ᠦᠪᠡᠷᠳᠡᠭᠡᠨ ᠵᠠᠰᠠᠬᠤ ᠤᠷᠤᠨ ︵ᠮᠤᠵᠢ︶ ᠤ ᠳᠡᠰ ᠠᠴᠠ ᠳᠡᠭᠡᠭᠰᠢᠬᠢ ᠲᠡᠷᠢᠬᠦᠨ ᠤ ᠬᠤᠪᠢ ᠬᠦᠮᠦᠨ ︵ᠭᠤᠷᠪᠠ︶
ᠨᠡᠶᠢᠲᠡᠯᠡᠭᠰᠡᠨ ᠴᠠᠭ᠄
2020/10/23
    ᠪᠤᠶᠠᠨᠬᠡᠰᠢᠭ ︵1920 —1974︶ ᠮᠣᠩᠭᠤᠯ ᠦᠨᠳᠦᠰᠦᠲᠡᠨ᠂ ᠮᠠᠨᠵᠤᠲ᠋ᠤᠨ ᠤ ᠮᠠᠨᠵᠤ ᠦᠨᠳᠦᠰᠦᠲᠡᠨ  ᠤ ᠰᠢᠶᠠᠩ ᠤᠨ ᠤᠯᠠᠭᠠᠬᠤᠲᠤ ᠭᠠᠴᠠᠭᠠᠨ ᠤ ᠬᠥᠮᠦᠨ᠃ ︽ᠮᠠᠨᠵᠤᠲ᠋ᠤᠨ ᠤ ᠬᠡᠷᠡᠭ︾ ᠢ ᠲᠦᠪᠰᠢᠳᠬᠡᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠶᠤᠮ᠃ ᠴᠢᠯᠥᠭᠡᠯᠡᠭᠳᠡᠭᠰᠡᠨ ᠤ ᠳᠠᠷᠠᠭ᠎ᠠ᠂ ᠤᠯᠠᠭᠠᠬᠤᠲᠤ ᠭᠠᠴᠠᠭᠠᠨ ᠤ ᠨᠠᠮ ᠤᠨ ᠡᠭᠦᠷ ᠤᠨ ᠱᠦᠵᠢ ᠪᠠᠶᠢᠵᠤ᠂ ᠤᠯᠠᠭᠠᠨᠮᠤᠲᠤ ᠨᠢᠭᠡᠳᠦᠯ ᠤᠨ ᠨᠠᠮ ᠤᠨ ᠬᠤᠷᠢᠶᠠᠨ ᠤ ᠭᠡᠰᠢᠭᠦᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠡᠷᠭᠡ ᠲᠤᠰᠢᠶᠠᠯ ᠲᠠᠢ ᠪᠠᠶᠢᠵᠠᠢ᠃ ᠲᠡᠷᠡ ᠭᠠᠴᠠᠭᠠᠨ ᠤ ᠮᠠᠯᠴᠢᠨ ᠲᠦᠮᠡᠨ ᠢ ᠳᠠᠭᠠᠭᠤᠯᠤᠨ ᠰᠢᠷᠭᠠᠭᠤ ᠬᠠᠲᠠᠭᠤᠵᠢᠯᠲᠠᠢ ᠴᠢᠷᠮᠠᠶᠢᠵᠤ᠂ ᠪᠦᠬᠦ ᠣᠷᠣᠨ ᠤ ᠮᠠᠯᠵᠢᠬᠤ ᠣᠷᠣᠨ ᠤ ᠨᠢᠭᠡᠳᠦᠭᠡᠷ ᠬᠤᠷᠰᠢᠶᠠᠵᠢᠯ ᠢ ᠡᠭᠦᠳᠦᠨ ᠪᠠᠶᠢᠭᠤᠯᠵᠤ᠂ ᠮᠠᠯᠴᠢᠳ ᠢ ᠪᠠᠶᠠᠨ ᠴᠢᠨᠡᠭᠡᠯᠢᠭ ᠵᠠᠮ ᠵᠦᠭ ᠬᠥᠲᠥᠯᠵᠦ᠂ ᠮᠠᠯᠵᠢᠬᠤ ᠣᠷᠣᠨ ᠤ ᠨᠡᠶᠢᠭᠡᠮ ᠵᠢᠷᠤᠮᠲᠤ ᠥᠭᠡᠷᠡᠴᠢᠯᠡᠯᠲᠡ ᠳᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃ 1958 ᠣᠨ ᠳᠤ ︽ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠭᠳᠡᠭᠰᠡᠨ ᠪᠥᠭᠡᠳ ᠪᠦᠬᠦ ᠤᠯᠤᠰ ᠤᠨ ᠰᠠᠶᠢᠴᠤᠤᠯ ᠤᠨ ᠬᠤᠷᠠᠯ ᠳᠤ ᠣᠷᠣᠯᠴᠠᠪᠠ᠃ ᠳᠡᠮᠡᠢ ᠤᠳᠠᠯ ᠦᠬᠡᠢ ᠪᠦᠬᠦ ᠣᠷᠣᠨ ᠤ ᠬᠡᠰᠡᠭ ᠮᠠᠯᠵᠢᠬᠤ ᠣᠷᠣᠨ᠂ ᠲᠥᠪᠡᠳ᠂ ᠰᠢᠨᠵᠢᠶᠠᠩ ᠵᠡᠷᠭᠡ ᠭᠠᠵᠠᠷ ᠤᠨ ᠲᠣᠭᠤᠷᠢᠨ ᠦᠵᠡᠬᠦ ᠪᠦᠯᠬᠦᠮ ᠤᠯᠠᠭᠠᠬᠤᠲᠤ ᠭᠠᠴᠠᠭᠠᠨ  ᠳᠤ ᠬᠦᠷᠴᠦ ᠲᠣᠭᠤᠷᠢᠨ ᠦᠵᠡᠵᠦ ᠰᠤᠷᠤᠯᠴᠠᠪᠠ᠃ 1971 ᠣᠨ ᠳᠤ᠂ ᠪᠤᠶᠠᠨᠬᠡᠰᠢᠭ ᠨᠥᠬᠦᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠨ ᠲᠥᠯᠥᠭᠡᠯᠡᠨ ᠭᠤᠸᠠᠩᠵᠧᠦ ᠳᠤ ᠬᠦᠷᠴᠦ ︽ᠭᠤᠸᠠᠩᠵᠧᠦ ᠶᠢᠨ ᠠᠷᠠᠯᠵᠢᠶ᠎ᠠ ᠮᠠᠶᠢᠮᠠᠢ ᠶᠢᠨ ᠦᠵᠡᠰᠬᠦᠯᠡᠩ︾ ᠳᠤ ᠣᠷᠣᠯᠴᠠᠵᠤ᠂ ᠤᠯᠤᠰ ᠤᠨ ᠳᠣᠲᠣᠭᠠᠳᠤ ᠭᠠᠳᠠᠭᠠᠳᠤ ᠠᠴᠠ ᠬᠦᠷᠦᠯᠴᠡᠨ ᠢᠷᠡᠭᠰᠡᠨ ᠬᠤᠷᠠᠯ ᠳᠤ ᠣᠷᠣᠯᠴᠠᠭᠰᠠᠳ ᠲᠤ ᠤᠯᠠᠭᠠᠨᠮᠤᠲᠤ ᠮᠠᠯᠵᠢᠬᠤ ᠣᠷᠣᠨ ᠢ ᠥᠷᠭᠡᠨ ᠢᠶᠠᠷ ᠤᠬᠠᠭᠤᠯᠪᠠ᠃ ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ᠂ ᠲᠡᠷᠡ ᠭᠢᠨᠳᠠᠨ ᠳᠤ ᠬᠠᠯᠠ ᠲᠠᠮᠤ ᠠᠮᠰᠠᠵᠤ᠂ 1974 ᠣᠨ ᠳᠤ ᠨᠠᠰᠤ ᠪᠠᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号