ᠰᠤᠷᠪᠤᠯᠵᠢᠯᠠᠭᠰᠠᠨ ᠴᠠᠭ᠄ 2018 ᠤᠨ ᠤ 12 ᠰᠠᠷ᠎ᠠ ᠶᠢᠨ 30 ᠤ ᠡᠳᠦᠷ | ᠰᠤᠷᠪᠤᠯᠵᠢᠯᠠᠭᠰᠠᠨ ᠵᠤᠴᠢᠨ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠤᠷᠳᠤᠨ ᠤ | ᠬᠤᠰᠢᠭᠤᠨ ᠳᠡᠳ᠋ ᠳᠠᠷᠤᠭ᠎ᠠ ᠤᠯᠠᠭᠠᠨᠭᠡᠷᠡᠯ | ᠰᠤᠷᠪᠤᠯᠵᠢᠯᠠᠭᠰᠠᠨ ᠪᠤᠳᠠᠳᠤ ᠲᠡᠮᠳᠡᠭᠯᠡᠯ᠄ | ᠬᠦᠲᠦᠯᠦᠭᠴᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠰᠤᠷᠤᠯᠴᠠᠨ ᠲᠤᠤᠱᠯᠠᠭᠤᠯᠵᠤ᠂ ᠤᠷᠤᠨ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠵᠦᠪ ᠤᠳᠤᠷᠢᠳᠤᠯᠭ᠎ᠠ | ᠳᠤᠤᠷ᠎ᠠ᠂ ᠡᠮᠦᠨᠡᠲᠦ ᠬᠤᠰᠢᠭᠤᠨ ᠤ ᠵᠤᠭᠠᠴᠠᠯ ᠤᠨ ᠦᠢᠯᠡᠰ ᠢ ᠭᠦᠭᠵᠢᠭᠦᠯᠬᠦ ᠲᠠᠯ᠎ᠠ ᠪᠠᠷ ᠤᠯᠠᠭᠠᠨ ᠳᠠᠷᠤᠭ᠎ᠠ ᠲᠠ | ᠶᠠᠮᠠᠷ ᠠᠷᠭ᠎ᠠ ᠬᠡᠮᠵᠢᠶ᠎ᠡ ᠠᠪᠬᠤ ᠭᠡᠵᠤ ᠪᠠᠶᠢᠬᠤ ᠪᠤᠢ︖ | ᠤᠯᠠᠭᠠᠨᠭᠡᠷᠡᠯ᠄ ᠪᠢᠳᠠ ᠪᠦᠬᠦ ᠬᠤᠰᠢᠭᠤᠨ ᠤ ᠮᠦᠰᠦ ᠴᠠᠰᠤᠨ ᠤ ᠵᠤᠭᠠᠴᠠᠯ ᠤᠨ ᠡᠬᠢ ᠪᠠᠶᠠᠯᠢᠭ ᠢ | ᠭᠦᠢᠴᠡᠳ ᠠᠰᠢᠭᠯᠠᠨ ᠨᠢᠭᠲᠠ ᠤᠶᠠᠯᠳᠤᠭᠤᠯᠵᠤ᠂《 ᠮᠦᠰᠦ ᠴᠠᠰᠤ》 ᠪᠠᠷ ᠭᠤᠤᠯ ᠰᠡᠳᠦᠪ ᠪᠤᠯᠭᠠᠨ᠂ ᠲᠡᠭᠦᠨ ᠤ | ᠲᠤᠭᠤᠷᠢᠨ ᠳᠤ ᠡᠪᠤᠯ ᠤᠨ ᠤᠯᠠᠷᠢᠯ ᠤᠨ ᠵᠤᠭᠠᠴᠠᠯ ᠤᠨ ᠦᠢᠯᠡᠰ ᠢ ᠬᠤᠶᠠᠷ ᠲᠠᠯ᠎ᠠ ᠪᠠᠷ ᠲᠦᠯᠬᠢᠨ ᠠᠬᠢᠭᠤᠯᠤᠶ᠎ᠠ | ᠭᠡᠵᠤ ᠲᠦᠰᠦᠪᠯᠡᠵᠤ ᠪᠠᠶᠢᠨ᠎ᠠ᠃ | ᠨᠢᠭᠡ ᠳᠤ᠂ ᠤᠯᠠᠨ ᠲᠦᠷᠦᠯ ᠵᠦᠢᠯ ᠤᠨ ᠵᠤᠭᠠᠴᠠᠯ ᠤᠨ ᠦᠢᠯᠡᠳᠭᠦᠨ ᠢ ᠡᠭᠦᠳᠦᠨ ᠪᠦᠲᠦᠭᠡᠨ᠎ᠡ᠃ ᠡᠩ | ᠲᠡᠷᠢᠭᠦᠨ ᠳᠤ᠂ ᠭᠦᠢᠯᠡᠷ ᠭᠤᠤᠯ ᠤᠨ ᠦᠵᠡᠮᠵᠢ ᠶᠢᠨ ᠪᠦᠰᠡ᠂ ᠬᠤᠷᠴᠢᠨ ᠴᠡᠴᠡᠷᠯᠢᠭ᠂ ᠵᠠᠰᠠᠭᠲᠦ ᠴᠡᠴᠡᠷᠯᠢᠭ ᠢᠶᠠᠷ | ᠲᠠᠪᠴᠠᠩ ᠪᠤᠯᠭᠠᠨ᠂ ᠡᠯ᠎ᠡ ᠲᠦᠷᠦᠯ ᠤᠨ ᠮᠦᠰᠦᠨ ᠳᠡᠭᠡᠷᠡᠬᠢ ᠵᠤᠭ᠎ᠠ ᠴᠠᠩᠭᠡᠯ ᠤᠨ ᠲᠦᠷᠦᠯ ᠵᠦᠢᠯ ᠢ ᠨᠡᠭᠡᠭᠡᠨ | ᠬᠦᠭᠵᠢᠭᠦᠯᠦᠨ᠎ᠡ᠃ ᠡᠬᠦᠨ ᠠᠴᠠ ᠭᠠᠳᠠᠨ᠎ᠠ᠂ 12 ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ ᠬᠠᠮᠤᠭ | ᠲᠤᠮᠤ ᠴᠠᠰᠤᠨ ᠲᠤᠰᠬᠤᠨ ᠳᠠᠬᠢ ᠴᠠᠨᠠᠯᠠᠬᠤ ᠲᠠᠯᠠᠪᠠᠢ ᠵᠢᠩᠭᠢᠨᠢ ᠡᠭᠦᠳᠠ ᠪᠠᠨ ᠨᠡᠭᠡᠭᠡᠵᠤ ᠡᠷᠦᠭᠡ ᠪᠠᠨ ᠰᠡᠭᠡᠭᠡᠪᠡ᠂ | ᠡᠨᠡ ᠪᠤᠯ ᠮᠠᠨ ᠤ ᠬᠤᠰᠢᠭᠤᠨ ᠤ ᠵᠤᠭᠠᠴᠠᠯ ᠤᠨ ᠦᠢᠯᠡᠰ ᠤᠨ ᠦᠷᠨᠢᠨ ᠬᠦᠭᠵᠢᠯᠲᠡ ᠶᠢᠨ ᠲᠠᠯ᠎ᠠ ᠪᠠᠷ ᠬᠢ ᠨᠢᠭᠡᠨ | ᠬᠦᠰᠢᠶ᠎ᠡ ᠲᠤᠷᠠᠰᠬᠠᠯ ᠪᠤᠯᠤᠨ᠎ᠠ᠂ ᠮᠦᠨᠴᠤ ᠮᠠᠨ ᠤ ᠬᠤᠰᠢᠭᠤᠨ ᠤ ᠡᠪᠤᠯ ᠤᠨ ᠤᠯᠠᠷᠢᠯ ᠤᠨ ᠴᠠᠨᠠᠯᠠᠬᠤ ᠬᠦᠳᠡᠯᠭᠡᠭᠡᠨ | ᠤ ᠡᠬᠢᠯᠡᠯᠲᠡ ᠶᠢᠨ ᠴᠢᠬᠤᠯᠠ ᠰᠢᠨᠵᠢ ᠲᠡᠮᠳᠡᠭ ᠪᠤᠯᠤᠨ᠎ᠠ᠃ | ᠬᠤᠶᠠᠷ ᠲᠤ᠂ 12 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠡᠪᠤᠯ ᠤᠨ ᠤᠯᠠᠷᠢᠯ ᠤᠨ | ᠨᠠᠭᠠᠳᠤᠮ ᠤᠨ ᠬᠤᠷᠠᠯ ᠵᠢᠴᠢ ᠤᠯᠠᠭᠠᠨᠮᠤᠳᠤ ᠨᠤᠲᠤᠭ ᠤᠨ ᠡᠪᠤᠯ ᠤᠨ ᠤᠯᠠᠷᠢᠯ ᠤᠨ ᠮᠤᠷᠢᠨ ᠤᠷᠤᠯᠳᠤᠭᠠᠨ ᠤ ᠨᠠᠶᠢᠷ | ᠤᠯᠠᠭᠠᠨᠮᠤᠳᠤ ᠰᠤᠮᠤ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠰ ᠤᠳᠠᠭᠠᠨ ᠤ ᠬᠦᠳᠡᠯᠭᠡᠭᠡᠨ ᠳᠤ ᠮᠤᠩᠭᠤᠯ | ᠦᠨᠳᠦᠰᠦᠲᠡᠨ ᠤ ᠨᠠᠭᠠᠳᠤᠮ ᠤᠨ《 ᠡᠷ᠎ᠠ ᠶᠢᠨ ᠭᠤᠷᠪᠠᠨ ᠨᠠᠭᠠᠳᠤᠮ》 ᠵᠡᠷᠭᠡ ᠤᠯᠠᠮᠵᠢᠯᠠᠯᠲᠦ ᠪᠡᠶ᠎ᠡ ᠲᠠᠮᠢᠷ ᠤᠨ | ᠲᠦᠷᠦᠯ ᠵᠦᠢᠯ ᠪᠤᠯᠤᠨ ᠮᠤᠩᠭᠤᠯ ᠦᠨᠳᠦᠰᠦᠲᠡᠨ ᠤ ᠬᠤᠪᠴᠠᠰᠤ ᠵᠠᠰᠠᠯ᠂ ᠴᠠᠭᠠᠨ ᠢᠳᠡᠭᠡᠨ᠂ ᠠᠳᠤᠭᠤᠨ ᠰᠤᠶᠤᠯ᠂ | ᠠᠳᠤᠭᠤᠨ ᠡᠳᠡᠯᠡᠯ ᠪᠠ ᠮᠤᠩᠭᠤᠯ ᠤᠯᠤᠰ ᠤᠨ ᠠᠷᠠᠰᠤᠨ ᠡᠳᠡᠯᠡᠯ ᠤᠨ ᠦᠵᠡᠰᠭᠦᠯᠡᠩ ᠵᠡᠷᠭᠡ ᠲᠡᠯᠭᠡᠨ | ᠪᠤᠷᠤᠯᠠᠭᠤᠯᠤᠯᠲᠠ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠤᠨᠴᠠ ᠭᠠᠷᠤᠯᠲᠠ ᠶᠢᠨ ᠦᠵᠡᠭᠦᠯᠦᠯᠭᠡ ᠪᠠᠷ ᠳᠠᠮᠵᠢᠨ | ᠵᠤᠭᠠᠴᠠᠭᠰᠠᠳ ᠲᠤ ᠦᠨᠳᠦᠰᠦᠲᠡᠨ ᠤ ᠵᠠᠩ ᠦᠢᠯᠡ ᠢ ᠨᠢᠳᠦ ᠳᠦᠭᠦᠷᠡᠲᠡᠯ᠎ᠡ ᠰᠡᠳᠬᠢᠯ ᠬᠠᠨᠤᠲᠠᠯ᠎ᠠ ᠰᠤᠨᠢᠷᠬᠠᠭᠤᠯᠪᠠ᠃ | | ᠬᠦᠲᠦᠯᠦᠭᠴᠢ᠄ 2019 ᠤᠨ ᠤ ᠰᠢᠨ᠎ᠡ ᠨᠢᠭᠡᠨ ᠵᠢᠯ ᠳᠡᠭᠡᠨ ᠤᠯᠠᠭᠠᠨ ᠳᠠᠷᠤᠭ᠎ᠠ ᠲᠠ ᠬᠡᠷᠬᠢᠨ | ᠲᠦᠰᠦᠪᠯᠡᠵᠤ ᠪᠠᠶᠢᠬᠤ ᠪᠤᠢ︖ | ᠤᠯᠠᠭᠠᠨᠭᠡᠷᠡᠯ᠄ ᠤᠶᠢᠷ᠎ᠠ ᠶᠢᠨ ᠡᠳᠦᠷ ᠤᠳ ᠲᠤ᠂ ᠪᠢᠳᠠ ᠦᠷᠬᠦᠯᠵᠯᠡᠨ ᠡᠪᠤᠯ ᠤᠨ ᠤᠯᠠᠷᠢᠯ ᠤᠨ ᠵᠤᠭᠠᠴᠠᠯ | ᠤᠨ ᠨᠠᠶᠢᠷ ᠢ ᠪᠡᠯᠭᠡᠯᠡᠬᠦ ᠬᠦᠳᠡᠯᠭᠡᠭᠡᠨ ᠶᠠᠪᠤᠭᠳᠠᠭᠤᠯᠤᠨ᠎ᠠ᠃ ᠭᠤᠤᠯᠳᠠᠭᠤ《 ᠶᠦᠩ ᠹᠧᠩ ᠤᠨ ᠡᠪᠤᠯ ᠤᠨ ᠤᠯᠠᠷᠢᠯ | ᠳᠠᠬᠢ ᠵᠢᠭᠠᠰᠤ ᠠᠩᠨᠠᠬᠤ ᠬᠦᠳᠡᠯᠭᠡᠭᠡᠨ᠂ ᠴᠠᠷᠠᠰᠤᠨ ᠤ ᠡᠪᠤᠯ ᠤᠨ ᠤᠯᠠᠷᠢᠯ ᠤᠨ ᠵᠢᠭᠠᠰᠤ ᠠᠩᠨᠠᠬᠤ ᠰᠤᠶᠤᠯ | ᠵᠤᠭᠠᠴᠠᠯ ᠤᠨ ᠨᠠᠶᠢᠷ᠂ ᠴᠠᠷᠠᠰᠤᠨ ᠤ ᠠᠨᠳᠠ ᠶᠢᠨ ᠨᠠᠶᠢᠷ ᠵᠢᠴᠢ ᠡᠪᠤᠯ ᠤᠨ ᠤᠯᠠᠷᠢᠯ ᠤᠨ ᠨᠠᠭᠠᠳᠤᠮ ᠤᠨ ᠬᠤᠷᠠᠯ | 》 ᠵᠡᠷᠭᠡ ᠶᠢ ᠪᠠᠭᠲᠠᠭᠠᠨ᠎ᠠ᠃ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠪᠠᠭ᠎ᠠ ᠰᠢᠨ᠎ᠡ ᠤ ᠡᠳᠦᠷ᠂ ᠬᠤᠲᠠ | ᠳᠤ ᠰᠠᠭᠤᠭ᠎ᠠ ᠮᠤᠩᠭᠤᠯ ᠦᠨᠳᠦᠰᠦᠲᠡᠨ ᠤ ᠭᠠᠯ ᠤᠨ ᠲᠠᠬᠢᠯᠭ᠎ᠠ ᠶᠢᠨ ᠬᠦᠳᠡᠯᠭᠡᠭᠡᠨ᠂ ᠪᠠᠰᠠ ᠨᠢᠭᠡ ᠰᠠᠷ᠎ᠠ | ᠦᠷᠬᠦᠯᠵᠢᠯᠡᠬᠦ ᠰᠢᠨ᠎ᠡ ᠵᠢᠯ ᠢᠶᠠᠨ ᠤᠭᠲᠤᠬᠤ ᠳ᠋ᠧᠩ ᠤᠨ ᠴᠤᠭᠯᠠᠭᠠᠨ ᠶᠠᠪᠤᠭᠳᠠᠭᠤᠯᠬᠤ ᠭᠡᠵᠤ ᠪᠤᠢ᠃ ᠡᠭᠦᠨ ᠠᠴᠠ | ᠭᠠᠳᠠᠨ᠎ᠠ᠂ ᠲᠠᠷᠢᠶᠠᠯᠠᠩ ᠤᠨ ᠲᠠᠯᠠᠪᠠᠢ ᠶᠢ ᠠᠰᠢᠭᠯᠠᠨ ᠡᠪᠤᠯ ᠤᠨ ᠤᠯᠠᠷᠢᠯ ᠤᠨ ᠵᠢᠮᠢᠰ ᠲᠡᠭᠦᠬᠦ ᠪᠠ ᠡᠪᠦᠯᠵᠢᠶᠡᠨ ᠤ | ᠬᠦᠳᠡᠯᠭᠡᠭᠡᠨ ᠵᠡᠷᠭᠡ ᠶᠢ ᠦᠷᠨᠢᠭᠦᠯᠦᠨ᠎ᠡ᠃ | ᠳᠡᠭᠡᠷᠡᠬᠢ ᠡᠳᠡᠭᠡᠷ ᠡᠪᠤᠯ ᠤᠨ ᠤᠯᠠᠷᠢᠯ ᠳᠠᠬᠢ ᠵᠤᠭᠠᠴᠠᠯ ᠤᠨ ᠦᠢᠯᠡᠳᠭᠦᠨ ᠪᠤᠯᠤᠨ ᠵᠤᠭᠠᠴᠠᠯ ᠤᠨ ᠨᠠᠶᠢᠷ ᠤᠨ | ᠬᠦᠳᠡᠯᠭᠡᠭᠡᠨ ᠢᠶᠠᠷ ᠳᠠᠮᠵᠢᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠵᠤ᠂ ᠠᠵᠢᠯ ᠤᠨ | ᠴᠢᠯᠦᠭᠡᠨ ᠤ ᠰᠤᠶᠤᠯ ᠤᠨ ᠠᠮᠢᠳᠤᠷᠠᠯ ᠢ ᠡᠯᠪᠡᠭᠵᠢᠭᠦᠯᠵᠤ᠂《 ᠡᠪᠤᠯ ᠤᠨ ᠰᠡᠯᠡᠭᠦᠤ ᠴᠠᠭ ᠢ ᠲᠠᠯᠠᠭᠠᠷ ᠦᠩᠭᠡᠷᠡᠭᠦᠯᠬᠦ | ᠦᠭᠡᠢ 》ᠪᠠᠶᠢᠯᠭᠠᠵᠤ᠂《 ᠴᠠᠰᠤᠨ ᠳᠡᠯᠡᠭᠡᠢ ᠮᠦᠩᠭᠦᠨ ᠶᠢᠷᠲᠢᠨᠴᠤ ᠴᠦ ᠠᠯᠲᠠ ᠮᠦᠩᠭᠦᠨ ᠠᠭᠤᠯᠠ》ᠭᠡᠳᠡᠭ | ᠦᠵᠡᠯᠲᠡ ᠶᠢ ᠪᠤᠲᠠᠲᠠᠢ ᠦᠢᠯᠡᠳᠦᠯᠭᠡᠵᠢᠭᠦᠯᠵᠤ᠂ ᠵᠤᠭᠠᠴᠠᠯ ᠤᠨ ᠦᠢᠯᠡᠰ ᠪᠠ ᠡᠷᠡᠭᠦᠯ ᠢᠶᠠᠷ ᠬᠦᠭᠵᠢᠬᠦ᠂ ᠠᠵᠤ | ᠦᠢᠯᠡᠰ ᠤᠨ ᠳᠡᠰ ᠳᠠᠪᠰᠢᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠤᠯᠠᠨ ᠬᠠᠷᠠᠯᠲᠠ ᠶᠢ ᠠᠭᠠᠵᠢᠮ ᠢᠶᠠᠷ | ᠪᠡᠶᠡᠯᠡᠭᠦᠯᠬᠦ ᠭᠡᠵᠤ ᠪᠤᠢ᠃ | |