ᠦᠪᠡᠷᠳᠡᠭᠡᠨ ᠵᠠᠰᠠᠬᠤ ᠤᠷᠤᠨ ︵ᠮᠤᠵᠢ︶ ᠤ ᠳᠡᠰ ᠠᠴᠠ ᠳᠡᠭᠡᠭᠰᠢᠬᠢ ᠲᠡᠷᠢᠬᠦᠨ ᠤ ᠬᠤᠪᠢ ᠬᠦᠮᠦᠨ ( ᠬᠤᠶᠠᠷ︶
ᠨᠡᠶᠢᠲᠡᠯᠡᠭᠰᠡᠨ ᠴᠠᠭ᠄
2020/10/19
ᠠᠮᠢᠬᠤᠨᠳᠦᠷ ︵1928 — 2006︶ ᠮᠠᠨᠵᠤ ᠦᠨᠳᠦᠰᠦᠲᠡᠨ᠂ ᠮᠠᠨᠵᠤᠲ᠋ᠤᠨ ᠤ ᠮᠠᠨᠵᠤ ᠦᠨᠳᠦᠰᠦᠲᠡᠨ ᠰᠢᠶᠠᠩ ᠤᠨ ᠮᠠᠨᠵᠤᠲ᠋ᠤᠨ ᠭᠠᠴᠠᠭ᠎ᠠ ᠶᠢᠨ ᠮᠠᠯᠴᠢᠨ᠃ ᠮᠠᠨᠵᠤᠲ᠋ᠤᠨ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭ᠎ᠠ ᠬᠤᠭᠤᠴᠠᠭᠠᠨ ᠳᠤ᠂ ᠮᠠᠯᠴᠢᠨ ᠲᠦᠮᠡᠨ ᠢ ᠳᠠᠭᠠᠭᠤᠯᠤᠨ ᠲᠡᠰᠪᠦᠷᠢ ᠬᠠᠲᠠᠭᠤᠵᠢᠯᠲᠠᠶ ᠲᠡᠮᠡᠴᠡᠵᠦ᠂ 1964 ᠤᠨ ᠪᠣᠯᠬᠤ ᠳᠤ ᠪᠦᠬᠦ ᠭᠠᠴᠠᠭ᠎ᠠ ᠶᠢᠨ ᠮᠠᠯ ᠤᠨ ᠲᠤᠭ᠎ᠠ ᠲᠣᠯᠣᠭᠠᠶ ᠲᠦᠮᠡ ᠭᠠᠷᠤᠶ ᠪᠣᠯᠵᠤ᠂ ᠰᠠᠶ᠋ᠢ ᠲᠤᠰᠢᠶᠠᠯ ᠳᠤ ᠭᠠᠷᠤᠭᠰᠠᠨ ᠦᠶ᠎ᠡ ᠶᠢᠨ ᠬᠢ ᠠᠴᠠ ᠪᠠᠨ ᠳᠠᠬᠢᠨ ᠢᠶᠠᠷ ᠨᠡᠮᠡᠭᠳᠡᠵᠡᠶ᠃ ᠡᠭᠦᠨ ᠤ ᠬᠠᠮᠲᠤ ᠮᠠᠯ ᠠᠵᠤ ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠳᠬᠤᠵᠤ᠂ ᠢᠯᠡᠳᠲᠡ ᠠᠮᠵᠢᠯᠲᠠ ᠣᠯᠪᠠ᠃ 1965 ᠣᠨ ᠳᠤ᠂ ᠠᠮᠢᠬᠤᠨᠳᠦᠷ ᠨᠥᠬᠦᠷ ᠪᠦᠬᠦ ᠤᠯᠤᠰ ᠤᠨ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠵᠠᠯᠠᠭᠤᠴᠤᠳ ᠤᠨ ᠢᠳᠡᠪᠬᠢᠳᠡᠨ ᠤ ᠶᠡᠭᠡ ᠬᠤᠷᠠᠯ ᠳᠤ ᠣᠷᠣᠯᠴᠠᠵᠤ᠂ ᠲᠡᠷᠢᠭᠦᠨ ᠤ ᠬᠤᠪᠢ ᠬᠥᠮᠦᠨ ᠢᠶᠠᠷ ᠦᠨᠡᠯᠡᠭᠳᠡᠪᠡ᠃ 1981 ᠣᠨ ᠳᠤ ︽ᠪᠦᠬᠦ ᠣᠷᠣᠨ ᠤ ᠬᠥᠳᠡᠯᠮᠦᠷᠢ ᠶᠢᠨ ᠵᠢᠱᠢᠶᠡᠴᠢ︾ ᠪᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠬᠥᠳᠡᠯᠮᠦᠷᠢ ᠶᠢᠨ ᠵᠢᠱᠢᠶᠡᠴᠢ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠪᠠ᠃ ᠲᠡᠷᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠨ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号