ᠦᠪᠦᠷ ᠮᠤᠩᠭᠤᠯ ᠤᠨ 329 ᠲᠠᠮᠢᠷᠴᠢᠨ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠳᠤ ᠤᠷᠤᠯᠴᠠᠵᠦ ᠪᠤᠢ
ᠨᠡᠶᠢᠲᠡᠯᠡᠭᠰᠡᠨ ᠴᠠᠭ᠄
2019/8/12
   2019 ᠤᠨ ᠤ 8 ᠰᠠᠷ᠎ᠠ ᠶᠢᠨ 8 ᠤ ᠤᠷᠤᠢ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠴᠤᠬᠯᠠᠭᠠᠨ ᠱᠠᠨ ᠰᠢ ᠶᠢᠨ ᠲᠠᠶᠢᠶᠤᠸᠠᠨ ᠳᠤ ᠨᠡᠭᠡᠭᠡᠯᠲᠡ ᠪᠠᠨ ᠬᠢᠵᠦ ᠦᠪᠦᠷ ᠮᠤᠩᠭᠤᠯ ᠠᠴᠠ 329 ᠲᠠᠮᠢᠷᠴᠢᠨ 17 ᠲᠦᠷᠦᠯ ᠤᠨ ᠲᠡᠮᠡᠴᠡᠭᠡᠨ ᠳᠤ ᠦᠷᠢᠰᠦᠯᠳᠦᠵᠦ ᠪᠤᠢ᠃   ᠤᠶᠢᠯᠠᠭᠠᠬᠰᠠᠨ ᠢᠶᠠᠷ᠂ ᠲᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠬᠯᠠᠭᠠᠨ ᠳᠤ 49 ᠲᠡᠮᠡᠴᠡᠭᠡᠨ ᠤ ᠲᠦᠷᠦᠯ ᠢ ᠲᠤᠬᠢᠷᠠᠭᠤᠯᠵᠦ᠂ ᠡᠭᠦᠨ ᠤ ᠲᠤᠳᠤᠷ᠎ᠠ ᠵᠤᠨ ᠤ ᠤᠯᠠᠷᠢᠯ ᠤᠨ ᠬᠢ 37᠂ ᠡᠪᠦᠯ ᠤᠨ ᠤᠯᠠᠷᠢᠯ ᠤᠨ ᠬᠢ 5 ᠂ ᠪᠦᠷᠢᠨ ᠴᠢᠳᠠᠪᠤᠷᠢ ᠶᠢᠨ ᠬᠢ 7 ᠪᠠᠭᠲᠠᠵᠦ ᠪᠤᠢ᠃ ᠤᠳᠤ ᠵᠠᠷᠢᠮ ᠲᠦᠷᠦᠯ ᠤᠨ ᠲᠡᠮᠡᠴᠡᠭᠡᠨ ᠨᠢ ᠨᠢᠭᠡᠨᠲᠡ ᠳᠠᠭᠤᠰᠴᠦ᠂ ᠪᠡᠶ᠎ᠡ ᠶᠢᠨ ᠲᠠᠮᠢᠷ ᠤᠨ ᠴᠤᠬᠯᠠᠭᠠᠨ ᠤ ᠬᠤᠭᠤᠴᠠᠭᠠᠨ ᠳᠤ 22 ᠲᠦᠷᠦᠯ ᠤᠨ 24 ᠵᠦᠢᠯ ᠤᠨ ᠲᠡᠮᠡᠴᠡᠭᠡᠨ ᠢ ᠵᠤᠬᠢᠶᠠᠨ ᠪᠠᠶᠢᠭᠤᠯᠤᠨ᠎ᠠ᠃ ᠨᠢᠭᠡᠨᠲᠡ ᠳᠠᠭᠤᠰᠤᠬᠰᠠᠨ ᠲᠡᠮᠡᠴᠡᠭᠡᠨ ᠳᠤ ᠦᠪᠦᠷ ᠮᠤᠩᠭᠤᠯ ᠤᠨ ᠲᠦᠯᠦᠭᠡᠯᠡᠬᠦ ᠪᠠᠬ ᠤᠨ ᠬᠢᠨ ᠨᠡᠶᠢᠲᠡ 34 ᠠᠯᠲᠠ᠂ 34 ᠮᠦᠩᠭᠦ᠂ 50 ᠬᠦᠷᠡᠯ ᠮᠤᠳᠠᠯ ᠠᠪᠴᠠᠢ᠃ ᠦᠪᠦᠷ ᠮᠤᠩᠭᠤᠯ ᠨᠤᠲᠤᠬᠲᠠᠢ ᠲᠠᠮᠢᠷᠴᠢᠳ ᠨᠡᠶᠢᠲᠡ 54 ᠠᠯᠲᠠ᠂ 46 ᠮᠦᠩᠭᠦ᠂ 62 ᠬᠦᠷᠡᠯ ᠮᠤᠳᠠᠯ ᠠᠪᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号