ᠰᠤᠷᠪᠤᠯᠵᠢᠯᠠᠭᠰᠠᠨ ᠴᠠᠭ᠄ 2018 ᠤᠨ ᠤ 12 ᠰᠠᠷ᠎ᠠ ᠶᠢᠨ 30 ᠤ ᠡᠳᠦᠷ | ᠰᠤᠷᠪᠤᠯᠵᠢᠯᠠᠭᠰᠠᠨ ᠵᠤᠴᠢᠨ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠰᠢᠭᠤᠨ ᠳᠡᠳ᠋ ᠳᠠᠷᠤᠭ᠎ᠠ | ᠵᠸᠤ ᠸᠧᠨ | ᠰᠤᠷᠪᠤᠯᠵᠢᠯᠭ᠎ᠠ ᠶᠢᠨ ᠪᠤᠳᠠᠳᠤ ᠲᠡᠮᠳᠡᠭᠯᠡᠯ᠄ | ᠬᠦᠳᠦᠯᠦᠭᠴᠢ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠨᠠᠶᠢᠳᠠᠪᠤᠷᠢᠵᠢᠭᠤᠯᠵᠤ᠂ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠤᠯᠤᠨ | ᠶᠠᠳᠠᠭᠤ ᠶᠢ ᠳᠡᠳᠭᠦᠵᠤ ᠨᠡᠭᠡᠭᠡᠨ ᠠᠰᠢᠭᠯᠠᠬᠤ ᠲᠠᠯ᠎ᠠ ᠪᠠᠷ ᠵᠸᠤ ᠳᠠᠷᠤᠭ᠎ᠠ ᠲᠠ ᠶᠠᠮᠠᠷ ᠠᠷᠭ᠎ᠠ ᠬᠡᠮᠵᠢᠶ᠎ᠡ ᠠᠪᠬᠤ ᠭᠡᠵᠤ | ᠪᠤᠢ︖ 2018 ᠤᠨ ᠤ ᠦᠩᠭᠡᠷᠡᠭᠰᠡᠨ ᠨᠢᠭᠡ ᠵᠢᠯ ᠳᠤ ᠶᠠᠮᠠᠷ ᠬᠡᠳᠦᠨ ᠲᠠᠯ᠎ᠠ ᠪᠠᠷ ᠠᠮᠵᠢᠯᠲᠠ ᠤᠯᠤᠭᠰᠠᠨ ᠪᠤᠢ︖ | | ᠵᠸᠤ ᠸᠧᠨ᠄ ᠲᠠ ᠨᠠᠷ ᠰᠠᠶᠢᠨ ᠪᠠᠶᠢᠨ᠎ᠠ ᠤᠤ︖ ᠪᠢ ᠪᠤᠯ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠶᠠᠳᠠᠭᠤ ᠶᠢ ᠳᠡᠳᠭᠦᠭᠦ ᠨᠡᠭᠡᠭᠡᠨ ᠠᠰᠢᠭᠯᠠᠬᠤ᠂ ᠤᠢ ᠰᠢᠭᠤᠢ ᠲᠠᠯ᠎ᠠ | ᠨᠤᠲᠤᠭ ᠤᠨ ᠭᠠᠯ ᠤᠨ ᠠᠶᠤᠯ ᠢ ᠰᠡᠷᠭᠡᠶᠢᠯᠡᠬᠦ ᠵᠡᠷᠭᠡ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠡᠳ᠋ | ᠳᠠᠷᠤᠭ᠎ᠠ ᠶᠤᠮ᠃ ᠲᠤᠤᠷ᠎ᠠ ᠪᠢ ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠬᠡᠳᠤᠨ ᠲᠠᠯ᠎ᠠ ᠪᠠᠷ ᠳᠦᠭᠦᠮᠴᠢᠯᠡᠨ | ᠶᠠᠷᠢᠶ᠎ᠠ᠄ | 2018 ᠤᠨ᠂ ᠪᠢᠳᠠᠨ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠪᠠᠶᠢᠭᠤᠯᠤᠮᠵᠢ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠤᠯ ᠰᠡᠳᠦᠪ ᠪᠤᠯᠭᠠᠨ᠂ 《ᠲᠠᠪᠤᠨ ᠶᠡᠭᠡ ᠳᠠᠪᠠᠭᠤᠯᠢᠭ | ᠠᠵᠤ ᠦᠢᠯᠡᠰ ᠤᠨ ᠴᠢᠳᠠᠮᠵᠢ ᠶᠢᠨ ᠣᠷᠣᠨ》 ᠢᠶᠠᠷ ᠠᠴᠢᠶᠠᠯᠠᠪᠤᠷᠢ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠠᠢ᠃ | ᠨᠢᠭᠡ ᠳᠤ᠂ ᠲᠠᠷᠢᠮᠠᠯ ᠶᠢᠨ ᠦᠢᠯᠡᠰ ᠶᠢᠨ ᠶᠠᠰᠤ ᠴᠢᠨᠠᠷ ᠤᠨ ᠳᠡᠭᠡᠭᠰᠢᠯᠡᠯᠲᠡ ᠪᠦᠲᠦᠮᠵᠢ ᠰᠠᠶᠢᠲᠠᠢ᠃ ᠪᠦᠬᠦ | ᠬᠤᠰᠢᠭᠤᠨ ᠤ 287.3 ᠲᠦᠮᠡᠨ ᠮᠤ᠋ ᠭᠠᠵᠠᠷ ᠰᠢᠷᠣᠶ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ | ᠠᠵᠢᠯ ᠢ ᠪᠦᠬᠦᠨ ᠢ ᠳᠠᠭᠤᠰᠬᠠᠵᠤ᠂ 77 ᠲᠦᠮᠡᠨ ᠮᠤ᠋ ᠭᠠᠵᠠᠷ ᠰᠢᠷᠤᠢ ᠶᠢ ᠡᠷᠬᠢᠯᠲᠡ ᠳᠤ ᠤᠷᠤᠭᠤᠯᠵᠤ᠂ 13.5 | ᠲᠦᠮᠡᠨ ᠮᠤ᠋ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠠᠮᠤ ᠪᠤᠳᠠᠭᠠᠨ ᠤ ᠤᠨᠠᠯᠲᠠ | 30 ᠳ᠋ᠤᠩᠰᠢᠭᠤᠷ ᠵᠢᠩ ᠲᠤᠯᠵᠠᠢ᠃ | ᠬᠤᠶᠠᠷ ᠲᠤ᠂ ᠲᠡᠵᠢᠭᠡᠨ ᠦᠷᠡᠵᠢᠭᠦᠯᠬᠦ ᠦᠢᠯᠡᠰ ᠤᠨ ᠦᠷ᠎ᠡ ᠠᠰᠢᠭ ᠤᠨ ᠳᠠᠬᠢᠨ ᠨᠡᠮᠡᠭᠳᠡᠯ ᠳᠣᠪᠤᠶᠢᠮ᠎ᠠ | ᠠᠮᠵᠢᠯᠲᠠ ᠣᠯᠪᠠ᠃ ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠶᠢᠨ ᠶᠡᠷᠦᠩᠭᠡᠢ ᠲᠤᠭ᠎ᠠ 427.8 ᠲᠦᠮᠡᠨ | ︵ᠲᠤᠯᠤᠭᠠᠢ︶ ᠲᠤᠯᠵᠤ᠂ ᠰᠢᠨ᠎ᠡ ᠨᠡᠮᠡᠭᠳᠡᠭᠰᠡᠨ ᠠᠯᠠᠰᠢᠨ ᠦᠭᠡᠷ ᠤᠨ ᠲᠤᠭ᠎ᠠ 1.5 ᠲᠦᠮᠡᠨ ︵ᠲᠤᠯᠤᠭᠠᠢ︶ ᠲᠤᠯᠵᠠᠢ᠃ | | ᠭᠤᠷᠪᠠ ᠳᠤ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠬᠤ ᠠᠬᠢᠴᠠ ᠡᠳᠦᠷ ᠢᠷᠡᠬᠦᠶ᠎ᠡ ᠰᠢᠨᠡᠳᠦᠨ | ᠬᠦᠭᠵᠢᠵᠡᠢ᠃《 ᠠᠮᠤ᠂ ᠨᠤᠭᠤᠭ᠎ᠠ᠂ ᠲᠤᠰᠤ᠂ ᠰᠢᠬᠢᠷ》᠂《 ᠭᠠᠭ᠋ᠠᠢ᠂ ᠵᠢᠭᠦᠷᠲᠡᠨ᠂ ᠦᠭᠡᠷ᠂ ᠬᠤᠨᠢ》ᠵᠡᠷᠭᠡ | ᠳᠠᠪᠠᠭᠤᠯᠢᠭ ᠠᠵᠤ ᠦᠢᠯᠡᠰ ᠤᠨ ᠲᠤᠭᠤᠷᠢᠨ ᠳᠤ ᠭᠠᠷᠤᠯᠲᠠ ᠶᠢᠨ ᠦᠶ᠋ᠯᠡᠳᠪᠦᠷᠢᠯᠡᠯ ᠤᠨ ᠪᠠᠷᠢᠮᠵᠢᠶ᠎ᠠ 136 ᠲᠦᠷᠦᠯ | ᠵᠦᠢᠯ ᠢ ᠬᠡᠷᠡᠭᠵᠢᠭᠦᠯᠵᠤ᠂ ᠳᠠᠷᠢᠵᠤ ᠲᠡᠵᠢᠭᠡᠬᠦ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠣᠷᠣᠨ 11 ᠪᠠᠶᠢᠭᠤᠯᠵᠠᠢ᠃ | ᠳᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠠᠯ᠎ᠠ ᠪᠠᠷ᠂ ᠭᠤᠤᠯ | ᠬᠠᠷᠢᠭᠤᠴᠠᠯᠭᠠᠳᠠᠨ ᠦᠪᠡᠷ ᠢᠶᠠᠨ ᠠᠳᠬᠤᠬᠤ᠂ ᠪᠦᠬᠦ ᠬᠤᠰᠢᠭᠤᠨ ᠤ ᠬᠦᠴᠦᠨ ᠳᠤ ᠲᠦᠰᠢᠭᠯᠡᠨ᠂ ᠪᠦᠬᠦ ᠠᠷᠠᠳ | ᠤᠨ ᠤᠶᠤᠨ ᠢ ᠲᠦᠪᠯᠡᠷᠡᠭᠦᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ《 | ᠬᠤᠶᠠᠳᠡᠭᠢ ᠳᠠᠶᠢᠨ ᠤ ᠢᠯᠡᠯᠲᠠ》 ᠶᠢ ᠲᠡᠮᠡᠴᠡᠨ ᠤᠯᠵᠠᠢ᠃ ᠡᠳ᠋ ᠤᠨ ᠵᠠᠰᠠᠭ ᠤᠨ ᠲᠥᠰᠦᠪ ᠳᠠᠬᠢ ᠶᠠᠳᠠᠭᠤ ᠶᠢ | ᠲᠡᠳᠬᠦᠬᠦ ᠪᠡᠯᠡ ᠮᠥᠩᠭᠦ 5686 ᠲᠦᠮᠡᠨ ᠲᠦᠭᠦᠷᠢᠭ ᠲᠤᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠳᠤ | ᠬᠤᠯᠪᠤᠭᠳᠠᠭᠰᠠᠨ ᠪᠡᠯᠡ ᠮᠦᠩᠭᠦ ᠶᠢ 1.82 ᠳ᠋ᠦᠩᠰᠢᠭᠤᠷ ᠲᠦᠭᠦᠷᠢᠭ ᠡᠮᠬᠢᠯᠡᠨ ᠨᠡᠶᠢᠯᠡᠭᠦᠯᠵᠤ᠂ ᠪᠦᠬᠦᠨ ᠢ | ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠦᠢᠯᠡᠰ ᠲᠤ ᠬᠡᠷᠡᠭᠯᠡᠵᠡᠢ᠃ ᠠᠵᠤ ᠦᠢᠯᠡᠰ ᠤᠨ ᠪᠠᠶᠢᠳᠠᠯ ᠢ | ᠦᠨᠳᠦᠰᠦᠯᠡᠨ ᠠᠷᠭ᠎ᠠ ᠪᠤᠳᠤᠯᠭ᠎ᠠ ᠬᠡᠷᠡᠭᠵᠢᠭᠦᠯᠵᠦ ᠨᠡᠶᠢᠲᠡ 1.84 ᠳ᠋ᠦᠩᠰᠢᠭᠤᠷ ᠲᠦᠭᠦᠷᠢᠭ ᠪᠡᠯᠡ ᠮᠥᠩᠭᠦ | ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ《 ᠪᠦᠬᠦᠨ ᠢ ᠪᠦᠷᠬᠦᠭᠦᠯᠬᠦ》 ᠶᠢ ᠪᠡᠶᠡᠯᠡᠭᠦᠯᠵᠡᠢ᠃ | ᠬᠦᠳᠦᠯᠦᠭᠴᠢ᠄ ᠵᠸᠤ ᠳᠠᠷᠤᠭ᠎ᠠ ᠲᠠ 2019 ᠤᠨ ᠤ ᠠᠵᠢᠯ ᠢᠶᠠᠨ ᠬᠡᠷᠬᠢᠨ ᠲᠦᠰᠦᠪᠯᠡᠵᠤ ᠪᠠᠶᠢᠬᠤ | ᠲᠤᠬᠠᠢ ᠶᠠᠷᠢᠭᠠᠳ ᠦᠭᠬᠦ ᠪᠤᠯᠪᠠ ᠤᠤ︖ | ᠵᠸᠤ ᠸᠧᠨ᠄ 2019 ᠤᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠬᠡᠷᠡᠭᠵᠢᠭᠦᠯᠬᠦ ᠪᠠᠷ ᠰᠢᠨ᠎ᠡ ᠴᠠᠭ ᠦᠶ᠎ᠡ ᠶᠢᠨ《 ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ》 ᠤ | ᠠᠵᠢᠯ ᠤᠨ ᠶᠡᠷᠦᠩᠬᠡᠢ ᠭᠠᠷᠳᠠᠴᠠ ᠪᠤᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠦᠬᠦ ᠲᠠᠯ᠎ᠠ ᠶᠢᠨ | ᠲᠡᠰ ᠲᠡᠪᠰᠢᠯᠳᠡ᠂ ᠲᠠᠷᠢᠶᠠᠯᠠᠬᠤ ᠮᠠᠯᠵᠢᠬᠤ ᠣᠷᠣᠨ ᠤ ᠪᠦᠬᠦ ᠲᠠᠯ᠎ᠠ ᠶᠢᠨ ᠲᠠᠪᠰᠢᠯᠳᠠ᠂ ᠮᠠᠯᠴᠢᠨ ᠲᠠᠷᠢᠶᠠᠴᠢᠨ ᠤ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ | ᠨᠢᠭᠡ ᠳᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰ ᠤᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠦᠨ᠎ᠡ᠃《ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠪᠡᠯᠡ ᠮᠦᠩᠭᠦ ᠪᠠᠨ ᠨᠡᠮᠡᠭᠳᠡᠭᠦᠯᠵᠤ ᠲᠡᠵᠢᠭᠡᠯ | ᠪᠣᠷᠳᠤᠭ᠎ᠠ ᠶᠢ ᠥᠷᠭᠡᠳᠬᠡᠬᠦ》ᠠᠵᠢᠯ ᠤᠨ ᠳᠤᠭᠤᠷᠢᠨ ᠳᠤ᠂ ᠲᠠᠷᠢᠮᠠᠯ ᠤᠨ ᠪᠦᠲᠦᠴᠡ ᠶᠢ ᠲᠠᠰᠤᠷᠤᠯᠲᠠ ᠦᠭᠡᠢ | ᠰᠢᠯᠢᠳᠡᠭᠵᠢᠭᠦᠯᠵᠤ᠂ ᠠᠮᠤ ᠪᠤᠳᠠᠭ᠎ᠠ ᠶᠢᠨ ᠳᠠᠷᠢᠬᠤ ᠲᠠᠯᠠᠪᠠᠢ ᠶᠢ 330 ᠲᠦᠮᠡᠨ ᠮᠤ᠋ ᠪᠠᠶᠢᠯᠭᠠᠵᠤ᠂ ᠤᠨᠠᠯᠲᠠ ᠨᠢ | 30 ᠳ᠋ᠤᠩᠰᠢᠭᠤᠷ ᠵᠢᠩ ᠢ ᠪᠠᠲᠤᠯᠠᠬᠤ ᠭᠡᠷᠡᠭᠲᠡᠢ᠃《 ᠠᠮᠤ ᠪᠤᠳᠠᠭᠠᠨ ᠤ ᠦᠢᠯᠡᠰ》 ᠢ ᠴᠢᠩᠭ᠎ᠠ ᠠᠳᠬᠤᠵᠤ᠂ | ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ ᠲᠤᠭᠳᠠᠭᠤᠨ ᠪᠤᠯᠭᠠᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ | ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ 3 ᠲᠦᠮᠡᠨ ᠮᠤ᠋ ᠤᠰᠤᠨ ᠳᠤᠲᠤᠷᠭ᠎ᠠ ᠶᠢ ᠰᠢᠨ᠎ᠡ ᠪᠠᠷ | ᠬᠦᠭᠵᠢᠭᠦᠯᠵᠤ᠂ ᠶᠡᠷᠦᠩᠭᠡᠢ ᠤᠨᠠᠯᠲᠠ ᠨᠢ 10 ᠲᠦᠮᠡᠨ ᠳᠤᠨ ᠲᠤᠯᠭᠠᠨ᠎ᠠ᠃ | ᠬᠤᠶᠠᠷ ᠲᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ | ᠪᠠᠲᠤᠳᠬᠠᠵᠤ᠂ 23 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 17 | ᠲᠦᠮᠡᠨ ᠮᠤ᠋ ᠤᠰᠤ ᠠᠷᠪᠢᠯᠠᠬᠤ ᠤᠰᠤᠯᠠᠯᠲᠠ ᠶᠢ ᠬᠥᠭᠵᠢᠭᠦᠯᠦᠨ᠎ᠡ᠃ 《ᠲᠠᠪᠤᠨ ᠶᠡᠭᠡ ᠳᠠᠪᠠᠭᠤᠯᠢᠭ ᠠᠵᠤ | ᠦᠢᠯᠡᠰ》 ᠢ ᠦᠷᠭᠦᠯᠵᠢᠯᠡᠨ ᠲᠡᠭᠦᠯᠳᠡᠷᠵᠢᠭᠦᠯᠵᠦ᠂ ᠬᠥᠲᠥᠯᠦᠨ ᠵᠢᠯᠣᠭᠤᠳᠴᠤ ᠪᠠᠶᠢᠭᠠᠳ ᠮᠠᠯᠵᠢᠬᠤ ᠲᠠᠷᠢᠶᠠᠯᠠᠬᠤ | ᠡᠷᠦᠬᠡ ᠶᠢᠨ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠬᠠᠳᠤᠯᠠᠩ ᠪᠡᠯᠴᠢᠭᠡᠷ ᠤᠨ ᠬᠤᠪᠢ ᠣᠷᠣᠭᠤᠯᠬᠤ᠂ | ᠮᠡᠯ ᠤᠨᠤᠭ᠎ᠠ ᠶᠢ ᠨᠢ ᠨᠠᠶᠢᠳᠠᠯᠭ᠎ᠠ ᠪᠠᠷ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠪᠴᠢᠶᠡᠵᠢᠭᠦᠯᠦᠨ | ᠡᠵᠡᠩᠨᠡᠬᠦ ᠳᠤ ᠤᠷᠤᠯᠴᠠᠭᠤᠯᠵᠤ᠂ ᠮᠠᠯᠵᠢᠬᠤ ᠲᠠᠷᠢᠶᠠᠯᠠᠬᠤ ᠡᠷᠦᠬᠡ ᠳᠤ ᠲᠦᠷᠢᠶᠡᠰᠦᠨ ᠮᠥᠩᠭᠦ᠂ ᠬᠤᠪᠢ | ᠤᠷᠤᠭᠤᠯᠤᠭᠰᠠᠨ ᠠᠰᠢᠭ᠂ ᠴᠠᠯᠢᠩ ᠮᠥᠩᠭᠦ ᠤᠯᠭᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ | ᠨᠡᠮᠡᠭᠳᠡᠯ ᠢ ᠳᠠᠶᠢᠴᠢᠯᠠᠨ᠎ᠠ᠃ | ᠭᠤᠷᠪᠠ ᠳᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠎ᠡ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠤᠭᠳᠠᠭᠠᠭᠰᠠᠨ ᠤ ᠳᠠᠷᠠᠭᠠᠬᠢ ᠦᠷᠬᠦᠯᠵᠢᠯᠡᠨ | ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ᠂ ᠥᠮᠴᠢᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠷᠢᠨ | ᠲᠥᠬᠦᠷ ᠦᠢᠯᠡᠴᠢᠯᠡᠯᠭᠡᠨ ᠤ ᠴᠢᠳᠠᠮᠵᠢ ᠶᠢ ᠰᠢᠯᠢᠳᠡᠭᠵᠢᠭᠦᠯᠬᠦ ᠬᠡᠷᠡᠭᠲᠡᠢ᠃ᠬᠥᠳᠡᠭᠡ ᠲᠣᠰᠬᠤᠨ ᠤ ᠭᠠᠵᠠᠷ ᠰᠢᠷᠣᠶ | ᠶᠢᠨ《ᠭᠤᠷᠪᠠᠨᠡᠷᠬᠡ ᠶᠢ ᠰᠠᠯᠭᠠᠨ ᠪᠠᠶᠢᠷᠢᠰᠢᠭᠤᠯᠬᠤ》 ᠶᠢ ᠬᠦᠨᠵᠡᠭᠡᠶᠢᠷᠡᠭᠦᠯᠵᠤ᠂ ᠮᠠᠯᠵᠢᠬᠤ ᠲᠠᠷᠢᠶᠠᠯᠠᠬᠤ | ᠡᠷᠦᠬᠡ ᠶᠢᠨ ᠳᠠᠭᠠᠭᠠᠴᠢᠯᠠᠯᠲᠠ ᠶᠢᠨ ᠡᠷᠬᠡ ᠶᠢ ᠲᠣᠭᠲᠠᠪᠤᠷᠢᠵᠢᠭᠤᠯᠵᠤ᠂ ᠡᠵᠡᠩᠨᠡᠯᠲᠡ ᠶᠢᠨ ᠡᠷᠬᠡ ᠶᠢ ᠠᠮᠢᠳᠤᠯᠢᠭ | ᠪᠣᠯᠭᠠᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠭᠠᠷ ᠲᠤ ᠪᠠᠶᠢᠭ᠎ᠠ《 ᠨᠤᠶᠢᠷᠰᠤᠭᠠ ᠬᠦᠷᠦᠩᠭᠡ》 ᠶᠢ ᠭᠦᠢᠯᠭᠡᠭᠡᠨ | ᠳᠤ ᠤᠷᠤᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ ᠴᠢᠨᠠᠷᠲᠠᠶ | ᠣᠷᠣᠯᠭ᠎ᠠ ᠶᠢ ᠨᠡᠮᠡᠭᠳᠡᠭᠦᠯᠤᠨ᠎ᠠ᠃ | ᠲᠦᠷᠪᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ ᠪᠦᠬᠦ | ᠬᠤᠰᠢᠭᠤᠨ ᠤ ᠦᠯᠡᠳᠡᠵᠤ ᠪᠠᠶᠢᠭ᠎ᠠ 3745 ᠡᠷᠦᠭᠡ᠂ 8767 ᠨᠡᠷᠡᠰ ᠺᠠᠷᠲ᠋ᠠᠯᠠᠨ ᠳᠠᠩᠰᠠᠯᠠᠭᠰᠨ ᠶᠠᠳᠠᠭᠤ ᠬᠦᠮᠦᠨ | ᠠᠮᠠ ᠶᠢᠨ ᠲᠤᠭ᠎ᠠ ᠶᠢ ᠲᠤᠭᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠡᠯᠡ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ | ᠰᠢᠪᠲᠤᠯᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠢᠷ ᠢ ᠲᠤᠭᠤᠯᠵᠤ᠂ ᠶᠠᠳᠠᠭᠤ ᠬᠦᠴᠢᠷᠳᠡᠯᠲᠡᠢ | ᠤᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠨ᠂ ᠤᠷᠤᠯᠭ᠎ᠠ ᠶᠢ ᠨᠢ ᠨᠡᠮᠡᠭᠳᠡᠭᠦᠯᠵᠤ᠂ ᠤᠯᠠᠮ ᠰᠠᠶᠢᠨ ᠰᠠᠶᠢᠬᠠᠨ | ᠠᠮᠢᠳᠤᠷᠠᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ᠃ |