠎ᠠ᠃ ᠬᠠᠤᠯᠢ ᠪᠠᠷ ᠡᠳ᠋ ᠢ ᠬᠠᠮᠢᠶᠠᠷᠬᠤ ᠬᠠᠷᠢᠭᠤᠴᠠᠯᠭᠠᠲᠤ ᠰᠡᠳᠬᠢᠯᠬᠡ | ᠶᠢ ᠨᠡᠮᠡᠭᠲᠡᠬᠦᠯᠤᠨ᠂ ᠡᠳ᠋ ᠤᠨ ᠵᠠᠰᠠᠭ ᠤᠨ ᠲᠤᠮᠤ ᠴᠢᠬᠤᠯᠨ ᠤᠴᠢᠷ ᠶᠠᠪᠤᠲᠠᠯ ᠤᠨ ᠵᠠᠭᠠᠭ ᠤᠨ ᠬᠥᠷᠢᠶ᠎ᠡ ᠶᠢ | ᠲᠤᠲᠤᠷᠬᠠᠶᠢᠯᠠᠵᠤ᠂ ᠬᠠᠤᠯᠢ ᠪᠠᠷ ᠰᠢᠢᠳᠪᠤᠷᠢᠲᠤ ᠪᠤᠲᠤᠯᠭ᠎ᠠ ᠬᠡᠷᠡᠭᠵᠢᠬᠦᠯᠤᠨ᠎ᠡ᠃ ᠭᠠᠶᠢᠯᠢ ᠶᠢᠨ ᠶᠠᠪᠤᠲᠠᠯ ᠤᠨ | ᠰᠠᠯᠠᠭ᠎ᠠ ᠮᠥᠴᠢᠷ ᠤᠨ ᠬᠠᠤᠯᠢ ᠲᠥᠷᠢᠮ ᠢ ᠥᠡᠲᠤᠰᠤᠯᠡᠨ᠂ ᠤᠷᠤᠯᠭ᠎ᠠ ᠶᠢ ᠵᠤᠬᠢᠶᠠᠨ ᠪᠠᠶᠢᠭᠤᠯᠬᠤ ᠶᠢ ᠲᠠᠮᠵᠢᠨ᠂ | ᠬᠤᠷᠢᠶᠠᠪᠠᠯ ᠵᠤᠬᠢᠬᠤ ᠶᠢ ᠡᠷᠬᠡᠪᠰᠢ ᠬᠤᠷᠢᠶᠠᠬᠤ ᠶᠢ ᠪᠠᠲᠤᠯᠠᠨ᠂ ᠬᠠᠭᠤᠷᠮᠠᠭ ᠢᠶᠠᠷ ᠬᠤᠷᠢᠶᠠᠨ ᠬᠤᠭᠤᠰᠤᠨ ᠢᠶᠠᠷ | ᠡᠷᠬᠢᠯᠲᠤᠬᠦ ᠡᠳ᠋ ᠤᠨ ᠵᠠᠰᠠᠭ ᠤᠨ ᠤᠷᠤᠯᠭ᠎ᠠ ᠶᠢ ᠴᠠᠭᠠᠵᠠᠯᠠᠨ᠂ ᠡᠳ᠋ ᠤᠨ ᠵᠠᠰᠠᠭ ᠤᠨ ᠤᠷᠤᠯᠭ᠎ᠠ ᠶᠢᠨ ᠪᠤᠲᠠᠲᠠᠢ | ᠰᠢᠯᠢᠲᠡᠭ ᠢ ᠪᠡᠶᠡᠯᠡᠬᠦᠯᠵᠤ᠂ ᠡᠳ᠋ ᠤᠨ ᠵᠠᠰᠠᠭ ᠤᠨ ᠴᠢᠨᠠᠷ ᠢ ᠲᠡᠬᠡᠭᠰᠢᠯᠡᠬᠦᠯᠤᠨ᠎ᠡ᠃ ᠡᠳ᠋ ᠤᠨ ᠵᠠᠰᠠᠭ ᠤᠨ ᠵᠠᠷᠤᠯᠭ᠎ᠠ | ᠶᠢᠨ ᠬᠠᠷᠢᠭᠤᠴᠠᠯᠭ᠎ᠠ ᠶᠢ ᠲᠤᠲᠤᠷᠬᠠᠶᠢᠯᠠᠵᠤ᠂ ᠵᠠᠷᠤᠯᠭ᠎ᠠ ᠶᠢᠨ ᠠᠬᠢᠴᠠ ᠶᠢ ᠲᠥᠷᠬᠡᠳᠬᠡᠨ᠂ ᠡᠳ᠋ ᠤᠨ ᠵᠠᠰᠠᠭ ᠤᠨ | ᠪᠡᠯᠨ ᠮᠥᠡᠭᠬᠦ ᠶᠢᠨ ᠬᠡᠷᠡᠭᠯᠡᠬᠡᠨ ᠤ ᠥᠷ᠎ᠡ ᠠᠰᠢᠭ ᠢ ᠲᠡᠬᠡᠭᠰᠢᠯᠡᠬᠦᠯᠤᠨ᠎ᠡ︔ ᠤᠯᠤᠰ ᠤᠨ ᠬᠥᠮᠤᠷᠬᠡ ᠠᠴᠠ | ᠲᠥᠪᠯᠡᠷᠡᠬᠦᠯᠤᠨ ᠥᠭᠬᠦ ᠶᠢ ᠴᠢᠩᠭᠠᠯᠠᠵᠤ᠂ ᠵᠠᠰᠠᠭ ᠤᠨ ᠤᠷᠲᠤᠨ ᠠᠴᠠ ᠬᠤᠲᠠᠯᠲᠤᠨ ᠠᠪᠬᠤ ᠪᠤᠯᠤᠨ ᠨᠡᠶᠢᠲᠡ ᠶᠢᠨ | ᠺᠠᠷᠲ ᠢᠶᠠᠷ ᠵᠠᠷᠤᠬᠤ ᠶᠢ ᠴᠢᠩᠭᠠᠯᠠᠨ᠂ ᠡᠳ᠋ ᠤᠨ ᠵᠠᠰᠠᠭ ᠤᠨ ᠲᠤᠰᠬᠠᠢ ᠡᠷᠤᠬᠡ ᠶᠢᠨ ᠪᠡᠯᠨ ᠮᠥᠡᠭᠬᠦ ᠶᠢᠨ | ᠬᠠᠮᠢᠶᠠᠷᠤᠯᠲᠠ ᠶᠢ ᠲᠥᠷᠢᠮᠵᠢᠬᠦᠯᠤᠨᠡ᠃ ᠡᠳ᠋ ᠤᠨ ᠵᠠᠰᠠᠭ ᠤᠨ ᠬᠠᠲᠠᠭᠠᠯᠠᠯᠲᠠ ᠶᠢᠨ ᠪᠡᠯᠨ ᠮᠥᠡᠭᠬᠦ ᠶᠢ ᠠᠮᠢᠲᠤᠯᠢᠭ | ᠪᠤᠯᠭᠠᠬᠤ ᠡᠷᠴᠢᠮ ᠢ ᠴᠢᠩᠭᠠᠳᠬᠠᠨ᠂ ᠥᠯᠡᠲᠡᠪᠤᠷᠢ ᠪᠡᠯᠨ ᠮᠥᠡᠭᠬᠦ ᠶᠢ ᠲᠤᠭᠲᠠᠭᠰᠠᠨ ᠬᠤᠭᠤᠴᠠᠭ᠎ᠠ ᠳᠤ ᠴᠡᠪᠡᠷᠯᠡᠨ | ᠪᠤᠲᠤᠬᠤ ᠲᠤᠭᠲᠠᠴᠠ ᠶᠢ ᠪᠠᠶᠢᠭᠤᠯᠤᠨ᠎ᠠ︔ ᠵᠠᠰᠠᠭ ᠤᠨ ᠤᠷᠲᠤᠨ ᠤ ᠴᠢᠨᠠᠷᠲᠠᠢ ᠥᠷᠢ ᠰᠢᠷᠢ ᠶᠢᠨ ᠬᠠᠮᠢᠶᠠᠷᠤᠯᠲᠠ ᠶᠢ | ᠴᠢᠩᠭᠠᠳᠬᠠᠨ᠂ ᠵᠠᠰᠠᠭ ᠤᠨ ᠤᠷᠲᠤᠨ ᠤ ᠴᠢᠨᠠᠷᠲᠠᠢ ᠥᠷᠢ ᠰᠢᠷᠢ ᠳᠤ ᠬᠡᠪᠴᠢᠶ᠎ᠡ ᠪᠠᠷ ᠬᠢᠵᠠᠭᠠᠷᠯᠠᠬᠤ ᠶᠢ | ᠬᠡᠷᠡᠭᠵᠢᠬᠦᠯᠤᠨ᠂ ᠲᠥᠷᠤᠯ ᠬᠤᠪᠢᠶᠠᠨ ᠲᠥᠰᠤᠪ ᠤᠨ ᠬᠠᠮᠢᠶᠠᠷᠤᠯᠲᠠ ᠳᠤ ᠤᠷᠤᠭᠤᠯᠤᠨ᠂ ︽ᠵᠢᠬᠡᠯᠡᠬᠦ᠂ ᠬᠠᠮᠢᠶᠠᠷᠬᠤ | ᠂ ᠲᠥᠯᠤᠬᠦ︾ ᠨᠢᠬᠡᠲᠤᠮᠠᠯ ᠲᠤᠭᠲᠠᠴᠠ ᠶᠢ ᠪᠥᠷᠢᠨ ᠲᠥᠬᠦᠷ ᠪᠠᠶᠢᠭᠤᠯᠤᠨ᠎ᠠ᠃ ᠥᠷ᠎ᠡ ᠪᠥᠲᠤᠮᠵᠢ ᠥᠷ᠎ᠡ ᠠᠰᠢᠭ ᠤᠨ | ᠬᠠᠮᠢᠶᠠᠷᠤᠯᠲᠠ ᠶᠢ ᠪᠥᠬᠦ ᠲᠠᠯ᠎ᠠ ᠪᠠᠷ ᠲᠡᠯᠬᠡᠷᠡᠬᠦᠯᠵᠤ᠂ ᠰᠤᠷᠠᠭ ᠵᠠᠩᠬᠢᠴᠢᠯᠠᠯᠲᠠ ᠪᠠᠷ ᠲᠤᠯᠭᠠᠭᠤᠷᠢ ᠪᠤᠯᠭᠠᠭᠰᠠᠨ ᠥᠷ᠎ᠡ | ᠪᠥᠲᠤᠮᠵᠢ ᠶᠢ ᠥᠨᠡᠯᠡᠨ ᠠᠲᠠᠯᠢᠳᠬᠠᠬᠤ᠂ ᠥᠪ ᠢ ᠬᠠᠮᠢᠶᠠᠷᠬᠤ᠂ ᠪᠡᠯᠨ ᠤᠷᠤᠭᠤᠯᠬᠤ ᠶᠢ ᠠᠲᠠᠯᠢᠳᠬᠠᠨ ᠬᠢᠨᠠᠬᠤ᠂ | ᠡᠳ᠋ ᠤᠨ ᠵᠠᠰᠠᠭ ᠤᠨ ᠬᠢᠨᠠᠯᠲᠠ ᠲᠠᠯᠪᠢᠬᠤ ᠵᠠᠰᠠᠭ ᠤᠨ ᠤᠷᠲᠤᠨ ᠠᠴᠠ ᠬᠤᠲᠠᠯᠲᠤᠨ ᠠᠪᠬᠤ᠂ ᠤᠯᠤᠰ ᠤᠨ | ᠬᠥᠮᠤᠷᠬᠡ ᠠᠴᠠ ᠲᠥᠪᠯᠡᠷᠡᠬᠦᠯᠤᠨ ᠥᠭᠬᠦ ᠬᠢᠬᠡᠤᠨ ᠲᠥᠰᠤᠪ ᠤᠨ ᠬᠠᠮᠢᠶᠠᠷᠤᠯᠲᠠ ᠤᠷᠭᠠᠨᠢᠭ ᠤᠶᠠᠯᠲᠤᠭᠰᠠᠨ | ᠬᠠᠷᠢᠯᠴᠠᠨ ᠬᠢᠵᠠᠭᠠᠷᠯᠠᠭᠰᠠᠨ ︽ᠵᠢᠷᠭᠤᠭᠠᠨ ᠲᠠᠯ᠎ᠠ ᠶᠢ ᠨᠢᠬᠡ ᠴᠤᠭᠴᠠᠯᠠᠭᠰᠠᠨ︾ ᠡᠳ᠋ ᠤᠨ ᠵᠠᠰᠠᠭ ᠤᠨ ᠡᠷᠬᠢᠯᠲᠡ | ᠬᠠᠮᠢᠶᠠᠷᠤᠯᠲᠠ ᠶᠢᠨ ᠰᠢᠨ᠎ᠡ ᠲᠤᠭᠲᠠᠴᠠ ᠶᠢ ᠰᠥᠪᠡᠭᠴᠢᠯᠡᠨ ᠪᠠᠶᠢᠭᠤᠯᠤᠨ᠎ᠠ᠃ ᠡᠩᠨᠡᠭᠡ ᠶᠢᠨ ᠪᠥᠲᠤᠬᠡᠨ | ᠪᠠᠶᠢᠭᠤᠯᠤᠯᠲᠠ ᠶᠢ ᠴᠢᠩᠭᠠᠳᠬᠠᠨ᠂ ᠺᠠᠳ᠋ᠷ ᠤᠨ ᠬᠠᠷᠢᠭᠤᠴᠠᠯᠭ᠎ᠠ ᠶᠢᠨ ᠤᠬᠠᠮᠰᠠᠷ᠂ ᠤᠶᠢᠯᠡᠴᠢᠯᠡᠬᠡᠨ ᠤ ᠤᠬᠠᠮᠰᠠᠷ᠂ | ᠴᠢᠬᠡᠴᠢ ᠵᠠᠰᠠᠭ ᠤᠨ ᠤᠬᠠᠮᠰᠠᠷ ᠢ ᠨᠡᠮᠡᠭᠲᠡᠬᠦᠯᠤᠨ᠂ ᠠᠵᠢᠯ ᠤᠨ ᠶᠠᠪᠤᠭᠤᠯᠬᠤ ᠬᠥᠴᠤᠨ ᠢ ᠲᠡᠬᠡᠭᠰᠢᠯᠡᠬᠦᠯᠵᠤ᠂ | ᠲᠡᠬᠡᠲᠤ ᠬᠡᠮᠵᠢᠶᠡᠨ ᠤ ᠬᠠᠷᠢᠭᠤᠴᠠᠯᠭᠠᠲᠤ ᠰᠡᠳᠬᠢᠯ ᠪᠤᠯᠤᠨ ᠤᠶᠢᠯᠡᠰ ᠢᠶᠠᠨ ᠲᠡᠬᠡᠵᠢᠯᠡᠬᠦ ᠵᠤᠷᠢᠭ ᠰᠠᠨᠠᠭ᠎ᠠ ᠪᠠᠷ ᠡᠳ᠋ | ᠤᠨ ᠵᠠᠰᠠᠭ ᠤᠨ ᠤᠶᠢᠯᠡᠰ ᠤᠨ ᠡᠷᠡᠬᠦᠯ ᠬᠥᠭᠵᠢᠯᠲᠠ ᠶᠢ ᠴᠢᠷᠮᠠᠶᠢᠨ ᠠᠬᠢᠭᠤᠯᠤᠨ᠎ᠠ᠃ | ᠲᠥᠯᠤᠬᠡᠯᠡᠭᠴᠢᠤᠨ ᠡ᠂ 2019 ᠤᠨ ᠪᠤᠯ ᠰᠢᠨ᠎ᠡ ᠲᠤᠮᠲᠠᠲᠤ ᠤᠯᠤᠰ ᠪᠠᠶᠢᠭᠤᠯᠤᠭᠲᠠᠭᠰᠠᠨ 70 ᠵᠢᠯ ᠤᠨ | ᠤᠢ ᠪᠦᠬᠡᠳ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠵᠠᠩᠬᠢᠯᠠᠭ᠎ᠠ ᠶᠢᠨ ᠵᠢᠯ ᠪᠤᠯᠤᠨ᠎ᠠ᠃ ᠪᠥᠬᠦ | ᠬᠤᠰᠢᠭᠤᠨ ᠤ ᠡᠳ᠋ ᠤᠨ ᠵᠠᠰᠠᠭ ᠤᠨ ᠠᠵᠢᠯ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠲᠤ ᠪᠤᠲᠤᠯᠭ᠎ᠠ ᠶᠢᠨ | ᠪᠠᠶᠢᠷᠢᠰᠢᠭᠤᠯᠤᠯᠲᠠ ᠶᠢᠨ ᠲᠤᠭᠤᠷᠢᠨ ᠳᠤ ᠬᠤᠰᠢᠭᠤᠨ ᠤ ᠠᠷᠠᠤᠨ ᠤᠨ ᠶᠡᠭᠡ ᠬᠤᠷᠠᠯ ᠵᠢᠴᠢ ᠪᠠᠶᠢᠡᠭᠭᠤ ᠶᠢᠨ ᠬᠤᠷᠢᠶ᠎ᠠ | ᠶᠢᠨ ᠰᠢᠢᠳᠪᠤᠷᠢ ᠪᠤᠯᠤᠨ ᠲᠤᠭᠲᠠᠭᠠᠯ ᠢ ᠡᠷᠡᠰ ᠬᠡᠷᠡᠭᠵᠢᠬᠦᠯᠵᠤ᠂ ᠬᠠᠤᠯᠢ ᠴᠠᠭᠠᠵᠨ ᠶᠢᠨ ᠬᠢᠨᠠᠯᠲᠠ ᠪᠤᠯᠤᠨ ᠠᠵᠢᠯ | ᠤᠨ ᠬᠢᠨᠠᠯᠲᠠ ᠶᠢ ᠤᠬᠠᠮᠰᠠᠷ ᠠᠴᠠ ᠪᠠᠨ ᠬᠥᠯᠢᠶᠡᠨ᠂ ᠬᠤᠰᠢᠭᠤᠨ ᠤ ᠤᠯᠤᠰ ᠲᠥᠷᠤ ᠶᠢᠨ ᠵᠥᠪᠯᠡᠯᠬᠡᠨ ᠤ ᠬᠢᠨᠠᠯᠲᠠ | ᠰᠠᠨᠠᠯ ᠪᠤᠯᠤᠨ ᠰᠠᠨᠠᠭᠤᠯᠭ᠎ᠠ ᠶᠢ ᠨᠠᠷᠢᠨ ᠬᠢᠨᠠᠮᠠᠭᠠᠢ ᠬᠤᠷᠢᠶᠠᠨ᠂ ᠵᠤᠷᠢᠭᠲᠠᠢ ᠪᠠᠷ ᠤᠷᠤᠭᠰᠢᠯᠠᠨ᠂ ᠬᠠᠲᠠᠭᠤᠵᠢᠯᠲᠠᠢ | ᠠᠵᠢᠯᠯᠠᠨ᠂ ᠡᠳ᠋ ᠤᠨ ᠵᠠᠰᠠᠭ ᠤᠨ ᠲᠥᠰᠤᠪ ᠤᠨ ᠡᠯ᠎ᠡ ᠵᠤᠶᠢᠯ ᠤᠨ ᠠᠵᠢᠯ ᠢ ᠥᠨᠡᠡᠴᠢ ᠪᠠᠷ ᠰᠠᠶᠢᠲᠤᠷ ᠬᠢᠵᠤ᠂ | ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠥᠷᠬᠦᠯᠵᠢᠯᠡᠨ ᠡᠷᠡᠬᠦᠯ ᠬᠥᠭᠵᠢᠯᠲᠠ ᠶᠢ ᠠᠬᠢᠭᠤᠯᠵᠤ᠂ ᠨᠠᠮ ᠤᠨ | ᠠᠷᠪᠠ ᠶᠢᠰᠤᠲᠤᠬᠡᠷ ᠶᠡᠭᠡ ᠬᠤᠷᠠᠯ ᠳᠤ ᠲᠤᠭᠲᠠᠭᠠᠭᠰᠠᠨ ᠠᠤᠭ᠎ᠠ ᠶᠡᠭᠡ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠶᠢᠨ | ᠲᠥᠯᠤᠬᠡ ᠴᠤᠴᠠᠰᠢ ᠦᠭᠡᠢ ᠲᠡᠮᠡᠴᠡᠶ᠎ᠡ︕ |